ᠬᠠᠩᠭᠢᠨ ᠬᠣᠰᠢᠭᠤᠨ ᠤ᠋ ᠰᠤᠳᠤᠯᠤᠨ ᠦᠢᠯᠡᠳᠦᠭᠰᠡᠨ ᠡᠯᠡᠰᠦ ᠵᠢ ᠵᠠᠰᠠᠬᠤ ᠳᠦᠬᠦᠭᠡᠷᠦᠮᠵᠢ ᠨᠢ ᠤᠯᠤᠰ ᠤ᠋ᠨ ᠲᠤᠰᠬᠠᠢ ᠠᠰᠢᠭ᠋ ᠤ᠋ᠨ ᠡᠷᠭᠡ ᠵᠢ ᠤᠯᠪᠠ
2026-05-14 17:42:19
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠡᠨᠡ ᠵᠢᠯ ᠤ᠋ᠨ ᠬᠠᠪᠤᠷ ᠤ᠋ᠨ ᠤᠯᠠᠷᠢᠯ ᠳ᠋ᠤ ᠣᠷᠳᠣᠰ ᠬᠤᠳᠠ ᠵᠢᠨ ᠬᠠᠩᠭᠢᠨ ᠬᠣᠰᠢᠭᠤᠨ ᠤ᠋ ᠯᠢᠦ ᠱᠤᠤ ᠳ᠋ᠦᠩ ᠤ᠋ᠨ ᠡᠯᠡᠰᠦ ᠵᠢ ᠵᠠᠰᠠᠬᠤ ᠪᠦᠯᠬᠦᠮ ᠤ᠋ᠨ ᠰᠤᠳᠤᠯᠤᠨ ᠦᠢᠯᠡᠳᠦᠭᠰᠡᠨ 《ᠬᠠᠷᠭᠠᠨ᠎ᠠ ᠶ᠋ᠢᠨ ᠰᠤᠶᠤᠭ᠎ᠠ ᠪᠠ ᠦᠷ᠎ᠡ ᠵᠢ ᠳᠠᠷᠢᠬᠤ ᠳ᠋ᠤ ᠭᠤᠤ ᠮᠠᠯᠲᠠᠵᠤ ᠰᠢᠷᠣᠢ ᠤᠷᠪᠠᠭᠤᠯᠬᠤ ᠲᠥᠬᠦᠭᠡᠷᠦᠮᠵᠢ》 ᠪᠣᠯᠣᠨ 《ᠤᠳᠬᠤᠭᠤᠷᠳᠤ ᠦᠷ᠎ᠡ ᠰᠠᠴᠤᠬᠤ ᠮᠠᠰᠢᠨ》  ᠨᠢ ᠤᠯᠤᠰ ᠤ᠋ᠨ ᠬᠡᠷᠡᠭᠯᠡᠭᠡᠨ ᠤ᠋ ᠰᠢᠨ᠎ᠡ ᠬᠡᠯᠪᠡᠷᠢ ᠵᠢᠨ ᠲᠤᠰᠬᠠᠢ ᠠᠰᠢᠭ᠋ ᠤ᠋ᠨ ᠡᠷᠭᠡ ᠵᠢ ᠣᠯᠵᠠᠢ᠃ ᠣᠳᠣᠬᠠᠨ ᠳ᠋ᠤ᠂ ᠡᠨᠡ ᠬᠦ᠌ ᠬᠣᠶᠠᠷ ᠵᠦᠢᠯ ᠤ᠋ᠨ ᠳᠦᠬᠦᠭᠡᠷᠦᠮᠵᠢ ᠵᠢ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠡᠯᠡᠰᠦ ᠵᠠᠰᠠᠬᠤ ᠲᠤᠬᠠᠢ ᠵᠢᠨ ᠲᠠᠯᠠᠪᠤᠷ ᠲᠤ᠌ ᠨᠢᠭᠡᠨᠲᠡ ᠳᠡᠯᠭᠡᠷᠡᠭᠦᠯᠦᠨ ᠬᠡᠷᠡᠭᠯᠡᠵᠦ᠂ ᠡᠯᠡᠰᠦ ᠵᠢ ᠵᠠᠰᠠᠬᠤ 《ᠬᠤᠷᠴᠠ ᠵᠡᠪᠰᠡᠭ》 ᠪᠣᠯᠤᠭᠰᠠᠨ ᠪᠠᠢᠨ᠎ᠠ᠃

ᠬᠠᠩᠭᠢᠨ ᠬᠣᠰᠢᠭᠤᠨ ᠤ᠋ 《ᠤᠮᠠᠷᠠᠳᠤ ᠶ᠋ᠢᠨ ᠭᠤᠷᠪᠠᠨ ᠤᠷᠤᠨ》 ᠤ᠋ ᠬᠠᠯᠬᠠᠪᠴᠢ ᠤᠢ ᠵᠢᠨ ᠵᠢᠷᠭᠤᠳᠤᠭᠠᠷ ᠬᠤᠭᠤᠴᠠᠭᠠᠨ ᠤ᠋ ᠢᠨᠵᠧᠨᠧᠷᠢᠩ ᠤ᠋ᠨ ᠪᠦᠲᠦᠭᠡᠨ ᠪᠠᠢᠭᠤᠯᠤᠯᠲᠠ ᠵᠢᠨ ᠲᠤᠬᠠᠢ ᠵᠢᠨ ᠲᠠᠯᠠᠪᠠᠢ ᠳ᠋ᠤ ᠨᠢᠭᠡ ᠰᠠᠭᠤᠷᠢ ᠲᠷᠠᠺᠲ᠋ᠣᠷ ᠶ᠋ᠢᠡᠷ 《ᠬᠠᠷᠭᠠᠨ᠎ᠠ ᠶ᠋ᠢᠨ ᠰᠤᠶᠤᠭ᠎ᠠ ᠪᠠ ᠦᠷ᠎ᠡ ᠵᠢ ᠳᠠᠷᠢᠬᠤ ᠳ᠋ᠤ ᠭᠤᠤ ᠮᠠᠯᠲᠠᠵᠤ ᠰᠢᠷᠣᠢ ᠤᠷᠪᠠᠭᠤᠯᠬᠤ ᠲᠥᠬᠦᠭᠡᠷᠦᠮᠵᠢ》 ᠵᠢ ᠴᠢᠷᠦᠨ ᠥᠨᠳᠥᠷ ᠪᠦᠲᠦᠮᠵᠢᠲᠡᠢ ᠪᠡᠷ ᠬᠦᠷᠦᠰᠦ ᠵᠢ ᠳᠡᠭᠰᠢᠯᠡᠬᠦ᠂ ᠭᠤᠤ ᠮᠠᠯᠳᠠᠬᠤ᠂ ᠴᠢᠬᠢ ᠰᠠᠭᠤᠯᠭᠠᠬᠤ᠂ ᠰᠢᠷᠣᠢ ᠬᠥᠷᠪᠡᠭᠦᠯᠬᠦ᠂ ᠪᠤᠯᠠᠬᠤ ᠵᠡᠷᠭᠡ ᠠᠵᠢᠯ ᠢ᠋ ᠲᠡᠰ ᠳᠠᠷᠠᠭᠠᠯᠠᠯ ᠳᠠᠢ ᠪᠠᠷ ᠪᠡᠶᠡᠯᠡᠬᠦᠯᠦᠨ᠎ᠡ᠃ ᠡᠨᠡ ᠬᠦ᠌ ᠴᠣ ᠰᠢᠨ᠎ᠡ ᠲᠥᠬᠦᠭᠡᠷᠦᠮᠵᠢ ᠵᠢᠨ ᠦᠷ᠎ᠡ ᠪᠦᠲᠦᠮᠵᠢ ᠨᠢ ᠤᠯᠠᠮᠵᠢᠯᠠᠯᠲᠤ ᠬᠥᠮᠥᠨ ᠤ᠋ ᠬᠦᠴᠦ ᠪᠡᠷ ᠴᠢᠬᠢ ᠵᠠᠢᠯᠠᠬᠤ ᠡᠴᠡ ᠦᠨᠳᠦᠷ ᠪᠠᠢᠵᠤ᠂ ᠡᠯᠡᠰᠦ ᠵᠢ ᠵᠠᠰᠠᠬᠤ ᠠᠬᠢᠴᠠ ᠵᠢ ᠶᠡᠬᠡ ᠪᠡᠷ ᠲᠦᠷᠭᠡᠳᠬᠡᠭᠰᠡᠨ ᠪᠠᠢᠨ᠎ᠠ᠃

ᠬᠠᠩᠭᠢᠨ ᠬᠣᠰᠢᠭᠤᠨ ᠤ᠋ ᠳᠤᠭᠤᠢᠳᠠᠯ᠎ᠠ ᠪᠠᠯᠭᠠᠰᠤᠨ ᠤ᠋ ᠲᠠᠷᠢᠶᠠᠨᠭᠣᠣᠯ ᠲᠣᠰᠬᠣᠨ ᠤ᠋ ᠠᠷᠠᠳ᠂ ᠡᠯᠡᠰᠦ ᠵᠢ ᠵᠠᠰᠠᠬᠤ ᠳᠠᠭᠠᠭᠤᠯᠤᠭ᠍ᠴᠢ ᠯᠢᠦ ᠱᠤᠤ ᠳ᠋ᠦᠩ ᠤ᠋ᠨ ᠭᠡᠷ ᠨᠢ ᠬᠥᠪᠴᠢ ᠵᠢᠨ ᠡᠯᠡᠰᠦᠨ ᠤ᠋ ᠥᠷᠥᠴᠡᠨ ᠳ᠋ᠤ ᠪᠠᠢᠳᠠᠭ ᠠᠵᠢ᠃ 《ᠪᠠᠭ᠎ᠠ ᠪᠠᠢᠬᠤ ᠳ᠋ᠤ ᠠᠪᠤ ᠪᠣᠯᠣᠨ ᠠᠪᠠᠭ᠎ᠠ ᠮᠢᠨᠢ ᠬᠥᠮᠥᠨ ᠤ᠋ ᠬᠦᠴᠦ ᠪᠤᠶᠤ ᠮᠠᠯ ᠤᠨᠤᠭ᠎ᠠ ᠪᠡᠷ ᠬᠠᠷᠭᠠᠨ᠎ᠠ ᠳᠠᠷᠢᠵᠤ ᠪᠠᠢᠭᠰᠠᠨ᠂  ᠶᠠᠳᠠᠷᠠᠯᠳᠠᠢ ᠪᠦᠭᠡᠳ ᠦᠷ᠎ᠡ ᠪᠦᠳᠦᠮᠵᠢ ᠪᠡᠷ ᠳᠤᠢᠯ ᠤ᠋ᠨ ᠳᠤᠤᠷ᠎ᠠ ᠪᠠᠢᠬᠰᠠᠨ》 ᠭᠡᠵᠦ ᠯᠢᠦ ᠱᠤᠤ ᠳ᠋ᠦᠩ ᠪᠠᠭ᠎ᠠ ᠶ᠋ᠢᠨ ᠦᠶ᠎ᠡ ᠪᠡᠨ ᠡᠷᠬᠢᠴᠡᠬᠦᠯᠦᠨ᠎ᠡ᠃ ᠥᠩᠭᠡᠷᠡᠭᠰᠡᠨ ᠳ᠋ᠤ᠂ ᠲᠤᠬᠠᠢ ᠵᠢᠨ ᠭᠠᠵᠠᠷ ᠤ᠋ᠨ ᠡᠯᠡᠰᠦ ᠵᠢ ᠵᠠᠰᠠᠬᠤ ᠢᠨᠵᠧᠨᠧᠷᠢᠩ ᠨᠢ ᠪᠦᠷᠢᠮᠦᠰᠦᠨ ᠬᠥᠮᠥᠨ ᠤ᠋ ᠬᠦᠴᠦᠨ ᠳ᠋ᠤ ᠲᠦᠰᠢᠭᠯᠡᠵᠦ᠂ ᠦᠷ᠎ᠡ ᠪᠦᠲᠦᠮᠵᠢ ᠳᠣᠣᠷ᠎ᠠ ᠪᠠᠢᠪᠠ᠃ 2015 ᠣᠨ ᠡᠴᠡ ᠡᠬᠢᠯᠡᠨ᠂ ᠯᠢᠦ ᠱᠤᠤ ᠳ᠋ᠦᠩ ᠤ᠋ᠨ ᠪᠦᠯᠬᠦᠮ ᠤ᠋ᠨ ᠬᠢᠨ ᠡᠯᠡᠰᠦ ᠵᠢ ᠵᠠᠰᠠᠬᠤ  ᠨᠢᠭᠡᠳᠦᠭᠡᠷ ᠹᠷᠣᠨᠲ ᠲᠤ᠌ ᠬᠦᠨᠵᠡᠭᠡᠢᠷᠡᠵᠦ᠂ ᠥᠨᠳᠥᠷ ᠪᠦᠲᠦᠮᠵᠢᠲᠡᠢ ᠡᠯᠡᠰᠦ ᠵᠢ ᠵᠠᠰᠠᠬᠤ ᠪᠠᠭᠠᠵᠢ ᠳᠦᠬᠦᠭᠡᠷᠦᠮᠵᠢ ᠵᠢ ᠰᠤᠳᠤᠯᠤᠨ ᠦᠢᠯᠡᠳᠬᠦ ᠪᠡᠷ ᠤᠷᠤᠯᠳᠤᠵᠠᠢ᠃ ᠲᠡᠳᠡ ᠪᠦᠳᠦᠭᠦᠯᠢᠭ ᠲᠤᠨᠤᠭ ᠲᠥᠬᠦᠭᠡᠷᠦᠮᠵᠢ ᠵᠢ ᠲᠠᠬᠢᠨ ᠳᠠᠪᠲᠠᠨ ᠥᠭᠡᠷᠡᠴᠢᠯᠡᠨ ᠤᠭᠰᠠᠷᠠᠵᠤ᠂ ᠭᠤᠷᠪᠠ ᠤᠳᠠᠭ᠎ᠠ ᠶ᠋ᠢᠨ ᠰᠢᠨᠡᠴᠢᠯᠡᠯᠳᠡ ᠵᠢ ᠥᠩᠭᠡᠷᠡᠭᠡᠭᠡᠳ᠂ ᠡᠴᠦᠰ ᠲᠡᠬᠡᠨ ᠭᠤᠤ ᠮᠠᠯᠲᠠᠵᠤ ᠰᠢᠷᠣᠢ ᠤᠷᠪᠠᠭᠤᠯᠬᠤ ᠲᠥᠬᠦᠭᠡᠷᠦᠮᠵᠢ ᠵᠢ ᠠᠮᠵᠢᠯᠲᠠ ᠲᠠᠢ ᠪᠠᠷ ᠰᠤᠳᠤᠯᠤᠨ ᠦᠢᠯᠡᠳᠴᠡᠢ᠃ ᠲᠣᠰ ᠲᠥᠬᠦᠭᠡᠷᠦᠮᠵᠢ ᠨᠢ ᠬᠠᠷᠭᠠᠨ᠎ᠠ ᠳᠠᠷᠢᠬᠤ ᠳ᠋ᠤ ᠲᠣᠬᠢᠷᠠᠬᠤ  ᠪᠠᠷ  ᠪᠠᠷᠠᠬᠤ ᠦᠭᠡᠢ᠂ ᠪᠠᠰᠠ ᠪᠤᠷᠭᠠᠰᠤ᠂ ᠳᠠᠯᠠᠨ ᠬᠠᠯᠢᠰᠤ᠂ ᠴᠢᠪᠠᠭ᠎ᠠ  ᠵᠡᠷᠭᠡ ᠡᠯᠡᠰᠦᠨ ᠤ᠋ ᠤᠷᠭᠤᠮᠠᠯ ᠢ᠋ ᠥᠨᠳᠥᠷ ᠪᠦᠲᠦᠮᠵᠢᠲᠡᠢ  ᠪᠡᠷ  ᠳᠠᠷᠢᠵᠤ   ᠳᠡᠢᠯᠬᠦ  ᠪᠥᠭᠡᠳ ᠡᠳᠦᠷ ᠲᠤ᠌ ᠪᠠᠷᠤᠭ 200 ᠮᠦ᠍ ᠳᠠᠷᠢᠵᠤ ᠳᠡᠢᠯᠬᠦ ᠪᠤᠯᠪᠠ᠃ ᠡᠭᠦᠨ ᠤ᠋ ᠬᠠᠮᠳᠤ ᠳᠤᠰ ᠪᠦᠯᠬᠦᠮ ᠤ᠋ᠨ ᠰᠤᠳᠤᠯᠤᠨ ᠦᠢᠯᠡᠳᠦᠭᠰᠡᠨ ᠤᠳᠬᠤᠭᠤᠷᠳᠤ ᠦᠷ᠎ᠡ ᠰᠠᠴᠤᠬᠤ ᠮᠠᠰᠢᠨ ᠨᠢ ᠦᠷ᠎ᠡ ᠰᠠᠴᠤᠬᠤ ᠦᠷ᠎ᠡ ᠪᠦᠲᠦᠮᠵᠢ ᠪᠤᠯᠤᠨ ᠴᠢᠬᠢ ᠮᠣᠳᠣᠨ ᠤ᠋ ᠡᠳᠡᠭᠡᠷᠡᠯᠲᠡ ᠵᠢᠨ ᠨᠣᠷᠮ᠎ᠠ ᠵᠢ ᠢᠯᠡᠳᠲᠡ ᠳᠡᠭᠡᠭᠰᠢᠯᠡᠭᠦᠯᠦᠭᠰᠡᠨ ᠪᠠᠢᠨ᠎ᠠ᠃

《ᠤᠤᠯ ᠨᠢ ᠬᠥᠮᠥᠨ ᠤ᠋ ᠬᠦᠴᠦ ᠪᠡᠷ ᠡᠳᠦᠷ ᠲᠦ᠍ 4 ︱ 5 ᠮᠦ᠍ ᠲᠠᠷᠢᠳᠠᠭ ᠪᠠᠢᠭᠰᠠᠨ ᠪᠤᠯ ᠤᠳᠤ ᠰᠢᠨ᠎ᠡ ᠲᠥᠬᠦᠭᠡᠷᠦᠮᠵᠢ ᠵᠢ ᠬᠡᠷᠡᠭᠯᠡᠨ ᠡᠳᠦᠷ ᠲᠦ᠍ 1000 ᠮᠦ᠍ ᠲᠠᠷᠢᠬᠤ ᠪᠤᠯᠤᠭᠰᠠᠨ ᠪᠠᠢᠨ᠎ᠠ᠂ ᠡᠨᠡ ᠨᠢ ᠬᠢᠯᠪᠠᠷ ᠮᠥᠷᠲᠡᠭᠡᠨ ᠦᠷ᠎ᠡ ᠠᠰᠢᠭ᠋ ᠵᠢᠡᠷ ᠦᠨᠳᠦᠷ》 ᠭᠡᠵᠦ ᠬᠠᠩᠬᠢᠨ ᠬᠤᠰᠢᠭᠤᠨ ᠤ᠋ ᠡᠯᠡᠰᠦ ᠵᠢ ᠵᠠᠰᠠᠬᠤ ᠠᠵᠢᠯᠴᠢᠨ ᠯᠢ ᠪᠢᠨ ᠤ᠋ ᠦᠭᠡᠨ ᠡᠴᠡ ᠰᠢᠨ᠎ᠡ ᠲᠥᠬᠦᠭᠡᠷᠦᠮᠵᠢ ᠵᠢᠨ ᠢᠯᠡᠳᠲᠡ ᠬᠤᠪᠢᠷᠠᠯᠲᠠ ᠵᠢ ᠬᠠᠷᠠᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号