5 ᠰᠠᠷ᠎ᠠ᠎ᠶ᠋ᠢᠨ 12 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠡᠮᠡᠭ᠌ᠲᠡᠢᠴᠦᠳ᠎ᠦᠨ ᠬᠣᠯᠪᠣᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ᠎ᠤᠨ ᠶᠠᠪᠤᠳᠠᠯ ᠤᠨ ᠲᠢᠩᠬᠢᠮ᠎ᠡᠴᠡ ᠬᠠᠮᠲᠤᠷᠠᠨ ᠭᠤᠤᠯᠯᠠᠨ ᠡᠷᠭᠢᠯᠡᠭ᠌ᠰᠡᠨ 2026 ᠣᠨ ᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ 《ᠬᠠᠮᠤᠭ ᠤᠨ ᠭᠣᠶᠣ ᠬᠡᠷ ᠪᠦᠯᠢ》 ᠶ᠋ᠢ ᠰᠠᠢᠰᠢᠶᠠᠨ ᠬᠦᠬᠢᠬᠦᠯᠬᠦ ᠵᠢᠴᠢ ᠨᠡᠢᠲᠡ᠎ᠶ᠋ᠢᠨ ᠠᠰᠠᠷᠠᠮᠵᠢ ᠶ᠋ᠢᠨ ᠵᠢᠱ᠌ᠢᠶ᠎ᠡ ᠦᠵᠡᠭᠦᠯᠬᠦ᠌ ᠴᠢᠨᠠᠷᠲᠠᠶ ᠬᠠᠮᠲᠤ ᠶ᠋ᠢᠨ ᠬᠤᠷᠢᠮ᠎ᠤᠨ ᠶᠤᠰᠤᠯᠠᠯ ᠬᠥᠬᠡᠬᠣᠲᠠ ᠳᠤ ᠶᠠᠪᠤᠭ᠍ᠳᠠᠪᠠ᠃ ᠠᠵᠢᠯᠯᠠᠭ᠎ᠠ ᠨᠢ ᠳᠤᠮᠳᠠᠳᠤ ᠶ᠋ᠢᠨ ᠤᠯᠠᠮᠵᠢᠯᠠᠯᠲᠤ ᠰᠠᠢᠬᠠᠨ ᠰᠤᠷᠲᠠᠯ ᠢ ᠶᠡᠬᠡᠪᠡᠷ ᠪᠠᠳᠠᠷᠠᠭᠤᠯᠤᠨ᠂ ᠬᠡᠪ ᠵᠠᠩᠱᠢᠯ ᠢ ᠥᠭᠡᠷᠡᠴᠢᠯᠡᠬᠦ᠌᠎ᠶ᠋ᠢ ᠭᠦᠨᠵᠡᠭᠡᠶ ᠠᠬᠢᠭᠤᠯᠵᠤ᠂ ᠪᠣᠯᠪᠠᠰᠤᠨ ᠡᠷᠡᠭᠦᠯ ᠱᠢᠨ᠎ᠡ ᠬᠡᠯᠪᠡᠷᠢ ᠶ᠋ᠢᠨ ᠣᠷᠣᠭ ᠬᠤᠷᠢᠮ᠎ᠤᠨ ᠰᠤᠶᠤᠯ᠎ᠢ ᠰᠤᠷᠳᠠᠯᠴᠢᠯᠠᠨ ᠤᠬᠠᠭᠤᠯᠪᠠ᠃
ᠪᠦᠬᠦᠢᠯᠡ ᠠᠵᠢᠯᠯᠠᠭ᠎ᠠ ᠨᠢ ᠬᠡᠷ᠎ᠦᠨ ᠰᠤᠷᠲᠠᠯ ᠭᠠᠯ ᠪᠠᠮᠪᠠᠷ ᠮᠡᠲᠦ᠂ ᠥᠯᠢᠭᠡᠷ ᠳᠠᠭᠤᠷᠢᠶᠠᠯ᠎ᠤᠨ ᠬᠡᠷᠡᠯ ᠭᠢᠯᠪᠠᠭ᠎ᠠ᠂ ᠰᠡᠳᠭᠢᠯ᠎ᠤᠨ ᠪᠣᠯᠵᠣᠭ᠎ᠠ᠂ ᠲᠡᠭᠦᠰᠭᠡᠯ ᠵᠡᠷᠭᠡ 4 ᠬᠡᠰᠡᠭ᠎ᠢᠶᠡᠷ ᠪᠦᠷᠢᠯᠳᠦᠵᠦ᠍᠂ ᠲᠥᠪ ᠶᠡᠬᠡᠮᠰᠦᠭ ᠪᠥᠭᠡᠳ ᠬᠠᠯᠠᠭᠤᠨ ᠳᠤᠯᠠᠭᠠᠨ ᠪᠠᠢᠵᠤ᠂ ᠬᠡᠷ᠎ᠦᠨ ᠰᠤᠷᠲᠠᠯ᠎ᠢ ᠤᠯᠠᠮᠵᠢᠯᠠᠨ ᠵᠠᠯᠭᠠᠮᠵᠢᠯᠠᠬᠤ᠂ ᠥᠯᠢᠭᠡᠷ ᠳᠠᠭᠤᠷᠢᠶᠠᠯ ᠢ ᠮᠠᠭ᠍ᠲᠠᠨ ᠰᠠᠢᠱᠢᠶᠠᠬᠤ᠂ ᠣᠷᠣᠭ ᠬᠤᠷᠢᠮ᠎ᠤᠨ ᠵᠠᠩ ᠦᠶ᠋ᠯᠡ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠶ ᠠᠭᠤᠰᠤᠯᠴᠠᠭᠤᠯᠵᠤ᠂ ᠤᠯᠤᠰ ᠬᠡᠷ᠎ᠤᠨ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠢᠯᠡᠷᠡᠭᠦᠯᠵᠦ᠍᠂ ᠪᠦᠯᠬᠦᠮᠳᠡᠨ ᠲᠡᠮᠡᠴᠡᠬᠦ᠌ ᠬᠦᠴᠦᠨ ᠢ ᠨᠢᠭ᠍ᠲᠠᠷᠠᠭᠤᠯᠵᠤ᠂ ᠱᠢᠯᠢᠳᠡᠭ ᠰᠠᠢᠨ ᠬᠡᠷ᠎ᠦᠨ ᠰᠤᠷᠲᠠᠯ᠎ᠢ ᠤᠯᠠᠮᠵᠢᠯᠠᠨ ᠪᠠᠳᠠᠷᠠᠭᠤᠯᠬᠤ ᠵᠢ ᠬᠦᠳᠦᠯᠦᠨ ᠵᠢᠯᠤᠭᠤᠳᠴᠠᠢ᠃
ᠠᠵᠢᠯᠯᠠᠭ᠎ᠠ ᠶ᠋ᠢᠨ ᠲᠤᠬᠠᠶ ᠶ᠋ᠢᠨ ᠲᠠᠯᠠᠪᠠᠶ᠎ᠳᠤ᠂ 2026 ᠣᠨ᠎ᠤ ᠥᠪᠥᠷ ᠮᠣᠩᠭᠣᠯ᠎ᠤᠨ 《ᠬᠠᠮᠤᠭ᠎ᠤᠨ ᠭᠣᠶᠣ ᠬᠡᠷ ᠪᠦᠯᠢ》 ᠪᠡᠷ ᠨᠡᠷᠡᠢᠳᠦᠭᠳᠡᠭᠰᠡᠨ 99 ᠭᠡᠷ ᠪᠦᠯᠢ ᠵᠢ ᠨᠡᠢᠲᠡᠯᠡᠪᠡ᠂ ᠡᠲᠡᠭᠡᠷ ᠬᠡᠷ ᠪᠦᠯᠢ᠎ᠶ᠋ᠢᠨ᠎ᠬᠢᠨ ᠤᠯᠤᠰ ᠬᠡᠷ᠎ᠦᠨ ᠬᠠᠢᠷ᠎ᠠ ᠰᠡᠳᠭᠢᠯᠭᠡ ᠵᠢ ᠵᠤᠵᠠᠭᠠᠳᠭᠠᠵᠤ᠂ ᠤᠯᠠᠮᠵᠢᠯᠠᠯᠲᠤ ᠰᠠᠢᠨ ᠰᠠᠢᠬᠠᠨ ᠶᠣᠰᠣ ᠰᠤᠷᠲᠠᠬᠤᠨ᠎ᠢ ᠪᠠᠳᠠᠷᠠᠭᠤᠯᠵᠤ᠂ ᠱᠢᠯᠢᠳᠡᠭ ᠰᠠᠢᠨ ᠬᠡᠷ ᠦᠨ ᠰᠤᠷᠲᠠᠯ ᠢ ᠤᠯᠠᠮᠵᠢᠯᠠᠨ ᠲᠡᠯᠭᠡᠷᠡᠬᠦᠯᠦᠭᠰᠡᠨ ᠪᠠᠢᠨ᠎ᠠ᠃ ᠲᠡᠳᠡᠨᠤᠰ᠎ᠤᠨ ᠵᠠᠷᠢᠮ ᠨᠢ ᠦᠨᠳᠦᠰᠦᠲᠡᠨ ᠦ ᠪᠦᠯᠬᠦᠮᠳᠡᠯ ᠢ ᠠᠬᠢᠭᠤᠯᠬᠤ ᠳᠤᠮᠳᠠ ᠵᠢᠱ᠌ᠢᠶᠡᠴᠢ ᠦᠢᠯᠡᠳᠦᠯ ᠦᠵᠡᠭᠦᠯᠵᠦ᠍᠂ ᠵᠠᠷᠢᠮ ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠣᠷᠴᠢᠨ ᠲᠣᠭᠣᠷᠢᠨ᠎ᠢ ᠬᠠᠮᠠᠭᠠᠯᠠᠬᠤ ᠬᠦᠷᠢᠶᠡᠨ᠎ᠳᠦ ᠤᠶᠤᠨ ᠤᠬᠠᠭᠠᠨ ᠬᠦᠴᠦᠨ ᠴᠢᠳᠠᠯ᠎ᠢᠶᠠᠨ ᠬᠠᠷᠠᠮ ᠦᠭᠡᠢ ᠡᠷᠭᠦᠵᠦ᠍᠂ ᠵᠠᠷᠢᠮ ᠨᠢ ᠤᠷᠢ ᠵᠠᠯᠠᠭᠤ ᠨᠠᠰᠤ᠎ᠪᠠᠨ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠦᠢᠯᠡᠰ ᠲᠸ᠋ ᠵᠣᠷᠢᠭᠤᠯᠵᠤ᠂ ᠵᠠᠷᠢᠮ ᠨᠢ ᠨᠠᠰᠤᠲᠠᠨ᠎ᠢᠶᠠᠨ ᠠᠴᠢᠯᠠᠵᠤ ᠲᠦᠷᠦᠯ ᠰᠠᠳᠤᠨ᠎ᠢᠶᠠᠨ ᠬᠠᠢᠷᠠᠯᠠᠨ᠂ ᠦᠷ᠎ᠡ ᠬᠡᠦᠬᠡᠳ᠎ᠢᠶᠡᠨ ᠰᠤᠷᠭᠠᠨ ᠬᠦᠮᠦᠵᠢᠭᠦᠯᠵᠦ᠂ ᠪᠤᠰᠤᠳ᠎ᠲᠤ ᠬᠠᠢᠷ᠎ᠠ ᠬᠠᠯᠠᠮᠵᠢ ᠬᠦᠷᠭᠡᠵᠦ᠍᠂ ᠨᠡᠢᠭᠡᠮᠨᠡᠢᠲᠡ ᠳᠦ ᠬᠤᠪᠢ ᠨᠡᠮᠡᠷᠢ ᠦᠵᠡᠭᠦᠯᠦᠭᠰᠡᠨ ᠪᠠᠢᠨ᠎ᠠ᠃
ᠠᠵᠢᠯᠯᠠᠭ᠎ᠠ ᠲᠡᠭᠡᠷ᠎ᠡ᠂ 《ᠬᠠᠮᠤᠭ ᠤᠨ ᠭᠣᠶᠣ ᠬᠡᠷ ᠪᠦᠯᠢ》 ᠶ᠋ᠢᠨ ᠲᠥᠯᠥᠭᠡᠯᠡᠭ᠌ᠴᠢ ᠵᠠᠩ ᠯᠢ ᠱᠢᠨ᠄ 《ᠬᠡᠷ ᠪᠦᠯᠢ ᠪᠣᠯ ᠬᠠᠢᠷ᠎ᠠ᠎ᠶ᠋ᠢ ᠡᠷᠬᠢᠮᠯᠡᠬᠦ᠌᠂ ᠬᠠᠷᠢᠭᠤᠴᠠᠯᠭ᠎ᠠ᠎ᠶ᠋ᠢ ᠡᠷᠬᠢᠮᠯᠡᠬᠦ᠌᠂ ᠡᠭᠦᠷᠭᠡᠯᠡᠯ᠎ᠢ ᠡᠷᠬᠢᠮᠯᠡᠬᠦ᠌ ᠭᠠᠵᠠᠷ ᠮᠥᠨ᠃ ᠦᠭᠡ ᠵᠢ ᠰᠠᠢᠲᠤᠷ ᠶᠠᠷᠢᠵᠤ᠂ ᠬᠠᠷᠢᠯᠴᠠᠨ ᠪᠠᠭ᠍ᠲᠠᠭᠠᠵᠤ᠂ ᠨᠠᠰᠤᠲᠠᠨ᠎ᠢᠶᠠᠨ ᠰᠠᠢᠳᠤᠷ ᠬᠠᠷᠠᠭᠠᠯᠵᠠᠵᠤ᠂ ᠬᠡᠦᠬᠡᠳ ᠢᠶᠡᠨ ᠰᠠᠢᠳᠤᠷ ᠬᠥᠮᠦᠵᠢᠭᠦᠯᠵᠦ᠍᠂ ᠠᠵᠢᠯ ᠦᠶ᠋ᠯᠡᠰ᠎ᠢᠶᠡᠨ ᠳᠡᠭᠡᠳᠦᠯᠡᠬᠦ᠌᠎ᠶ᠋ᠢ ᠡᠳᠦᠷ ᠲᠤᠲᠤᠮ ᠤᠨ ᠠᠮᠢᠳᠤᠷᠠᠯ᠎ᠳ᠋ᠠᠭᠠᠨ ᠠᠭᠤᠰᠭᠠᠵᠤ᠂ ᠤᠯᠤᠰ ᠭᠡᠷ᠎ᠤᠨ ᠬᠠᠢᠷ᠎ᠠ ᠰᠡᠳᠭᠢᠯᠭᠡ᠎ᠶ᠋ᠢ ᠰᠡᠳᠭᠢᠯᠳ᠋ᠡᠭᠡᠨ ᠬᠠᠳᠠᠩᠱᠢᠭᠤᠯᠪᠠᠯ ᠵᠤᠬᠢᠨ᠎ᠠ》 ᠭᠡᠪᠡ᠃
《ᠰᠡᠳᠭᠢᠯ᠎ᠤᠨ ᠪᠣᠯᠵᠣᠭ᠎ᠠ》 ᠳ᠋ᠤ᠂ 16 ᠰᠢᠨ᠎ᠡ ᠬᠣᠣᠰ ᠬᠤᠷᠢᠮ᠎ᠤᠨ ᠶᠤᠰᠤᠯᠠᠯ᠎ᠤᠨ ᠬᠤᠪᠴᠠᠰᠤ ᠡᠮᠦᠰᠴᠦ᠍ ᠭᠠᠷ ᠭᠠᠷ ᠵᠢᠡᠨ ᠬᠣᠯᠪᠣᠯᠴᠠᠨ ᠲᠠᠯᠠᠪᠠᠢ᠎ᠳᠤ ᠣᠷᠣᠵᠤ᠂ ᠲᠥᠪ ᠶᠡᠬᠡᠮᠰᠦᠭ ᠤᠯᠠᠮᠵᠢᠯᠠᠯᠲᠤ ᠶᠣᠰᠣᠯᠠᠯ ᠳᠤᠮᠳᠠ ᠨᠠᠰᠤᠨ ᠲᠤᠷᠱᠢᠳᠠ ᠵᠢᠷᠭᠠᠯ ᠵᠤᠪᠠᠯᠠᠩ ᠵᠢᠡᠨ ᠬᠠᠮᠳᠤᠳᠬᠠᠬᠤ ᠪᠠᠨ ᠠᠮᠠᠯᠳᠠᠪᠠ᠃ ᠬᠤᠷᠢᠮ ᠦᠨ ᠶᠤᠰᠤᠯᠠᠯ ᠦᠨ ᠬᠦᠲᠦᠯᠦᠭᠴᠢ᠂ ᠭᠡᠷᠡᠴᠢᠯᠡᠭ᠌ᠴᠢ ᠨᠠᠷ ᠡᠴᠡ ᠱᠢᠨ᠎ᠡ ᠬᠥᠮᠦᠨ᠎ᠳᠦ ᠴᠢᠩ ᠰᠡᠳᠭᠢᠯ᠎ᠦᠨ ᠵᠥᠩᠨᠡᠯ᠎ᠢᠶᠡᠨ ᠳᠡᠪᠱᠢᠭᠦᠯᠪᠡ᠃