ᠪᠦᠬᠦ ᠤᠷᠤᠨ ᠤ᠋ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤ᠋ᠨ ᠬᠢᠨ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠶ ᠵᠥᠪ ᠦᠵᠡᠯᠲᠡ ᠢ᠋ᠢ ᠪᠣᠶ ᠪᠣᠯᠭᠠᠬᠤ ᠪᠠ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ ᠢ᠋ ᠯᠠᠪᠳᠠᠭᠤᠨ ᠪᠠᠲᠤᠲᠠᠶ ᠥᠷᠨᠢᠭᠦᠯᠵᠦ᠍ ᠪᠣᠶ
ᠣᠢᠷ᠎ᠠ ᠳ᠋ᠤ᠂ ᠪᠥᠬᠥ᠌ ᠣᠷᠣᠨ ᠤ᠋ ᠳᠡᠭᠡᠳᠦ ᠳᠤᠤᠷᠠᠳᠤ ᠱᠠᠲᠤ ᠪᠡᠷ ᠢ᠋ᠢᠡᠨ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠶ ᠵᠥᠪ ᠦᠵᠡᠯᠲᠡ ᠢ᠋ᠢ ᠪᠣᠶ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ ᠢ᠋ ᠦᠷᠭᠦᠯᠵᠢᠯᠡᠨ ᠭᠦᠨᠵᠡᠭᠡᠢᠷᠡᠭᠦᠯᠵᠤ ᠪᠣᠳᠠᠲᠠᠢᠵᠢᠭᠤᠯᠬᠤ ᠢ᠋ᠢ ᠠᠬᠢᠭᠤᠯᠵᠦ ᠪᠤᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤ᠋ᠨ ᠬᠢᠨ《ᠨᠡᠢᠲᠡ ᠢ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ ᠳ᠋ᠤ ᠪᠤᠶᠠᠨ ᠦᠢᠯᠡᠳᠬᠦ᠌᠂ ᠱᠢᠨᠵᠢᠯᠡᠬᠦ᠌ ᠤᠬᠠᠭᠠᠨᠴᠢ ᠪᠡᠷ ᠱᠢᠢᠳᠪᠦᠷᠢᠲᠦ ᠪᠤᠳᠤᠯᠭ᠎ᠠ ᠲᠣᠭᠲᠠᠭᠠᠬᠤ᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ》 ᠶᠡᠷᠦᠩᠬᠡᠢ ᠱᠠᠭᠠᠷᠳᠠᠯᠭ᠎ᠠ ᠢ᠋ᠢ ᠭᠦᠨᠵᠡᠭᠡᠢ ᠨᠠᠢᠳᠠᠪᠤᠷᠢᠵᠢᠭᠤᠯᠵᠤ᠂ ᠪᠣᠳᠠᠲᠠᠢ ᠠᠵᠢᠯᠯᠠᠬᠤ ᠪᠡᠷ ᠪᠣᠳᠠᠲᠤ ᠦᠷ᠎ᠡ ᠪᠦᠲᠦᠮᠵᠢ ᠢ᠋ᠢ ᠡᠷᠬᠢᠮᠯᠡᠬᠦ᠌᠂ ᠪᠣᠳᠠᠲᠤ ᠠᠮᠵᠢᠯᠲᠠ ᠪᠡᠷ ᠦᠢᠯᠡᠳᠦᠯᠭᠡ ᠢ᠋ᠢᠨ ᠤᠭ ᠰᠠᠨᠠᠭ᠎ᠠ ᠪᠠᠨ ᠪᠣᠯᠭᠠᠬᠤ ᠢ᠋ᠢ ᠪᠠᠷᠢᠮᠲᠠᠯᠠᠨ᠂ ᠥᠷᠭᠡᠨ ᠤᠯᠠᠨ ᠨᠠᠮ ᠤ᠋ᠨ ᠭᠡᠱᠢᠭᠦᠨ ᠺᠠᠳ᠋ᠷ ᠤ᠋ᠨ ᠠᠵᠢᠯ ᠬᠢᠵᠦ᠍ ᠦᠢᠯᠡᠰ ᠪᠤᠰᠭᠠᠬᠤ ᠬᠠᠯᠠᠭᠤᠨ ᠰᠡᠳᠭᠢᠯᠭᠡ ᠪᠣᠯᠤᠨ ᠡᠷᠴᠢ ᠵᠣᠷᠢᠭ ᠢ᠋ ᠦᠷᠭᠦᠯᠵᠢᠯᠡᠨ ᠬᠥᠭᠵᠢᠭᠡᠵᠦ᠍᠂ ᠬᠦᠴᠢᠷ ᠢ᠋ ᠲᠤᠭᠤᠯᠤᠨ ᠪᠡᠷᠬᠡ ᠢ᠋ᠢ ᠳᠠᠪᠠᠬᠤ᠂ ᠪᠣᠳᠠᠲᠠᠢ ᠢ᠋ᠢ ᠡᠷᠬᠢᠮᠯᠡᠨ ᠡᠷᠡᠮᠡᠬᠡᠢᠯᠡᠨ ᠤᠷᠤᠭᠱᠢᠯᠠᠬᠤ ᠬᠦᠴᠦᠷᠬᠡᠭ ᠶᠡᠬᠡ ᠤᠶᠤᠨ ᠰᠠᠨᠠᠭᠠᠨ ᠤ᠋ ᠬᠦᠴᠦᠨ ᠢ᠋ ᠨᠢᠭᠲᠠᠷᠠᠭᠤᠯᠵᠤ ᠪᠤᠢ᠃
ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠵᠢᠨ ᠢᠨᠲ᠋ᠧᠷ ᠰᠦᠯᠵᠢᠶᠡᠨ ᠤ᠋ ᠮᠡᠳᠡᠭᠡ ᠵᠠᠩᠭᠢ ᠢ᠋ᠢᠨ ᠠᠯᠪᠠᠨ ᠬᠡᠷ 《ᠨᠡᠢᠲᠡ ᠢ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ ᠳ᠋ᠤ ᠪᠤᠶᠠᠨ ᠦᠢᠯᠡᠳᠬᠦ᠂ ᠱᠢᠨᠵᠢᠯᠡᠬᠦ᠌ ᠤᠬᠠᠭᠠᠨᠴᠢ ᠪᠡᠷ ᠱᠢᠢᠳᠪᠦᠷᠢᠲᠦ ᠪᠣᠳᠣᠯᠭ᠎ᠠ ᠲᠣᠭᠲᠠᠭᠠᠬᠤ᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ》 ᠶᠡᠷᠦᠩᠬᠡᠶ ᠱᠠᠭᠠᠷᠳᠠᠯᠭ᠎ᠠ ᠢ᠋ᠢ ᠲᠣᠭᠲᠠᠭᠠᠵᠤ᠂ ᠰᠤᠷᠤᠯᠴᠠᠯᠭ᠎ᠠ ᠬᠥᠮᠦᠵᠢᠯ ᠢ᠋ ᠥᠨᠳᠥᠷ ᠭᠠᠷᠤᠭ᠎ᠠ ᠡᠴᠡ ᠡᠬᠢᠯᠡᠭᠦᠯᠬᠦ᠌᠂ ᠥᠨᠳᠥᠷ ᠪᠠᠷᠢᠮᠵᠢᠶ᠎ᠠ ᠪᠡᠷ ᠨᠠᠢᠳᠠᠪᠤᠷᠢᠵᠢᠭᠤᠯᠬᠤ᠂ ᠴᠢᠨᠠᠷ ᠰᠠᠢᠲᠠᠶ ᠦᠷ᠎ᠡ ᠪᠦᠲᠦᠮᠵᠢ ᠤᠯᠬᠤ ᠢ᠋ᠢ ᠠᠬᠢᠭᠤᠯᠪᠠ ᠃ ᠡᠭᠦᠳᠡ ᠪᠡᠨ ᠨᠡᠭᠡᠭᠡᠵᠦ᠍ ᠬᠦᠮᠦᠵᠢᠯ ᠦᠷᠨᠢᠭᠦᠯᠬᠦ ᠢ᠋ᠢ ᠪᠠᠷᠢᠮᠲᠠᠯᠠᠵᠤ᠂ ᠡᠯ᠎ᠡ ᠠᠢᠮᠠᠭ ᠬᠣᠲᠠ ᠢ᠋ᠢᠨ ᠨᠠᠮ ᠤ᠋ᠨ ᠬᠣᠷᠢᠶ᠎ᠠ ᠢ᠋ᠢᠨ ᠢᠨᠲ᠋ᠧᠷ ᠰᠦᠯᠵᠢᠶᠡᠨ ᠤ᠋ ᠮᠡᠳᠡᠭᠡ ᠵᠠᠩᠭᠢ ᠢ᠋ᠢᠨ ᠠᠯᠪᠠᠨ ᠬᠡᠷ᠂ ᠠᠯᠪᠠᠨ ᠬᠡᠷ ᠤ᠋ᠨ ᠳᠣᠲᠣᠷᠠᠬᠢ ᠨᠠᠮ ᠤ᠋ᠨ ᠭᠡᠱᠢᠭᠦᠨ ᠺᠠᠳ᠋ᠷ ᠡᠴᠡ ᠣᠯᠠᠨ ᠲᠠᠰ ᠳᠠᠪᠬᠤᠷᠭ᠎ᠠ ᠪᠡᠷ ᠰᠠᠨᠠᠭᠤᠯᠭ᠎ᠠ ᠪᠠ ᠬᠦᠰᠡᠯ ᠱᠠᠭᠠᠷᠳᠠᠯᠭ᠎ᠠ ᠴᠤᠭᠯᠠᠭᠤᠯᠪᠠ᠃ ᠠᠰᠠᠭᠤᠳᠠᠯ ᠢ᠋ ᠣᠨᠣᠴᠠᠲᠠᠶ ᠪᠠᠢᠴᠠᠭᠠᠨ ᠳᠡᠯᠭᠡᠬᠦ᠌᠂ ᠠᠰᠠᠭᠤᠳᠠᠯ ᠤ᠋ᠨ ᠨᠠᠷᠢᠨ ᠲᠠᠩᠰᠠ ᠢ᠋ᠢ ᠬᠥᠳᠡᠯᠦᠩᠭᠦᠶ ᠪᠡᠷ ᠱᠢᠨᠡᠳᠭᠡᠬᠦ᠌ ᠢ᠋ᠢ ᠪᠠᠷᠢᠮᠲᠠᠯᠠᠵᠤ᠂ ᠲᠥᠪᠯᠡᠷᠡᠭᠦᠯᠦᠨ ᠴᠡᠭᠴᠡᠯᠡᠨ ᠰᠠᠢᠵᠢᠷᠠᠭᠤᠯᠵᠤ ᠴᠡᠭᠴᠡᠯᠡᠨ ᠵᠠᠰᠠᠬᠤ ᠡᠬᠡ ᠲᠠᠩᠰᠠ ᠪᠠᠢᠭᠤᠯᠤᠨ᠂ ᠵᠦᠢᠯ ᠳᠠᠷᠠᠭᠠᠯᠠᠨ ᠬᠠᠷᠭᠤᠭᠤᠯᠵᠤ ᠨᠢᠬᠡᠳ ᠨᠢᠬᠡ ᠪᠡᠷ ᠴᠡᠭᠴᠡᠯᠡᠨ ᠵᠠᠰᠠᠵᠤ᠂ ᠶᠠᠪᠤᠳᠠᠯ ᠪᠦᠬᠦᠨ ᠢ᠋ ᠨᠠᠢᠳᠠᠪᠤᠷᠢᠵᠢᠭᠤᠯᠵᠤ᠂ ᠶᠠᠪᠤᠳᠠᠯ ᠪᠦᠬᠦᠨ ᠳ᠋ᠤ ᠬᠠᠷᠢᠭᠤᠯᠲᠠ ᠥᠭᠬᠦ ᠢ᠋ᠢ ᠪᠠᠲᠤᠯᠠᠪᠠ᠃ ᠢᠨᠲ᠋ᠸᠷ ᠰᠦᠯᠵᠢᠶᠡᠨ ᠤ᠋ ᠳᠠᠮᠵᠢᠭᠤᠯᠭ᠎ᠠ ᠢ᠋ᠢᠨ ᠳᠠᠪᠠᠭᠤᠯᠢᠭ ᠢ᠋ ᠭᠦᠢᠴᠡᠳ ᠪᠠᠳᠠᠷᠠᠭᠤᠯᠵᠤ᠂ ᠰᠦᠯᠵᠢᠶᠡᠨ ᠳᠡᠭᠡᠷᠡᠬᠢ ᠤᠬᠠᠭᠤᠯᠭ᠎ᠠ ᠵᠢᠯᠤᠭᠤᠳᠤᠯᠭ᠎ᠠ ᠢ᠋ᠢ ᠰᠠᠢᠲᠤᠷ ᠬᠢᠵᠦ᠍᠂ ᠶᠡᠷᠦᠩᠬᠡᠢ ᠱᠦᠵᠢ ᠰᠢ ᠵᠢᠨ ᠫᠢᠩ ᠤ᠋ᠨ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠶ ᠵᠥᠪ ᠦᠵᠡᠯᠲᠡ ᠢ᠋ᠢ ᠪᠣᠶ ᠪᠣᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ ᠢ᠋ᠢ ᠭᠦᠨᠵᠡᠭᠡᠢ ᠤᠬᠠᠭᠤᠯᠤᠨ ᠲᠠᠢᠯᠪᠤᠷᠢᠯᠠᠵᠤ᠂ ᠨᠠᠮ ᠤ᠋ᠨ ᠱᠢᠨ᠎ᠡ ᠢ᠋ᠢ ᠡᠭᠦᠳᠬᠦ᠌ ᠤᠨᠤᠯ ᠢ᠋ ᠬᠥᠮᠦᠰ ᠤ᠋ᠨ ᠲᠠᠷᠢᠬᠢᠨ ᠳ᠋ᠤ ᠬᠠᠳᠠᠩᠱᠢᠭᠤᠯᠬᠤ ᠢ᠋ᠢ ᠠᠬᠢᠭᠤᠯᠪᠠ᠃ 《ᠠᠷᠠᠳ ᠲᠦᠮᠡᠨ ᠳ᠋ᠤ ᠪᠤᠶᠠᠨ ᠦᠢᠯᠡᠳᠬᠦ᠌ ᠪᠣᠯ ᠬᠠᠮᠤᠭ ᠤ᠋ᠨ ᠶᠡᠬᠡ ᠵᠠᠰᠠᠭ ᠤ᠋ᠨ ᠠᠵᠢᠯ ᠤ᠋ᠨ ᠪᠦᠲᠦᠮᠵᠢ ᠮᠥᠨ》ᠭᠡᠬᠦ᠌ ᠣᠢᠯᠠᠭᠠᠭᠳᠠᠬᠤᠨ ᠢ᠋ ᠦᠢᠯᠡᠳᠦᠯᠭᠡᠵᠢᠭᠦᠯᠵᠦ᠍᠂《ᠠᠷᠢᠭᠤᠨ ᠴᠢᠬᠡᠴᠢ ᠤᠮᠠᠷᠠᠲᠤ ᠬᠢᠯᠢ ᠢ᠋ᠢᠨ ᠰᠦᠯᠵᠢᠶ᠎ᠡ》2026 ᠰᠦᠯᠵᠢᠶᠡᠨ ᠤ᠋ ᠠᠮᠢ ᠠᠬᠤᠶ ᠢ᠋ᠢᠨ ᠵᠠᠰᠠᠯᠲᠠ ᠢ᠋ᠢᠨ ᠲᠤᠰᠭᠠᠶ ᠠᠵᠢᠯᠯᠠᠭ᠎ᠠ ᠢ᠋ᠢ ᠡᠬᠢᠯᠡᠭᠦᠯᠵᠦ᠍᠂ ᠬᠤᠳᠠᠯ ᠬᠠᠭᠤᠷᠮᠠᠭ ᠰᠦᠯᠵᠢᠶᠡᠨ ᠤ᠋ ᠥᠷᠲᠡᠭᠡ᠂ ᠲᠣᠭᠲᠠᠭᠠᠯ ᠡᠴᠡ ᠵᠥᠷᠢᠴᠡᠭᠰᠡᠨ ᠬᠤᠪᠢ ᠢ᠋ᠢᠨ ᠵᠠᠭᠤᠴᠢᠯᠠᠭᠤᠷ ᠤ᠋ᠨ ᠲᠠᠩᠰᠠᠨ ᠨᠣᠮᠧᠷ ᠵᠡᠷᠭᠡ ᠢ᠋ᠢ ᠴᠢᠩᠭ᠎ᠠ ᠴᠡᠭᠴᠡᠯᠡᠨ ᠵᠠᠰᠠᠵᠤ᠂ ᠡᠷᠬᠡ ᠳ᠋ᠤ ᠬᠠᠯᠳᠠᠭᠰᠠᠳ ᠢ᠋ ᠢᠯᠡᠴᠢᠯᠡᠨ ᠮᠡᠳᠡᠭᠦᠯᠬᠦ᠌ ᠪᠠ ᠴᠤᠤᠷᠬᠠᠯ ᠢ᠋ ᠨᠢᠴᠤᠭᠠᠬᠤ ᠠᠵᠢᠯ ᠢ᠋ ᠴᠢᠩᠭᠠᠳᠬᠠᠪᠠ᠃ ᠣᠯᠠᠨ ᠲᠦᠮᠡᠨ ᠤ᠋ ᠬᠦᠴᠢᠷ ᠵᠣᠪᠠᠭᠤᠷᠢ ᠪᠠ ᠬᠦᠰᠡᠯ ᠡᠷᠡᠮᠡᠯᠵᠡᠯ ᠳ᠋ᠤ ᠠᠩᠬᠠᠷᠤᠯ ᠢ᠋ᠢᠡᠨ ᠲᠥᠪᠯᠡᠷᠡᠭᠦᠯᠵᠦ᠍᠂ ᠠᠷᠠᠳ ᠤ᠋ᠨ ᠠᠮᠢᠳᠤᠷᠠᠯ ᠤ᠋ᠨ ᠬᠦᠷᠢᠶᠡᠨ ᠳ᠋ᠡᠬᠢ ᠰᠦᠯᠵᠢᠶᠡᠨ ᠤ᠋ ᠶᠠᠷᠢᠶ᠎ᠠ ᠬᠡᠯᠡᠯᠴᠡᠭᠡᠨ ᠤ᠋ ᠪᠠᠢᠳᠠᠯ ᠤ᠋ᠨ ᠵᠦᠶ ᠵᠣᠬᠢᠰᠲᠠᠶ ᠬᠦᠰᠡᠯ ᠱᠠᠭᠠᠷᠳᠠᠯᠭ᠎ᠠ ᠢ᠋ᠢ ᠱᠢᠢᠳᠪᠦᠷᠢᠯᠡᠬᠦ᠌ ᠢ᠋ᠢ ᠠᠬᠢᠭᠤᠯᠪᠠ᠃《ᠬᠤᠷᠤᠭᠤᠨ ᠦᠵᠦᠭᠦᠷ ᠳᠡᠭᠡᠷᠡᠬᠢ ᠬᠡᠯᠪᠡᠷᠢᠴᠢ ᠦᠵᠡᠯ》 ᠢ᠋ ᠴᠡᠭᠴᠡᠯᠡᠨ ᠵᠠᠰᠠᠬᠤ ᠢ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠦᠨᠳᠦᠰᠦᠨ ᠱᠠᠲᠤᠨ ᠤ᠋ ᠳᠠᠷᠤᠭᠠᠰᠤ ᠢ᠋ᠢ ᠦᠨᠡᠨ ᠬᠦ᠌ ᠬᠥᠩᠭᠡᠷᠡᠭᠦᠯᠵᠦ᠍᠂ ᠪᠣᠳᠠᠲᠤ ᠦᠷ᠎ᠡ ᠪᠦᠲᠦᠮᠵᠢ ᠪᠡᠷ ᠠᠷᠠᠳ ᠤ᠋ᠨ ᠢᠲᠡᠭᠡᠯ ᠢ᠋ ᠣᠯᠪᠠ᠃
ᠱᠢᠯᠢ ᠢ᠋ᠢᠨ ᠭᠤᠤᠯ ᠠᠢᠮᠠᠭ 《 ᠪᠣᠳᠠᠲᠠᠶ ᠠᠵᠢᠯᠯᠠᠬᠤ 》ᠤᠳᠤᠷᠢᠳᠤᠮᠵᠢ ᠢ᠋ᠢ ᠳᠣᠪᠣᠢᠯᠭᠠᠨ ᠂ 《 ᠪᠣᠳᠠᠲᠠᠶ ᠠᠵᠢᠯᠯᠠᠬᠤ 》 ᠳ᠋ᠤ ᠠᠩᠬᠠᠷᠤᠯ ᠢ᠋ᠢᠡᠨ ᠲᠥᠪᠯᠡᠷᠡᠭᠦᠯᠦᠨ ᠬᠦᠴᠦᠯᠡᠵᠦ᠍᠂ ᠰᠤᠷᠤᠯᠴᠠᠯᠭ᠎ᠠ ᠬᠥᠮᠦᠵᠢᠯ ᠢ᠋ ᠭᠦᠨᠵᠡᠭᠡᠢᠷᠡᠭᠦᠯᠦᠨ ᠪᠣᠳᠠᠲᠠᠢᠵᠢᠭᠤᠯᠬᠤ ᠪᠠ ᠪᠣᠳᠠᠲᠠᠶ ᠦᠷ᠎ᠡ ᠪᠦᠲᠦᠮᠵᠢ ᠤᠯᠬᠤ ᠢ᠋ᠢ ᠠᠬᠢᠭᠤᠯᠵᠤ᠂ ᠰᠤᠷᠤᠯᠴᠠᠯᠭ᠎ᠠ ᠢ᠋ᠢᠨ ᠦᠷ᠎ᠡ ᠪᠦᠲᠦᠭᠡᠯ ᠢ᠋ ᠦᠨᠡᠨ ᠬᠦ᠌ ᠴᠢᠨᠠᠷ ᠰᠠᠢᠲᠠᠶ ᠬᠥᠭᠵᠢᠯᠲᠡ ᠢ᠋ᠢ ᠠᠬᠢᠭᠤᠯᠬᠤ ᠪᠣᠳᠠᠲᠤ ᠦᠷ᠎ᠠ ᠪᠦᠲᠦᠮᠵᠢ ᠪᠣᠯᠭᠠᠨ ᠬᠤᠪᠢᠷᠠᠭᠤᠯᠬᠤ ᠵᠢ ᠠᠬᠢᠭᠤᠯᠪᠠ᠃ ᠲᠣᠰ ᠠᠢᠮᠠᠭ ᠠᠷᠠᠳ ᠤ᠋ᠨ ᠠᠮᠢᠳᠤᠷᠠᠯ ᠤ᠋ᠨ ᠠᠵᠠ ᠵᠢᠷᠭᠠᠯ ᠳ᠋ᠤ ᠠᠩᠬᠠᠷᠤᠯ ᠢ᠋ᠢᠡᠨ ᠲᠥᠪᠯᠡᠷᠡᠭᠦᠯᠵᠦ᠍᠂《ᠠᠷᠠᠳ ᠤ᠋ᠨ ᠠᠮᠢᠳᠤᠷᠠᠯ ᠤ᠋ᠨ ᠠᠷᠪᠠᠨ ᠶᠡᠬᠡ ᠢᠨᠵᠧᠨᠧᠷᠢᠩ》 ᠢ᠋ ᠬᠡᠷᠡᠭᠵᠢᠭᠦᠯᠬᠦ᠌ᠪᠡᠷ ᠭᠠᠷᠳᠠᠴᠠ ᠪᠣᠯᠭᠠᠨ 《ᠮᠢᠩᠭ᠎ᠠ ᠲᠦᠮᠡ ᠢ᠋ᠢᠨ ᠢᠨᠵᠧᠨᠧᠷᠢᠩ》 ᠤ᠋ᠨ ᠲᠤᠷᠰᠢᠯᠭ᠎ᠠ ᠢ᠋ᠢ ᠰᠤᠷᠤᠯᠴᠠᠨ ᠬᠡᠷᠡᠭᠯᠡᠵᠦ᠍᠂ ᠣᠯᠠᠨ ᠲᠦᠮᠡᠨ ᠤ᠋ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ ᠢ᠋ ᠦᠨᠡᠨ ᠬᠦ᠌ ᠱᠢᠢᠳᠪᠦᠷᠢᠯᠡᠵᠦ᠍ ᠪᠤᠢ᠃ 5 ᠰᠠᠷ᠎ᠠ ᠢ᠋ᠢᠨ 10 ᠤ᠋ ᠡᠳᠦᠷ ᠪᠣᠯᠲᠠᠯ᠎ᠠ᠂ ᠠᠢᠮᠠᠭ ᠤ᠋ᠨ ᠳᠥᠷᠪᠡᠨ ᠶᠡᠬᠡ ᠤᠳᠤᠷᠢᠳᠭᠤ ᠪᠠᠭ ᠤ᠋ᠨ ᠤᠳᠤᠷᠢᠳᠤᠯᠭ᠎ᠠ ᠲᠦᠷᠦᠭᠦᠯᠡᠨ ᠦᠨᠳᠦᠰᠦᠨ ᠱᠠᠲᠤᠨ ᠳ᠋ᠤ ᠭᠦᠨᠵᠡᠭᠡᠢᠷᠡᠵᠦ 31 ᠤᠳᠠᠭ᠎ᠠ ᠪᠠᠢᠴᠠᠭᠠᠨ ᠰᠤᠳᠤᠯᠤᠯᠲᠠ ᠬᠢᠵᠦ᠍᠂ ᠡᠯ᠎ᠡ ᠱᠠᠲᠤᠨ ᠤ᠋ ᠤᠳᠤᠷᠢᠳᠭᠤ ᠺᠠᠳ᠋ᠷ ᠢ᠋ ᠳᠠᠢᠴᠢᠯᠠᠨ 1131 ᠤᠳᠠᠭ᠎ᠠ ᠪᠠᠢᠴᠠᠭᠠᠨ ᠰᠤᠳᠤᠯᠤᠯᠲᠠ ᠬᠢᠵᠦ᠍᠂ 568 ᠠᠰᠠᠭᠤᠳᠠᠯ ᠢ᠋ ᠢᠯᠡᠷᠡᠭᠦᠯᠤᠨ᠂ ᠣᠯᠠᠨ ᠲᠦᠮᠡᠨ ᠤ᠋ ᠬᠦᠴᠢᠷᠳᠡᠯ ᠢ᠋ 498 ᠬᠤᠪᠢ ᠱᠢᠢᠳᠪᠦᠷᠢᠯᠡᠵᠦ᠍᠂ ᠣᠯᠠᠨ ᠲᠦᠮᠡᠨ ᠳ᠋ᠤ 13723 ᠬᠥᠮᠦᠨ ᠤᠳᠠᠭ᠎ᠠ ᠦᠢᠯᠡᠴᠢᠯᠡᠪᠡ᠃ ᠰᠢᠯᠢᠡᠬᠬᠤᠲᠠ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠶ ᠵᠥᠪ ᠦᠵᠡᠯᠲᠡ ᠢ᠋ᠢ ᠪᠣᠶ ᠪᠣᠯᠭᠠᠨ ᠦᠢᠯᠡᠳᠦᠯᠭᠡᠵᠢᠭᠦᠯᠬᠦ ᠢ᠋ᠢ 2026 ᠣᠨ ᠤ᠋ ᠺᠠᠳ᠋ᠷ ᠤ᠋ᠨ ᠪᠣᠯᠪᠠᠰᠤᠷᠠᠯ ᠤ᠋ᠨ ᠲᠥᠯᠥᠪᠯᠡᠭᠡ ᠳ᠋ᠤ ᠣᠷᠣᠭᠤᠯᠤᠨ᠂ ᠬᠣᠲᠠ ᠢ᠋ᠢᠨ ᠨᠠᠮ ᠤ᠋ᠨ ᠬᠤᠷᠢᠶᠠᠨ ᠤ᠋ ᠨᠠᠮ ᠤ᠋ᠨ ᠰᠤᠷᠭᠠᠭᠤᠯᠢ ᠢ᠋ᠢᠨ ᠭᠤᠤᠯ ᠴᠣᠭᠴᠠᠳᠤ ᠠᠩᠭᠢ ᠢ᠋ᠢᠨ ᠰᠤᠷᠤᠯᠴᠠᠬᠤ ᠠᠭᠤᠯᠭ᠎ᠠ ᠳ᠋ᠤ ᠣᠷᠣᠭᠤᠯᠵᠤ᠂ ᠲᠤᠰᠭᠠᠶ ᠰᠡᠳᠦᠪᠲᠦ ᠪᠣᠯᠪᠠᠰᠤᠷᠠᠯ ᠢ᠋ 2 ᠬᠤᠭᠤᠴᠠᠭ᠎ᠠ ᠡᠷᠭᠢᠯᠡᠨ᠂ 400 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠵᠤ᠂ ᠲᠠᠷᠢᠬᠢᠨ ᠳ᠋ᠤ ᠬᠠᠳᠠᠩᠱᠢᠭᠤᠯᠤᠨ ᠰᠡᠳᠭᠢᠯ ᠳ᠋ᠦ᠍ ᠬᠤᠨᠤᠭᠰᠢᠭᠤᠯᠬᠤ ᠢ᠋ᠢ ᠦᠨᠡᠨ ᠬᠦ᠌ ᠪᠠᠲᠤᠯᠠᠪᠠ᠃ ᠡᠭᠦᠨ ᠤ᠋ ᠬᠠᠮᠲᠤ᠂ ᠬᠡᠷᠡᠭ ᠢ᠋ᠢᠡᠷ ᠰᠤᠷᠤᠯᠴᠠᠯᠭ᠎ᠠ ᠢ᠋ᠢ ᠠᠬᠢᠭᠤᠯᠬᠤ ᠢ᠋ᠢ ᠭᠦᠨᠵᠡᠭᠡᠢᠷᠡᠭᠦᠯᠵᠦ᠍᠂ 《ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠶ ᠵᠥᠪ ᠦᠵᠡᠯᠲᠡ ᠢ᠋ᠢ ᠪᠣᠶ ᠪᠣᠯᠭᠠᠨ ᠦᠢᠯᠡᠳᠦᠯᠭᠡᠵᠢᠭᠦᠯᠬᠦ ᠵᠥᠪ ᠪᠤᠷᠤᠭᠤ ᠲᠠᠯ᠎ᠠ ᠢ᠋ᠢᠨ ᠨᠡᠢᠲᠡᠯᠢᠭ ᠵᠢᠱ᠌ᠢᠶ᠎ᠡ》 ᠢ᠋ᠢ ᠨᠠᠷᠢᠨ ᠬᠢᠨᠠᠮᠠᠭᠠᠶ ᠰᠤᠷᠤᠯᠴᠠᠵᠤ᠂ ᠵᠢᠱ᠌ᠢᠶ᠎ᠡ ᠦᠵᠡᠭᠦᠯᠵᠤ ᠬᠥᠲᠥᠯᠥᠨ ᠳᠠᠭᠠᠭᠤᠯᠬᠤ ᠪᠠ ᠰᠡᠷᠡᠮᠵᠢᠯᠡᠭᠦᠯᠬᠦ᠌ ᠬᠥᠮᠦᠵᠢᠯ ᠢ᠋ ᠴᠢᠩᠭᠠᠳᠭᠠᠨ᠂ ᠱᠢᠯᠲᠠᠭᠠᠨ ᠢ᠋ ᠨᠢ ᠭᠦᠨᠵᠡᠭᠡᠶ ᠵᠠᠳᠠᠯᠵᠤ᠂ ᠬᠠᠷᠢᠴᠠᠭᠤᠯᠤᠨ ᠪᠠᠢᠴᠠᠭᠠᠵᠤ ᠴᠡᠭᠴᠡᠯᠡᠨ ᠰᠠᠢᠵᠢᠷᠠᠭᠤᠯᠵᠤ᠂ ᠥᠷᠭᠡᠨ ᠣᠯᠠᠨ ᠨᠠᠮ ᠤ᠋ᠨ ᠭᠡᠱᠢᠭᠦᠨ ᠺᠠᠳ᠋ᠷ ᠤ᠋ᠨ ᠦᠵᠡᠯ ᠰᠠᠨᠠᠭᠠᠨ ᠤ᠋ ᠤᠬᠠᠮᠰᠠᠷ ᠪᠠ ᠦᠢᠯᠡ ᠠᠵᠢᠯᠯᠠᠭ᠎ᠠ ᠢ᠋ᠢᠨ ᠤᠬᠠᠮᠰᠠᠷ ᠢ᠋ ᠴᠢᠨᠠᠭᠱᠢᠳᠠ ᠴᠢᠩᠭᠠᠳᠬᠠᠵᠠᠢ᠃
ᠤᠯᠠᠭᠠᠨᠬᠠᠳᠠ ᠬᠣᠲᠠ ᠢ᠋ᠢᠨ ᠠᠤᠬᠠᠨ ᠬᠣᠱᠢᠭᠤ ᠵᠠᠰᠠᠭ ᠤ᠋ᠨ ᠠᠵᠢᠯ ᠤ᠋ᠨ ᠪᠦᠲᠦᠮᠵᠢ ᠢ᠋ᠢᠨ ᠲᠤᠬᠠᠶ ᠵᠥᠪ ᠦᠵᠡᠯᠲᠡ ᠢ᠋ᠢ ᠪᠣᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ ᠢ᠋ ᠯᠠᠪᠳᠠᠭᠤᠨ ᠪᠠᠲᠤᠲᠠᠶ ᠥᠷᠨᠢᠭᠦᠯᠵᠦ᠍᠂ ᠰᠤᠷᠤᠯᠴᠠᠵᠤ ᠪᠠᠢᠴᠠᠭᠠᠨ ᠵᠠᠯᠠᠷᠠᠭᠤᠯᠬᠤ ᠢ᠋ᠢ ᠨᠢᠭᠡ ᠴᠣᠭᠴᠠᠵᠢᠭᠤᠯᠤᠨ ᠠᠬᠢᠭᠤᠯᠬᠤ ᠢ᠋ᠢ ᠪᠠᠷᠢᠮᠲᠠᠯᠠᠨ᠂ ᠡᠯ᠎ᠡ ᠵᠦᠢᠯ ᠤ᠋ᠨ ᠠᠵᠢᠯ ᠢ᠋ ᠪᠣᠳᠠᠲᠠᠶ ᠳ᠋ᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠢ᠋ᠢ ᠠᠬᠢᠭᠤᠯᠪᠠ᠃ ᠰᠤᠷᠤᠯᠴᠠᠬᠤ ᠲᠠᠯ᠎ᠠ ᠪᠡᠷ ᠭᠦᠨᠵᠡᠭᠡᠶ ᠰᠤᠳᠤᠯᠤᠨ ᠣᠢᠯᠠᠭᠠᠵᠤ᠂ ᠬᠣᠱᠢᠭᠤ ᠱᠠᠲᠤᠨ ᠤ᠋ ᠤᠳᠤᠷᠢᠳᠭᠤ ᠺᠠᠳ᠋ᠷ ᠤ᠋ᠨ ᠨᠣᠮ ᠤᠩᠱᠢᠬᠤ ᠠᠩᠭᠢ ᠢ᠋ᠢ ᠡᠷᠬᠢᠯᠡᠨ᠂ ᠨᠠᠮ ᠤ᠋ᠨ ᠰᠤᠷᠭᠠᠭᠤᠯᠢ ᠢ᠋ᠢᠨ ᠦᠨᠳᠦᠰᠦᠨ ᠪᠣᠯᠪᠠᠰᠤᠷᠠᠯ ᠤ᠋ᠨ ᠠᠩᠭᠢ ᠢ᠋ᠢᠨ ᠰᠤᠷᠤᠯᠴᠠᠯᠭ᠎ᠠ ᠬᠥᠮᠦᠵᠢᠯ ᠢ᠋ ᠰᠠᠢᠲᠤᠷ ᠠᠳᠬᠤᠪᠠ᠃ ᠣᠳᠣᠬᠠᠨ ᠳ᠋ᠤ ᠲᠤᠰ ᠬᠣᠱᠢᠭᠤ ᠨᠢᠭᠡᠨᠲᠡ ᠰᠤᠷᠤᠯᠴᠠᠯᠭ᠎ᠠ ᠬᠥᠮᠦᠵᠢᠯ ᠤ᠋ᠨ ᠠᠭᠤᠯᠭ᠎ᠠ ᠢ᠋ᠢ 3 ᠭᠤᠤᠯ ᠴᠣᠭᠴᠠᠳᠤ ᠠᠩᠭᠢ ᠢ᠋ᠢᠨ ᠭᠤᠤᠯᠳᠠᠯᠭ᠎ᠠ ᠲᠠᠢ ᠬᠢᠴᠢᠶᠡᠯ ᠳ᠋ᠤ ᠣᠷᠣᠭᠤᠯᠤᠨ᠂ 807 ᠬᠦᠮᠦᠨ ᠳ᠋ᠤ ᠪᠣᠯᠪᠠᠰᠤᠷᠠᠯ ᠬᠦᠷᠳᠡᠬᠡᠵᠤ᠂ ᠦᠨᠳᠦᠰᠦᠨ ᠱᠠᠲᠤᠨ ᠤ᠋ ᠨᠠᠮ ᠤ᠋ᠨ ᠡᠭᠦᠷ ᠨᠢ 《ᠭᠤᠷᠪᠠᠨ ᠬᠤᠷᠠᠯ ᠨᠢᠭᠡ ᠬᠢᠴᠢᠶᠡᠯ》 ᠤ᠋ᠨ ᠬᠡᠯᠪᠡᠷᠢ ᠪᠡᠷ 2100 ᠭᠠᠷᠤᠶ ᠤᠳᠠᠭ᠎ᠠ ᠲᠥᠪᠯᠡᠷᠡᠭᠦᠯᠦᠨ ᠰᠤᠷᠤᠯᠴᠠᠵᠤ᠂ ᠣᠨᠣᠯ ᠤ᠋ᠨ ᠰᠤᠷᠤᠯᠴᠠᠯᠭ᠎ᠠ ᠢ᠋ᠢ ᠨᠡᠢᠳᠡᠮ ᠪᠥᠷᠬᠥᠭᠦᠯᠬᠦ᠌ ᠢ᠋ᠢ ᠪᠡᠶᠡᠯᠡᠭᠦᠯᠪᠡ᠃ ᠡᠭᠦᠨ ᠤ᠋ ᠬᠠᠮᠲᠤ ᠪᠠᠢᠴᠠᠭᠠᠬᠤ ᠲᠠᠯ᠎ᠠ ᠪᠡᠷ ᠦᠨᠡᠨ ᠬᠦ᠌ ᠬᠠᠲᠠᠭᠤ ᠲᠠᠢ ᠨᠢ ᠬᠠᠯᠳᠠᠵᠤ᠂ ᠠᠰᠠᠭᠤᠳᠠᠯ ᠤ᠋ᠨ ᠨᠠᠷᠢᠨ ᠲᠠᠩᠰᠠ ᠲᠠᠢ ᠬᠠᠷᠭᠤᠭᠤᠯᠤᠨ᠂ ᠡᠯ᠎ᠡ ᠱᠠᠲᠤᠨ ᠤ᠋ ᠤᠳᠤᠷᠢᠳᠭᠤ ᠪᠠᠭ ᠪᠣᠯᠤᠨ ᠤᠳᠤᠷᠢᠳᠭᠤ ᠺᠠᠳ᠋ᠷ ᠨᠡᠢᠲᠡ 3000 ᠭᠠᠷᠤᠶ ᠠᠰᠠᠭᠤᠳᠠᠯ ᠢ᠋ ᠪᠠᠢᠴᠠᠭᠠᠨ ᠳᠡᠯᠭᠡᠵᠦ᠍᠂ ᠨᠠᠷᠢᠨ ᠣᠨᠣᠴᠠᠲᠠᠶ ᠪᠡᠷ ᠪᠠᠢᠴᠠᠭᠠᠨ ᠳᠡᠯᠭᠡᠵᠦ᠍᠂ ᠬᠥᠮᠦᠨ ᠪᠠ ᠤᠴᠢᠷ ᠶᠠᠪᠤᠳᠠᠯ ᠢ᠋ ᠴᠦᠮ ᠲᠣᠳᠣᠷᠬᠠᠢᠯᠠᠪᠠ᠃ ᠡᠭᠦᠨ ᠡᠴᠡ ᠭᠠᠳᠠᠨ᠎ᠠ᠂ ᠠᠤᠬᠠᠨ ᠬᠣᠱᠢᠭᠤ ᠪᠠᠰᠠ ᠥᠭᠡᠷᠡᠴᠢᠯᠡᠯᠲᠡ ᠢ᠋ᠢᠨ ᠲᠠᠯ᠎ᠠ ᠪᠡᠷ ᠡᠷᠬᠡᠪᠰᠢ ᠪᠣᠳᠠᠲᠤ ᠦᠷ᠎ᠡ ᠪᠦᠲᠦᠮᠵᠢ ᠣᠯᠵᠤ᠂ ᠠᠰᠠᠭᠤᠳᠠᠯ ᠢ᠋ ᠪᠠᠢᠴᠠᠭᠠᠨ ᠳᠡᠯᠭᠡᠬᠦ᠌ ᠳ᠋ᠤ ᠨᠠᠷᠢᠨ ᠲᠠᠩᠰᠠᠴᠢᠯᠠᠭᠰᠠᠨ᠂ ᠴᠡᠭᠴᠡᠯᠡᠨ ᠵᠠᠰᠠᠪᠠᠯ ᠰᠠᠶᠢ ᠲᠠᠩᠰᠠᠨ ᠡᠴᠡ ᠭᠠᠷᠭᠠᠬᠤ ᠬᠠᠮᠢᠶᠠᠷᠤᠯᠲᠠ ᠢ᠋ᠢ ᠬᠡᠷᠡᠭᠵᠢᠭᠦᠯᠵᠦ᠍᠂ 《ᠣᠯᠠᠨ ᠲᠦᠮᠡᠨ ᠳ᠋ᠤ ᠪᠣᠳᠠᠲᠤ ᠶᠠᠪᠤᠳᠠᠯ ᠬᠢᠬᠦ》 ᠠᠵᠢᠯᠯᠠᠭ᠎ᠠ ᠥᠷᠨᠢᠭᠦᠯᠤᠨ᠂ ᠣᠯᠠᠨ ᠲᠦᠮᠡᠨ ᠤ᠋ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠵᠦᠢᠯ ᠢ᠋ 45 ᠬᠤᠪᠢ ᠱᠢᠢᠳᠪᠦᠷᠢᠯᠡᠵᠦ᠍᠂ ᠰᠤᠷᠤᠯᠴᠠᠯᠭ᠎ᠠ ᠢ᠋ᠢᠨ ᠦᠷ᠎ᠡ ᠪᠦᠲᠦᠭᠡᠯ ᠢ᠋ ᠠᠷᠠᠳ ᠲᠦᠮᠡᠨ ᠳ᠋ᠤ ᠦᠢᠯᠡᠴᠢᠯᠡᠬᠦ᠌᠂ ᠬᠥᠭᠵᠢᠯᠲᠡ ᠢ᠋ᠢ ᠠᠬᠢᠭᠤᠯᠬᠤ ᠪᠣᠳᠠᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠵᠤ ᠪᠠᠢᠨ᠎ᠠ᠃