ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ 《ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ 2026 ᠣᠨ᠎ᠤ ᠬᠠᠤᠯᠢ ᠲᠣᠭ᠍ᠲᠠᠭᠠᠬᠤ ᠠᠵᠢᠯ᠎ᠤᠨ ᠲᠥᠯᠥᠪᠯᠡᠭᠡ》 ᠎ᠶ᠋ᠢ ᠳᠠᠷᠤᠮᠠᠯᠯᠠᠨ ᠲᠠᠷᠬᠠᠭᠠᠪᠠ
2026-05-14 09:17:13
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠵᠥᠪᠱᠢᠶᠡᠷᠡᠯ᠎ᠢᠶᠡᠷ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ ᠲᠦᠷᠦᠭᠦᠬᠡᠨ 《ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ 2026 ᠣᠨ᠎ᠤ ᠬᠠᠤᠯᠢ ᠲᠣᠭ᠍ᠲᠠᠭᠠᠬᠤ ᠠᠵᠢᠯ᠎ᠤᠨ ᠲᠥᠯᠥᠪᠯᠡᠭᠡ》 (ᠳᠣᠷᠣᠭ᠍ᠰᠢ 《ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠬᠠᠤᠯᠢ ᠲᠣᠭ᠍ᠲᠠᠭᠠᠬᠤ ᠲᠥᠯᠥᠪᠯᠡᠭᠡ》 ᠭᠡᠵᠦ᠍ ᠳᠦᠭᠦᠮᠴᠢᠯᠡᠨ᠎ᠠ) ᠎ᠶ᠋ᠢ ᠳᠠᠷᠤᠮᠠᠯᠯᠠᠨ ᠲᠠᠷᠬᠠᠭᠠᠪᠠ᠃

《 ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠬᠠᠤᠯᠢ ᠲᠣᠭ᠍ᠲᠠᠭᠠᠬᠤ ᠲᠥᠯᠥᠪᠯᠡᠭᠡ》 ᠳ᠋ᠤ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ 2026 ᠣᠨ᠎ᠤ ᠬᠠᠤᠯᠢ ᠲᠣᠭ᠍ᠲᠠᠭᠠᠬᠤ ᠠᠵᠢᠯ᠎ᠤᠨ ᠶᠡᠷᠦᠩᠬᠡᠶ ᠱᠠᠭᠠᠷᠳᠠᠯᠭ᠎ᠠ ᠪᠣᠯ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ᠎ᠦᠨ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠤ᠂ ᠨᠠᠮ᠎ᠤᠨ ᠤᠳᠤᠷᠢᠳᠤᠯᠭ᠎ᠠ ᠵᠢ ᠪᠠᠷᠢᠮᠳᠠᠯᠠᠬᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠪᠡᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠵᠤ᠂ ᠨᠡᠩ ᠪᠦᠷᠢᠨ ᠲᠡᠭᠦᠯᠳᠡᠷ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠱᠢᠰᠲ᠋ᠧᠮ᠎ᠢ ᠪᠠᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠤ᠂ ᠨᠡᠩ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠬᠠᠤᠯᠢ ᠪᠡᠷ ᠵᠠᠰᠠᠬᠤ ᠤᠯᠤᠰ᠎ᠢ ᠪᠦᠲᠦᠭᠡᠨ ᠪᠠᠢᠭᠤᠯᠵᠤ᠂ ᠬᠠᠤᠯᠢ᠎ᠪᠠᠷ ᠵᠠᠰᠠᠬᠤ ᠪᠠ ᠥᠭᠡᠷᠡᠴᠢᠯᠡᠯᠲᠡ᠂ ᠬᠥᠭ᠌ᠵᠢᠯᠳᠡ᠂ ᠲᠣᠭ᠍ᠲᠠᠭᠤᠨ ᠢ᠋ ᠬᠠᠷᠢᠯᠴᠠᠨ ᠬᠠᠮᠵᠢᠯᠴᠠᠭᠤᠯᠬᠤ ᠵᠢ ᠨᠡᠩ ᠴᠢᠬᠤᠯᠠᠴᠢᠯᠡᠵᠦ᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠪᠠᠲᠤᠯᠠᠨ ᠠᠬᠢᠭᠤᠯᠬᠤ᠎ᠶ᠋ᠢ ᠨᠡᠩ ᠴᠢᠬᠤᠯᠠᠴᠢᠯᠠᠵᠤ᠂ ᠲᠣᠭ᠍ᠲᠠᠭᠠᠬᠤ ᠵᠠᠰᠠᠪᠤᠷᠢ ᠤᠷᠤᠭᠤᠯᠬᠤ ᠬᠦᠴᠦᠨ ᠦᠭᠡᠢ ᠪᠣᠯᠭᠠᠬᠤ ᠲᠠᠢᠯᠪᠤᠷᠢᠯᠠᠬᠤ ᠵᠢ ᠨᠢᠭᠡᠳᠦᠯᠳᠠᠢ ᠲᠦᠯᠦᠪᠵᠢᠭᠦᠯᠵᠤ᠂ ᠭᠤᠤᠯᠳᠠᠯᠭ᠎ᠠ᠎ᠲᠠᠶ ᠬᠦᠷᠢᠶ᠎ᠡ᠂ ᠱᠢᠨ᠎ᠡ᠎ᠪᠡᠷ ᠮᠠᠨᠳᠤᠬᠰᠠᠨ ᠬᠦᠷᠢᠶ᠎ᠡ᠂ ᠭᠠᠳᠠᠭᠠᠳᠤ᠎ᠳᠤ ᠬᠣᠯᠪᠣᠭ᠍ᠳᠠᠬᠤ ᠬᠦᠷᠢᠶᠡᠨ᠎ᠳᠡᠬᠢ ᠬᠠᠤᠯᠢ ᠲᠣᠭ᠍ᠲᠠᠭᠠᠯᠲᠠ ᠵᠢ ᠴᠢᠩᠭᠠᠳᠬᠠᠵᠤ᠂ ᠬᠠᠤᠯᠢ ᠲᠣᠭ᠍ᠲᠠᠭᠠᠬᠤ  ᠶᠠᠰᠤ ᠴᠢᠨᠠᠷ ᠦᠷ᠎ᠠ ᠪᠦᠲᠦᠮᠵᠢ᠎ᠶ᠋ᠢ ᠳᠡᠭᠡᠭ᠌ᠰᠢᠯᠡᠭᠦᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ ᠵᠢᠨ ᠠᠭᠤᠤ ᠦᠢᠯᠡᠰ ᠢ᠋ ᠪᠦᠬᠦ ᠲᠠᠯ᠎ᠠ ᠪᠡᠷ ᠠᠬᠢᠭᠤᠯᠬᠤ ᠳ᠋ᠤ ᠬᠦᠴᠦᠲᠡᠢ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠨ᠎ᠠ ᠭᠡᠵᠤ ᠳᠤᠷᠠᠳᠴᠠᠢ᠃

《ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠬᠠᠤᠯᠢ ᠲᠣᠭ᠍ᠲᠠᠭᠠᠬᠤ ᠲᠥᠯᠥᠪᠯᠡᠭᠡ》 ᠳ᠋ᠤ᠂ ᠴᠢᠨᠠᠷ ᠰᠠᠢᠲᠠᠢ ᠬᠠᠤᠯᠢ ᠲᠣᠭ᠍ᠲᠠᠭᠠᠯᠳᠠ᠎ᠪᠠᠷ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠥᠨᠳᠥᠷ ᠲᠦᠪᠱᠢᠨ ᠪᠦᠬᠦᠢ ᠠᠮᠤᠷ ᠲᠦᠪᠱᠢᠨ᠎ᠢ ᠬᠠᠮᠠᠭᠠᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠬᠦ᠌᠎ᠳᠦ ᠦᠢᠯᠡᠴᠢᠯᠡᠨ ᠪᠠᠳᠤᠯᠠᠨ᠎ᠠ᠃ ᠨᠢᠭᠡ᠎ᠳᠦ᠂ ᠥᠨᠳᠥᠷ ᠲᠦᠪᠱᠢᠨ ᠪᠦᠬᠥᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠯ᠎ᠢ ᠪᠠᠢᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ᠎ᠵᠢᠨ ᠲᠤᠭᠤᠷᠢᠨ ᠳ᠋ᠤ᠂ ᠮᠥᠩᠭᠥᠨ ᠭᠦᠢᠯᠭᠡᠭᠡᠨ᠎ᠦ ᠬᠠᠤᠯᠢ᠎ᠶ᠋ᠢᠨ ᠲᠥᠰᠦᠯ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠌ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠵᠢᠭ᠍ᠰᠠᠭᠠᠵᠤ᠂ ᠪᠦᠬᠥ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠦᠳᠤᠭᠡᠨ ᠪᠠᠢᠭᠤᠯᠤᠯᠲᠠ᠎ᠶ᠋ᠢᠨ ᠲᠦᠷᠢᠮ ᠵᠡᠷᠭᠡ᠎ᠶ᠋ᠢ ᠲᠣᠭ᠍ᠲᠠᠭᠠᠨ᠎ᠠ᠃ ᠬᠣᠶᠠᠷ᠎ᠲᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠴᠢᠩᠭᠠᠳᠭᠠᠬᠤ᠂ ᠬᠠᠤᠯᠢ᠎ᠪᠠᠷ ᠵᠠᠰᠠᠬᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠵᠢᠨ ᠲᠤᠭᠤᠷᠢᠨ᠎ᠳᠤ᠂ ᠵᠠᠰᠠᠭ ᠵᠠᠬᠢᠷᠭᠠᠨ᠎ᠤ ᠳᠠᠬᠢᠨ ᠵᠥᠪᠯᠡᠬᠦ᠌ ᠬᠠᠤᠯᠢ᠎ᠶ᠋ᠢᠨ ᠬᠡᠷᠡᠭ᠌ᠵᠢᠭᠦᠯᠬᠦ᠌ ᠲᠦᠷᠢᠮ᠂ ᠵᠠᠰᠠᠭ ᠵᠠᠬᠢᠷᠭᠠᠨ᠎ᠤ ᠬᠠᠤᠯᠢ ᠲᠣᠭ᠍ᠲᠠᠭᠠᠯ ᠲᠣᠭ᠍ᠲᠠᠭᠠᠬᠤ ᠲᠡᠰ ᠳᠠᠷᠠᠭᠠᠯᠠᠯ᠎ᠤᠨ ᠲᠦᠷᠢᠮ ᠵᠡᠷᠭᠡ᠎ᠳᠦ ᠵᠠᠰᠠᠪᠤᠷᠢ ᠣᠷᠣᠭᠤᠯᠤᠨ᠎ᠠ᠃ ᠭᠤᠷᠪᠠ᠎ᠳᠤ᠂ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌᠂ ᠪᠥᠬᠥ᠌ ᠦᠨᠳᠦᠰᠦᠲᠡᠨ᠎ᠦ ᠰᠣᠶᠣᠯ᠎ᠤᠨ ᠱᠢᠨ᠎ᠡ᠎ᠶ᠋ᠢ ᠡᠭᠦᠳᠴᠦ᠍ ᠡᠭᠦᠳᠦᠨ ᠪᠦᠲᠦᠭᠡᠬᠦ᠌ ᠠᠮᠢᠳᠤᠯᠢᠭ ᠬᠦᠴᠦᠨ᠎ᠢ ᠬᠥᠭ᠌ᠵᠢᠭᠡᠬᠦ᠎ᠵᠢᠨ ᠲᠤᠭᠤᠷᠢᠨ᠎ᠳᠤ᠂ ᠪᠠᠭ᠍ᠰᠢ᠎ᠶ᠋ᠢᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠵᠢᠭ᠍ᠰᠠᠭᠠᠨ ᠲᠣᠳᠣᠷᠬᠠᠢᠯᠠᠵᠤ᠂ ᠢᠨᠲ᠋ᠸᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠦᠶ᠋ᠯᠡᠴᠢᠯᠡᠭᠡᠨ᠎ᠦ ᠬᠠᠮᠢᠶᠠᠷᠤᠯᠲᠠ᠎ᠶ᠋ᠢᠨ ᠠᠷᠭ᠎ᠠ ᠵᠡᠷᠭᠡ᠎ᠳᠦ ᠵᠠᠰᠠᠪᠤᠷᠢ ᠣᠷᠣᠭᠤᠯᠤᠨ᠎ᠠ᠃ ᠳᠥᠷᠪᠡ᠎ᠳᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠬᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠬᠦ᠌᠎ᠵᠢᠨ ᠲᠤᠭᠤᠷᠢᠨ᠎ᠳᠤ᠂ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠵᠢᠭ᠍ᠰᠠᠭᠠᠨ ᠲᠣᠳᠣᠷᠬᠠᠢᠯᠠᠵᠤ᠂ ᠤᠰᠤ ᠬᠠᠩᠭᠠᠬᠤ ᠲᠦᠷᠢᠮ᠎ᠢ ᠲᠣᠭ᠍ᠲᠠᠭᠠᠵᠤ᠂ ᠡᠮ᠎ᠦᠨ ᠵᠦᠶ᠋ᠯ᠎ᠦᠨ ᠬᠠᠮᠢᠶᠠᠷᠤᠯᠲᠠ᠎ᠶ᠋ᠢᠨ ᠬᠠᠤᠯᠢ᠎ᠵᠢ ᠬᠡᠷᠡᠭ᠌ᠵᠢᠭᠦᠯᠬᠦ᠌ ᠲᠦᠷᠢᠮ ᠵᠡᠷᠭᠡ᠎ᠳᠦ ᠵᠠᠰᠠᠪᠤᠷᠢ ᠣᠷᠣᠭᠤᠯᠤᠨ᠎ᠠ᠃ ᠲᠠᠪᠤ᠎ᠳᠤ᠂ ᠤᠯᠤᠰ᠎ᠤᠨ ᠠᠮᠤᠷ ᠲᠦᠪᠱᠢᠨ᠎ᠦ ᠱᠢᠰᠲ᠋ᠧᠮ ᠪᠠ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ᠂ ᠨᠠᠩ ᠥᠨᠳᠥᠷ ᠲᠦᠪᠱᠢᠨ ᠪᠥᠬᠥᠶ ᠠᠮᠤᠭᠤᠯᠠᠩᠲᠦ ᠳᠤᠮᠳᠠᠳᠤ ᠤᠯᠤᠰ᠎ᠢ ᠪᠥᠲᠥᠭᠡᠨ ᠪᠠᠢᠭᠤᠯᠬᠤ᠎ᠵᠢᠨ ᠲᠤᠭᠤᠷᠢᠨ᠎ᠳᠤ᠂ ᠭᠠᠵᠠᠷ ᠬᠥᠳᠡᠯᠦᠯᠲᠡ᠎ᠡᠴᠡ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠵᠢᠭ᠍ᠰᠠᠭᠠᠨ ᠲᠣᠳᠣᠷᠬᠠᠢᠯᠠᠵᠤ᠂ ᠠᠶᠤᠯᠭᠦᠢ ᠦᠶ᠋ᠯᠡᠳᠪᠦᠷᠢᠯᠡᠯ᠎ᠦᠨ ᠡᠨᠳᠡᠯ᠎ᠦᠨ ᠬᠡᠮ ᠰᠤᠭᠤᠬ᠎ᠢ ᠵᠢᠬᠰᠠᠭᠠᠨ ᠪᠠᠢᠴᠠᠭᠠᠵᠤ ᠵᠠᠰᠠᠬᠤ ᠲᠦᠷᠢᠮ ᠵᠡᠷᠭᠡ᠎ᠶ᠋ᠢ ᠲᠣᠭ᠍ᠲᠠᠭᠠᠨ᠎ᠠ᠃ ᠵᠢᠷᠭᠤᠭ᠎ᠠ᠎ᠳᠤ᠂ ᠭᠠᠳᠠᠭᠠᠳᠤ᠎ᠳᠤ ᠬᠣᠯᠪᠣᠭ᠍ᠳᠠᠬᠤ ᠬᠠᠤᠯᠢ᠎ᠪᠠᠷ ᠵᠠᠰᠠᠬᠤ ᠱᠢᠰᠲ᠋ᠧᠮ ᠪᠠ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ᠂ ᠥᠨᠳᠥᠷ ᠲᠦᠪᠱᠢᠨ ᠪᠦᠬᠥᠢ ᠭᠠᠳᠠᠭ᠍ᠰᠢ ᠨᠡᠭᠡᠭᠡᠯᠳᠡ ᠬᠢᠬᠦ᠌᠎ᠶ᠋ᠢ ᠥᠷᠭᠡᠳᠭᠡᠬᠦ᠌᠎ᠳᠦ ᠦᠢᠯᠡᠴᠢᠯᠡᠬᠦ᠎ᠶᠢᠨ ᠲᠤᠭᠤᠷᠢᠨ᠎ᠳᠤ᠂ ᠪᠣᠭᠣᠮᠲᠠ᠎ᠶ᠋ᠢᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠵᠢᠭ᠍ᠰᠠᠭᠠᠨ ᠲᠣᠳᠣᠷᠬᠠᠢᠯᠠᠵᠤ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠤᠷ ᠲᠦᠪᠱᠢᠨ᠎ᠦ ᠲᠤᠬᠠᠢ ᠲᠦᠷᠤ᠎ᠶ᠋ᠢᠨ ᠶᠠᠪᠤᠳᠠᠯ᠎ᠤᠨ ᠬᠣᠷᠢᠶ᠎ᠠ᠎ᠶᠢᠨ ᠲᠣᠭ᠍ᠲᠠᠭᠠᠯ᠎ᠢ ᠲᠣᠭ᠍ᠲᠠᠭᠠᠵᠤ᠂ ᠭᠠᠳᠠᠭᠠᠳᠤ ᠤᠷᠤᠭᠤᠯᠤᠯᠲᠠ ᠭᠠᠷᠭᠠᠯᠲᠠ᠎ᠶᠢᠨ ᠡᠳ᠋ ᠪᠠᠷᠠᠭᠠᠨ᠎ᠤ ᠤᠤᠯ ᠭᠠᠷᠤᠯᠲᠠ᠎ᠶ᠋ᠢᠨ ᠣᠷᠣᠨ᠎ᠤ ᠲᠦᠷᠢᠮ ᠵᠡᠷᠭᠡ᠎ᠳᠦ ᠵᠠᠰᠠᠪᠤᠷᠢ ᠣᠷᠣᠭᠤᠯᠤᠨ᠎ᠠ᠃ ᠡᠭᠦᠨ᠎ᠦ ᠬᠠᠮᠲᠤ᠂ 《ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ ᠬᠠᠤᠯᠢ ᠲᠣᠭ᠍ᠲᠠᠭᠠᠬᠤ ᠲᠥᠯᠥᠪᠯᠡᠭᠡ》᠎ᠳ᠋ᠤ ᠵᠣᠬᠢᠶᠠᠮᠠᠯ ᠣᠶᠤᠨ ᠴᠢᠳᠠᠪᠤᠷᠢ᠎ᠶ᠋ᠢᠨ ᠡᠷᠡᠭᠦᠯ᠎ᠢᠶᠡᠷ ᠬᠥᠭ᠌ᠵᠢᠬᠦ᠌᠎ᠶ᠋ᠢ ᠲᠦᠷᠭᠡᠳᠭᠡᠨ ᠠᠬᠢᠭᠤᠯᠬᠤ ᠲᠤᠬᠠᠶ ᠶᠡᠷᠦᠩᠬᠡᠢᠯᠡᠭ᠌ᠰᠡᠨ ᠴᠢᠨᠠᠷᠲᠠᠶ ᠬᠠᠤᠯᠢ ᠲᠣᠭ᠍ᠲᠠᠭᠠᠬᠤ ᠠᠵᠢᠯ᠎ᠳᠤ ᠪᠠᠢᠷᠢᠯᠠᠭᠤᠯᠤᠯᠲᠠ ᠬᠢᠵᠦ᠍᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠂ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ᠎ᠶ᠋ᠢᠨ ᠬᠤᠪᠢᠷᠠᠭᠤᠯᠤᠯᠲᠠ᠎ᠶ᠋ᠢ ᠲᠦᠷᠭᠡᠳᠭᠡᠬᠦ᠌᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠂ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ᠂ ᠭᠠᠳᠠᠭᠠᠳᠤ᠎ᠳᠤ ᠬᠣᠯᠪᠣᠭ᠍ᠳᠠᠬᠤ ᠬᠠᠤᠯᠢ᠎ᠪᠠᠷ ᠵᠠᠰᠠᠬᠤ᠎ᠶ᠋ᠢ ᠴᠢᠩᠭᠠᠳᠭᠠᠬᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢ ᠲᠦᠷᠭᠡᠳᠭᠡᠨ ᠠᠬᠢᠭᠤᠯᠬᠤ ᠪᠠᠴᠢᠮ ᠬᠡᠷᠡᠭ᠌ᠴᠡᠭᠡ ᠵᠡᠷᠭᠡ ᠬᠠᠤᠯᠢ ᠲᠣᠭ᠍ᠲᠠᠭᠠᠬᠤ ᠲᠥᠷᠥᠯ ᠵᠦᠶ᠋ᠯ᠎ᠳᠦ ᠬᠤᠷᠢᠶᠠᠩᠭᠤᠢᠯᠠᠭ᠍ᠰᠠᠨ ᠴᠢᠨᠠᠷᠲᠠᠶ ᠲᠣᠬᠢᠷᠠᠭᠤᠯᠤᠯᠲᠠ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃

《ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠬᠠᠤᠯᠢ ᠲᠣᠭ᠍ᠲᠠᠭᠠᠬᠤ ᠲᠥᠯᠥᠪᠯᠡᠭᠡ》᠎ᠳ᠋ᠤ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠡᠯ᠎ᠡ ᠰᠠᠯᠠᠭ᠎ᠠ ᠮᠥᠴᠢᠷ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠬᠠᠤᠯᠢ ᠲᠣᠭ᠍ᠲᠠᠭᠠᠬᠤ ᠠᠵᠢᠯ᠎ᠤᠨ ᠲᠥᠯᠥᠪᠯᠡᠭᠡ᠎ᠶ᠋ᠢᠨ ᠬᠡᠷᠡᠭ᠌ᠵᠢᠭᠦᠯᠦᠯᠲᠡ᠎ᠶ᠋ᠢ ᠦᠨᠡᠨ ᠬᠦ᠌ ᠰᠠᠢᠲᠤᠷ ᠠᠳᠭᠤᠬᠤ ᠬᠡᠷᠡᠭ᠌ᠲᠡᠢ᠃ ᠬᠠᠤᠯᠢ ᠴᠠᠭᠠᠵᠠ᠎ᠶ᠋ᠢᠨ ᠶᠠᠮᠤᠨ ᠱᠠᠯᠠᠪᠳᠠᠭᠤᠯᠤᠨ ᠵᠣᠬᠢᠴᠠᠭᠤᠯᠬᠤ᠎ᠪᠠᠨ ᠴᠢᠩᠭᠠᠳᠭᠠᠵᠤ᠂ ᠲᠥᠯᠥᠪᠯᠡᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠬᠡᠷᠡᠭ᠌ᠲᠡᠢ ᠭᠡᠵᠦ ᠱᠠᠭᠠᠷᠳᠠᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号