ᠭᠤᠷᠪᠠᠳᠤᠭᠠᠷ ᠡᠭᠡᠯᠵᠢ᠎ᠶ᠋ᠢᠨ ᠵᠢᠷᠭᠤᠳᠤᠭᠠᠷ ᠪᠦᠯᠦᠭ᠎ᠦᠨ ᠲᠥᠪ᠎ᠦᠨ ᠠᠮᠢ ᠠᠬᠤᠶ ᠣᠷᠴᠢᠨ ᠲᠤᠭᠤᠷᠢᠨ ᠤ᠋ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠯᠲᠠ ᠵᠢᠨ ᠳᠤᠭᠤᠢᠯᠠᠩ ᠪᠦᠬᠦᠨ᠎ᠢᠶᠡᠷ᠎ᠢᠶᠡᠨ ᠬᠢᠨᠠᠨ ᠪᠠᠢᠴᠠᠭᠠᠬᠤ ᠪᠡᠷ ᠣᠷᠣᠵᠤ ᠰᠠᠭᠤᠪᠠ
2026-05-14 09:21:24
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 5 ᠰᠠᠷ᠎ᠠ᠎ᠶ᠋ᠢᠨ 9 ᠤ᠋ ᠡᠳᠦᠷ ᠠᠮᠢ ᠠᠬᠤᠢ ᠣᠷᠴᠢᠨ ᠲᠣᠭᠣᠷᠢᠨ᠎ᠤ ᠶᠠᠮᠤᠨ ᠡᠴᠡ ᠤᠢ᠍ᠢᠯᠠᠭᠠᠭ᠍ᠰᠠᠠ ᠵᠢᠡᠷ᠂ ᠲᠤᠰ ᠡᠳᠦᠷ᠂ ᠭᠤᠷᠪᠠᠳᠤᠭᠠᠷ ᠡᠭᠡᠯᠵᠢ᠎ᠶ᠋ᠢᠨ ᠵᠢᠷᠭᠤᠳᠤᠭᠠᠷ ᠪᠦᠯᠦᠭ᠎ᠦᠨ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠯᠳᠠ ᠵᠢᠨ 7 ᠳᠤᠭᠤᠢᠯᠠᠩ ᠪᠦᠬᠦᠨ᠎ᠢᠶᠡᠷ᠎ᠢᠶᠡᠨ ᠬᠢᠨᠠᠨ ᠪᠠᠢᠴᠠᠭᠠᠬᠤ᠎ᠪᠠᠷ ᠣᠷᠣᠵᠤ ᠰᠠᠭᠤᠵᠤ᠂ ᠯᠢᠶᠣᠤᠨᠢᠩ᠂ ᠬᠢᠷᠢᠨ᠂ ᠬᠠᠷᠠᠮᠥ᠋ᠷᠡᠨ᠂ ᠭᠤᠸᠠᠩᠳᠦ᠋ᠩ᠂ ᠭᠤᠸᠠᠩᠰᠢ᠂ ᠲᠥᠪᠡᠳ᠂ ᠱᠢᠨᠵᠢᠶᠠᠩ ᠵᠡᠷᠭᠡ 7 ᠮᠤᠵᠢ (ᠥᠪᠡᠷᠲᠡᠭᠡᠨ ᠵᠠᠰᠠᠬᠤ ᠣᠷᠣᠨ) ᠪᠣᠯᠤᠨ ᠱᠢᠨᠵᠢᠶᠠᠩ᠎ᠤᠨ ᠦᠢᠯᠡᠳᠪᠦᠷᠢᠯᠡᠯ ᠪᠦᠳᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠳᠤ ᠬᠢᠨᠠᠨ ᠪᠠᠢᠴᠠᠭᠠᠯᠳᠠ ᠥᠷᠨᠢᠭᠦᠯᠦᠨ᠎ᠠ᠃

ᠣᠷᠣᠵᠤ ᠰᠠᠭᠤᠬᠤ ᠲᠠᠢ᠌ᠴᠢᠯᠠᠯᠳᠠ᠎ᠶ᠋ᠢᠨ ᠬᠤᠷᠠᠯ ᠳᠡᠭᠡᠷ᠎ᠡ᠂ ᠡᠯ᠎ᠡ ᠬᠢᠨᠠᠨ ᠪᠠᠢᠴᠠᠭᠠᠯᠳᠠ ᠵᠢᠨ ᠳᠤᠭᠤᠢᠯᠠᠩ᠎ᠤᠨ ᠳᠠᠷᠤᠭ᠎ᠠ᠂ ᠬᠢᠨᠠᠨ ᠪᠠᠢᠴᠠᠭᠠᠯᠳᠠ ᠵᠢᠨ ᠳᠤᠭᠤᠢᠯᠠᠩ ᠤ᠋ᠨ ᠬᠢᠨ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠲᠦᠪ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ ᠪᠣᠯᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠵᠦ᠍᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠮᠡᠳᠡᠭ᠌ᠳᠡᠮ᠎ᠡ ᠰᠠᠢᠵᠢᠷᠠᠬᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ ᠱᠢᠨ᠎ᠡ ᠴᠢᠬᠤᠯᠠ ᠶᠡᠬᠡ ᠠᠬᠢᠴᠠ᠎ᠲᠠᠶ ᠪᠤᠯᠬᠤ ᠵᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃

ᠬᠢᠨᠠᠨ ᠪᠠᠢᠴᠠᠭᠠᠯᠳᠠ ᠵᠢ ᠬᠦᠯᠢᠶᠡᠬᠦ ᠡᠲᠡᠭᠡᠳ᠎ᠦᠨ ᠨᠠᠮ᠎ᠤᠨ ᠬᠣᠷᠢᠶ᠎ᠠ ᠵᠢᠨ ᠭᠣᠣᠯ ᠬᠠᠷᠢᠭᠤᠴᠠᠯᠭᠠᠲᠠᠳ᠂ ᠳᠡᠮᠵᠢᠯᠭᠡ ᠵᠢ ᠪᠦᠬᠦ ᠬᠦᠴᠦᠨ ᠵᠢᠡᠷ ᠵᠢᠡᠨ ᠰᠠᠢᠳᠤᠷ ᠬᠢᠵᠤ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠯᠳᠠ ᠵᠢᠨ ᠳᠤᠭᠤᠢᠯᠠᠩ᠎ᠤᠨ ᠣᠷᠣᠵᠤ ᠰᠠᠭᠤᠬᠤ ᠠᠵᠢᠯ᠎ᠤᠨ ᠲᠤᠬᠢᠷᠠᠭᠤᠯᠤᠯᠳᠠ ᠶᠣᠰᠣᠭᠠᠷ᠂ ᠪᠠᠢᠳᠠᠯ᠎ᠤᠨ ᠲᠠᠨᠢᠯᠴᠠᠭᠤᠯᠭ᠎ᠠ᠂ ᠮᠠᠲᠧᠷᠢᠶᠠᠯ ᠬᠠᠩᠭᠠᠬᠤ᠂ ᠵᠣᠬᠢᠴᠠᠭᠤᠯᠤᠨ ᠬᠠᠮᠵᠢᠯᠴᠠᠬᠤ᠂ ᠬᠢᠨᠠᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ᠂ ᠮᠡᠳᠡᠭᠡ ᠵᠠᠩᠭᠢ᠎ᠶ᠋ᠢ ᠵᠠᠷᠯᠠᠬᠤ ᠵᠡᠷᠭᠡ ᠡᠯ᠎ᠡ ᠵᠦᠢᠯ᠎ᠦᠨ ᠠᠵᠢᠯ᠎ᠢ ᠰᠠᠢᠲᠤᠷ ᠬᠢᠵᠦ᠍᠂ ᠬᠢᠨᠠᠨ ᠪᠠᠢᠴᠠᠭᠠᠬᠤ ᠠᠵᠢᠯ᠎ᠤᠨ ᠤᠷᠤᠭ᠍ᠰᠢᠲᠠᠢ ᠶᠠᠪᠤᠭ᠍ᠳᠠᠬᠤ᠎ᠶ᠋ᠢ ᠪᠠᠲᠤᠯᠠᠨ᠎ᠠ ᠭᠡᠵᠦ᠍ ᠢᠯᠡᠳᠭᠡᠵᠡᠭᠡᠪᠡ᠃

ᠠᠵᠢᠯ᠎ᠤᠨ ᠲᠣᠬᠢᠷᠠᠭᠤᠯᠤᠯᠲᠠ᠎ᠶ᠋ᠢ ᠦᠨᠳᠦᠰᠦᠯᠡᠪᠡᠯ᠂ ᠬᠢᠨᠠᠨ ᠪᠠᠢᠴᠠᠭᠠᠯᠲᠠ᠎ᠶ᠋ᠢᠨ ᠳᠤᠭᠤᠢᠯᠠᠩ ᠤ᠋ᠨ ᠣᠷᠣᠵᠤ ᠰᠠᠭᠤᠬᠤ ᠴᠠᠭ ᠨᠢ 1 ᠰᠠᠷ᠎ᠠ ᠪᠣᠯᠤᠨ᠎ᠠ᠃ ᠣᠷᠣᠵᠤ ᠰᠠᠭᠤᠬᠤ ᠬᠤᠭᠤᠴᠠᠭᠠᠨ᠎ᠳᠤ᠂ ᠡᠯ᠎ᠡ ᠬᠢᠨᠠᠨ ᠪᠠᠢᠴᠠᠭᠠᠯᠳᠠ ᠵᠢᠨ ᠳᠤᠭᠤᠢᠯᠠᠩ ᠲᠣᠰ ᠲᠣᠰ ᠲᠤᠰᠭᠠᠶ ᠵᠢᠵᠢᠭᠦᠷᠯᠡᠬᠦ᠌ ᠤᠲᠠᠰᠤ ᠪᠠ ᠱᠢᠤᠳᠠᠨ᠎ᠤ ᠬᠠᠢᠷᠴᠠᠭ ᠭᠠᠷᠭᠠᠵᠤ᠂ ᠬᠢᠨᠠᠨ ᠪᠠᠢᠴᠠᠭᠠᠯᠳᠠ ᠵᠢ ᠬᠦᠯᠢᠶᠡᠬᠦ ᠡᠲᠡᠭᠡᠳ᠎ᠦᠨ ᠠᠮᠢ ᠠᠬᠤᠶ ᠣᠷᠴᠢᠨ ᠲᠤᠭᠤᠷᠢᠨ ᠤ᠋ ᠬᠠᠮᠠᠭᠠᠯᠠᠯᠲᠠ᠎ᠶ᠋ᠢᠨ ᠲᠠᠯ᠎ᠠ᠎ᠪᠠᠷ ᠬᠢ ᠵᠠᠬᠢᠳᠠᠯ ᠤᠳᠠᠰᠤ ᠰᠤᠷᠪᠤᠯᠵᠢᠯᠠᠯ ᠤ᠋ᠨ ᠢᠯᠡᠴᠢᠯᠡᠨ ᠮᠡᠳᠡᠭᠦᠯᠦᠯᠲᠡ᠎ᠶ᠋ᠢ ᠭᠥᠯᠢᠶᠡᠨ ᠠᠪᠴᠤ᠌ ᠱᠢᠶ᠋ᠳᠪᠦᠷᠢᠯᠡᠨ᠎ᠡ᠂ ᠢᠯᠡᠴᠢᠯᠡᠨ ᠮᠡᠳᠡᠭᠦᠯᠬᠦ᠌ ᠵᠢ ᠬᠦᠯᠢᠶᠡᠨ ᠠᠪᠬᠤ ᠤᠲᠠᠰᠤ ᠨᠢ ᠡᠳᠦᠷ ᠪᠦᠷᠢ᠎ᠶ᠋ᠢᠨ 8 ᠴᠠᠭ ᠡᠴᠡ 20 ᠴᠠᠭ ᠪᠣᠯᠲᠠᠯ᠎ᠠ ᠠᠵᠢᠯᠯᠠᠨ᠎ᠠ (ᠲᠥᠪᠡᠳ᠎ᠦᠨ ᠥᠪᠡᠷᠲᠡᠭᠡᠨ ᠵᠠᠰᠠᠬᠤ ᠣᠷᠣᠨ ᠤ᠋ ᠬᠢᠨ ᠡᠳᠦᠷ ᠪᠦᠷᠢ᠎ᠶ᠋ᠢᠨ 9 ᠴᠠᠭ ᠡᠴᠡ 21 ᠴᠠᠭ ᠪᠣᠯᠲᠠᠯ᠎ᠠ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠ ᠱᠢᠨᠵᠢᠶᠠᠩ᠎ᠤᠨ ᠦᠶ᠋ᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ ᠤ᠋ ᠬᠢᠨ ᠡᠳᠦᠷ ᠪᠦᠷᠢ᠎ᠶ᠋ᠢᠨ 10 ᠴᠠᠭ ᠡᠴᠡ 22 ᠴᠠᠭ ᠪᠣᠯᠲᠠᠯ᠎ᠠ)᠃

ᠬᠢᠨᠠᠨ ᠪᠠᠢᠴᠠᠭᠠᠯᠳᠠ ᠵᠢᠨ ᠳᠤᠭᠤᠢᠯᠠᠩ᠂ ᠰᠠᠬᠢᠯᠭ᠎ᠠ ᠪᠠᠲᠤ᠎ᠶ᠋ᠢᠨ ᠱᠠᠭᠠᠷᠳᠠᠯᠭ᠎ᠠ᠎ᠶ᠋ᠢ ᠴᠢᠩᠭ᠎ᠠ ᠬᠡᠷᠡᠭ᠌ᠵᠢᠭᠦᠯᠵᠦ᠍᠂ ᠬᠢᠨᠠᠨ ᠪᠠᠢᠴᠠᠭᠠᠯᠳᠠ ᠵᠢ ᠬᠦᠯᠢᠶᠡᠬᠦ ᠡᠲᠡᠭᠡᠳ ᠪᠠ ᠨᠡᠢᠭᠡᠮ᠎ᠦᠨ ᠬᠢᠨᠠᠯᠲᠠ᠎ᠶ᠋ᠢ ᠬᠦᠯᠢᠶᠡᠨ᠎ᠡ᠃ ᠲᠠᠷᠠᠭᠠᠴᠢ᠎ᠶ᠋ᠢᠨ ᠠᠵᠢᠯ᠎ᠤᠨ ᠳᠤᠮᠳᠠ᠂ ᠲᠥᠪ᠎ᠦᠨ ᠬᠣᠯᠪᠣᠭ᠍ᠳᠠᠯ ᠪᠥᠬᠥᠶ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠤᠯᠠᠮ ᠨᠢᠭᠡ ᠠᠯᠬᠤᠮ ᠬᠥᠩᠭᠡᠷᠡᠭᠦᠯᠵᠦ᠍᠂ ᠬᠢᠨᠠᠨ ᠪᠠᠢᠴᠠᠭᠠᠬᠤ ᠠᠵᠢᠯ᠎ᠤᠨ ᠣᠨᠣᠪᠴᠢᠲᠤ ᠴᠢᠨᠠᠷ᠂ ᠬᠠᠨᠳᠤᠯᠭᠠᠲᠤ ᠴᠢᠨᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠬᠢᠨᠠᠨ ᠪᠠᠢᠴᠠᠭᠠᠬᠤ ᠡᠭᠦᠷᠭᠡ᠎ᠶ᠋ᠢ ᠡᠮᠬᠢ ᠵᠢᠷᠤᠮ᠎ᠲᠠᠶ ᠪᠦᠲᠦᠮᠵᠢᠲᠡᠶ ᠪᠡᠶᠡᠯᠡᠭᠦᠯᠬᠦ᠌᠎ᠶ᠋ᠢ ᠪᠠᠲᠤᠯᠠᠨ᠎ᠠ ᠭᠡᠵᠤ ᠢᠯᠡᠳᠭᠡᠵᠠᠢ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 9 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号