ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠡᠢᠭᠡᠮ ᠪᠠ ᠬᠠᠤᠯᠢ ᠲᠦᠷᠢᠮ᠎ᠦᠨ ᠵᠥᠪᠯᠡᠯ᠎ᠡᠴᠡ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠎ᠢ ᠵᠣᠬᠢᠶᠠᠨ ᠪᠠᠢᠭᠤᠯᠤᠨ ᠰᠦᠯᠵᠢᠶᠡᠨ ᠳᠡᠭᠡᠷᠡᠬᠢ ᠤᠩᠰᠢᠯᠭ᠎ᠠ ᠵᠢᠨ ᠠᠵᠢᠯᠯᠠᠭ᠎ᠠ ᠥᠷᠨᠢᠭᠦᠯᠵᠦ᠍᠂ ᠥᠷᠭᠡᠨ ᠣᠯᠠᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠤ ᠨᠣᠮ ᠤᠩᠱᠢᠬᠤ ᠳᠤᠮᠳᠠ ᠪᠠᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ᠎ᠵᠢ ᠳᠡᠭᠡᠭᠰᠢᠯᠡᠬᠦᠯᠬᠦ᠂ ᠰᠡᠳᠭᠢᠬᠦ᠌ ᠳᠤᠮᠳᠠ ᠪᠠᠨ ᠬᠥᠭ᠌ᠵᠢᠯᠲᠡ᠎ᠶ᠋ᠢᠨ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠬᠤ᠎ᠵᠢ ᠬᠦᠲᠦᠯᠦᠨ ᠵᠢᠯᠤᠭᠤᠳᠪᠠ᠃
ᠠᠵᠢᠯᠯᠠᠭ᠎ᠠ ᠳᠤᠮᠳᠠ᠂ ᠭᠡᠱᠢᠭᠦᠳ 《ᠰᠢ ᠵᠢᠨ ᠫᠢᠩ᠎ᠦᠨ ᠬᠠᠥᠯᠢ ᠪᠡᠷ ᠵᠠᠰᠠᠬᠤ ᠦᠵᠡᠯ ᠰᠠᠨᠠᠭ᠎ᠠ᠎ᠶ᠋ᠢ ᠰᠤᠷᠤᠯᠴᠠᠬᠤ ᠬᠥᠲᠥᠯᠪᠦᠷᠢ (2025 ᠣᠨ᠎ᠤ ᠬᠡᠪᠯᠡᠯ)》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠣᠯᠤᠨ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠥᠲᠥᠯᠪᠦᠷᠢ》 ᠵᠢ ᠬᠠᠮᠲᠤ᠎ᠪᠠᠷ ᠨᠠᠷᠢᠨ ᠤᠩᠱᠢᠵᠤ᠂ ᠥᠪᠡᠷ᠎ᠦᠨ ᠡᠭᠦᠷᠭᠡ ᠲᠤᠱᠢᠶᠠᠯ᠎ᠢᠶᠠᠨ ᠭᠦᠢᠴᠡᠳᠭᠡᠭ᠌ᠰᠡᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠰᠤᠷᠤᠯᠴᠠᠯᠭ᠎ᠠ᠎ᠶ᠋ᠢᠨ ᠣᠯᠤᠯᠲᠠ ᠲᠦᠷᠦᠭᠳᠡᠯ ᠵᠢᠡᠨ ᠬᠤᠪᠢᠶᠠᠯᠴᠠᠵᠤ᠂ ᠦᠵᠡᠯ ᠪᠤᠲᠤᠯ ᠵᠢᠡᠨ ᠠᠭᠤᠵᠢᠷᠠᠲᠠᠯ᠎ᠠ ᠶᠠᠷᠢᠯᠴᠠᠪᠠ᠃ ᠤᠯᠠᠨ᠎ᠢᠶᠠᠷ᠎ᠢᠶᠠᠨ᠂ ᠲᠤᠰ ᠤᠳᠠᠭ᠎ᠠ᠎ᠶ᠋ᠢᠨ ᠠᠵᠢᠯᠯᠠᠭ᠎ᠠ᠎ᠪᠠᠷ ᠠᠵᠠ ᠲᠣᠬᠢᠶᠠᠯ ᠪᠣᠯᠭᠠᠵᠤ᠂ ᠨᠣᠮ ᠪᠢᠴᠢᠭ᠎ᠡᠴᠡ ᠣᠯᠤᠭ᠍ᠰᠠᠨ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠪᠠᠢᠴᠠᠭᠠᠨ ᠰᠤᠳᠤᠯᠤᠯᠲᠠ ᠬᠢᠬᠦ᠌᠂ ᠵᠥᠪᠯᠡᠯᠭᠡ ᠬᠢᠵᠦ᠍ ᠲᠦᠷᠦ᠍᠎ᠶ᠋ᠢᠨ ᠶᠠᠪᠤᠳᠠᠯ᠎ᠢ ᠵᠥᠪᠯᠡᠬᠦ᠌᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠪᠣᠳᠠᠲᠦ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠨᠤᠮ᠎ᠤᠨ ᠬᠡᠰᠢᠭ ᠵᠢᠡᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠪᠦᠬᠦ᠌ ᠶᠠᠪᠤᠴᠠ᠎ᠶ᠋ᠢ ᠤᠮᠳᠠᠯᠠᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠢᠯᠡ ᠲᠣᠳᠣ ᠳᠡᠪᠢᠰᠭᠡᠷ ᠦᠩᠭᠡ ᠪᠣᠯᠭᠠᠨ᠎ᠠ ᠭᠡᠵᠦ᠍ ᠢᠯᠡᠳᠭᠡᠵᠡᠭᠡᠪᠡ᠃
ᠲᠠᠷᠠᠭᠠᠴᠢ ᠪᠡᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠡᠢᠭᠡᠮ ᠪᠠ ᠬᠠᠤᠯᠢ ᠲᠦᠷᠢᠮ᠎ᠤᠨ ᠵᠥᠪᠯᠡᠯ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠰᠠᠭᠤᠷᠢᠯᠠᠬᠤ ᠴᠢᠨᠠᠷᠲᠠᠶ ᠦᠶ᠋ᠯᠡᠳᠦᠯ ᠵᠢᠡᠨ ᠦᠷᠭᠦᠯᠵᠢᠯᠡᠨ ᠪᠠᠳᠠᠷᠠᠭᠤᠯᠵᠤ᠂ 《ᠪᠢᠴᠢᠭ᠎ᠦᠨ ᠰᠤᠷᠪᠤᠯᠵᠢᠲᠤ ᠤᠯᠤᠰ ᠲᠥᠷᠥ᠎ᠶ᠋ᠢᠨ ᠵᠥᠪᠯᠡᠯᠭᠡᠨ》 ᠤ᠋ ᠪᠠᠢᠭᠤᠯᠤᠯᠲᠠ᠎ᠪᠠᠷ ᠴᠢᠬᠤᠯᠠ ᠠᠴᠢᠶᠠᠯᠠᠪᠤᠷᠢ ᠪᠣᠯᠭᠠᠨ᠂ ᠰᠤᠷᠤᠯᠴᠠᠬᠤ ᠬᠡᠯᠪᠡᠷᠢ᠎ᠪᠡᠨ ᠲᠠᠰᠤᠷᠠᠯᠲᠠ ᠥᠬᠡᠶ ᠪᠠᠶᠠᠯᠢᠭ᠍ᠵᠢᠭᠤᠯᠵᠤ᠂ ᠰᠣᠯᠢᠯᠴᠠᠭᠠᠨ᠎ᠤ ᠠᠴᠢᠶᠠᠯᠠᠪᠤᠷᠢ᠎ᠪᠠᠨ ᠥᠷᠭᠡᠳᠭᠡᠨ᠂ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠲᠠᠪᠴᠠᠩ᠎ᠢ ᠪᠠᠢᠭᠤᠯᠵᠤ᠂ ᠭᠡᠱᠢᠭᠦᠳ᠎ᠦᠨ ᠤᠩᠰᠢᠯᠭ᠎ᠠ᠎ᠵᠢᠨ ᠠᠵᠢᠯᠯᠠᠭ᠎ᠠ᠎ᠶ᠋ᠢ ᠪᠠᠢᠩᠭᠤᠵᠢᠭᠤᠯᠬᠤ᠂ ᠳᠦᠷᠢᠮᠵᠢᠭᠦᠯᠬᠦ᠌᠂ ᠪᠣᠳᠠᠲᠤ ᠦᠷ᠎ᠡ ᠪᠦᠲᠦᠮᠵᠢᠲᠡᠶ ᠪᠣᠯᠭᠠᠬᠤ᠎ᠶ᠋ᠢ ᠠᠬᠢᠭᠤᠯᠵᠤ᠂ ᠪᠥᠬᠥ᠌ ᠠᠷᠠᠳ᠎ᠤᠨ ᠤᠩᠱᠢᠯᠭ᠎ᠠ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠳᠤ ᠢᠳᠡᠪᠬᠢᠲᠡᠶ ᠬᠦᠴᠦᠨ ᠨᠡᠮᠡᠷᠢᠯᠡᠵᠦ᠍᠂ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ ᠪᠤᠯᠤᠨ᠎ᠠ᠃