ᠠᠷᠤ ᠬᠤᠷᠴᠢᠨ ᠬᠤᠱᠢᠭᠤ 《ᠭᠤᠷᠪᠠᠨ ᠳᠤᠤᠷ》 ᠢ᠋ ᠰᠢᠯᠢᠳᠡᠭᠵᠢᠬᠦᠯᠦᠨ ᠦᠨᠳᠦᠰᠦᠨ ᠱᠠᠲᠤᠨ᠎ᠤ ᠵᠠᠰᠠᠯᠲᠠ᠎ᠳᠤ ᠬᠦᠴᠦ ᠨᠡᠮᠡᠷᠢᠯᠡᠵᠦ ᠪᠤᠢ
2026-05-13 17:06:27
ᠵᠣᠬᠢᠶᠠᠭ᠍ᠴᠢ᠄
ᠸᠠᠡᠭ ᠲᠠᠨ᠎ᠠ
ᠣᠩᠱᠢᠭ᠍ᠰᠠᠨ ᠣᠳᠠᠭ᠎ᠠ᠄
★★★☆☆

ᠠᠷᠤ ᠬᠤᠷᠴᠢᠨ ᠬᠤᠱᠢᠭᠤ ᠨᠡᠢᠭᠡᠮ ᠲᠣᠭᠤᠷᠢᠭ᠎ᠤᠨ 《ᠨᠠᠮ᠎ᠤᠨ ᠪᠠᠢᠭᠤᠯᠤᠯᠲᠠ᠎ᠶ᠋ᠢ ᠠᠳᠭᠤᠬᠤ᠂ ᠦᠢᠯᠡᠴᠢᠯᠡᠭᠡ᠎ᠶ᠋ᠢ ᠠᠳᠭᠤᠬᠤ᠂ ᠵᠠᠰᠠᠯᠲᠠ᠎ᠶ᠋ᠢ ᠠᠳᠭᠤᠬᠤ》 ᠭᠤᠤᠯ ᠬᠠᠷᠢᠭᠤᠴᠠᠯᠭ᠎ᠠ ᠪᠠ ᠭᠤᠤᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠠᠮ ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠨ᠂ ᠬᠥᠭ᠌ᠵᠢᠯᠲᠡ᠎ᠶ᠋ᠢᠨ ᠪᠠᠢᠳᠠᠯ ᠎ᠢ ᠰᠠᠢᠲᠤᠷ ᠠᠩᠬᠠᠷᠴᠤ᠌᠂ ᠣᠯᠠᠨ ᠲᠦᠮᠡᠨ ᠎ᠤ ᠬᠡᠷᠡᠭ᠌ᠴᠡᠭᠡ᠎ᠳᠤ ᠣᠢᠷᠠᠲᠤᠭᠤᠯᠤᠨ᠂ 《ᠭᠤᠷᠪᠠᠨ ᠲᠤᠤᠷ ᠤ᠋ᠨ ᠬᠤᠯᠪᠣᠭᠠᠯᠠᠨ ᠬᠥᠳᠡᠯᠦᠯᠴᠡᠬᠦ》ᠪᠠᠷ ᠭᠠᠷᠳᠠᠴᠠ ᠪᠣᠯᠭᠠᠵᠤ᠂ ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ᠂ ᠬᠠᠮᠲᠤ᠎ᠪᠠᠷ ᠵᠠᠰᠠᠬᠤ ᠬᠦᠴᠦᠨ ᠪᠣᠯᠤᠨ ᠦᠢᠯᠡᠴᠢᠯᠡᠭᠡᠨ᠎ᠤ ᠡᠬᠢ ᠪᠠᠶᠠᠯᠢᠭ᠎ᠢ ᠣᠷᠭᠠᠨᠢᠭ᠎ᠢᠶᠠᠷ ᠨᠡᠢᠯᠡᠭᠦᠯᠵᠦ᠍᠂ ᠣᠯᠠᠨ ᠲᠦᠮᠡᠨ᠎ᠤ 《ᠪᠠᠴᠢᠮᠳᠠᠵᠤ᠂ ᠲᠦᠪᠡᠭᠳᠡᠵᠦ᠂ ᠵᠣᠪᠠᠨᠢᠵᠤ᠂ ᠬᠦᠰᠡᠵᠦ》 ᠪᠠᠢᠭ᠎ᠠ ᠠᠰᠠᠭᠤᠳᠠᠯ᠎ᠢ ᠦᠨᠡᠨ ᠬᠦ᠌ ᠱᠢᠢᠳᠪᠦᠷᠢᠯᠡᠵᠦ᠍᠂ ᠰᠠᠭᠤᠭᠠᠯᠢ ᠠᠷᠠᠳ᠎ᠤᠨ ᠵᠣᠯ ᠵᠢᠷᠭᠠᠯᠲᠤ ᠲᠥᠷᠥᠭ᠌ᠳᠡᠯ ᠪᠣᠯᠤᠨ ᠬᠠᠨᠤᠮᠵᠢ᠎ᠶ᠋ᠢᠨ ᠬᠡᠮᠵᠢᠶ᠎ᠡ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠡᠢ᠃

《ᠵᠣᠬᠢᠶᠠᠨ ᠪᠠᠢᠭᠤᠯᠤᠯᠳᠠ ᠵᠢᠨ ᠲᠣᠣᠷ》 ᠢ᠋ ᠨᠢᠭ᠍ᠲᠠ ᠰᠦᠯᠵᠢᠵᠦ᠍᠂ ᠤᠯᠠᠮᠵᠢᠯᠠᠯᠲᠤ ᠬᠠᠮᠢᠶᠠᠷᠤᠯᠲᠠ᠎ᠶ᠋ᠢ ᠨᠠᠷᠢᠯᠢᠭ ᠤᠨᠤᠪᠴᠢᠲᠠᠢ ᠬᠦᠴᠦᠨ ᠪᠤᠯᠭᠠᠨ ᠬᠤᠪᠢᠷᠠᠭᠤᠯᠵᠤ᠂ ᠲᠤᠤᠷᠵᠢᠯ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠵᠡᠢ᠃ ᠵᠦᠢ ᠵᠤᠬᠢᠰᠲᠠᠢ ᠬᠡᠪᠴᠢᠶ᠎ᠡ ᠪᠠ ᠪᠦᠲᠦᠮᠵᠢᠲᠡᠶ ᠦᠢᠯᠡᠴᠢᠯᠡᠭᠡ᠎ᠳᠤ ᠰᠠᠭᠤᠷᠢᠯᠠᠵᠤ᠂ 13 ᠨᠡᠢᠭᠡᠮ ᠲᠣᠭᠤᠷᠢᠭ ᠎ᠢ 136 ᠨᠡᠢᠭᠡᠮ ᠲᠣᠭᠤᠷᠢᠭ᠎ᠤᠨ ᠲᠤᠤᠷᠵᠢᠯ᠎ᠤᠨ ᠵᠠᠰᠠᠯᠲᠠ᠎ᠶ᠋ᠢᠨ ᠨᠢᠭᠡᠴᠢ ᠪᠣᠯᠭᠠᠨ ᠬᠤᠪᠢᠶᠠᠵᠤ᠂ 《ᠨᠢᠭᠡ ᠳᠠᠷᠤᠭ᠎ᠠ ᠨᠢᠭᠡ ᠠᠵᠢᠯᠳᠠᠨ ᠨᠢᠭᠡ ᠪᠦᠯᠬᠦᠮ ᠨᠡᠢᠲᠡ》 ᠶ᠋ᠢᠨ ᠵᠠᠭ᠍ᠪᠤᠷ ᠶᠣᠰᠣᠭᠠᠷ 159 ᠲᠤᠰᠭᠠᠶ ᠲᠤᠱᠢᠶᠠᠯᠲᠤ ᠲᠤᠤᠷᠵᠢᠯ᠎ᠤᠨ ᠠᠵᠢᠯᠲᠠᠨ᠎ᠢ ᠰᠣᠩᠭᠤᠨ ᠳᠣᠭᠢᠷᠠᠭᠤᠯᠵᠤ᠂ 270 ᠭᠠᠷᠤᠶ ᠳᠠᠭᠠᠭᠠᠴᠢᠯᠠᠨ ᠬᠤᠯᠪᠣᠭᠠᠯᠠᠬᠤ ᠺᠠᠳ᠋ᠷ᠎ᠢ ᠨᠢᠭᠡᠳᠦᠯᠲᠡᠶ ᠲᠥᠯᠥᠪᠵᠢᠭᠦᠯᠦᠨ᠂ ᠨᠠᠮ᠎ᠤᠨ ᠭᠡᠱᠢᠭᠦᠨ᠂ ᠲᠣᠮᠢᠯᠠᠨ ᠰᠠᠭᠤᠯᠭᠠᠭ᠍ᠰᠠᠨ ᠠᠵᠢᠯᠲᠠᠨ᠂ ᠰᠠᠢᠨ ᠳᠤᠷᠠᠴᠤᠳ᠂ ᠠᠳᠠᠯ ᠠᠬᠤᠶ᠎ᠶ᠋ᠢᠨ ᠠᠵᠢᠯᠲᠠᠳ 《ᠪᠦᠯᠬᠦᠮ ᠪᠠᠢᠭᠤᠯᠬᠤ ᠮᠠᠶᠢᠭ》ᠤ᠋ᠨ ᠦᠢᠯᠡᠴᠢᠯᠡᠭᠡ ᠥᠷᠨᠢᠭᠦᠯᠵᠦ᠍᠂ ᠲᠤᠤᠷᠵᠢᠯ᠎ᠤᠨ ᠵᠠᠰᠠᠯᠲᠠ᠎ᠶ᠋ᠢᠨ ᠦᠷ᠎ᠠ ᠪᠦᠲᠦᠮᠵᠢ᠎ᠶ᠋ᠢ ᠳᠡᠭᠡᠭ᠌ᠰᠢᠯᠡᠭᠦᠯᠪᠡ᠃ ᠵᠣᠬᠢᠶᠠᠨ ᠪᠠᠢᠭᠤᠯᠤᠯᠲᠠ᠎ᠶ᠋ᠢᠨ ᠲᠣᠣᠷ᠎ᠢ᠋ ᠪᠠᠢᠭᠤᠯᠵᠦ ᠬᠦᠴᠦᠷᠬᠡᠭᠵᠢᠬᠦᠯᠦᠨ᠂ 《ᠲᠤᠤᠷᠵᠢᠯ᠎ᠢ ᠬᠠᠮᠢᠭ᠎ᠠ ᠬᠦᠷᠳᠡᠯ᠎ᠡ ᠬᠤᠪᠢᠶᠠᠪᠠᠯ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠲᠡᠨᠳᠡ ᠬᠦᠷᠲᠡᠯ᠎ᠡ ᠪᠠᠢᠭᠤᠯᠬᠤ》 ᠶ᠋ᠢ ᠪᠠᠷᠢᠮᠲᠠᠯᠠᠵᠤ᠂ ᠰᠠᠭᠤᠭ᠎ᠠ ᠭᠠᠵᠠᠷ ᠎ᠤᠨ ᠰᠠᠭᠤᠭᠠᠯᠢ ᠲᠣᠭᠤᠷᠢᠭ᠎ᠲᠤ ᠨᠡᠷ᠎ᠡ ᠮᠡᠳᠡᠭᠦᠯᠦᠭ᠌ᠰᠡᠨ ᠨᠠᠮ᠎ᠤᠨ ᠭᠡᠱᠢᠭᠦᠨ᠎ᠢᠶᠠᠷ ᠭᠤᠣᠯ ᠴᠣᠭ᠍ᠴᠠ ᠪᠣᠯᠭᠠᠵᠤ᠂ 104 ᠴᠢᠳᠠᠮᠵᠢᠳᠤ ᠰᠠᠭᠤᠭᠠᠯᠢ ᠲᠣᠭᠤᠷᠢᠭ᠎ᠤᠨ ᠨᠠᠮ᠎ᠤᠨ ᠡᠭᠦᠷ᠎ᠢ ᠰᠦᠪᠡᠭ᠌ᠴᠢᠯᠡᠨ ᠪᠠᠢᠭᠤᠯᠵᠤ᠂ 《ᠵᠡᠭᠡᠯᠢ ᠭᠤᠳᠤᠮᠵᠢ᠎ᠶ᠋ᠢᠨ ᠨᠠᠮ᠎ᠤᠨ ᠠᠵᠢᠯ᠎ᠤᠨ ᠵᠦᠪᠯᠡᠯ — ᠨᠡᠢᠭᠡᠮ ᠲᠣᠭᠤᠷᠢᠭ᠎ᠤᠨ ᠨᠠᠮ᠎ᠤᠨ ᠶᠡᠷᠦᠩᠬᠡᠢ ᠡᠭᠦᠷ — ᠲᠤᠤᠷᠵᠢᠯ(ᠰᠠᠭᠤᠭᠠᠯᠢ ᠲᠣᠭᠤᠷᠢᠭ) ᠤ᠋ᠨ ᠨᠠᠮ᠎ᠤᠨ ᠡᠭᠦᠷ》 ᠤ᠋ᠨ ᠵᠣᠬᠢᠶᠠᠨ ᠪᠠᠢᠭᠤᠯᠤᠯᠲᠠ᠎ᠶ᠋ᠢᠨ ᠱᠢᠰᠲᠧᠮ᠎ᠢ ᠪᠦᠷᠢᠯᠳᠦᠭᠦᠯᠪᠡ᠃ ᠨᠠᠮ᠎ᠤᠨ ᠭᠡᠱᠢᠭᠦᠨ ᠎ᠤ ᠬᠦᠳᠦᠯᠦᠨ ᠲᠠᠭᠠᠭᠤᠯᠬᠤ᠎ᠶ᠋ᠢ ᠳᠣᠪᠤᠢᠯᠭᠠᠨ᠂ ᠨᠠᠮ᠎ᠤᠨ ᠭᠡᠱᠢᠭᠦᠨ᠎ᠤ ᠪᠡᠶ᠎ᠡ ᠵᠢᠨ ᠭᠠᠷᠤᠯ᠎ᠵᠢᠠᠨ ᠲᠤᠳᠤᠷᠬᠠᠢᠯᠠᠵᠤ᠂ ᠦᠯᠢᠭᠡᠷ ᠳᠠᠭᠤᠷᠢᠶᠠᠯ ᠪᠣᠯᠬᠤ ᠲᠠᠯ᠎ᠠ ᠪᠡᠷ ᠬᠦᠳᠦᠯᠦᠨ ᠵᠢᠯᠣᠭᠤᠳᠴᠤ᠌᠂ ᠰᠠᠭᠤᠭᠠᠯᠢ ᠲᠣᠭᠤᠷᠢᠭ᠎ᠤᠨ ᠵᠠᠰᠠᠯᠲᠠ ᠵᠢ ᠦᠷᠬᠦᠯᠵᠢ ᠠᠩᠬᠠᠷᠳᠠᠭ᠂ ᠤᠯᠠᠨ ᠲᠦᠮᠡᠨ᠎ᠤ ᠲᠤᠮᠳᠠ ᠢᠲᠡᠭᠡᠯ ᠬᠦᠨᠳᠦ᠍᠎ᠲᠠᠢ᠂ ᠵᠣᠬᠢᠬᠤ ᠲᠤᠰᠭᠠᠢ ᠮᠡᠷᠭᠡᠵᠢᠯ᠎ᠤᠨ ᠴᠢᠳᠠᠪᠤᠷᠢ᠎ᠲᠠᠢ 2997 ᠨᠠᠮ᠎ᠤᠨ ᠭᠡᠱᠢᠭᠦᠨ᠎ᠢ ᠤᠷᠤᠨ ᠰᠠᠭᠤᠴᠠ ᠵᠢᠨ ᠠᠰᠠᠷ᠎ᠤᠨ ᠨᠢᠭᠡᠴᠢ᠎ᠶ᠋ᠢᠨ ᠳᠠᠷᠤᠭ᠎ᠠ᠎ᠪᠠᠷ ᠰᠣᠩᠭᠤᠵᠤ᠂ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠪᠠ᠃

《ᠬᠠᠮᠲᠤ᠎ᠪᠠᠷ ᠵᠠᠰᠠᠬᠤ ᠲᠤᠤᠷ》 ᠢ᠋ ᠪᠦᠷᠢᠯᠳᠦᠬᠦᠯᠵᠦ᠂ ᠨᠠᠮ᠎ᠤᠨ ᠪᠠᠢᠭᠤᠯᠤᠯᠲᠠ᠎ᠶ᠋ᠢᠨ  《ᠨᠠᠢᠵᠠ᠎ᠶ᠋ᠢᠨ ᠲᠣᠭᠤᠷᠢᠭ》 ᠢ᠋ ᠦᠷᠭᠡᠳᠭᠡᠵᠡᠢ ᠃ ᠨᠡᠢᠭᠡᠮ ᠲᠣᠭᠤᠷᠢᠭ ᠢ᠋ ᠭᠡᠷ᠎ᠡ ᠵᠢᠨ ᠮᠠᠶᠢᠭ ᠵᠢᠡᠷ ᠬᠠᠮᠲᠤ ᠪᠠᠷ ᠪᠠᠢᠭᠤᠯᠬᠤ ᠲᠠᠪᠴᠠᠩ ᠪᠣᠯᠭᠠᠵᠤ᠂ ᠨᠡᠢᠭᠡᠮ ᠲᠣᠭᠤᠷᠢᠭ᠂ ᠬᠠᠮᠲᠤ ᠪᠠᠷ ᠪᠠᠢᠭᠤᠯᠬᠤ ᠨᠢᠭᠡᠴᠢ᠂ ᠰᠠᠭᠤᠭᠠᠯᠢ ᠲᠣᠭᠤᠷᠢᠭ᠎ᠲᠤ ᠰᠠᠭᠤᠭ᠎ᠠ ᠨᠢᠭᠡᠴᠢ ᠵᠢ ᠨᠢᠭᠡ ᠴᠣᠭ᠍ᠴᠠᠵᠢᠭᠤᠯᠬᠤ᠎ᠪᠠᠷ ᠳᠠᠮᠵᠢᠨ᠂ ᠨᠡᠢᠭᠡᠮ᠎ᠤᠨ ᠡᠯ᠎ᠡ ᠡᠲᠡᠭᠡᠳ ᠎ᠤᠨ ᠡᠬᠢ ᠪᠠᠶᠠᠯᠢᠭ᠎ᠢ ᠨᠡᠢᠭᠡᠮ ᠲᠣᠭᠤᠷᠢᠭ ᠲᠤ᠌ ᠲᠥᠪᠯᠡᠷᠡᠭᠦᠯᠵᠦ᠍᠂ ᠬᠤᠱᠢᠭᠤᠨ᠎ᠤ ᠱᠢᠭᠤᠳ ᠬᠠᠷᠢᠶ᠎ᠠ ᠪᠠᠢᠭᠤᠯᠭ᠎ᠠ᠂ ᠰᠤᠷᠭᠠᠭᠤᠯᠢ ᠡᠮᠨᠡᠯᠭᠡ᠎ᠶ᠋ᠢᠨ ᠬᠤᠷᠢᠶ᠎ᠠ᠂ ᠤᠯᠤᠰ᠎ᠤ᠋ᠨ ᠦᠮᠴᠢᠯᠡᠯ ᠤ᠋ᠨ ᠠᠵᠤ ᠠᠬᠤᠢᠯᠠᠯ ᠵᠡᠷᠭᠡ 114 ᠨᠢᠭᠡᠴᠢ᠎ᠶ᠋ᠢ ᠵᠣᠬᠢᠶᠠᠨ ᠪᠠᠢᠭᠤᠯᠤᠨ᠂ 13 ᠨᠡᠢᠭᠡᠮ ᠲᠣᠭᠤᠷᠢᠭ᠎ᠲᠠᠢ ᠬᠤᠤᠰᠯᠠᠯ ᠪᠤᠯᠤᠯᠴᠠᠨ᠂ ᠬᠠᠮᠲᠤ ᠪᠠᠷ ᠪᠠᠢᠭᠤᠯᠬᠤ ᠵᠥᠪᠳᠡᠯᠴᠡᠭᠡᠷ ᠤ᠋ᠨ ᠪᠢᠴᠢᠭ ᠲᠣᠭ᠍ᠲᠠᠵᠤ᠂ ᠬᠡᠰᠡᠭᠯᠡᠯ ᠪᠠ ᠣᠷᠣᠨ ᠪᠦᠰᠡ᠎ᠶ᠋ᠢᠨ ᠬᠢᠵᠠᠭᠠᠷᠯᠠᠯ ᠎ᠢ ᠡᠪᠳᠡᠭᠡᠳ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠪᠦᠬᠦᠯᠢ ᠴᠣᠭ᠍ᠴᠠ᠎ᠶ᠋ᠢᠨ ᠬᠠᠮᠲᠤᠷᠠᠯ ᠬᠦᠴᠦᠨ᠎ᠢ ᠴᠢᠩᠭᠠᠳᠭᠠᠵᠠᠢ᠃《ᠣᠯᠠᠨ ᠳᠤᠤᠷᠵᠢᠯ ᠢ᠋ ᠨᠢᠭᠡᠳᠭᠡᠬᠦ᠌》 ᠵᠠᠰᠠᠯᠲᠠ᠎ᠶ᠋ᠢᠨ ᠵᠠᠭ᠍ᠪᠤᠷ ᠢ᠋ ᠠᠬᠢᠭᠤᠯᠤᠨ᠂ ᠶᠡᠷᠦᠩᠬᠡᠢᠯᠡᠭᠰᠡᠨ ᠲᠣᠣᠷᠵᠢᠯ᠎ᠤᠨ ᠪᠠᠢᠭᠤᠯᠤᠯᠲᠠ᠎ᠶ᠋ᠢ ᠠᠬᠢᠭᠤᠯᠵᠤ᠂ ᠳᠣᠲᠣᠭᠠᠳᠤ ᠎ᠶ᠋ᠢ ᠬᠠᠮᠠᠭᠠᠯᠠᠬᠤ᠂ ᠬᠤᠲᠠ᠎ᠶ᠋ᠢᠨ ᠬᠢᠨᠠᠯᠲᠠ᠂ ᠬᠤᠲᠠ᠎ᠶ᠋ᠢᠨ ᠬᠠᠮᠢᠶᠠᠷᠤᠯᠲᠠ ᠵᠡᠷᠭᠡ 14 ᠴᠢᠳᠠᠮᠵᠢᠲᠤ ᠰᠠᠯᠠᠭ᠎ᠠ ᠮᠥᠴᠢᠷ᠎ᠤᠨ ᠲᠣᠣᠷᠵᠢᠯ ᠳ᠋ᠦ ᠤᠷᠤᠬᠤ ᠨᠠᠷᠢᠨ ᠳᠠᠩᠰᠠ᠎ᠶ᠋ᠢᠨ ᠳᠦᠷᠢᠮ ᠢ᠋ ᠢᠵᠢ ᠪᠦᠷᠢᠳᠦᠭᠦᠯᠦᠨ ᠪᠠᠢᠭᠤᠯᠵᠤ᠂ ᠲᠣᠣᠷᠵᠢᠯ᠂ ᠲᠣᠣᠷᠵᠢᠯ᠎ᠤᠨ ᠠᠵᠢᠯᠲᠠᠨ᠎ᠤ ᠠᠵᠢᠯ᠎ᠤᠨ ᠡᠭᠦᠷᠭᠡ ᠬᠠᠷᠢᠭᠤᠴᠠᠯᠭ᠎ᠠ᠎ᠶ᠋ᠢ ᠲᠣᠳᠣᠷᠬᠠᠢᠯᠠᠵᠤ᠂ ᠡᠬᠢ ᠪᠠᠶᠠᠯᠢᠭ᠎ᠢ ᠲᠣᠣᠷᠵᠢᠯ᠎ᠳᠤ ᠪᠠᠭᠤᠯᠭᠠᠵᠤ᠂ ᠬᠦᠴᠦᠨ᠎ᠢ ᠨᠢᠭᠡᠳᠭᠡᠨ᠂ ᠲᠣᠣᠷᠵᠢᠯ᠎ᠳᠤ ᠦᠢᠯᠡᠴᠢᠯᠡᠭᠡ ᠬᠠᠩᠭᠠᠵᠠᠢ᠃ 《ᠨᠢᠭᠡ ᠲᠤᠤᠷᠵᠢᠯ ᠵᠢᠡᠷ ᠨᠢᠭᠡᠳᠦᠯᠲᠡᠶ ᠲᠥᠯᠥᠪᠯᠡᠬᠦ᠌》 ᠵᠠᠰᠠᠯᠲᠠ᠎ᠶ᠋ᠢᠨ ᠠᠷᠭ᠎ᠠ ᠮᠠᠶᠢᠭ᠎ᠢ ᠬᠠᠢᠨ ᠰᠦᠪᠡᠭ᠌ᠴᠢᠯᠡᠪᠠ᠃ ᠲᠣᠣᠷᠵᠢᠯ ᠤ᠋ᠨ ᠡᠭᠦᠷᠭᠡ ᠴᠢᠳᠠᠮᠵᠢ᠎ᠶ᠋ᠢᠨ ᠲᠠᠯ᠎ᠠ ᠪᠡᠷ᠂  《ᠲᠣᠣᠷᠵᠢᠯ +》 ᠵᠠᠭ᠍ᠪᠤᠷ ᠢ᠋ ᠰᠦᠪᠡᠭ᠌ᠴᠢᠯᠡᠵᠦ᠍᠂ ᠨᠡᠢᠭᠡᠮ᠎ᠤᠨ ᠵᠠᠰᠠᠯᠲᠠ᠎ᠶ᠋ᠢᠨ ᠬᠦᠴᠦᠨ᠎ᠢ ᠨᠡᠢᠳᠭᠡᠬᠦ᠌᠎ᠪᠠᠷ ᠳᠠᠮᠵᠢᠨ᠂ 《ᠬᠥᠮᠦᠨ ᠲᠤᠤᠷᠵᠢᠯ ᠲᠤᠳᠤᠷ᠎ᠠ ᠪᠡᠨ ᠶᠠᠪᠤᠵᠤ᠂ ᠤᠴᠢᠷ ᠶᠠᠪᠤᠳᠠᠯ᠎ᠢ ᠲᠤᠤᠷᠵᠢᠯ ᠳᠤᠳᠤᠷ᠎ᠠ ᠪᠡᠨ ᠭᠦᠢᠴᠡᠳᠭᠡᠬᠦ᠌》 ᠠᠵᠢᠯ᠎ᠤᠨ ᠪᠠᠢᠷᠢᠱᠢᠯ᠎ᠢ ᠪᠦᠷᠢᠯᠳᠦᠭᠦᠯᠬᠦ᠌᠎ᠶ᠋ᠢ ᠠᠬᠢᠭᠤᠯᠵᠤ᠂ ᠲᠡᠷᠭᠡᠨ ᠵᠣᠭ᠍ᠰᠣᠭᠠᠯ ᠨᠡᠮᠡᠵᠦ᠍ ᠲᠤᠬᠢᠷᠠᠭᠤᠯᠬᠤ᠂ ᠠᠮᠠᠷᠠᠯᠲᠠ᠎ᠶ᠋ᠢᠨ ᠬᠤᠭᠤᠴᠠᠭᠠᠨ᠎ᠤ ᠬᠢᠴᠢᠶᠡᠯ᠎ᠨᠡᠬᠡᠬᠡᠬᠥ᠂ ᠲᠣᠭ᠍ᠲᠠᠮᠠᠯ ᠬᠤᠭᠤᠴᠠᠭ᠎ᠠ᠎ᠲᠠᠢ᠎ᠪᠡᠶ᠎ᠡ᠎ᠶ᠋ᠢᠨ ᠪᠠᠢᠴᠠᠭᠠᠯᠲᠠ ᠬᠢᠬᠦ᠌ ᠵᠡᠷᠭᠡ 558 ᠵᠦᠢᠯ ᠤ᠋ᠨ ᠠᠵᠢᠯ᠎ᠢ ᠵᠣᠬᠢᠴᠠᠭᠤᠯᠤᠨ ᠱᠢᠢᠳᠪᠦᠷᠢᠯᠡᠵᠦ᠍᠂ ᠬᠠᠮᠲᠤ᠎ᠪᠠᠷ ᠡᠬᠢ ᠪᠠᠶᠠᠯᠢᠭ᠎ᠢ ᠪᠦᠲᠦᠮᠵᠢᠲᠡᠢ ᠨᠡᠢᠳᠭᠡᠬᠦ᠂ ᠳᠠᠪᠠᠭᠤᠯᠢᠭ ᠵᠢᠡᠷ᠎ᠢᠶᠠᠨ ᠬᠠᠷᠢᠯᠴᠠᠨ ᠨᠥᠬᠦᠪᠥᠷᠢᠯᠡᠬᠦ᠌᠎ᠶ᠋ᠢ ᠪᠡᠶᠡᠯᠡᠭᠦᠯᠵᠡᠢ᠃

《ᠦᠢᠯᠡᠴᠢᠯᠡᠭᠡᠨ᠎ᠤ ᠲᠤᠤᠷ》 ᠢ᠋ ᠤᠷᠲᠤᠳᠭᠠᠵᠤ᠂ ᠠᠯᠪᠠ ᠪᠡᠷ ᠴᠤᠤᠷᠢᠶᠠᠲᠤᠨ ᠲᠠᠭᠠᠵᠤ ᠪᠠᠢᠬᠰᠠᠨ ᠡᠴᠡ ᠪᠠᠨ ᠰᠠᠨᠠᠭᠠᠴᠢᠯᠠᠭ᠎ᠠ᠎ᠠᠴᠠ᠎ᠪᠠᠨ ᠬᠢᠬᠦ᠌ ᠪᠣᠯᠪᠠ᠃《ᠭᠡᠷ ᠲᠤᠨᠢ ᠬᠦᠷᠴᠦ ᠦᠢᠯᠡᠴᠢᠯᠡᠬᠦ ᠠᠵᠢᠯᠯᠠᠭ᠎ᠠ》 ᠪᠡᠷ ᠲᠠᠮᠵᠢᠭᠤᠯᠤᠨ᠂ ᠲᠦᠭ ᠲᠦᠮᠡᠨ ᠡᠷᠦᠬᠡ᠎ᠳᠤ ᠦᠢᠯᠡᠴᠢᠯᠡᠵᠡᠢ᠃ ᠵᠡᠭᠡᠯᠢ ᠭᠤᠳᠤᠮᠵᠢ᠎ᠶ᠋ᠢᠨ ᠺᠠᠳ᠋ᠷ᠂ ᠲᠤᠰᠭᠠᠶ ᠪᠤᠶᠤ ᠲᠤᠱᠢᠶᠠᠯ ᠬᠠᠪᠰᠤᠷᠭᠠᠭ᠍ᠰᠠᠨ ᠲᠤᠤᠷᠵᠢᠯ ᠤ᠋ᠨ ᠠᠵᠢᠯᠳᠠᠨ ᠵᠡᠷᠭᠡ ᠣᠯᠠᠨ ᠡᠱᠢᠲᠦ ᠬᠦᠴᠦᠨ᠎ᠢ ᠭᠦᠢᠴᠡᠳ ᠳᠠᠢᠴᠢᠯᠠᠨ᠂ 《ᠭᠡᠷ ᠲᠤᠨᠢ ᠬᠦᠷᠴᠦ ᠦᠢᠯᠡᠴᠢᠯᠡᠬᠦ ᠠᠵᠢᠯᠯᠠᠭ᠎ᠠ》 ᠥᠷᠨᠢᠭᠦᠯᠦᠨ᠂ ᠣᠯᠠᠨ ᠲᠦᠮᠡᠨ᠎ᠤ 《ᠪᠠᠴᠢᠮᠳᠠᠵᠤ᠂ ᠲᠦᠪᠡᠭᠳᠡᠵᠦ᠂ ᠬᠦᠰᠡᠵᠦ᠂ ᠵᠤᠪᠠᠨᠢᠵᠤ》 ᠪᠠᠢᠭ᠎ᠠ ᠠᠰᠠᠭᠤᠳᠠᠯ ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠮᠡᠳᠡᠭᠡ ᠵᠠᠩᠭᠢ᠎ᠶ᠋ᠢ ᠵᠢᠭ᠍ᠰᠠᠭᠠᠨ ᠪᠠᠢᠴᠠᠭᠠᠬᠤ᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠬᠤ᠂ ᠠᠮᠤᠷ ᠲᠦᠪᠱᠢᠨ᠎ᠢ ᠰᠠᠬᠢᠨ ᠬᠠᠮᠠᠭᠠᠯᠠᠬᠤ ᠵᠡᠷᠭᠡ ᠠᠵᠢᠯ᠎ᠢ ᠪᠥᠬᠦ᠌ ᠲᠠᠯ᠎ᠠ᠎ᠪᠠᠷ ᠥᠷᠨᠢᠭᠦᠯᠵᠦ᠍᠂ ᠨᠡᠢᠲᠡ 3.7 ᠲᠦᠮᠡᠨ ᠡᠷᠦᠬᠡ ᠪᠡᠷ ᠲᠤᠭᠤᠷᠢᠨ ᠰᠤᠷᠪᠤᠯᠵᠢᠯᠠᠵᠤ᠂ 1100 ᠭᠠᠷᠤᠶ ᠵᠤᠷᠪᠤᠰ ᠰᠠᠨᠠᠯ ᠰᠠᠨᠠᠭᠤᠯᠭ᠎ᠠ ᠴᠤᠭ᠍ᠯᠠᠭᠤᠯᠵᠤ᠂ ᠱᠢᠢᠳᠪᠦᠷᠢᠯᠡᠭ᠌ᠰᠡᠨ ᠨᠣᠷᠮ᠎ᠠ 98% ᠳ᠋ᠤ ᠬᠦᠷᠴᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠰᠠᠭᠤᠭᠠᠯᠢ ᠠᠷᠠᠳ᠎ᠲᠦ᠍ ᠦᠢᠯᠡᠴᠢᠯᠡᠪᠡ᠃ ᠠᠳᠠᠯ ᠠᠬᠤᠶ᠎ᠪᠠ ᠨᠠᠮ᠎ᠤᠨ ᠪᠠᠢᠭᠤᠯᠤᠯᠲᠠ ᠵᠢ ᠬᠠᠮᠲᠤᠷᠠᠨ ᠪᠠᠢᠭᠤᠯᠵᠤ᠂ ᠳᠡᠷᠭᠡᠳᠡᠬᠢ ᠵᠢᠵᠢᠭ ᠤᠴᠢᠷ ᠎ᠢ ᠱᠢᠢᠳᠪᠦᠷᠢᠯᠡᠪᠡ᠃ ᠠᠳᠠᠯ ᠠᠬᠤᠢ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠬᠤᠯᠪᠣᠭᠠᠯᠠᠨ ᠪᠠᠢᠭᠤᠯᠬᠤ ᠵᠠᠭ᠍ᠪᠤᠷ ᠢ᠋ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠨᠠᠮ ᠤ᠋ᠨ ᠤᠳᠤᠷᠢᠳᠤᠯᠭ᠎ᠠ ᠲᠤᠤᠷᠠᠬᠢ ᠠᠳᠠᠯ ᠠᠬᠤᠢ᠎ᠶ᠋ᠢᠨ ᠨᠠᠮ ᠪᠠ ᠣᠯᠠᠨ ᠲᠦᠮᠡᠨ ᠳ᠋ᠦ ᠦᠢᠯᠡᠴᠢᠯᠡᠬᠦ ᠥᠷᠲᠡᠭᠡ᠎ᠶ᠋ᠢ 66 ᠪᠠᠢᠭᠤᠯᠵᠤ᠂《1+3》 ᠠᠷᠠᠳᠴᠢᠯᠠᠯ᠎ᠢᠶᠠᠷ ᠵᠥᠪᠳᠡᠯᠴᠡᠬᠦ᠌᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠲᠣᠣᠷᠵᠢᠯ᠂ ᠦᠮᠴᠢᠲᠡᠨ ᠤ᠋ ᠵᠥᠪᠯᠡᠯ᠂ ᠠᠳᠠᠯ ᠠᠬᠤᠢ᠎ᠶ᠋ᠢᠨ ᠠᠵᠤ ᠠᠬᠤᠢᠯᠠᠯ᠂ ᠥᠮᠴᠢᠲᠡᠨ᠎ᠤ ᠵᠣᠬᠢᠴᠠᠭᠤᠯᠵᠤ ᠬᠤᠯᠪᠣᠭᠠᠯᠠᠨ ᠬᠥᠳᠡᠯᠦᠯᠴᠡᠬᠦ ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠵᠤ᠂ ᠣᠯᠠᠨ ᠲᠦᠮᠡᠨ᠎ᠤ ᠠᠰᠠᠭᠤᠳᠠᠯ᠎ᠢ 541 ᠱᠢᠢᠳᠪᠦᠷᠢᠯᠡᠵᠦ᠍᠂ ᠨᠡᠢᠭᠡᠮ ᠲᠣᠭᠤᠷᠢᠭ᠂ ᠰᠠᠭᠤᠭᠠᠯᠢ ᠠᠷᠠᠳ ᠪᠠ ᠠᠳᠠᠯ ᠠᠬᠤᠢ᠎ᠶ᠋ᠢᠨ ᠬᠤᠭᠤᠷᠣᠨᠳᠣᠬᠢ ᠵᠠᠢ ᠎ᠶ᠋ᠢ ᠤᠯᠠᠮ ᠣᠢᠷᠠᠲᠤᠭᠤᠯᠪᠠ᠃ 《ᠠᠷᠤ ᠬᠤᠷᠴᠢᠨ ᠬᠤᠱᠢᠭᠤᠨ᠎ᠤ ᠵᠢᠵᠢᠭ ᠬᠦᠷᠢᠶᠡᠯᠡᠩ》 ᠰᠠᠭᠤᠭᠠᠯᠢ ᠠᠷᠠᠳ᠎ᠤᠨ ᠥᠪᠡᠰᠤᠪᠠᠨ ᠵᠠᠰᠠᠬᠤ᠎ᠶ᠋ᠢ ᠬᠥᠲᠥᠯᠥᠨ ᠳᠠᠭᠠᠭᠤᠯᠪᠠ᠃ 《ᠠᠷᠤ ᠬᠤᠷᠴᠢᠨ ᠬᠤᠱᠢᠭᠤᠨ᠎ᠤ ᠵᠢᠵᠢᠭ ᠬᠦᠷᠢᠶᠡᠯᠡᠩ》ᠳ᠋ᠤ ᠲᠦᠱᠢᠭ᠌ᠯᠡᠨ᠂ 《ᠬᠥᠷᠰᠢ ᠵᠡᠷᠭᠡᠯᠡᠳᠡᠭᠡ᠎ᠶ᠋ᠢᠨ ᠬᠤᠭᠤᠷᠤᠨᠳᠤᠬᠢ ᠶᠠᠷᠢᠯᠴᠠᠭ᠎ᠠ》 ᠶ᠋ᠢᠨ ᠠᠵᠢᠯᠯᠠᠭ᠎ᠠ ᠵᠢ ᠪᠠᠢᠩᠭᠤ ᠥᠷᠨᠢᠭᠦᠯᠵᠦ᠍᠂ ᠰᠠᠭᠤᠭᠠᠯᠢ ᠠᠷᠠᠳ᠎ᠢᠶᠠᠷ ᠭᠤᠤᠯ ᠴᠣᠭ᠍ᠴᠠ ᠪᠣᠯᠭᠠᠨ᠂ ᠳᠡᠷᠭᠡᠳᠡᠬᠢ ᠵᠠᠰᠠᠯᠲᠠ᠎ᠶ᠋ᠢᠨ ᠠᠰᠠᠭᠤᠳᠠᠯ᠎ᠳᠤ ᠠᠷᠭ᠎ᠠ ᠤᠬᠠᠭᠠᠨ ᠭᠠᠷᠭᠠᠬᠤ᠎ᠶ᠋ᠢᠨ ᠬᠠᠮᠲᠤ᠌᠂ ᠳᠣᠲᠣᠭᠠᠳᠤ᠎ᠶ᠋ᠢ ᠬᠠᠮᠠᠭᠠᠯᠠᠬᠤ᠂ ᠬᠠᠤᠯᠢ ᠭᠡᠷᠡᠭᠵᠢᠭᠦᠯᠬᠦ ᠵᠡᠷᠭᠡ ᠲᠤᠰᠭᠠᠶ ᠮᠡᠷᠭᠡᠵᠢᠯ᠎ᠤᠨ ᠠᠵᠢᠯᠲᠠᠨ᠎ᠢ ᠣᠷᠣᠯᠴᠠᠭᠤᠯᠵᠤ᠂ ᠠᠷᠭ᠎ᠠ ᠬᠡᠮᠵᠢᠶ᠎ᠡ᠎ᠶ᠋ᠢᠨ ᠪᠣᠯᠤᠮᠵᠢᠲᠤ ᠴᠢᠨᠠᠷ᠎ᠢ ᠵᠠᠳᠠᠯᠤᠨ ᠲᠤᠭᠳᠠᠭᠠᠬᠤ ᠵᠢ ᠱᠠᠭᠠᠷᠳᠠᠪᠠ᠃ 2025 ᠣᠨ᠎ᠤ ᠡᠬᠢᠨ᠎ᠠᠴᠠ ᠨᠠᠭᠠᠰᠢ᠂ 《ᠠᠷᠤ ᠬᠤᠷᠴᠢᠨ ᠬᠤᠰᠢᠭᠤᠨ ᠤ᠋ ᠵᠢᠵᠢᠭ ᠬᠦᠷᠢᠶᠡᠯᠡᠩ》 ᠠᠷᠠᠳ ᠤᠯᠠᠨ ᠤ᠋ ᠣᠶᠤᠨ ᠤᠬᠠᠭᠠᠨ ᠎ᠢ ᠲᠥᠪᠯᠡᠷᠡᠭᠦᠯᠦᠨ᠂ 136 ᠵᠠᠰᠠᠯᠲᠠ᠎ᠶ᠋ᠢᠨ ᠬᠦᠴᠢᠷ ᠠᠰᠠᠭᠤᠳᠠᠯ ᠎ᠢ ᠱᠢᠢᠳᠪᠦᠷᠢᠯᠡᠵᠦ᠍᠂《ᠤᠴᠢᠷ ᠶᠠᠪᠤᠳᠠᠯ᠎ᠢ ᠬᠠᠮᠲᠤ᠎ᠪᠠᠷ ᠵᠥᠪᠯᠡᠬᠦ᠂ ᠬᠦᠴᠢᠷ ᠠᠰᠠᠭᠤᠳᠠᠯ᠎ᠢ ᠬᠠᠮᠲᠤ᠎ᠪᠠᠷ ᠱᠢᠢᠳᠪᠦᠷᠢᠯᠡᠬᠦ᠂ ᠬᠥᠭ᠌ᠵᠢᠯᠲᠡ᠎ᠶ᠋ᠢ ᠬᠠᠮᠲᠤ ᠎ᠪᠠᠷ ᠠᠬᠢᠭᠤᠯᠬᠤ》 ᠦᠨᠳᠦᠰᠦᠨ ᠱᠠᠲᠤᠨ ᠎ᠤ ᠵᠠᠰᠠᠯᠲᠠ᠎ᠶ᠋ᠢᠨ ᠰᠠᠢᠨ ᠰᠠᠢᠬᠠᠨ ᠪᠠᠢᠷᠢᠱᠢᠯ ᠎ᠢ ᠪᠦᠷᠢᠯᠳᠦᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号