5 ᠰᠠᠷ᠎ᠠ ᠶᠢᠨ 11᠎ᠡᠴᠡ 13 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠤᠤ ᠭᠠᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ᠎ᠶᠢᠨ ᠲᠣᠭᠣᠷᠢᠨ᠎ᠳᠤ ᠰᠢᠯᠢ᠎ᠶᠢᠨ ᠭᠣᠣᠯ ᠠᠢᠮᠠᠭ ᠲᠦ᠍ ᠪᠠᠢᠴᠠᠭᠠᠨ ᠰᠤᠳᠤᠯᠪᠠ᠃
ᠡᠷᠢᠶᠡᠨ ᠬᠤᠳᠠ᠎ᠳᠦ᠂ ᠪᠤᠤ ᠭᠠᠩ ᠵᠠᠰᠠᠮᠠᠯ ᠵᠠᠮ᠂ ᠲᠡᠮᠦᠷ ᠵᠠᠮ᠎ᠤᠨ ᠬᠢᠯᠢ ᠵᠢᠨ ᠪᠣᠭᠣᠮᠲᠠ ᠪᠣᠯᠣᠨ ᠳᠤᠮᠳᠠᠳᠤ ᠮᠣᠩᠭᠣᠯ ᠤᠨ ᠠᠵᠤ ᠠᠬᠤᠢ᠎ᠶᠢᠨ ᠬᠠᠮᠲᠤᠷᠠᠯᠴᠠᠭᠠᠨ᠎ᠤ ᠣᠷᠣᠨ᠂ ᠬᠢᠯᠢ᠎ᠶᠢᠨ ᠠᠵᠤ ᠠᠬᠤᠢ᠎ᠶᠢᠨ ᠬᠠᠮᠲᠤᠷᠠᠯᠴᠠᠭᠠᠨ᠎ᠤ ᠣᠷᠣᠨ᠎ᠤ ᠠᠵᠢᠯᠯᠠᠭᠠᠨ᠎ᠤ ᠪᠠᠢᠳᠠᠯ᠎ᠢ ᠲᠤᠬᠠᠢ᠎ᠶᠢᠨ ᠭᠠᠵᠠᠷ ᠲᠤᠨᠢ ᠪᠠᠢᠴᠠᠭᠠᠨ ᠦᠵᠡᠵᠦ᠂ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠲᠠᠢ ᠭᠦᠨᠵᠡᠭᠡᠢ ᠶᠠᠷᠢᠯᠴᠠᠵᠤ᠂ ᠠᠵᠤ ᠠᠬᠤᠢᠯᠠᠯ ᠢ ᠬᠠᠪᠰᠤᠷᠤᠨ ᠪᠣᠳᠠᠲᠠᠢ ᠬᠦᠴᠢᠷᠳᠡᠯ᠎ᠢ ᠨᠢ ᠰᠢᠢᠳᠪᠦᠷᠢᠯᠡᠵᠦ ᠥᠭᠪᠡ᠃ ᠲᠡᠷᠡ ᠲᠤᠬᠠᠢ᠎ᠶᠢᠨ ᠭᠠᠵᠠᠷ᠎ᠤᠨ ᠬᠢᠨᠢ ᠰᠠᠨᠠᠭᠠᠴᠢᠯᠠᠭ᠎ᠠ᠎ᠡᠴᠡ᠎ᠪᠠᠨ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠪᠦᠲᠦᠭᠡᠨ ᠪᠠᠢᠭᠤᠯᠤᠯᠲᠠ᠎ᠳᠤ ᠦᠢᠯᠡᠴᠢᠯᠡᠬᠦ ᠪᠠ ᠠᠭᠤᠰᠤᠯᠴᠠᠵᠤ᠂ ᠭᠢᠯᠢ ᠵᠢᠨ ᠪᠣᠭᠣᠮᠲᠠ᠎ᠶᠢᠨ ᠰᠠᠭᠤᠷᠢ ᠲᠥᠬᠦᠭᠡᠷᠦᠮᠵᠢ᠎ᠶᠢᠨ ᠳᠤᠲᠠᠭᠤᠳᠠᠯ᠎ᠢ ᠨᠥᠬᠥᠪᠦᠷᠢᠯᠡᠵᠦ᠂ ᠣᠶᠤᠨᠲᠤ ᠬᠢᠯᠢ ᠵᠢᠨ ᠪᠣᠭᠣᠮᠲᠠ᠎ᠶᠢᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠵᠦ᠂ ᠣᠶᠤᠨᠲᠤ ᠬᠢᠨᠠᠯᠳᠡ ᠬᠠᠮᠢᠶᠠᠷᠤᠯᠲᠠ᠎ᠶᠢᠨ ᠦᠢᠯᠡᠳᠦᠯ ᠴᠢᠳᠠᠪᠬᠢ᠎ᠶᠢ ᠳᠡᠭᠡᠭᠰᠢᠯᠡᠭᠦᠯᠵᠦ᠂ ᠪᠣᠭᠣᠮᠲᠠ ᠥᠩᠭᠡᠷᠡᠬᠦᠳ᠋ᠤ ᠳᠥᠭᠥᠮ ᠦᠵᠡᠬᠦᠯᠬᠦ᠎ᠶᠢ ᠠᠬᠢᠭᠤᠯᠬᠤ ᠬᠡᠷᠡᠭᠲᠡᠢ᠃ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠤᠯᠠᠨ ᠤᠯᠤᠰ᠎ᠤᠨ ᠠᠷᠠᠯᠵᠢᠶ᠎ᠠ᠂ ᠤᠯᠠᠨ ᠤᠯᠤᠰ᠎ᠤᠨ ᠪᠠᠷᠠᠭᠠᠨ᠎ᠤ ᠭᠦᠢᠯᠭᠡᠭᠡ᠂ ᠤᠯᠠᠨ ᠤᠯᠤᠰ᠎ᠤᠨ ᠡᠮ ᠡᠮᠨᠡᠯᠭᠡ ᠪᠠ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠡᠵᠡᠩᠨᠡᠯᠲᠡ᠎ᠶᠢᠨ ᠬᠡᠯᠪᠡᠷᠢ ᠵᠢ ᠪᠤᠵᠠᠭᠠᠢᠷᠠᠭᠤᠯᠵᠤ᠂ ᠭᠠᠳᠠᠭᠠᠳᠤ ᠠᠷᠠᠯᠵᠢᠶᠠᠨ ᠤ ᠰᠢᠨ᠎ᠡ ᠬᠥᠳᠡᠯᠭᠡᠬᠦ ᠡᠨᠧᠷᠭᠢ᠎ᠶᠢ ᠪᠣᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃
ᠪᠤᠤ ᠭᠠᠩ ᠤᠷᠢᠳ ᠬᠣᠵᠢᠳ ᠰᠥᠨᠢᠳ᠎ᠦᠨ ᠬᠣᠣᠰ ᠪᠥᠬᠥᠲᠦ ᠲᠡᠮᠡᠭᠡᠨ᠎ᠦ ᠡᠭᠦᠯᠳᠡᠷ ᠪᠣᠢᠵᠢᠭᠤᠯᠬᠤ ᠲᠠᠯᠠᠪᠠᠢ᠂ ᠰᠥᠨᠢᠳ ᠬᠤᠨᠢᠨ᠎ᠤ ᠰᠢᠯᠢᠳᠡᠭ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ ᠰᠠᠭᠤᠷᠢᠨ᠂ᠳᠠ ᠵᠤᠸᠠᠩ ᠶᠤᠸᠠᠨ ᠮᠢᠬᠠᠨ᠎ᠤ ᠦᠢᠯᠡᠰ᠂ ᠱᠸᠦ ᠹᠠᠩ ᠪᠢᠰᠢᠯᠠᠭ ᠡᠳ᠋ᠰᠢᠭᠦᠯᠬᠦ ᠬᠦᠷᠢᠶᠡᠯᠡᠩ ᠲᠣᠭᠣᠷᠢᠭ᠋᠎ᠲᠤ ᠪᠠᠢᠴᠠᠭᠠᠨ ᠰᠤᠳᠤᠯᠵᠤ᠂ 《ᠡᠬᠦᠯᠳᠡᠷ ᠪᠠ ᠦᠷ᠎ᠡ ᠵᠢᠨ ᠮᠡᠷᠬᠡᠵᠢᠯ᠎ᠤᠨ ᠢᠨᠵᠧᠨᠧᠷᠢᠩ》 ᠢ᠋ ᠭᠦᠨᠵᠡᠭᠡᠢ ᠬᠡᠷᠡᠭᠵᠢᠭᠦᠯᠵᠦ᠂ ᠳᠠᠭᠠᠭᠤᠯᠤᠭ᠍ᠴᠢ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠲᠠᠢ ᠬᠠᠮᠲᠤᠷᠠᠵᠤ᠂ ᠮᠢᠬᠠᠨ᠎ᠤ ᠦᠬᠡᠷ᠂ ᠮᠢᠬᠠᠨ᠎ᠤ ᠬᠣᠨᠢ᠂ ᠮᠣᠩᠭᠣᠯ ᠮᠣᠷᠢ᠂ ᠬᠣᠣᠰ ᠪᠥᠬᠥᠲᠦ ᠲᠡᠮᠡᠭᠡ ᠵᠡᠷᠭᠡ ᠨᠤᠲᠤᠭ᠎ᠤᠨ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ ᠰᠢᠰᠲ᠋ᠸᠮ᠎ᠤᠨ ᠪᠠᠢᠭᠤᠯᠤᠯᠲᠠ ᠪᠣᠯᠣᠨ ᠠᠮᠢᠲᠠᠨ᠎ᠤ ᠭᠡᠮ ᠬᠢᠵᠢᠭ᠎ᠢ ᠰᠡᠷᠭᠡᠢᠯᠡᠨ ᠡᠵᠡᠮᠳᠡᠬᠦ᠎ᠶᠢ ᠴᠢᠩᠭᠠᠳᠬᠠᠬᠤ ᠬᠡᠷᠡᠭᠲᠡᠢ᠃ ᠦᠬᠡᠷ ᠬᠤᠨᠢᠨ ᠮᠢᠬ᠎ᠠ᠂ ᠴᠠᠭᠠᠨ ᠢᠳᠡᠭᠡ ᠵᠡᠷᠭᠡ ᠮᠠᠯ ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ᠋ ᠡᠳ᠋ᠰᠢᠭᠦᠯᠬᠦ ᠵᠢ ᠴᠢᠨᠠᠷ ᠰᠠᠢᠲᠠᠢ ᠬᠢᠵᠤ᠂ ᠰᠢᠯᠢ᠎ᠶᠢᠨ ᠭᠣᠣᠯ᠎ᠤᠨ ᠲᠦᠷᠦᠯ ᠲᠡᠮᠳᠡᠭ᠎ᠢ ᠰᠡᠳᠬᠢᠯ ᠲᠦᠪᠯᠡᠷᠡᠬᠦᠯᠦᠨ ᠡᠬᠦᠳᠬᠦ ᠬᠡᠷᠡᠭᠲᠡᠢ᠃ ᠪᠦᠬᠦ ᠨᠠᠮ᠎ᠳᠤ ᠥᠷᠨᠢᠭᠦᠯᠵᠦ ᠪᠠᠢᠭ᠎ᠠ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠦᠮᠦᠵᠢᠯ᠎ᠢᠶᠡᠷ ᠭᠦᠳᠦᠯᠦᠮᠵᠢ ᠪᠣᠯᠭᠠᠵᠤ᠂ ᠡᠯᠡᠰᠦᠷᠬᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠬᠤ᠂ ᠨᠤᠲᠤᠭ ᠪᠡᠯᠴᠢᠭᠡᠷ᠎ᠤᠨ ᠠᠮᠢ ᠠᠬᠤᠢ᠎ᠶᠢᠨ ᠬᠠᠮᠠᠭᠠᠯᠠᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠤᠲᠤᠭ ᠪᠡᠯᠴᠢᠭᠡᠷ᠎ᠦᠨ ᠨᠣᠭᠣᠭᠠᠷᠠᠭᠤᠯᠤᠯᠲᠠ᠎ᠶᠢ ᠨᠡᠮᠡᠭᠳᠡᠭᠦᠯᠬᠦ᠂ ᠠᠵᠤ ᠦᠢᠯᠡᠰ ᠦᠨ ᠦᠷ᠎ᠡ ᠠᠰᠢᠭ᠋᠎ᠢ ᠨᠡᠮᠡᠭᠳᠡᠭᠦᠯᠬᠦ᠂ ᠤᠯᠠᠨ ᠲᠦᠮᠡᠨ᠎ᠦ ᠣᠷᠣᠯᠭ᠎ᠠ᠎ᠶᠢ ᠨᠡᠮᠡᠭᠳᠡᠭᠦᠯᠵᠦ ᠤᠯᠠᠨ ᠲᠠᠯ᠎ᠠ᠎ᠪᠠᠷ ᠠᠰᠢᠭ᠋ ᠬᠦᠷᠳᠡᠬᠦ᠎ᠶᠢ ᠪᠡᠶᠡᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃ ᠪᠤᠤ ᠭᠠᠩ ᠪᠠᠰᠠ ᠮᠠᠯᠵᠢᠬᠤ ᠡᠷᠦᠬᠡ᠎ᠳᠦ ᠭᠦᠨᠵᠡᠭᠡᠢᠷᠡᠵᠦ᠂ ᠮᠠᠯ ᠠᠵᠤ ᠠᠬᠤᠢ᠎ᠶᠢᠨ ᠦᠢᠯᠡᠳᠪᠦᠷᠢᠯᠡᠯ ᠡᠵᠡᠩᠨᠡᠯᠲᠡ᠎ᠶᠢᠨ ᠪᠠᠢᠳᠠᠯ᠎ᠢ ᠨᠠᠷᠢᠨ ᠣᠢᠯᠠᠭᠠᠵᠤ᠂ ᠲᠤᠬᠠᠢ᠎ᠶᠢᠨ ᠭᠠᠵᠠᠷ᠎ᠤᠨ ᠬᠢᠨᠢ ᠮᠠᠯᠴᠢᠨ ᠲᠠᠷᠢᠶᠠᠴᠢᠨ᠎ᠳᠤ ᠠᠰᠢᠭ᠋ ᠬᠦᠷᠲᠡᠭᠡᠬᠦ ᠨᠥᠬᠥᠪᠦᠷᠢ᠎ᠶᠢᠨ ᠲᠦᠷᠦ᠎ᠶᠢᠨ ᠪᠣᠳᠣᠯᠭ᠎ᠠ᠎ᠶᠢ ᠰᠠᠢᠲᠤᠷ ᠨᠠᠢᠳᠠᠪᠤᠷᠢᠵᠢᠭᠤᠯᠵᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭᠠᠭᠤᠯᠵᠤ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠣᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠦᠨᠡᠨ ᠬᠦ᠌ ᠰᠠᠢᠲᠤᠷ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃
ᠰᠥᠨᠢᠳ ᠪᠠᠷᠠᠭᠤᠨ ᠬᠣᠰᠢᠭᠤᠨ᠎ᠤ ᠤᠯᠠᠭᠠᠨᠮᠥ᠋ᠴᠢᠷ᠎ᠦᠨ ᠦᠵᠡᠭᠦᠯᠭᠡ᠎ᠶᠢᠨ ᠣᠷᠳᠣᠨ ᠪᠣᠯᠣᠨ ᠰᠢᠯᠢ᠎ᠶᠢᠨ ᠭᠣᠣᠯ ᠠᠢᠮᠠᠭ᠎ᠤᠨ ᠮᠦᠽᠧᠢ᠎ᠶᠢ ᠲᠣᠭᠣᠷᠢᠨ ᠦᠵᠡᠭᠰᠡᠨ᠎ᠦ ᠳᠠᠷᠠᠭ᠎ᠠ᠂ ᠪᠤᠤ ᠭᠠᠩ ᠶᠡᠷᠦᠩᠬᠡᠢ ᠱᠦᠵᠢ ᠰᠢ᠎ᠶᠢᠨ ᠫᠢᠩ ᠤ᠋ᠨ ᠰᠥᠨᠢᠳ ᠪᠠᠷᠠᠭᠤᠨ ᠬᠣᠰᠢᠭᠤᠨ᠎ᠤ ᠤᠯᠠᠭᠠᠨᠮᠥ᠋ᠴᠢᠷ᠎ᠦᠨ ᠭᠡᠰᠢᠭᠦᠳ᠎ᠲᠦ ᠢᠯᠡᠭᠡᠭᠰᠡᠨ ᠬᠠᠷᠢᠭᠤ ᠵᠠᠬᠢᠳᠠᠯᠳ᠋ᠡᠬᠢ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠦᠨᠳᠦᠰᠦᠨ ᠱᠠᠲᠤᠨ᠎ᠤ ᠥᠩ ᠰᠢᠮᠡᠯᠢᠭ ᠬᠥᠷᠥᠰᠥᠨ᠎ᠳᠦ ᠦᠨᠳᠦᠰᠦᠯᠡᠵᠦ᠂ ᠨᠠᠮ᠎ᠤᠨ ᠲᠠᠭᠤᠨ ᠪᠣᠯᠣᠨ ᠬᠠᠢᠷ᠎ᠠ ᠬᠠᠯᠠᠮᠵᠢ᠎ᠶᠢ ᠰᠠᠢᠲᠦᠷ ᠳᠠᠮᠵᠢᠭᠤᠯᠵᠤ᠂ ᠮᠠᠯᠴᠢᠨ ᠲᠠᠷᠢᠶᠠᠴᠢᠨ᠎ᠳᠤ ᠪᠠᠶᠠᠷ ᠪᠠᠶᠠᠰᠤᠯ ᠪᠣᠯᠣᠨ ᠪᠣᠯᠪᠠᠰᠤᠨ ᠢ ᠬᠦᠷᠭᠡᠵᠦ᠂ ᠥᠨᠢ ᠡᠭᠦᠷᠢᠳᠡ ᠲᠠᠯ᠎ᠠ ᠨᠤᠲᠤᠭ᠎ᠤᠨ《ᠬᠤᠪᠢᠰᠬᠠᠯᠲᠤ ᠤᠳᠬ᠎ᠠ ᠤᠷᠠᠯᠢᠭ᠋ ᠤᠨ ᠬᠥᠩᠭᠡᠨ ᠮᠣᠷᠢᠲᠤ ᠴᠡᠷᠢᠭ》 ᠪᠣᠯᠬᠤ ᠬᠡᠷᠡᠭᠲᠡᠢ᠃ ᠰᠣᠶᠣᠯ ᠦᠵᠡᠰᠬᠦᠯᠡᠩ ᠦᠨ ᠣᠷᠳᠣᠨ ᠤ ᠬᠢᠨ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠬᠤ᠂ ᠳᠡᠯᠭᠡᠨ ᠦᠵᠡᠭᠦᠯᠬᠦ ᠪᠠ ᠤᠬᠠᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠦᠯᠢᠭᠡᠷ᠎ᠢ ᠰᠠᠢᠲᠤᠷ ᠶᠠᠷᠢᠬᠤ ᠬᠡᠷᠡᠭᠲᠡᠢ ᠭᠡᠵᠤ ᠴᠢᠬᠤᠯᠠᠴᠢᠯᠠᠵᠠᠢ᠃