ᠲᠦᠡᠭᠯᠢᠶᠤᠤ ᠬᠤᠲᠠ ᠶ᠋ᠢᠨ ᠬᠤᠷᠴᠢᠨ ᠵᠡᠭᠦᠨ ᠭᠠᠷᠤᠨ ᠬᠤᠢᠲᠤ ᠬᠤᠰᠢᠭᠤᠨ ᠤ᠋ ᠪᠠᠭᠠᠲᠠᠯ᠎ᠠ ᠰᠤᠮᠤ ᠶ᠋ᠢᠨ ᠶᠡᠬᠡᠪᠤᠯᠠᠭ ᠭᠠᠴᠠᠭᠠᠨ ᠤ᠋ ᠲᠠᠷᠢᠶᠠᠴᠢᠳ ᠲᠠᠷᠢᠶ᠎ᠠ ᠲᠠᠷᠢᠨ ᠶᠠᠭᠠᠷᠠᠯᠳᠤᠨ᠎ᠠ
2026-05-14 17:55:08
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


QQ20260514-175451.png


5 ᠰᠠᠷ᠎ᠠ ᠶ᠋ᠢᠨ 10 ᠤ᠋ ᠡᠳᠦᠷ᠂ ᠲᠦᠡᠭᠯᠢᠶᠤᠤ ᠬᠤᠲᠠ ᠶ᠋ᠢᠨ ᠬᠤᠷᠴᠢᠨ ᠵᠡᠭᠦᠨ ᠭᠠᠷᠤᠨ ᠬᠤᠢᠲᠤ ᠬᠤᠰᠢᠭᠤᠨ ᠤ᠋ ᠪᠠᠭᠠᠲᠠᠯ᠎ᠠ ᠰᠤᠮᠤ ᠶ᠋ᠢᠨ ᠶᠡᠬᠡᠪᠤᠯᠠᠭ ᠭᠠᠴᠠᠭᠠᠨ ᠤ᠋ ᠲᠠᠷᠢᠶᠠᠨ ᠭᠠᠵᠠᠷ ᠲᠦ᠍ ᠲᠤᠮᠤ ᠬᠡᠯᠪᠡᠷᠢ ᠶ᠋ᠢᠨ ᠲᠠᠷᠢᠶᠠᠯᠠᠡᠭ ᠤ᠋ᠨ ᠮᠠᠰᠢᠨ ᠨᠠᠭᠠᠰᠢ ᠴᠠᠭᠠᠰᠢ ᠰᠦᠯᠵᠢᠯᠳᠦᠨ᠂ ᠲᠠᠷᠢᠶᠠᠴᠢᠳ ᠲᠠᠷᠢᠶ᠎ᠠ ᠪᠡᠨ ᠲᠠᠷᠢᠬᠤ ᠪᠡᠷ ᠤᠨᠠᠭᠰᠠᠨ ᠮᠠᠯᠠᠭᠠᠢ ᠪᠡᠨ ᠠᠪᠬᠤ ᠵᠠᠪ ᠦᠭᠡᠢ ᠶᠠᠭᠠᠷᠠᠯᠳᠤᠨ᠎ᠠ᠃ ᠲᠠᠷᠢᠶᠠᠨ ᠭᠠᠵᠠᠷ ᠢ᠋ 《 ᠬᠡᠨ ᠲᠠᠷᠢᠬᠤ᠂ ᠶᠠᠭᠠᠬᠢᠵᠤ ᠲᠠᠷᠢᠬᠤ 》 ᠠᠰᠠᠭᠤᠳᠠᠯ ᠢ᠋ ᠰᠢᠢᠳᠪᠦᠷᠢᠯᠡᠬᠦ ᠶ᠋ᠢᠨ ᠲᠦᠯᠦᠭᠡ᠂ ᠶᠡᠬᠡᠪᠤᠯᠠᠭ ᠭᠠᠴᠠᠭ᠎ᠠ 2024 ᠤᠨ ᠡᠴᠡ ᠡᠬᠢᠯᠡᠨ ᠪᠠᠶᠠᠵᠢᠯ ᠲᠠᠷᠢᠮᠠᠯ ᠤ᠋ᠨ ᠲᠤᠰᠬᠠᠢ ᠬᠤᠷᠰᠢᠶ᠎ᠡ ᠳ᠋ᠦ ᠰᠠᠭᠤᠷᠢᠯᠠᠨ᠂ 《ᠲᠠᠷᠢᠶᠠᠯᠠᠬᠤ ᠡᠷᠦᠬᠡ ᠨᠠᠢᠳᠠᠨ ᠬᠠᠮᠢᠶᠠᠷᠤᠭᠤᠯᠬᠤ᠂ ᠠᠵᠤ ᠠᠬᠤᠢᠯᠠᠯ ᠦᠢᠯᠡᠴᠢᠯᠡᠭᠡ ᠬᠠᠩᠭᠠᠬᠤ᠂ ᠲᠤᠰᠬᠠᠢ ᠬᠤᠷᠰᠢᠶ᠎ᠡ ᠡᠵᠡᠡᠭᠨᠡᠨ ᠬᠠᠮᠢᠶᠠᠷᠬᠤ》 ᠵᠠᠭᠪᠤᠷ ᠶ᠋ᠢᠡᠷ ᠲᠤᠰᠬᠠᠢ ᠬᠤᠷᠰᠢᠶ᠎ᠡ ᠶ᠋ᠢᠨ ᠲᠠᠷᠢᠶᠠᠴᠢᠳ ᠲᠠᠭᠠᠨ ᠲᠠᠷᠢᠶᠠᠯᠠᠡᠭ ᠤ᠋ᠨ ᠪᠦᠬᠦ ᠶᠠᠪᠤᠴᠠ ᠶ᠋ᠢᠨ ᠨᠡᠢᠭᠡᠮᠴᠢᠯᠡᠭᠰᠠᠨ ᠦᠢᠯᠡᠴᠢᠯᠡᠭᠡ ᠬᠠᠡᠭᠭᠠᠪᠠ᠃ 《ᠮᠠᠨ ᠤ᠋ ᠲᠤᠰᠬᠠᠢ ᠬᠤᠷᠰᠢᠶ᠎ᠠ ᠡᠨᠡ ᠵᠢᠯ 490 ᠡᠷᠦᠬᠡ ᠶ᠋ᠢᠨ 11500 ᠮᠦ᠍ ᠲᠠᠷᠢᠶᠠᠨ ᠭᠠᠵᠠᠷ ᠢ᠋ ᠳᠠᠭᠠᠭᠠᠴᠢᠯᠠᠨ ᠲᠠᠷᠢᠬᠤ ᠪᠤᠯᠤᠨ᠎ᠠ᠃ ᠨᠢᠳᠤᠨᠤᠨ ᠪᠢᠳᠡ 3 ᠭᠠᠴᠠᠭ᠎ᠠ ᠲᠤᠰᠬᠤᠨ ᠤ᠋ 332 ᠡᠷᠦᠬᠡ ᠶ᠋ᠢᠨ 9950 ᠮᠦ᠍ ᠲᠠᠷᠢᠶᠠᠨ ᠭᠠᠵᠠᠷ ᠢ᠋ ᠳᠠᠭᠠᠭᠠᠴᠢᠯᠠᠵᠤ᠂ ᠮᠠᠯᠴᠢᠨ ᠲᠠᠷᠢᠶᠠᠴᠢᠳ ᠲᠦ᠍ 660 ᠲᠦᠮᠡᠨ ᠲᠦᠭᠦᠷᠢᠭ ᠤ᠋ᠨ ᠠᠰᠢᠭ ᠬᠤᠪᠢᠶᠠᠷᠢᠯᠠᠭᠰᠠᠨ ᠶᠤᠮ》 ᠭᠡᠵᠦ ᠪᠠᠶᠠᠵᠢᠯ ᠲᠤᠰᠬᠠᠢ ᠬᠤᠷᠰᠢᠶ᠎ᠡ ᠶ᠋ᠢᠨ ᠬᠡᠷᠡᠭ ᠡᠷᠬᠢᠯᠡᠭᠴᠢᠳ ᠤ᠋ᠨ ᠳᠠᠷᠤᠭ᠎ᠠ ᠨᠠᠰᠤᠨᠳᠡᠯᠭᠡᠷ ᠶᠡᠷᠢᠵᠤ ᠪᠠᠢᠯ᠎ᠠ᠃

ᠲᠤᠰ ᠰᠤᠨᠢᠨ ᠤ᠋ ᠰᠤᠷᠪᠤᠯᠵᠢᠯᠠᠭᠴᠢ ᠪᠤᠤ ᠴᠢᠡᠭ ᠱᠸᠡᠭ ᠼᠠᠢ ᠬᠤᠡᠭ ᠰᠡᠭᠦᠳᠡᠷᠯᠡᠪᠡ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号