ᠮᠠᠯᠵᠢᠯ᠎ᠤᠨ ᠲᠠᠯᠠᠪᠠᠢ᠎ᠠᠴᠠ ᠦᠶ᠋ᠯᠡᠳᠪᠦᠷᠢ᠎ᠶ᠋ᠢᠨ ᠲᠠᠰᠤᠭ᠎ᠤ᠋ᠨ 《ᠱᠢᠷᠬᠡᠭ᠌ᠯᠢᠭ ᠠᠯᠮᠠᠰ》 ᠪᠤᠯᠬᠤ ᠬᠤᠪᠢᠰᠤᠯᠳᠠ ᠵᠢᠨ ᠠᠶᠠᠯᠠᠯ
2026-05-14 09:54:13
ᠵᠣᠬᠢᠶᠠᠭ᠍ᠴᠢ᠄
ᠯᠢ ᠱᠢᠤᠸᠠᠢ ᠶᠣᠣ
ᠣᠩᠱᠢᠭ᠍ᠰᠠᠨ ᠣᠳᠠᠭ᠎ᠠ᠄
★★★☆☆

ᠵᠣᠨ᠎ᠤ ᠠᠭᠤᠷ ᠣᠷᠣᠬᠤ ᠳ᠋ᠤ᠂ ᠤᠯᠠᠭᠠᠨᠬᠠᠳᠠ᠎ᠶ᠋ᠢᠨ ᠳ᠋ᠦᠩ ᠯᠢ ᠢᠮᠠᠭᠠᠨ ᠨᠣᠤᠯᠤᠭᠤᠷ᠎ᠤᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠲᠣᠭᠠᠴᠢᠯᠠᠭ᠍ᠰᠠᠨ ᠦᠶ᠋ᠯᠡᠳᠪᠦᠷᠢ᠎ᠶ᠋ᠢᠨ ᠲᠠᠰᠤᠭ ᠲᠸ᠋ ᠮᠠᠱᠢᠨ ᠲᠥᠬᠥᠭᠡᠷᠦᠮᠵᠢ ᠬᠦᠷᠴᠢᠭᠢᠨᠡᠵᠦ᠍᠂ ᠰᠠᠯᠬᠢ ᠰᠣᠷᠣᠬᠤ ᠬᠡᠯᠪᠡᠷᠢ ᠵᠢᠨ ᠠᠦ᠋ᠲ᠋ᠣᠴᠢᠯᠠᠭ᠍ᠰᠠᠨ ᠨᠣᠤᠯᠤᠭᠤᠷ᠎ᠢ ᠢᠯᠭᠠᠨ ᠰᠠᠯᠭᠠᠬᠤ ᠦᠢᠯᠡᠳᠪᠦᠷᠢᠯᠡᠯ᠎ᠦᠨ ᠱᠤᠭᠤᠮ ᠳᠡᠭᠡᠳᠦ ᠬᠤᠷᠳᠤᠴᠠ᠎ᠪᠠᠷ ᠡᠷᠭᠢᠯᠳᠦᠵᠦ᠍᠂ ᠪᠠᠭᠠᠷᠢᠨ ᠪᠠᠷᠠᠭᠤᠨ ᠬᠣᠱᠢᠭᠤᠨ᠎ᠠᠴᠠ ᠠᠪᠴᠤ ᠢᠷᠡᠭ᠌ᠰᠡᠨ ᠬᠠᠨ ᠠᠭᠤᠯᠠ᠎ᠶ᠋ᠢᠨ ᠴᠠᠭᠠᠨ ᠨᠣᠤᠯᠤᠭᠤᠷ᠎ᠤᠨ ᠢᠮᠠᠭᠠᠨ᠎ᠤ ᠨᠣᠤᠯᠤᠭᠤᠷ᠎ᠢ 《ᠱᠢᠷᠬᠡᠭ᠌ᠯᠢᠭ ᠠᠯᠮᠠᠰ》 ᠬᠡᠮᠡᠭ᠌ᠳᠡᠭ᠌ᠰᠡᠨ ᠴᠢᠨᠠᠷ ᠰᠠᠢᠲᠠᠶ ᠨᠣᠤᠯᠤᠭᠤᠷ᠎ᠤᠨ ᠲᠦᠭᠦᠬᠡᠶ ᠮᠠᠲ᠋ᠧᠷᠢᠶᠠᠯ ᠪᠣᠯᠭᠠᠨ ᠡᠳ᠋ᠰᠢᠬᠦᠯᠦᠨ ᠪᠤᠯᠪᠠᠰᠤᠷᠠᠭᠤᠯᠪᠠ᠃

ᠰᠤᠷᠪᠤᠯᠵᠢᠯᠠᠭ᠍ᠴᠢ ᠨᠣᠤᠯᠤᠭᠤᠷ ᠎ᠢ᠋ ᠢᠯᠭᠠᠨ ᠰᠠᠯᠭᠠᠬᠤ ᠦᠢᠯᠡᠳᠪᠦᠷᠢ ᠵᠢᠨ ᠲᠠᠰᠤᠭ᠎ᠤᠨ ᠡᠭᠦᠳᠡ᠎ᠶ᠋ᠢ ᠨᠡᠭᠡᠭᠡᠬᠦ᠎ᠳᠦ᠂ ᠤᠷᠴᠢᠨ ᠲᠤᠭᠤᠷᠢᠨ ᠨᠢ ᠴᠡᠪᠡᠷ ᠲᠤᠬᠢᠯᠢᠭ ᠪᠦᠭᠡᠳ ᠳᠤᠯᠠᠭᠠᠨ᠎ᠤ ᠬᠡᠮᠵᠢᠶ᠎ᠡ ᠴᠢᠬᠢᠭ᠎ᠦᠨ ᠬᠡᠮᠵᠢᠶ᠎ᠡ ᠨᠢ ᠲᠣᠬᠢᠷᠠᠮᠵᠢᠲᠠᠶ ᠪᠠᠢᠭᠰᠠᠨ ᠨᠢ ᠰᠠᠨᠠᠭᠠᠨ ᠡᠴᠡ ᠭᠠᠳᠠᠭᠤᠷ ᠪᠠᠢᠯ᠎ᠠ᠃ ᠰᠠᠯᠬᠢ ᠰᠣᠷᠣᠬᠤ ᠬᠡᠯᠪᠡᠷᠢ ᠵᠢᠨ ᠠᠦ᠋ᠲ᠋ᠣᠴᠢᠯᠠᠭ᠍ᠰᠠᠨ ᠨᠣᠤᠯᠤᠭᠤᠷ᠎ᠢ ᠢᠯᠭᠠᠨ ᠰᠠᠯᠭᠠᠬᠤ ᠮᠠᠰᠢᠨ ᠨᠢ ᠨᠠᠷᠢᠯᠢᠭ ᠣᠨᠣᠴᠠᠳᠠᠢ ᠪᠥᠭᠡᠳ ᠥᠨᠳᠥᠷ ᠦᠷ᠎ᠡ ᠪᠦᠲᠦᠮᠵᠢᠲᠡᠶ 《ᠢᠯᠭᠠᠪᠤᠷᠢᠯᠠᠭᠴᠢ》 ᠮᠡᠲᠦ ᠪᠠᠢᠵᠤ᠂ ᠨᠣᠤᠯᠤᠭᠤᠷ᠎ᠤᠨ ᠬᠣᠯᠢᠴᠠ᠎ᠶ᠋ᠢ ᠨᠢᠭᠡᠳ ᠨᠢᠭᠡ᠎ᠪᠡᠷ ᠢᠯᠭᠠᠪᠤᠷᠢᠯᠠᠨ ᠰᠠᠯᠭᠠᠵᠤ ᠪᠠᠢᠯ᠎ᠠ᠃

《ᠰᠠᠯᠬᠢ ᠰᠣᠷᠣᠬᠤ ᠬᠡᠯᠪᠡᠷᠢ᠎ᠶ᠋ᠢᠨ ᠠᠦ᠋ᠲ᠋ᠣᠴᠢᠯᠠᠭ᠍ᠰᠠᠨ ᠨᠣᠤᠯᠤᠭᠤᠷ ᠢ᠋ ᠢᠯᠭᠠᠨ ᠰᠠᠯᠭᠠᠬᠤ ᠮᠠᠱᠢᠨ᠎ᠢ ᠪᠣᠯ ᠪᠢᠳᠡ ᠪᠡᠶ᠎ᠡ᠎ᠪᠡᠨ ᠳᠠᠭᠠᠭᠠᠵᠤ ᠰᠤᠳᠤᠯᠤᠨ ᠦᠶ᠋ᠯᠡᠳᠦᠭ᠌ᠰᠡᠨ ᠶᠤᠮ᠂ ᠪᠢᠳᠡ ᠰᠠᠯᠬᠢᠨ᠎ᠤ ᠵᠠᠮ᠎ᠢ ᠭᠠᠵᠠᠷ ᠳᠡᠭᠡᠷ᠎ᠡ᠎ᠡᠴᠡ ᠭᠠᠵᠠᠷ ᠳᠤᠤᠷ᠎ᠠ ᠪᠣᠯᠭᠠᠨ ᠬᠤᠪᠢᠷᠠᠭᠤᠯᠵᠤ᠂ ᠠᠵᠢᠯᠴᠢᠨ᠎ᠤ ᠠᠵᠢᠯᠯᠠᠬᠤ᠎ᠳᠤ ᠲᠥᠬᠥᠮ ᠦᠵᠡᠬᠦᠯᠦᠭᠰᠡᠨ ᠪᠦᠭᠡᠳ ᠡᠨᠧᠷᠭᠢ᠎ᠶ᠋ᠢᠨ ᠬᠣᠷᠣᠭ᠍ᠳᠠᠯ᠎ᠢ ᠪᠠᠭᠠᠰᠭᠠᠵᠠᠢ》 ᠭᠡᠵᠦ ᠤᠯᠠᠭᠠᠨᠬᠠᠳᠠ᠎ᠶ᠋ᠢᠨ ᠳ᠋ᠦᠩ ᠯᠢ ᠢᠮᠠᠭᠠᠨ ᠨᠣᠤᠯᠤᠭᠤᠷ᠎ᠤᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠢᠮᠠᠭᠠᠨ ᠨᠣᠤᠯᠤᠭᠤᠷ᠎ᠤᠨ ᠦᠶ᠋ᠯᠡᠳᠪᠦᠷᠢᠯᠡᠯ᠎ᠤᠨ ᠬᠡᠯᠲᠡᠰ᠎ᠦᠨ ᠳᠡᠳ᠋ ᠶᠡᠷᠦᠩᠬᠡᠶ ᠳᠠᠭᠠᠭᠠᠮᠠᠯ ᠴᠧᠩ ᠱᠢᠤᠢ ᠯᠢᠩ ᠦᠶ᠋ᠯᠡᠳᠪᠦᠷᠢᠯᠡᠯ᠎ᠦᠨ ᠱᠤᠭᠤᠮ᠎ᠢ ᠵᠢᠭᠠᠵᠤ ᠬᠡᠯᠡᠪᠡ᠃ ᠲᠡᠷᠡ᠄ 《ᠪᠢᠳᠡ ᠰᠠᠯᠬᠢᠨ᠎ᠤ᠎ᠬᠦᠴᠦ ᠵᠢ ᠠᠰᠢᠬᠯᠠᠵᠤ ᠠᠦ᠋ᠲ᠋ᠣ᠋ ᠡᠷᠭᠢᠯᠲᠡ᠎ᠶ᠋ᠢ ᠪᠡᠶᠡᠯᠡᠬᠦᠯᠦᠨ᠂ ᠨᠢᠭᠡ ᠯᠡ ᠤᠳᠠᠭ᠎ᠠ᠎ᠳᠤ ᠭᠠᠷᠭᠠᠨ ᠠᠪᠬᠤ ᠨᠣᠷᠮ᠎ᠠ᠎ᠶ᠋ᠢ 75%᠎ᠳ᠋ᠤ ᠬᠦᠷᠭᠡᠵᠦ᠍᠂ ᠬᠤᠷᠤᠭᠳᠠᠯ᠎ᠦᠨ ᠨᠣᠷᠮ᠎ᠠ᠎ᠶ᠋ᠢ 5% ᠪᠡᠷ ᠬᠢᠵᠠᠭᠠᠷᠯᠠᠵᠠᠢ》 ᠬᠡᠵᠤ ᠤᠮᠤᠭᠳᠠᠢᠬᠠᠨ ᠶᠠᠷᠢᠨ᠎ᠠ᠃

ᠨᠣᠤᠯᠤᠭᠤᠷ ᠢ᠋ ᠢᠯᠭᠠᠨ ᠰᠠᠯᠭᠠᠬᠤ ᠦᠢᠯᠡᠳᠪᠦᠷᠢ᠎ᠶ᠋ᠢᠨ ᠲᠡᠰᠦᠬ᠎ᠠᠴᠠ ᠭᠠᠷᠴᠤ᠌ ᠢᠷᠡᠬᠦ᠌᠎ᠳᠦ᠂ ᠬᠠᠵᠠᠭᠤ᠎ᠶ᠋ᠢᠨ ᠰᠡᠮᠡᠳᠡᠰᠦ ᠡᠭᠡᠷᠡᠬᠦ᠌ ᠦᠢᠯᠡᠳᠪᠦᠷᠢ᠎ᠶ᠋ᠢᠨ ᠲᠡᠰᠦᠬ᠎ᠤᠨ ᠪᠦᠳᠦᠭᠦᠯᠢᠭ ᠰᠡᠮᠡᠳᠡᠰᠦ ᠡᠭᠡᠷᠡᠬᠦ᠌ ᠣᠶᠤᠨᠴᠢ ᠦᠢᠯᠡᠳᠪᠦᠷᠢᠯᠡᠯ᠎ᠦᠨ ᠱᠤᠭᠤᠮ ᠶᠠᠭ ᠰᠠᠢᠬᠠᠨ ᠶᠠᠭᠠᠷᠠᠯᠳᠠᠢ ᠠᠵᠢᠯᠯᠠᠵᠤ ᠪᠠᠢᠪᠠ᠃ ᠢᠲ᠋ᠠᠯᠢ᠎ᠶ᠋ᠢᠨ B7 ᠠᠦ᠋ᠲ᠋ᠣ᠋ ᠪᠣᠰᠣᠭ᠎ᠠ ᠢᠬᠳᠤ ᠨᠠᠷᠢᠨ ᠰᠡᠮᠡᠳᠡᠰᠦ ᠭᠦᠶᠦᠯᠭᠡᠬᠦ᠌ ᠮᠠᠱᠢᠨ ᠵᠢᠭ᠌ᠳᠡ ᠬᠤᠷᠳᠤᠴᠠ᠎ᠪᠠᠷ ᠡᠷᠭᠢᠯᠳᠦᠵᠦ᠍᠂ ᠴᠠᠰᠤ ᠴᠠᠭᠠᠨ ᠢᠮᠠᠭᠠᠨ ᠨᠣᠤᠯᠤᠭᠤᠷ ᠡᠭᠡᠷᠡᠦᠯ᠎ᠦᠨ ᠬᠣᠭᠣᠷᠣᠨᠳᠣᠭᠤᠷ ᠤᠲᠠᠰᠤ ᠪᠣᠯᠤᠨ ᠣᠷᠢᠶᠠᠭ᠍ᠳᠠᠵᠤ᠂ ᠪᠦᠳᠦᠭᠦᠨ ᠨᠠᠷᠢᠨ ᠨᠢ ᠵᠢᠭ᠌ᠳᠡ᠂ ᠦᠨᠭᠭᠡ ᠵᠢᠰᠦ ᠨᠢ ᠬᠢᠯᠪᠡᠷ ᠬᠦᠪᠰᠦᠭᠡᠷ ᠵᠥᠭᠡᠯᠡᠨ ᠪᠠᠢᠯ᠎ᠠ᠃ 《ᠪᠢᠳᠡ ᠢᠮᠠᠭᠠᠨ ᠨᠣᠤᠯᠤᠭᠤᠷ᠎ᠤᠨ ᠪᠦᠳᠦᠭᠦᠯᠢᠭ ᠰᠡᠮᠡᠳᠡᠰᠦᠨ᠎ᠤ᠋ ᠦᠶ᠋ᠯᠡᠳᠬᠦᠨ᠎ᠢ 48 ᠱᠢᠨ᠎ᠡ᠎ᠪᠡᠷ ᠰᠤᠳᠤᠯᠤᠨ ᠨᠡᠭᠡᠭᠡᠵᠡᠢ᠂ ᠤᠲᠠᠰᠤᠨ᠎ᠤ ᠪᠦᠳᠦᠭᠦᠨ ᠨᠠᠷᠢᠨ᠎ᠨᠢ ᠵᠥᠪᠬᠡᠨ ᠡᠩ᠎ᠦᠨ ᠵᠠᠭᠪᠤᠷ᠎ᠦᠨ ᠬᠠᠭᠠᠰ ᠪᠠᠢᠵᠤ᠂ ᠨᠡᠬᠡᠵᠦ᠍ ᠭᠠᠷᠭᠠᠭᠰᠠᠨ ᠨᠣᠤᠯᠤᠭᠤᠷ᠎ᠤᠨ ᠬᠠᠨᠳᠠᠭᠠᠰᠤ᠎ᠨᠢ 140 ᠭᠷᠠᠮ ᠣᠷᠴᠢᠮ ᠯᠡ ᠪᠠᠢᠳᠠᠭ᠃ ᠪᠢᠳᠠ ᠪᠣᠯ ᠤᠯᠤᠰ᠎ᠦᠨ ᠳᠣᠲᠣᠭᠠᠳᠤ᠎ᠶ᠋ᠢᠨ ᠴᠤᠷ᠎ᠤᠨ ᠭᠠᠭᠴᠠ ᠡᠢᠮᠦᠷᠬᠦᠦ ᠪᠦᠳᠦᠭᠦᠯᠢᠭ ᠰᠡᠮᠡᠳᠡᠰᠦᠨ᠎ᠤ ᠤᠲᠠᠰᠤ ᠦᠶ᠋ᠯᠡᠳᠪᠦᠷᠢᠯᠡᠵᠦ᠍ ᠳᠡᠢᠯᠬᠦ᠌ ᠠᠵᠤ ᠠᠬᠤᠢᠯᠠᠯ ᠪᠤᠯᠤᠨ᠎ᠠ》 ᠭᠡᠵᠦ ᠤᠯᠠᠭᠠᠨᠬᠠᠳᠠ᠎ᠶ᠋ᠢᠨ ᠳ᠋ᠦᠩ ᠯᠢ ᠨᠣᠤᠯᠤᠭᠤᠷ᠎ᠤᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠰᠡᠮᠡᠳᠡᠰᠦ ᠦᠶ᠋ᠯᠡᠳᠪᠦᠷᠢᠯᠡᠬᠦ᠌ ᠬᠡᠯᠲᠡᠰ᠎ᠦᠨ ᠮᠡᠷᠭᠡᠵᠢᠯ᠎ᠦᠨ ᠶᠡᠷᠦᠩᠬᠡᠶ ᠬᠢᠨᠠᠭ᠍ᠴᠢ ᠭᠤᠤ ᠸᠠᠨ ᠵᠢᠶᠦ᠋ᠨ  ᠰᠤᠷᠪᠤᠯᠵᠢᠯᠠᠭᠴᠢ ᠳ᠋ᠤ ᠲᠠᠨᠢᠯᠴᠠᠭᠤᠯᠤᠯ᠎ᠠ᠂ ᠲᠣᠰ ᠲᠥᠷᠥᠯ ᠵᠦᠶ᠋ᠯ ᠨᠢ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ᠎ᠦᠨ 300 ᠲᠦᠮᠡᠨ ᠲᠥᠭᠥᠷᠢᠭ᠎ᠦᠨ ᠲᠤᠰᠭᠠᠶ ᠵᠦᠶ᠋ᠯ᠎ᠦᠨ ᠪᠠᠯᠠ ᠮᠥᠩᠭᠥ᠎ᠶ᠋ᠢᠨ ᠳᠡᠮᠵᠢᠯᠭᠡ᠎ᠶ᠋ᠢ ᠣᠯᠵᠠᠶ᠃

ᠰᠡᠮᠡᠳᠡᠰᠦ ᠡᠭᠡᠷᠡᠬᠦ᠌ ᠲᠡᠰᠦᠬ ᠡᠴᠡ ᠭᠠᠷᠴᠤ ᠤᠴᠢᠪᠠᠯ᠂ ᠨᠡᠭᠡᠮᠡᠯ᠎ᠤᠨ ᠲᠡᠰᠦᠬ᠎ᠲᠤ ᠤᠶᠤᠨᠲᠤ ᠨᠡᠭᠡᠮᠡᠯ᠎ᠤᠨ ᠮᠠᠱᠢᠨ ᠲᠡᠷᠢ ᠲᠡᠭ᠌ᠰᠢ ᠵᠢᠭ᠍ᠰᠠᠵᠤ᠂ ᠵᠡᠭᠦᠦ᠍᠎ᠶ᠋ᠢᠨ ᠦᠵᠦᠭᠦᠷ᠎ᠤᠨ ᠠᠵᠢᠯᠯᠠᠬᠤ ᠲᠡᠭᠤᠠ ᠲᠤᠭᠤᠯᠳᠠᠵᠤ᠂ ᠨᠡᠬᠡᠵᠦ ᠭᠠᠷᠭᠠᠭᠰᠠᠨ ᠬᠤᠪᠴᠠᠰᠤ ᠨᠢ ᠤᠶᠤᠨᠲᠤ ᠡᠯᠭᠦᠬᠦ᠌ ᠱᠢᠰᠲ᠋ᠧᠮ᠎ᠢᠶᠡᠷ ᠲᠡᠮᠵᠢᠠ ᠣᠶᠣᠵᠤ ᠨᠡᠢᠯᠡᠭᠦᠯᠬᠦ᠌ ᠲᠡᠰᠦᠬ᠎ᠲᠤ ᠬᠦᠷᠴᠦ᠍᠂ ᠬᠥᠮᠦᠨ᠎ᠦ ᠬᠦᠴᠦ᠍᠎ᠪᠡᠷ ᠨᠡᠭᠦᠯᠭᠡᠬᠦ᠌ ᠴᠢᠬᠤᠯᠠ ᠤᠢ᠍ᠭᠡᠢ ᠪᠣᠯᠪᠠ᠃ ᠠᠵᠤ ᠠᠬᠤᠢᠯᠠᠯ᠎ᠤᠨ ᠬᠢᠨ ᠠᠵᠢᠯ ᠲᠥᠷᠥᠯ᠎ᠤᠨ ᠲᠤᠳᠤᠷ᠎ᠠ ᠣᠶᠤᠨᠳᠤ ᠦᠶ᠋ᠯᠡᠳᠬᠦ᠌ ᠱᠢᠰᠲ᠋ᠧᠮ᠎ᠢ ᠲᠦᠷᠦᠭᠦᠯᠡᠨ ᠪᠠᠢᠷᠢᠯᠠᠭᠤᠯᠵᠤ᠂ ᠣᠶᠤᠨᠳᠤ ᠡᠯᠭᠦᠭᠡ ᠦᠶ᠋ᠯᠡᠳᠪᠦᠷᠢᠯᠡᠯ᠎ᠦᠨ ᠱᠤᠭᠤᠮ᠂ ᠨᠢᠭᠡ ᠪᠦᠳᠦᠭᠡᠭᠳᠡᠬᠦᠨ᠎ᠢ ᠨᠢᠭᠡ ᠺᠣᠳ᠋᠎ᠢᠶᠠᠷ ᠮᠥᠷᠳᠡᠬᠦ᠌ ᠵᠡᠷᠭᠡ ᠲᠣᠭᠠᠴᠢᠯᠠᠭᠰᠠᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠤᠨ᠂ ᠭᠤᠤᠯᠳᠠᠯᠭ᠎ᠠ᠎ᠲᠠᠶ ᠦᠶ᠋ᠯᠡᠳᠪᠦᠷᠢ᠎ᠶ᠋ᠢᠨ ᠲᠠᠰᠤᠭ᠂ ᠵᠠᠩᠭᠢᠯᠠᠭ᠎ᠠ᠎ᠶ᠋ᠢᠨ ᠲᠥᠬᠥᠭᠡᠷᠦᠮᠵᠢ᠂ ᠶᠠᠰᠤ ᠴᠢᠨᠠᠷ᠎ᠤᠨ ᠪᠥᠬᠥ᠌ ᠬᠡᠯᠬᠢᠶ᠎ᠡ ᠵᠢᠨ  ᠮᠥᠷᠳᠡᠯᠲᠡ᠂ ᠬᠥᠮᠥᠷᠭᠡᠯᠡᠨ ᠬᠠᠳᠠᠭᠠᠯᠠᠬᠤ ᠣᠶᠤᠨᠳᠤ ᠪᠠᠷᠠᠭᠠᠨ᠎ᠤ ᠭᠦᠶ᠋ᠯᠭᠡᠭᠡᠨ᠂ ᠡᠵᠡᠩᠨᠡᠯᠲᠡ᠎ᠶ᠋ᠢᠨ ᠱᠢᠶ᠋ᠳᠪᠦᠷᠢᠲᠦ ᠪᠣᠳᠣᠯᠭ᠎ᠠ ᠎ᠶ᠋ᠢ ᠪᠥᠬᠥ᠌ ᠣᠷᠣᠨ ᠪᠦᠰᠡ᠎ᠳᠦ ᠪᠦᠷᠬᠦᠭᠦᠯᠬᠦ᠌᠎ᠶ᠋ᠢ ᠪᠡᠶᠡᠯᠡᠭᠦᠯᠪᠡ᠃

ᠦᠶ᠋ᠯᠡᠳᠪᠦᠷᠢ᠎ᠶ᠋ᠢᠨ ᠵᠡᠭᠦᠨ ᠲᠠᠯ᠎ᠠ᠎ᠳᠤ᠂ 1.5 ᠳ᠋ᠦᠩᠱᠢᠭᠤᠷ ᠲᠥᠭᠥᠷᠢᠭ᠎ᠦᠨ ᠶᠡᠷᠦᠩᠬᠡᠶ ᠪᠠᠯᠠ ᠣᠷᠣᠭᠤᠯᠤᠭᠰᠠᠨ ᠳᠡᠭᠡᠳᠦ ᠲᠠᠰ᠎ᠤᠨ ᠰᠢᠨ᠎ᠠ ᠵᠠᠬᠪᠤᠷ᠎ᠦᠨ ᠨᠣᠤᠯᠤᠭᠤᠷ᠎ᠤᠨ ᠪᠥᠰ᠎ᠦᠨ ᠲᠣᠭᠠᠴᠢᠯᠠᠭ᠍ᠰᠠᠨ ᠰᠤᠳᠤᠯᠤᠨ ᠨᠡᠭᠡᠭᠡᠬᠦ᠌ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ ᠶᠠᠭ ᠡᠮᠬᠢ ᠵᠢᠷᠤᠮ᠎ᠲᠠᠶ᠎ᠪᠠᠷ ᠶᠠᠪᠤᠭᠳᠠᠵᠤ ᠪᠠᠢᠯ᠎ᠠ᠃ ᠲᠥᠷᠥᠯ ᠵᠦᠶ᠋ᠯ᠎ᠨᠢ ᠲᠣᠭᠠᠴᠢᠯᠠᠭ᠍ᠰᠠᠨ ᠮᠡᠷᠭᠡᠵᠢᠯ ᠬᠢᠭᠡᠳ ᠳᠡᠭᠡᠳᠦ ᠲᠠᠰ᠎ᠤᠨ ᠢᠮᠠᠭᠠᠨ ᠨᠣᠤᠯᠤᠭᠤᠷ᠎ᠤᠨ ᠪᠥᠰ ᠮᠠᠲ᠋ᠧᠷᠢᠶᠠᠯ᠎ᠤᠨ ᠭᠦᠨᠵᠡᠭᠡᠶ ᠠᠭᠤᠰᠤᠯᠴᠠᠯ᠎ᠢᠶᠠᠷ ᠭᠤᠤᠯ ᠪᠣᠯᠭᠠᠵᠤ᠂ 2026 ᠣᠨ᠎ᠤ 6 ᠰᠠᠷ᠎ᠠ᠎ᠳᠤ ᠪᠥᠬᠥ᠌ ᠲᠠᠯ᠎ᠠ᠎ᠪᠠᠷ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ᠂ ᠵᠢᠯ᠎ᠳᠦ 120 ᠲᠦᠮᠡᠨ ᠮᠧᠲ᠋ᠷ᠎ᠦᠨ ᠳᠡᠭᠡᠳᠦ ᠲᠠᠰ᠎ᠤᠨ ᠰᠢᠨ᠎ᠠ ᠵᠠᠬᠪᠤᠷ᠎ᠦᠨ ᠥᠩᠭᠡᠲᠦ ᠨᠣᠤᠯᠤᠭᠤᠷ᠎ᠤᠨ ᠪᠥᠰ ᠦᠶ᠋ᠯᠡᠳᠪᠦᠷᠢᠯᠡᠬᠦ᠌ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢ ᠪᠦᠷᠢᠯᠳᠦᠭᠦᠯᠵᠦ᠍᠂ ᠵᠢᠱ᠌ᠢᠯᠲᠡ᠎ᠪᠡᠷ 325 ᠬᠥᠮᠦᠨ᠎ᠦ ᠠᠵᠢᠯ ᠣᠯᠭᠣᠯᠲᠠ᠎ᠶ᠋ᠢ ᠱᠢᠭᠤᠳ ᠳᠠᠢᠴᠢᠯᠠᠵᠤ᠂ ᠵᠢᠯ᠎ᠳᠦ 4.8 ᠳ᠋ᠦᠩᠱᠢᠭᠤᠷ ᠲᠥᠭᠥᠷᠢᠭ᠎ᠦᠨ ᠦᠶ᠋ᠯᠡᠳᠬᠦᠨ᠎ᠦ ᠥᠷᠲᠡᠭ᠎ᠢ ᠱᠢᠨ᠎ᠡ᠎ᠪᠡᠷ ᠨᠡᠮᠡᠭ᠌ᠳᠡᠭᠦᠯᠬᠦ᠌ ᠪᠣᠯᠤᠨ᠎ᠠ᠃

《ᠨᠣᠤᠯᠤᠭᠤᠷ᠎ᠤᠨ ᠨᠡᠬᠡᠮᠡᠯ᠎ᠦᠨ ᠮᠠᠲ᠋ᠸᠷᠢᠶᠠᠯ᠎ᠤᠨ ᠦᠶ᠋ᠯᠡᠳᠪᠦᠷᠢᠯᠡᠯ᠎ᠦᠨ ᠱᠤᠭᠤᠮ᠎ᠤᠨ 35 ᠰᠠᠸ᠋ᠷᠢ (ᠢᠵᠢ) ᠱᠢᠨ᠎ᠡ ᠲᠥᠬᠥᠭᠡᠷᠦᠮᠵᠢ᠎ᠶ᠋ᠢ ᠨᠢᠭᠡᠨᠲᠡ ᠤᠭ᠍ᠰᠠᠷᠠᠨ ᠳᠠᠭᠤᠰᠭᠠᠵᠤ᠂ ᠲᠤᠷᠱᠢᠨ ᠦᠶ᠋ᠯᠡᠳᠪᠦᠷᠢᠯᠡᠬᠦ᠌ ᠨᠥᠬᠥᠴᠡᠯ᠎ᠢ ᠪᠦᠷᠢᠯᠳᠦᠭᠦᠯᠪᠡ᠃ ᠡᠨᠡ ᠬᠦ᠌ ᠦᠶ᠋ᠯᠡᠳᠪᠦᠷᠢᠯᠡᠯ᠎ᠦᠨ ᠱᠤᠭᠤᠮ᠎ᠢ ᠪᠠᠢᠭᠤᠯᠤᠭ᠍ᠰᠠᠨ ᠨᠢ ᠠᠵᠤ ᠠᠬᠤᠢᠯᠠᠯ᠎ᠤᠨ ᠨᠣᠤᠯᠤᠭᠤᠷ᠎ᠤᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠪᠠᠢᠷᠢᠯᠠᠭᠤᠯᠤᠯᠲᠠ᠎ᠶ᠋ᠢ ᠲᠡᠭᠦᠯᠳᠡᠷᠵᠢᠭᠦᠯᠦᠭ᠌ᠰᠡᠨ᠎ᠢᠶᠡᠷ ᠪᠠᠷᠠᠬᠤ ᠥᠬᠡᠶ᠂ ᠤᠯᠠᠭᠠᠨᠬᠠᠳᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠨᠣᠤᠯᠤᠭᠤᠷ᠎ᠤᠨ ᠨᠡᠭᠡᠮᠡᠯ᠎ᠦᠨ ᠠᠵᠤ ᠦᠶ᠋ᠯᠡᠰ᠎ᠦᠨ ᠬᠣᠭᠣᠰᠣᠨ᠎ᠢ ᠨᠥᠬᠥᠪᠥᠷᠢᠯᠡᠭ᠌ᠰᠡᠨ ᠪᠠᠢᠨ᠎ᠠ》 ᠬᠡᠵᠦ ᠤᠯᠠᠭᠠᠨᠬᠠᠳᠠ᠎ᠶ᠋ᠢᠨ ᠳ᠋ᠦᠩ ᠯᠢ  ᠨᠣᠤᠯᠤᠭᠤᠷ᠎ᠤᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠨᠣᠤᠯᠤᠭᠤᠷ᠎ᠤᠨ ᠨᠡᠭᠡᠮᠡᠯ᠎ᠦᠨ ᠦᠶ᠋ᠯᠡᠳᠪᠦᠷᠢᠯᠡᠯ᠎ᠦᠨ ᠬᠡᠯᠲᠡᠰ᠎ᠦᠨ ᠪᠡᠯᠡᠳᠭᠡᠯ ᠠᠵᠢᠯ᠎ᠤᠨ ᠬᠠᠷᠢᠭᠤᠴᠠᠯᠭᠠᠲᠠᠨ ᠭᠤᠤ ᠯᠢ ᠴᠤᠤ ᠬᠡᠯᠡᠪᠡ᠃

ᠵᠠᠭᠤᠨ ᠺᠢᠯᠣᠮᠧᠲ᠋ᠷ᠎ᠦᠨ ᠲᠡᠷᠳᠡᠭᠡ ᠳ᠋ᠡᠬᠢ ᠪᠠᠭᠠᠷᠢᠨ ᠪᠠᠷᠠᠭᠤᠨ ᠬᠤᠰᠢᠭᠤᠨ ᠳ᠋ᠦ 5 ᠲᠦᠮᠡᠨ ᠲᠤᠯᠤᠭᠠᠢ ᠬᠠᠨ ᠠᠭᠤᠯᠠ᠎ᠶ᠋ᠢᠨ ᠴᠠᠭᠠᠨ ᠨᠣᠤᠯᠤᠭᠤᠷ᠎ᠤᠨ ᠢᠮᠠᠭ᠎ᠠ᠎ᠶ᠋ᠢ ᠥᠨᠳᠥᠷ ᠪᠦᠲᠦᠮᠵᠢᠲᠡᠶ᠎ᠪᠡᠷ ᠦᠷᠡᠵᠢᠭᠦᠯᠦᠨ ᠪᠣᠢᠵᠢᠭᠤᠯᠬᠤ ᠮᠡᠷᠭᠡᠵᠢᠯ᠎ᠦᠨ ᠵᠢᠱ᠌ᠢᠶ᠎ᠡ ᠦᠵᠡᠭᠦᠯᠦᠨ ᠲᠡᠯᠭᠡᠷᠡᠭᠦᠯᠬᠦ ᠲᠥᠷᠥᠯ ᠵᠦᠶ᠋ᠯ᠎ᠢ ᠢᠳᠡ ᠬᠦᠭ ᠲᠠᠢ ᠬᠡᠷᠡᠭ᠌ᠵᠢᠭᠦᠯᠦᠨ᠎ᠡ᠃ ᠠᠵᠤ ᠠᠬᠤᠢᠯᠠᠯ᠎ᠤᠨ ᠬᠢᠨ ᠪᠡᠶ᠎ᠡ᠎ᠶ᠋ᠢᠨ ᠡᠰ᠎ᠦᠨ ᠺᠯᠦ᠋ᠨ ᠮᠡᠷᠭᠡᠵᠢᠯ᠎ᠢᠶᠡᠷ ᠪᠣᠶ ᠪᠣᠯᠭᠠᠭ᠍ᠰᠠᠨ ᠬᠡᠲᠦ ᠨᠠᠷᠢᠨ ᠨᠣᠤᠯᠤᠭᠤᠷᠳᠤ ᠬᠠᠨ ᠠᠭᠤᠯᠠ᠎ᠶ᠋ᠢᠨ ᠴᠠᠭᠠᠨ ᠨᠣᠤᠯᠤᠭᠤᠷ᠎ᠤᠨ ᠢᠮᠠᠭᠠᠨ᠎ᠤ ᠨᠣᠤᠯᠤᠭᠤᠷ ᠤ᠋ᠨ ᠨᠠᠷᠢᠯᠢᠭ᠍ᠴᠠ ᠨᠢ 14 ᠮᠢᠺᠷᠣᠨ ᠣᠷᠴᠢᠮ ᠪᠠᠢᠵᠤ᠂ ᠦᠰᠦᠨ ᠱᠢᠷᠬᠡᠭ᠎ᠡᠴᠡ ᠴᠦ᠍ ᠨᠠᠷᠢᠨ ᠪᠠᠢᠳᠠᠭ᠃

《ᠺᠯᠦ᠋ᠨ ᠬᠤᠨᠢᠨ᠎ᠤ ᠠᠮᠵᠢᠯᠲᠠ᠎ᠶ᠋ᠢᠨ ᠨᠤᠷᠮ᠎ᠠ 98% ᠳ᠋ᠤ ᠬᠦᠷᠴᠡᠢ᠂ ᠮᠠᠨ᠎ᠤ ᠬᠠᠷᠠᠯᠲᠠ ᠪᠣᠯ 3 ᠡᠴᠡ 5 ᠵᠢᠯ᠎ᠳᠦ 100 ᠲᠦᠮᠡ᠎ᠡᠴᠡ 200 ᠲᠦᠮᠡᠨ ᠲᠤᠯᠤᠭᠠᠢ᠎ᠳᠦ ᠬᠦᠷᠦᠭᠦᠯᠦᠨ᠎ᠡ》 ᠬᠡᠵᠦ ᠤᠯᠠᠭᠠᠨᠬᠠᠳᠠ᠎ᠶ᠋ᠢᠨ ᠳ᠋ᠦᠩ ᠷᠦᠩ ᠢᠮᠠᠭᠠᠨ ᠨᠣᠤᠯᠤᠭᠤᠷ᠎ᠤᠨ ᠬᠥᠭ᠌ᠵᠢᠯᠲᠡ᠎ᠶ᠋ᠢᠨ (ᠪᠦᠯᠦᠭ᠌ᠯᠡᠯ) ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠴᠧᠩ ᠱᠢᠤᠢ ᠳ᠋ᠦᠩ ᠢᠲᠡᠭᠡᠯ ᠳᠦᠭᠦᠷᠡᠩ ᠬᠡᠯᠡᠨ᠎ᠡ᠃

ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠲᠤᠬᠠᠶ ᠶᠠᠷᠢᠬᠤ᠎ᠳᠠᠭᠠᠨ ᠴᠧᠩ ᠱᠢᠤᠢ ᠳ᠋ᠦᠩ᠄ 《2025 ᠣᠨ᠎ᠳᠤ ᠮᠠᠨ᠎ᠤ ᠦᠶ᠋ᠯᠡᠳᠬᠦᠨ᠎ᠦ ᠥᠷᠲᠡᠭ 10 ᠳ᠋ᠦᠩᠱᠢᠭᠤᠷ ᠲᠥᠭᠥᠷᠢᠭ᠎ᠲᠦ ᠬᠦᠷᠴᠦ᠍᠂ ᠪᠣᠷᠣᠯᠠᠭᠤᠯᠭ᠎ᠠ᠎ᠶ᠋ᠢᠨ ᠬᠡᠮᠵᠢᠶ᠎ᠡ 7 ᠳ᠋ᠦᠩᠱᠢᠭᠤᠷ ᠲᠥᠭᠥᠷᠢᠭ᠎ᠲᠦ ᠬᠦᠷᠴᠦ᠍᠂ 2026 ᠣᠨ᠎ᠤ 4 ᠰᠠᠷ᠎ᠠ᠎ᠶ᠋ᠢᠨ ᠳᠤᠮᠳᠠᠴᠢ ᠪᠣᠯᠲᠠᠯ᠎ᠠ ᠨᠢᠭᠡᠨᠲᠡ 80 ᠲᠦᠮᠡᠨ ᠵᠠᠬ᠎ᠠ ᠨᠣᠤᠯᠤᠭᠤᠷ᠎ᠤᠨ ᠬᠠᠨᠲᠠᠭᠠᠰᠤ᠎ᠶ᠋ᠢᠨ ᠵᠠᠬᠢᠶᠠᠯᠠᠭ᠎ᠠ ᠲᠤᠰᠴᠤ᠌᠂ ᠦᠶ᠋ᠯᠡᠳᠬᠦᠨ᠎ᠢᠶᠡᠨ ᠭᠤᠤᠯᠳᠠᠭᠤ ᠰᠸᠢᠰ᠂ ᠹᠷᠠᠨᠼᠢ᠂ ᠠᠨᠭ᠌ᠭ᠌ᠯᠢ ᠵᠡᠷᠭᠡ ᠧᠦ᠋ᠷᠣᠫᠠ᠎ᠶ᠋ᠢᠨ ᠵᠠᠬ᠎ᠠ ᠳᠡᠯᠭᠡᠭᠦᠷ᠎ᠲᠦ ᠪᠣᠷᠣᠯᠠᠭᠤᠯᠪᠠ᠃ ᠡᠨᠡ ᠪᠣᠯ ᠶᠠᠭ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠡᠴᠡ ᠪᠤᠯᠤᠭᠰᠠᠨ ᠦᠨᠡᠨ ᠪᠣᠳᠠᠲᠠᠶ ᠦᠷ᠎ᠡ ᠪᠦᠲᠦᠭᠡᠯ ᠮᠥᠨ》 ᠬᠡᠯ᠎ᠡ᠃

ᠤᠯᠠᠭᠠᠨᠬᠠᠳᠠ ᠬᠣᠲᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠭᠤᠤᠯ ᠬᠥᠳᠡᠯᠭᠡᠭᠦᠷ ᠪᠣᠯᠭᠠᠬᠤ᠎ᠶ᠋ᠢ ᠪᠠᠷᠢᠮᠲᠠᠯᠠᠵᠤ᠂ ᠢᠮᠠᠭᠠᠨ ᠨᠣᠤᠯᠤᠭᠤᠷ ᠵᠡᠷᠭᠡ ᠣᠨᠴᠠᠯᠢᠭ᠍ᠲᠤ ᠳᠠᠪᠠᠭᠤᠯᠢᠭ ᠠᠵᠤ ᠦᠶ᠋ᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠵᠠᠰᠠᠭ᠎ᠤᠨ ᠣᠷᠳᠣᠨ᠎ᠠᠴᠠ ᠲᠠᠪᠴᠠᠩ ᠪᠠᠢᠭᠤᠯᠬᠤ᠂ ᠠᠵᠤ ᠠᠬᠤᠢᠯᠠᠯ᠎ᠠᠴᠠ ᠰᠡᠳᠦᠪ ᠭᠠᠷᠭᠠᠬᠤ᠂ ᠬᠠᠮᠲᠤᠷᠠᠨ ᠰᠡᠳᠦᠪ ᠬᠠᠷᠢᠭᠤᠯᠬᠤ᠂ ᠵᠠᠬ᠎ᠠ ᠳᠡᠯᠭᠡᠭᠦᠷ᠎ᠢᠶᠡᠷ ᠰᠡᠳᠦᠪ ᠬᠢᠨᠠᠭᠤᠯᠬᠤ ᠱᠢᠨ᠎ᠡ᠎ᠶ᠋ᠢ ᠡᠭᠦᠳᠬᠦ᠌ ᠬᠠᠮᠵᠢᠯᠴᠠᠭᠠᠨ᠎ᠤ ᠴᠣᠭ᠍ᠴᠠ᠎ᠶ᠋ᠢ ᠪᠠᠢᠭᠤᠯᠵᠤ᠂ ᠦᠶ᠋ᠯᠡᠳᠪᠦᠷᠢᠯᠡᠬᠦ᠌ ᠵᠢᠭᠠᠬᠤ ᠰᠤᠳᠤᠯᠬᠤ ᠬᠡᠷᠡᠭ᠌ᠯᠡᠬᠦ᠌᠎ᠶ᠋ᠢ ᠭᠦᠨᠵᠡᠭᠡᠶ ᠠᠭᠤᠰᠤᠯᠴᠠᠭᠤᠯᠬᠤ᠎ᠶ᠋ᠢ ᠠᠬᠢᠭᠤᠯᠵᠤ᠂ ᠬᠠᠭᠤᠴᠢᠨ ᠠᠵᠤ ᠦᠶ᠋ᠯᠡᠰ᠎ᠢ ᠱᠢᠨ᠎ᠡ ᠠᠮᠢᠵᠢᠷᠠᠯ᠎ᠤᠨ ᠬᠦᠴᠦᠨ᠎ᠲᠡᠶ ᠪᠣᠯᠭᠠᠵᠤ᠂ ᠬᠤᠷᠳᠤᠴᠠ᠎ᠪᠠᠨ ᠲᠦᠷᠭᠡᠳᠭᠡᠪᠡ᠃ ᠤᠯᠠᠭᠠᠨᠬᠠᠳᠠ ᠬᠣᠲᠠ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠶᠠᠨ᠄ 《ᠪᠢᠳᠡ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠨᠡ ᠬᠦ᠌ 〈ᠵᠠᠩᠭᠢᠯᠠᠭ᠎ᠠ᠎ᠶ᠋ᠢᠨ ᠬᠤᠪᠢᠰᠤᠭ᠍ᠴᠢ〉 ᠶ᠋ᠢ ᠠᠵᠤ ᠦᠶ᠋ᠯᠡᠰ᠎ᠦᠨ ᠲᠠᠰ ᠳᠡᠪᠱᠢᠬᠦ᠌ 〈ᠬᠠᠮᠤᠭ᠎ᠤᠨ ᠶᠡᠬᠡ ᠨᠡᠮᠡᠭ᠌ᠳᠡᠯ〉 ᠪᠣᠯᠭᠠᠨ ᠬᠤᠪᠢᠷᠠᠭᠤᠯᠵᠤ᠂ ᠤᠯᠠᠭᠠᠨᠬᠠᠳᠠ ᠵᠢᠨ ᠦᠢᠯᠡᠳᠭᠡᠯ᠂ ᠤᠯᠠᠭᠠᠨᠬᠠᠳᠠ ᠵᠢᠨ ᠡᠬᠦᠳᠦᠯᠳᠡ ᠵᠢ ᠨᠠᠩ ᠥᠷᠭᠡᠨ ᠠᠭᠤᠳᠠᠮ ᠲᠠᠪᠴᠠᠩ᠎ᠳᠤ ᠭᠠᠷᠭᠠᠨ᠎ᠠ》 ᠬᠡᠵᠦ ᠰᠤᠷᠪᠤᠯᠵᠢᠯᠠᠭ᠎ᠠ ᠬᠦᠯᠢᠶᠡᠭᠦ ᠳ᠋ᠡᠭᠡᠨ ᠶᠠᠷᠢᠵᠤ ᠪᠠᠢᠯ᠎ᠠ᠃


ᠰᠤᠷᠪᠤᠯᠵᠢᠯᠠᠭ᠍ᠴᠢ᠎ᠶ᠋ᠢᠨ ᠡᠪᠦᠷ ᠲᠡᠮᠳᠡᠭᠯᠡᠯ᠄

ᠲᠣᠭᠠᠴᠢᠯᠠᠭ᠍ᠰᠠᠨ ᠦᠶ᠋ᠯᠡᠳᠪᠦᠷᠢ᠎ᠪᠡᠷ ᠨᠢᠭᠡ ᠡᠳᠦᠷ ᠰᠤᠷᠪᠤᠯᠵᠢᠯᠠᠵᠤ ᠶᠠᠪᠤᠬᠤ ᠳ᠋ᠤ ᠲᠡᠳᠡᠭᠡᠷ ᠢᠮᠠᠭᠠᠨ ᠨᠣᠤᠯᠤᠭᠤᠷ ᠮᠢᠨᠦ᠍ ᠠᠩᠬᠠᠷᠤᠯ᠎ᠢ ᠮᠠᠰᠢ ᠲᠠᠲᠠᠵᠠᠢ᠃ ᠰᠠᠯᠬᠢ ᠰᠣᠷᠣᠬᠤ ᠬᠡᠯᠪᠡᠷᠢ ᠵᠢᠨ ᠠᠦ᠋ᠲ᠋ᠣᠴᠢᠯᠠᠭ᠍ᠰᠠᠨ ᠨᠣᠤᠯᠤᠭᠤᠷ ᠢᠯᠭᠠᠨ ᠰᠠᠯᠭᠠᠬᠤ ᠮᠠᠱᠢᠨ᠎ᠢ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭ᠌ᠰᠡᠨ ᠤᠷᠠᠨ ᠰᠡᠳᠭᠢᠮᠵᠢ ᠨᠢᠭᠤᠭ᠍ᠳᠠᠵᠤ ᠪᠤᠢ᠃ ᠮᠡᠷᠭᠡᠵᠢᠯ᠎ᠦᠨ ᠶᠡᠷᠦᠩᠬᠡᠢ ᠬᠢᠨᠠᠭ᠍ᠴᠢ ᠭᠤᠤ ᠸᠠᠨ ᠵᠢᠶᠦ᠋ᠨ 《ᠤᠯᠤᠰ᠎ᠤᠨ ᠳᠣᠲᠣᠭᠠᠳᠤ᠎ᠳᠤ ᠴᠤᠷ᠎ᠤᠨ ᠭᠠᠭ᠍ᠴᠠ》 ᠭᠡᠳᠡᠭ᠎ᠢ ᠳᠤᠷᠠᠳᠭᠤ ᠦᠶ᠎ᠡ᠎ᠶ᠋ᠢᠨ ᠢᠳᠡᠭᠡᠯ ᠤᠮᠤᠭᠰᠢᠯ ᠨᠢ ᠨᠠᠳᠠ᠎ᠳᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢᠨ ᠬᠤᠪᠢ᠎ᠶ᠋ᠢᠨ ᠵᠢᠩ᠎ᠢ ᠦᠨᠡᠨ ᠬᠦ᠌ ᠤᠢ᠍ᠢᠯᠠᠭᠠᠭᠤᠯᠪᠠ᠃ ᠵᠠᠭᠤᠨ ᠺᠢᠯᠣᠮᠧᠲ᠋ᠷ᠎ᠦᠨ ᠲᠡᠷᠳᠡᠭᠡᠬᠢ ᠺᠯᠦ᠋ᠨ ᠮᠡᠷᠭᠡᠵᠢᠯ᠎ᠢᠶᠡᠷ ᠪᠣᠢᠵᠢᠭᠤᠯᠤᠭ᠍ᠰᠠᠨ ᠨᠠᠷᠢᠨ ᠨᠣᠤᠯᠤᠭᠤᠷᠳᠤ ᠬᠠᠨ ᠠᠭᠤᠯᠠ᠎ᠶ᠋ᠢᠨ ᠴᠠᠭᠠᠨ ᠨᠣᠤᠯᠤᠭᠤᠷ᠎ᠤᠨ ᠢᠮᠠᠭ᠎ᠠ ᠨᠢ 《ᠰᠠᠢᠨ ᠨᠣᠤᠯᠤᠭᠤᠷ》 ᠵᠢᠡᠷ ᠦᠨᠡᠯᠡᠭᠳᠡᠭᠰᠡᠨ ᠨᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠠᠯᠬᠠᠪᠴᠢ᠎ᠶ᠋ᠢ ᠪᠡᠬᠢᠵᠢᠭᠦᠯᠪᠡ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ ᠨᠢ ᠦᠯᠦ ᠬᠠᠷᠠᠭᠳᠠᠬᠤ ᠲᠣᠷᠭᠠᠨ ᠤᠲᠠᠰᠤ ᠮᠡᠲᠦ ᠪᠡᠷ ᠲᠠᠯ᠎ᠠ ᠨᠤᠲᠤᠭ᠎ᠤᠨ ᠨᠤᠤᠰᠤ ᠨᠣᠤᠯᠤᠭᠤᠷ᠎ᠠᠴᠠ ᠳᠡᠭᠡᠳᠦ ᠲᠡᠰ᠎ᠤᠨ ᠪᠥᠰ ᠬᠦᠷᠲᠡᠯᠡᠬᠢ᠂ ᠮᠠᠯᠵᠢᠯ᠎ᠤᠨ ᠲᠠᠯᠠᠪᠠᠢ᠎ᠳᠤ ᠦᠷᠡᠵᠢᠭᠦᠯᠦᠨ ᠪᠣᠢᠵᠢᠭᠤᠯᠬᠤ᠎ᠠᠴᠠ ᠦᠢᠯᠡᠳᠪᠦᠷᠢ᠎ᠶ᠋ᠢᠨ ᠲᠠᠰᠤᠭ᠎ᠲᠤ ᠦᠢᠯᠡᠳᠪᠦᠷᠢᠯᠡᠬᠦ᠌ ᠬᠦᠷᠲᠡᠯᠡᠬᠢ ᠪᠦᠬᠦ ᠬᠡᠯᠬᠢᠶ᠎ᠡ ᠵᠢ ᠬᠤᠯᠪᠤᠵᠠᠢ᠃ ᠳ᠋ᠦᠩ ᠯᠢ ᠺᠣᠮᠫᠠᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠵᠢᠭᠦᠷ ᠪᠣᠯᠭᠠᠵᠤ᠂ ᠤᠷᠠᠨ ᠳᠠᠷᠬᠠᠨ᠎ᠤ ᠰᠡᠳᠭᠢᠯ᠎ᠢᠶᠡᠷ ᠦᠨᠳᠦᠰᠦ ᠪᠣᠯᠭᠠᠵᠤ᠂ ᠤᠯᠠᠮᠵᠢᠯᠠᠯᠲᠤ ᠠᠵᠤ ᠦᠢᠯᠡᠰ᠎ᠦᠨ ᠤᠷᠤᠯᠳᠤᠭᠠᠨ᠎ᠤ ᠵᠠᠮ᠎ᠳᠤ ᠬᠤᠷᠳᠤᠴᠠ᠎ᠪᠠᠨ ᠲᠦᠷᠭᠡᠳᠭᠡᠨ᠎ᠡ᠃ ᠡᠳᠦᠭᠡ ᠤᠯᠠᠭᠠᠨᠬᠠᠳᠠ᠎ᠳᠤ᠂ ᠤᠯᠠᠮ᠎ᠠᠴᠠ ᠤᠯᠠᠨ ᠤᠯᠠᠮᠵᠢᠯᠠᠯᠲᠤ ᠠᠵᠤ ᠦᠢᠯᠡᠰ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠳᠠᠮᠵᠢᠨ ᠡᠨᠧᠷᠭᠢ ᠣᠯᠵᠤ᠂ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢᠶᠡᠨ ᠪᠠᠳᠠᠷᠠᠭᠤᠯᠵᠤ᠂ ᠨᠡᠩ ᠥᠷᠭᠡᠨ ᠠᠭᠤᠳᠠᠮ ᠢᠷᠡᠭᠡᠳᠦᠢ ᠲᠡᠢᠰᠢ ᠯᠠᠪᠳᠠᠭᠤᠨ ᠪᠠᠲᠤᠲᠠᠢ ᠤᠷᠤᠭ᠍ᠰᠢᠯᠠᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号