ᠬᠦᠬᠡᠬᠤᠳᠠ ᠵᠢᠨ ᠱᠢᠨ᠎ᠡ ᠬᠣᠲᠠ ᠲᠣᠭᠣᠷᠢᠭ᠎ᠤᠨ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠠᠵᠢᠯ ᠣᠯᠵᠤ ᠦᠶ᠋ᠯᠡᠰ ᠪᠤᠰᠬᠠᠬᠤ ᠬᠣᠯᠪᠣᠭ᠎ᠠ ᠪᠠᠢᠭᠤᠯᠤᠬᠳᠠᠵᠡᠢ
2026-05-13 10:21:39
ᠵᠣᠬᠢᠶᠠᠭ᠍ᠴᠢ᠄
​ ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠎ᠤᠨ ᠴᠡᠷᠢᠭ᠎ᠦᠨ ᠠᠯᠪᠠ᠎ᠡᠴᠠ ᠬᠠᠯᠠᠭ᠍ᠳᠠᠭ᠍ᠰᠠᠳ᠎ᠤᠨ ᠠᠵᠢᠯ ᠣᠯᠵᠤ ᠦᠶ᠋ᠯᠡᠰ ᠪᠤᠰᠬᠠᠬᠤ ᠬᠣᠯᠪᠣᠭ᠎ᠠ᠎ᠶ᠋ᠢᠨ ᠫᠠᠢᠰᠠ ᠰᠡᠬᠦᠬᠦ᠌   ᠶᠣᠰᠣᠯᠠᠯ ᠵᠢᠴᠢ 2026 ᠣᠨ᠎ᠤ ᠬᠠᠪᠤᠷ᠎ᠤᠨ ᠤᠯᠠᠷᠢᠯ᠎ᠤᠨ ᠴᠡᠷᠢᠭ᠎ᠦᠨ ᠠᠯᠪᠠ᠎ᠡᠴᠠ ᠬᠠᠯᠠᠭ᠍ᠳᠠᠭ᠍ᠰᠠᠳ ᠵᠢᠴᠢ ᠴᠡᠷᠢᠭ᠎ᠦᠨ ᠬᠡᠷ ᠪᠦᠯᠢ᠎ᠶ᠋ᠢᠨ ᠬᠢᠨ ᠤ᠋ ᠲᠤᠰᠭᠠᠶ ᠲᠠᠯᠠᠪᠠᠢ ᠠᠵᠢᠯᠲᠠᠨ ᠤᠷᠢᠨ ᠡᠯᠰᠡᠬᠦ᠌ ᠴᠤᠬᠯᠠᠭᠠᠨ ᠵᠡᠷᠭᠡᠪᠡᠷ ᠶᠠᠪᠤᠬᠳᠠᠪᠠ᠃

ᠲᠤᠬᠠᠢ ᠵᠢᠨ ᠡᠳᠦᠷ ᠤ᠋ᠨ ᠦᠳᠡ᠎ᠶ᠋ᠢᠨ ᠡᠮᠦᠨ᠎ᠠ᠂ ᠱᠢᠨ᠎ᠡ ᠬᠣᠲᠠ ᠲᠣᠭᠣᠷᠢᠭ᠎ᠤᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠠᠵᠢᠯ ᠣᠯᠵᠤ ᠦᠶ᠋ᠯᠡᠰ ᠪᠤᠰᠬᠠᠬᠤ ᠬᠣᠯᠪᠣᠭ᠎ᠠ ᠵᠢᠩᠬᠢᠨᠢ᠎ᠪᠡᠷ ᠫᠠᠢᠰᠠ ᠪᠠᠨ ᠰᠡᠬᠦᠪᠠ᠃ ᠲᠣᠰ ᠬᠣᠯᠪᠣᠭ᠎ᠠ ᠨᠢ ᠲᠥᠷᠥ᠎ᠶ᠋ᠢᠨ ᠪᠣᠳᠣᠯᠭ᠎ᠠ᠂ ᠠᠵᠢᠯ᠎ᠤᠨ ᠪᠠᠢᠷᠢ᠂ ᠲᠥᠷᠥᠯ ᠵᠦᠶ᠋ᠯ᠂ ᠪᠠᠯᠠ ᠮᠥᠩᠭᠥ᠌᠂ ᠬᠦᠮᠦᠵᠢᠯ ᠪᠣᠯᠪᠠᠰᠤᠷᠠᠯ ᠵᠡᠷᠭᠡ ᠲᠠᠪᠤᠨ ᠲᠥᠷᠥᠯ᠎ᠦᠨ ᠡᠬᠢ ᠪᠠᠶᠠᠯᠢᠭ᠎ᠢ ᠡᠮᠬᠢᠯᠡᠨ ᠨᠡᠢᠳᠬᠡᠵᠦ᠂ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠲᠤ ᠠᠵᠢᠯ ᠣᠯᠭᠣᠬᠤ ᠲᠠᠨᠢᠯᠴᠠᠭᠤᠯᠭ᠎ᠠ᠂ ᠲᠥᠷᠥ᠎ᠶ᠋ᠢᠨ ᠪᠣᠳᠣᠯᠭ᠎ᠠ᠎ᠶ᠋ᠢᠨ ᠵᠥᠪᠯᠡᠯᠭᠡ ᠥᠭ᠌ᠬᠦ ᠵᠡᠷᠭᠡ ᠨᠢᠭᠡ ᠥᠷᠲᠡᠭᠡᠴᠢᠯᠡᠭᠰᠡᠨ ᠮᠠᠶᠢᠭ᠎ᠤᠨ ᠦᠶ᠋ᠯᠡᠴᠢᠯᠡᠭᠡ ᠬᠠᠩᠭᠠᠬᠤ ᠪᠤᠯᠤᠨ᠎ᠠ᠃ ᠲᠦᠷᠦᠭᠦᠦ ᠪᠦᠯᠦᠭ᠎ᠦᠨ ᠪᠦᠷᠢᠯᠳᠦᠬᠦᠨ ᠨᠢᠭᠡᠴᠢ᠎ᠨᠢ ᠲᠤᠬᠠᠶ᠎ᠶ᠋ᠢᠨ ᠲᠠᠯᠠᠪᠠᠶ᠎ᠳᠤ ᠭᠠᠷ᠎ᠤᠨ ᠥᠰᠥᠭ ᠵᠢᠷᠤᠵᠠᠢ᠃

ᠠᠵᠢᠯᠲᠠᠨ ᠤᠷᠢᠨ ᠡᠯᠰᠡᠬᠦ᠌ ᠴᠤᠬᠯᠠᠭᠠᠨ ᠤ᠋ ᠠᠬᠤᠶ  ᠲᠠᠯᠠᠪᠠᠶ᠎ᠳᠤ᠂ ᠬᠡᠳᠦᠨ ᠠᠷᠪᠠᠨ ᠠᠵᠤ ᠠᠬᠤᠢᠯᠠᠯ ᠡᠴᠨ ᠴᠡᠷᠢᠭ ᠤ᠋ᠨ ᠠᠯᠪᠠ ᠡᠴᠨ ᠬᠠᠯᠠᠬᠳᠠᠬᠰᠠᠳ ᠤ᠋ᠨ ᠤᠨᠴᠠᠯᠢᠭ ᠴᠢᠳᠠᠪᠤᠷᠢ ᠳ᠋ᠤ ᠲᠤᠬᠢᠷᠠᠯᠴᠠᠬᠰᠠᠨ ᠠᠵᠢᠯ᠎ᠤᠨ ᠪᠠᠢᠷᠢ ᠬᠠᠡᠭᠭᠠᠵᠤ᠂ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠲᠠᠶ ᠭᠦᠨᠵᠡᠭᠡᠶ ᠤᠢᠯᠠᠭᠠᠯᠴᠠᠵᠤ᠂ ᠠᠵᠢᠯ᠎ᠦᠨ ᠪᠠᠢᠷᠢ  ᠶ᠋ᠢᠨ  ᠲᠤᠬᠠᠢ  ᠭᠡᠷ᠎ᠦᠨ ᠬᠥᠮᠦᠰ᠎ᠲᠡᠶ᠎ᠪᠡᠨ ᠵᠥᠪᠳᠡᠯᠴᠡᠨ᠎ᠠ᠃

ᠬᠤᠢᠰᠢᠳᠠ᠂ ᠲᠤᠰ ᠬᠣᠯᠪᠣᠭ᠎ᠠ᠎ᠨᠢ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠂ ᠲᠤᠷᠱᠢᠯᠭ᠎ᠠ᠎ᠪᠠᠨ ᠰᠣᠯᠢᠯᠴᠠᠬᠤ ᠠᠵᠢᠯᠯᠠᠭ᠎ᠠ᠎ᠶ᠋ᠢ ᠲᠣᠭ᠍ᠲᠠᠮᠠᠯ ᠬᠤᠭᠤᠴᠠᠭ᠎ᠠ ᠲᠠᠶ ᠎ᠪᠠᠷ ᠥᠷᠨᠢᠭᠦᠯᠵᠦ᠍᠂  ᠴᠢᠨᠠᠷ ᠰᠠᠢᠲᠠᠶ ᠠᠵᠢᠯ᠎ᠤᠨ ᠪᠠᠢᠷᠢ᠎ᠶ᠋ᠢ ᠦᠷᠭᠦᠯᠵᠢᠯᠡᠨ ᠥᠷᠭᠡᠳᠭᠡᠵᠦ᠍᠂ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠲᠤ ᠠᠵᠢᠯ ᠣᠯᠵᠤ ᠦᠶ᠋ᠯᠡᠰ  ᠪᠤᠰᠬᠠᠬᠤ ᠲᠠᠪᠴᠠᠩ᠎ᠢ ᠪᠠᠢᠭᠤᠯᠵᠤ᠂ ᠨᠤᠲᠤᠭ᠎ᠲᠠᠭᠠᠨ ᠪᠤᠴᠠᠬᠰᠠᠨ ᠱᠢᠨ᠎ᠡ ᠠᠶᠠᠨ᠎ᠢᠶᠠᠨ ᠡᠬᠢᠯᠡᠭᠦᠯᠬᠦ ᠳ᠋ᠤ  ᠲᠡᠮᠵᠢᠯᠭᠡ ᠦᠵᠡᠬᠦᠯᠦᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号