ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠶ᠋ᠢᠨ ᠲᠥᠯᠥᠭᠡ ᠤᠢᠷ᠎ᠠ᠎ᠶᠢᠨ ᠡᠳᠦᠷ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ ᠵᠡᠷᠭᠡ ᠠᠷᠪᠠᠨ ᠰᠠᠯᠠᠭ᠎ᠠ ᠮᠥᠴᠢᠷ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠠᠬᠤᠢᠯᠠᠯ᠎ᠢ ᠴᠢᠨᠠᠷ ᠰᠠᠢᠲᠠᠶ ᠪᠤᠢᠵᠢᠭᠤᠯᠬᠤ ᠭᠤᠷᠪᠠᠨ ᠵᠢᠯ᠎ᠦᠨ ᠠᠵᠢᠯᠯᠠᠭᠠᠨ᠎ᠤ ᠲᠥᠰᠦᠯ (2026 — 2028 ᠣᠨ)》 (ᠳᠣᠷᠣᠭ᠍ᠰᠢ 《ᠠᠵᠢᠯᠯᠠᠭᠠᠨ᠎ᠤ ᠲᠥᠰᠦᠯ》 ᠭᠡᠵᠦ᠍ ᠲᠣᠪᠴᠢᠯᠠᠨ᠎ᠠ) ᠢ᠋ ᠲᠤᠭᠳᠠᠭᠠᠪᠠ᠃
《ᠠᠵᠢᠯᠯᠠᠭᠠᠨ᠎ᠤ ᠲᠥᠰᠦᠯ》 ᠨᠢ ᠳᠥᠷᠪᠡᠨ ᠠᠷᠭ᠎ᠠ ᠵᠠᠮ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 19 ᠵᠤᠷᠪᠤᠰ ᠨᠠᠷᠢᠯᠢᠭ ᠣᠨᠣᠴᠠᠲᠠᠶ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠵᠤ᠂ ᠱᠠᠲᠤᠯᠢᠭ ᠵᠢᠡᠷ ᠪᠣᠢᠵᠢᠭᠤᠯᠬᠤ᠂ ᠱᠢᠨ᠎ᠡ᠎ᠶ᠋ᠢ ᠡᠭᠦᠳᠬᠦ᠌ ᠴᠢᠳᠠᠪᠤᠷᠢ ᠣᠯᠭᠣᠬᠤ᠂ ᠦᠷ᠎ᠡ ᠪᠦᠲᠦᠭᠡᠯ᠎ᠢ ᠤᠯᠠᠷᠢᠭᠤᠯᠬᠤ᠂ ᠮᠥᠩᠭᠥᠨ ᠭᠦᠶ᠋ᠯᠭᠡᠭᠡ᠎ᠪᠡᠷ ᠲᠤᠯᠭᠠᠭᠤᠷᠢᠯᠠᠬᠤ᠂ ᠠᠮᠢ ᠠᠬᠤᠶ᠎ᠶ᠋ᠢ ᠱᠢᠯᠢᠳᠡᠭ᠌ᠵᠢᠭᠦᠯᠬᠦ᠌ ᠵᠡᠷᠭᠡ 5 ᠲᠠᠯ᠎ᠠ᠎ᠪᠠᠷ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ᠎ᠤᠨ ᠠᠮᠢᠵᠢᠷᠠᠯ᠎ᠤᠨ ᠬᠦᠴᠦᠨ᠎ᠢ ᠪᠥᠬᠥ᠌ ᠲᠠᠯ᠎ᠠ᠎ᠪᠠᠷ ᠬᠥᠭ᠌ᠵᠢᠭᠡᠵᠦ᠍᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠦᠭᠵᠢᠬᠦᠯᠬᠦ᠎ᠳᠦ ᠨᠠᠩ ᠲᠣᠬᠢᠷᠠᠮᠵᠢᠲᠠᠶ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ᠎ᠤᠨ ᠦᠰᠦᠨ ᠪᠤᠢᠵᠢᠯᠳᠠ᠎ᠶ᠋ᠢᠨ ᠱᠢᠰᠲ᠋ᠧᠮ᠎ᠢ ᠪᠣᠶ ᠪᠣᠯᠭᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠢᠭᠡᠳ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠢ ᠳᠥᠯᠭᠢᠨ ᠠᠬᠢᠭᠤᠯᠤᠨ᠎ᠠ ᠭᠡᠪᠡ᠃
《ᠠᠵᠢᠯᠯᠠᠭᠠᠨ᠎ᠤ ᠲᠥᠰᠦᠯ》᠎ᠳ᠋ᠤ᠂ 2028 ᠤᠨ ᠪᠤᠯᠬᠤ ᠳ᠋ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠪᠠ ᠰᠢᠨ᠎ᠡ ᠵᠢ ᠡᠬᠦᠳᠬᠦ ᠬᠡᠯᠪᠡᠷᠢ ᠵᠢᠨ ᠲᠤᠮᠳᠠ ᠪᠠᠭ᠎ᠠ ᠠᠵᠤ ᠠᠬᠤᠢᠯᠠᠯ᠎ᠢ 6300᠂ ᠲᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢᠯᠠᠯ᠎ᠢ 2300᠂ ᠬᠡᠪᠴᠢᠶᠡᠵᠢᠯ ᠡᠴᠡ ᠲᠡᠭᠡᠭᠰᠢᠬᠢ ᠲᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢᠯᠠᠯ᠎ᠢ 1300᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠵᠢᠱ᠌ᠢᠶ᠎ᠡ ᠦᠵᠡᠬᠦᠯᠬᠦ ᠠᠵᠤ ᠠᠬᠤᠢᠯᠠᠯ᠎ᠢ 50 ᠪᠤᠢᠵᠢᠭᠤᠯᠬᠤ ᠬᠠᠷᠠᠯᠳᠠ ᠵᠢ ᠪᠡᠶᠡᠯᠡᠬᠦᠯᠵᠦ᠂ ᠰᠢᠨ᠎ᠡ ᠡᠨ᠋ᠸᠷᠬᠢ᠂ ᠰᠢᠨ᠎ᠡ ᠮᠠᠲ᠋ᠸᠷᠢᠶᠠᠯ᠂ ᠤᠳᠤ ᠦᠶ᠎ᠡ ᠵᠢᠨ ᠬᠢᠮᠢ ᠵᠢᠨ ᠠᠵᠤ ᠦᠢᠯᠡᠳᠪᠦᠷᠢ᠂ ᠲᠤᠭᠠᠴᠢᠯᠠᠭᠰᠠᠨ ᠠᠵᠤ ᠠᠬᠤᠢ᠂ ᠵᠤᠬᠢᠶᠠᠮᠠᠯ ᠤᠶᠤᠨ ᠴᠢᠳᠠᠪᠤᠷᠢ᠂ ᠲᠠᠷᠢᠶᠠᠯᠠᠩ ᠮᠠᠯ ᠠᠵᠤ ᠠᠬᠤᠢ᠂ ᠠᠮᠢᠳᠤ ᠪᠤᠳᠠᠰ᠎ᠤᠨ ᠦᠢᠯᠡᠳᠭᠡᠯ᠂ ᠬᠤᠪᠤᠷ ᠰᠢᠷᠤᠢ ᠵᠡᠷᠭᠡ ᠭᠤᠤᠯᠳᠠᠯᠭ᠎ᠠ ᠲᠠᠢ ᠠᠵᠤ ᠦᠢᠯᠡᠰ᠎ᠤᠨ ᠬᠦᠷᠢᠶᠡᠨ ᠳ᠋ᠤ ᠨᠢᠭᠡ ᠪᠦᠯᠦᠭ ᠭᠤᠤᠯᠯᠠᠬᠤ ᠦᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠠᠵᠤ ᠠᠬᠤᠢᠯᠠᠯ᠎ᠢ ᠪᠤᠢᠵᠢᠭᠤᠯᠵᠤ᠂ ᠨᠢᠭᠡ ᠪᠦᠯᠦᠭ ᠪᠡᠯᠭᠡ ᠲᠡᠮᠳᠡᠭ᠎ᠤᠨ ᠴᠢᠨᠠᠷᠳᠠᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠦᠷ᠎ᠡ ᠪᠦᠳᠦᠭᠡᠯ᠎ᠢ ᠪᠤᠢ ᠪᠤᠯᠭᠠᠨ ᠦᠪᠡᠷᠳᠡᠭᠡᠨ ᠵᠠᠰᠠᠬᠤ ᠤᠷᠤᠨ᠎ᠤ ᠤᠳᠤ ᠦᠶ᠎ᠡ ᠵᠢᠨ ᠠᠵᠤ ᠦᠢᠯᠡᠰ᠎ᠤᠨ ᠰᠢᠰᠲ᠋ᠸᠮ᠎ᠢ ᠪᠠᠢᠭᠤᠯᠬᠤ ᠪᠠ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠪᠤᠢᠵᠢᠭᠤᠯᠬᠤ ᠳ᠋ᠤ ᠴᠢᠬᠤᠯᠠ ᠲᠤᠯᠭᠠᠭᠤᠷᠢᠯᠠᠯ ᠬᠠᠩᠭᠠᠨ᠎ᠠ ᠭᠡᠵᠦ ᠵᠢᠭᠠᠵᠤ ᠭᠠᠷᠭᠠᠵᠠᠢ᠃
《ᠠᠵᠢᠯᠯᠠᠭᠠᠨ᠎ᠤ ᠲᠥᠰᠦᠯ》᠎ᠳ᠋ᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ᠎ᠢ ᠪᠤᠢᠵᠢᠭᠤᠯᠬᠤ ᠪᠥᠬᠥ᠌ ᠬᠡᠯᠬᠢᠶᠡᠨ᠎ᠦ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠠᠪᠤᠨ ᠶᠡᠬᠡ ᠭᠤᠤᠯᠳᠠᠯᠭ᠎ᠠ᠎ᠲᠠᠶ ᠡᠭᠦᠷᠭᠡ᠎ᠶ᠋ᠢ ᠬᠡᠷᠡᠭ᠌ᠵᠢᠭᠦᠯᠬᠦ ᠪᠡᠷ ᠲᠤᠭᠳᠠᠵᠠᠢ᠃ ᠨᠢᠭᠡ᠎ᠳᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠠᠬᠤᠢᠯᠠᠯ᠎ᠢ ᠱᠠᠲᠤᠯᠢᠭ᠎ᠢᠶᠠᠷ ᠪᠤᠢᠵᠢᠭᠤᠯᠬᠤ ᠠᠵᠢᠯᠯᠠᠭ᠎ᠠ ᠥᠷᠨᠢᠭᠦᠯᠵᠦ᠍᠂ ᠪᠥᠬᠥ᠌ ᠦᠶᠡᠯᠡᠯ᠎ᠦᠨ ᠬᠤᠭᠤᠴᠠᠭᠠᠨ᠎ᠳᠠᠬᠢ ᠬᠥᠳᠡᠯᠦᠩᠭᠦᠶ᠎ᠪᠡᠷ ᠪᠤᠢᠵᠢᠭᠤᠯᠬᠤ ᠬᠥᠮᠥᠷᠭᠡ᠎ᠶ᠋ᠢ ᠪᠠᠢᠭᠤᠯᠵᠤ᠂ ᠲᠠᠰ ᠳᠠᠪᠬᠤᠷᠭ᠎ᠠ ᠲᠥᠷᠥᠯ ᠬᠤᠪᠢᠶᠠᠨ ᠤᠨᠤᠴᠠᠳᠠᠢ᠎ᠪᠠᠷ ᠲᠡᠳᠬᠦᠨ ᠳᠡᠮᠵᠢᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠠᠬᠤᠢᠯᠠᠯ᠎ᠤᠨ ᠱᠠᠲᠤᠯᠢᠭ ᠵᠢᠡᠷ ᠦᠰᠦᠨ ᠪᠣᠢᠵᠢᠬᠤ᠎ᠶ᠋ᠢ ᠠᠬᠢᠭᠤᠯᠤᠨ᠎ᠠ᠃ ᠬᠣᠶᠠᠷ᠎ᠲᠤ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠢᠳᠪᠦᠷᠢᠲᠦ ᠪᠤᠲᠤᠯᠭ᠎ᠠ ᠲᠣᠭ᠍ᠲᠠᠭᠠᠬᠤ᠎ᠳᠤ ᠣᠷᠣᠯᠴᠠᠬᠤ ᠲᠣᠭ᠍ᠲᠠᠴᠠ᠎ᠶ᠋ᠢ ᠪᠦᠷᠢᠠᠱᠢᠭᠦᠯᠵᠦ᠍᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠣᠷᠣᠭᠤᠯᠤᠯᠲᠠ᠎ᠪᠠᠨ ᠨᠡᠮᠡᠭ᠌ᠳᠡᠭᠦᠯᠬᠦ᠌᠎ᠶ᠋ᠢ ᠬᠦᠲᠦᠯᠦᠨ ᠵᠢᠯᠣᠭᠣᠳᠴᠤ᠌᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠲᠠᠪᠴᠠᠩ ᠪᠠᠢᠭᠤᠯᠬᠤ᠎ᠶ᠋ᠢ ᠲᠡᠮᠵᠢᠵᠦ᠍᠂ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠶ᠋ᠢ ᠲᠦᠷᠦᠭᠦᠯᠡᠨ ᠵᠣᠬᠢᠶᠠᠨ ᠪᠠᠢᠭᠤᠯᠵᠤ᠂ ᠠᠵᠤ ᠠᠬᠤᠢᠯᠠᠯ᠎ᠢᠶᠠᠷ ᠭᠣᠣᠯ ᠤᠳᠤᠷᠢᠳᠤᠮᠵᠢ ᠪᠣᠯᠭᠠᠭ᠍ᠰᠠᠨ ᠠᠵᠤ ᠠᠬᠤᠢᠯᠠᠯ ᠳᠡᠭᠡᠳᠦ ᠰᠤᠷᠭᠠᠭᠤᠯᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠬᠠᠮᠵᠢᠯᠴᠠᠨ ᠪᠣᠭᠣᠮᠲᠠ ᠱᠢᠪᠲᠤᠯᠬᠤ ᠵᠠᠭ᠍ᠪᠤᠷ᠎ᠢ ᠲᠡᠭᠦᠯᠳᠡᠷᠵᠢᠭᠦᠯᠦᠨ᠎ᠡ᠃ ᠭᠤᠷᠪᠠ᠎ᠳᠤ᠂ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭ᠌ᠯᠡᠬᠦ᠌᠎ᠶ᠋ᠢ ᠠᠬᠢᠭᠤᠯᠵᠤ᠂ ᠦᠷ᠎ᠡ ᠪᠦᠲᠦᠭᠡᠯ᠎ᠢ ᠤᠯᠠᠷᠢᠭᠤᠯᠬᠤ ᠲᠦᠷᠢᠮ᠎ᠢ ᠲᠡᠭᠦᠯᠳᠡᠷᠵᠢᠭᠦᠯᠵᠦ᠍᠂ ᠱᠢᠨ᠎ᠡ ᠪᠡᠷ ᠡᠬᠦᠳᠦᠭᠰᠡᠨ ᠦᠢᠯᠡᠳᠬᠦᠨ᠎ᠢ ᠠᠩᠬ᠎ᠠ ᠲᠤᠷᠱᠢᠵᠤ ᠠᠩᠬ᠎ᠠ ᠬᠡᠷᠡᠭ᠌ᠯᠡᠬᠦ᠌᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠦᠷ᠎ᠡ ᠪᠦᠲᠦᠭᠡᠯ᠎ᠤᠨ ᠵᠠᠬ᠎ᠠ ᠳᠡᠯᠭᠡᠭᠦᠷᠴᠢᠯᠡᠬᠦ ᠠᠵᠤ ᠦᠢᠯᠡᠰᠵᠢᠭᠦ ᠵᠢ ᠲᠦᠷᠭᠡᠳᠭᠡᠨ᠎ᠡ᠃ ᠳᠥᠷᠪᠡ᠎ᠳᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ᠎ᠤᠨ ᠪᠠᠯᠠ ᠬᠤᠷᠠᠮᠳᠤᠭᠤᠯᠬᠤ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠠᠵᠤ ᠠᠬᠤᠢᠯᠠᠯ᠎ᠤᠨ ᠪᠠᠯᠠ ᠬᠤᠷᠠᠮᠳᠤᠭᠤᠯᠬᠤ ᠬᠡᠷᠡᠭ᠌ᠴᠡᠭᠡ ᠱᠠᠭᠠᠷᠳᠠᠯᠭ᠎ᠠ᠎ᠶ᠋ᠢᠨ ᠨᠠᠷᠢᠨ ᠬᠠᠭᠤᠳᠠᠰᠤ᠎ᠶ᠋ᠢ ᠪᠠᠢᠭᠤᠯᠤᠨ᠂ ᠪᠥᠬᠥ᠌ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡ ᠬᠠᠩᠭᠠᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ᠎ᠳᠤ ᠮᠥᠩᠭᠥᠨ ᠭᠦᠶ᠋ᠯᠭᠡᠭᠡᠨ᠎ᠦ ᠬᠥᠳᠡᠯᠭᠡᠬᠦ᠌ ᠬᠦᠴᠦᠨ ᠨᠡᠮᠡᠷᠢᠯᠡᠨ᠎ᠡ᠃ ᠲᠠᠪᠤ᠎ᠳᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠠᠬᠤᠢᠯᠠᠯ᠎ᠤᠨ ᠦᠰᠦᠨ ᠪᠣᠢᠵᠢᠬᠤ ᠠᠮᠢ ᠠᠬᠤᠶ᠎ᠶ᠋ᠢ ᠪᠣᠶ ᠪᠣᠯᠭᠠᠵᠤ᠂ ᠠᠵᠤ ᠦᠢᠯᠡᠰᠵᠢᠯᠲᠡ᠎ᠪᠡᠷ ᠤᠳᠤᠷᠢᠳᠤᠮᠵᠢ ᠪᠣᠯᠭᠠᠭ᠍ᠰᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠬᠦ᠂ 《ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠰᠠᠳ》᠎ᠤ᠋ᠨ ᠠᠵᠢᠯᠯᠠᠭ᠎ᠠ᠎ᠶ᠋ᠢ ᠭᠦᠨᠵᠡᠭᠡᠢᠷᠡᠭᠦᠯᠵᠦ᠍᠂ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠠᠮᠠᠭᠠᠯᠠᠯᠲᠠ ᠬᠡᠷᠡᠭ᠌ᠯᠡᠯᠲᠡ᠎ᠶ᠋ᠢ ᠴᠢᠩᠭᠠᠳᠭᠠᠨ᠂ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠪᠠ ᠦᠶ᠋ᠯᠡᠴᠢᠯᠡᠭᠡᠨ᠎ᠦ ᠪᠠᠲᠤᠯᠠᠭ᠎ᠠ᠎ᠶ᠋ᠢ ᠱᠢᠯᠢᠳᠡᠭ᠌ᠵᠢᠭᠦᠯᠵᠦ᠍᠂ ᠱᠢᠨ᠎ᠡ᠎ᠶ᠋ᠢ ᠡᠭᠦᠳᠬᠦ᠌ ᠰᠠᠢᠨ ᠰᠠᠢᠬᠠᠨ ᠣᠷᠴᠢᠨ ᠨᠥᠬᠥᠴᠡᠯ᠎ᠢ ᠪᠣᠶ ᠪᠣᠯᠭᠠᠨ᠎ᠠ᠃