ᠪᠤᠭᠤᠲᠤ ᠵᠢᠨ ᠪᠤᠯᠤᠳ ᠲᠡᠮᠦᠷ᠎ᠤᠨ ᠪᠦᠯᠦᠭᠯᠡᠯ᠎ᠤᠨ ᠬᠤᠶᠠᠷ ᠦᠷ᠎ᠠ ᠪᠦᠳᠦᠭᠡᠯ 2025 ᠤᠨ᠎ᠤ ᠪᠤᠬᠢᠷᠳᠤᠯ ᠦᠭᠡᠢ ᠠᠷᠠᠯᠵᠢᠶᠠᠨ᠎ᠤ ᠨᠡᠢᠳᠡᠯᠢᠭ ᠦᠢᠯᠡᠳᠦᠯᠭᠡ ᠵᠢᠨ ᠬᠡᠷᠡᠭ ᠵᠢᠡᠷ ᠰᠤᠩᠭᠤᠬᠳᠠᠪᠠ
2026-05-14 17:45:52
ᠵᠣᠬᠢᠶᠠᠭ᠍ᠴᠢ᠄
ᠸ·ᠭᠡᠷᠡᠯᠳᠤ
ᠣᠩᠱᠢᠭ᠍ᠰᠠᠨ ᠣᠳᠠᠭ᠎ᠠ᠄
★★★☆☆

ᠤᠷᠴᠢᠮᠬᠠᠨ ᠲᠤᠮᠳᠠᠳᠤ ᠤᠯᠤᠰ᠎ᠤᠨ ᠭᠠᠳᠠᠭᠠᠳᠤ  ᠠᠵᠦ ᠠᠬᠤᠢ ᠠᠷᠠᠯᠵᠢᠶ᠎ᠠ ᠵᠢᠨ ᠲᠤᠭ᠎ᠠ ᠪᠦᠷᠢᠳᠬᠡᠯ᠎ᠤᠨ ᠨᠡᠢᠭᠡᠮᠯᠢᠭ ᠎ᠤᠨ ᠪᠤᠬᠢᠷᠳᠤᠯ ᠦᠭᠡᠢ ᠠᠷᠠᠯᠵᠢᠶ᠎ᠠ ᠵᠢᠨ ᠲᠤᠰᠬᠠᠢ ᠵᠦᠪᠯᠡᠯ ᠡᠴᠡ 《2025 ᠤᠨ ᠎ᠤ ᠪᠤᠬᠢᠷᠳᠤᠯ ᠦᠭᠡᠢ ᠠᠷᠠᠯᠵᠢᠶ᠎ᠠ ᠵᠢᠨ ᠨᠡᠢᠳᠡᠯᠢᠭ ᠦᠢᠯᠡᠳᠦᠯᠭᠡ ᠵᠢᠨ ᠬᠡᠷᠡᠭ》 ᠢ᠋ ᠨᠡᠢᠳᠡᠯᠡᠵᠦ᠂ ᠪᠤᠭᠤᠲᠤ ᠵᠢᠨ ᠪᠤᠯᠤᠳ ᠲᠡᠮᠦᠷ᠎ᠤᠨ ᠬᠤᠪᠢᠴᠠᠭᠠᠳᠤ ᠺᠤᠮᠫᠠᠨᠢ᠂ ᠤᠮᠠᠷᠠᠳᠤ ᠵᠢᠨ ᠬᠤᠪᠤᠷ ᠰᠢᠷᠤᠢ ᠵᠢᠨ ᠺᠤᠮᠫᠠᠨᠢ ᠵᠢᠨ ᠪᠤᠬᠢᠷᠳᠤᠯ ᠦᠭᠡᠢ ᠪᠠᠭ᠎ᠠ ᠨᠡᠭᠦᠷᠡᠰᠦᠳᠦ᠋ᠷᠦᠭᠴᠢᠳᠤ ᠦᠢᠯᠡᠳᠦᠯᠭᠡ ᠵᠢᠨ ᠬᠡᠷᠡᠭ᠎ᠤᠨ ᠵᠢᠱ᠌ᠢᠶ᠎ᠡ ᠰᠤᠩᠭᠤᠬᠳᠠᠨ ᠤᠷᠤᠵᠦ᠂ ᠪᠤᠭᠤᠲᠤ ᠵᠢᠨ ᠪᠤᠯᠤᠳ ᠲᠡᠮᠦᠷ᠎ᠤᠨ ᠪᠦᠯᠦᠭᠯᠡᠯ ᠎ᠤᠨ ᠡᠨᠡ ᠲᠠᠯ᠎ᠠ ᠵᠢᠨ ᠠᠵᠢᠯ᠎ᠦᠨ ᠦᠷ᠎ᠠ ᠪᠦᠳᠦᠭᠡᠯ ᠠᠵᠢᠯ ᠲᠦᠷᠤᠯ ᠎ᠤᠨ ᠬᠢᠨ ᠳ᠋ᠤ ᠮᠡᠳᠡᠷᠡᠭᠳᠡᠭᠰᠡᠨ ᠪᠠᠢᠨ᠎ᠠ᠃

ᠪᠤᠭᠤᠲᠤ ᠵᠢᠨ ᠪᠤᠯᠤᠳ ᠲᠡᠮᠦᠷ᠎ᠤᠨ ᠪᠦᠯᠦᠭᠯᠡᠯ ᠨᠢ ᠪᠤᠬᠢᠷᠳᠤᠯ ᠦᠭᠡᠢ ᠪᠠᠭ᠎ᠠ ᠨᠡᠭᠦᠷᠡᠰᠦᠳᠦ᠋ᠷᠦᠭᠴᠢᠳᠤ ᠬᠦᠭᠵᠢᠯᠳᠡ ᠵᠢ ᠲᠡᠷᠢᠭᠦᠨ ᠪᠠᠢᠷᠢᠨ ᠳ᠋ᠤ ᠲᠠᠯᠪᠢᠵᠦ᠂ ᠬᠡᠳᠤ ᠪᠠᠭ᠎ᠠ ᠭᠠᠳᠠᠬᠰᠢᠯᠠᠭᠤᠯᠤᠯᠳᠠ ᠵᠢᠨ ᠦᠭᠡᠷᠡᠴᠢᠯᠡᠯᠳᠡ᠂ ᠡᠨᠧᠷᠬᠢ ᠵᠢᠨ ᠪᠦᠳᠦᠴᠡ ᠵᠢᠨ ᠬᠡᠯᠪᠡᠷᠢ ᠵᠢᠨ ᠬᠤᠪᠢᠷᠠᠭᠤᠯᠤᠯᠳᠠ ᠪᠤᠯᠤᠨ ᠪᠦᠳᠦᠭᠡᠭᠳᠡᠭᠦᠨ ᠎ᠤ ᠠᠮᠢ ᠠᠬᠤᠢ ᠵᠢᠨ ᠵᠢᠷᠤᠭ ᠲᠦᠯᠦᠪᠯᠡᠭᠡ ᠵᠡᠷᠭᠡ ᠠᠵᠢᠯ᠎ᠢ ᠰᠢᠰᠲ᠋ᠧᠮ ᠲᠠᠢ ᠠᠬᠢᠭᠤᠯᠤᠬᠰᠠᠨ ᠪᠠᠢᠨ᠎ᠠ᠃ ᠪᠤᠯᠤᠳ ᠲᠡᠮᠦᠷ᠎ᠤᠨ ᠠᠵᠤ ᠦᠢᠯᠡᠰ ᠤ᠋ᠨ ᠲᠠᠯ᠎ᠠ ᠪᠡᠷ᠂ ᠲᠤᠰ ᠪᠦᠯᠦᠭᠯᠡᠯ ᠨᠡᠭᠦᠷᠡᠰᠦᠳᠦ᠋ᠷᠦᠭᠴᠢ ᠵᠢᠨ ᠭᠠᠳᠠᠬᠰᠢᠯᠠᠭᠤᠯᠤᠯᠳᠠ ᠵᠢᠨ ᠬᠠᠮᠢᠶᠠᠷᠤᠯᠳᠠ ᠵᠢᠨ ᠰᠠᠭᠤᠷᠢ ᠵᠢ ᠪᠠᠳᠤᠳᠬᠠᠵᠦ᠂ ᠪᠠᠭ᠎ᠠ ᠨᠡᠭᠦᠷᠡᠰᠦᠳᠦ᠋ᠷᠦᠭᠴᠢᠳ᠋ᠤ ᠪᠦᠳᠦᠭᠡᠭᠳᠡᠭᠦᠨ᠎ᠤ ᠤᠯᠠᠨ ᠤᠯᠤᠰ᠎ᠤᠨ ᠠᠷᠠᠯᠵᠢᠶ᠎ᠠ ᠵᠢᠨ ᠵᠠᠮ ᠱᠤᠭᠤᠮ᠎ᠢ ᠨᠡᠪᠳᠡᠷᠡᠭᠦᠯᠦᠭᠰᠡᠨ ᠪᠠᠢᠨ᠎ᠠ᠃ ᠪᠤᠭᠤᠲᠤ ᠵᠢᠨ ᠪᠤᠯᠤᠳ ᠲᠡᠮᠦᠷ᠎ᠤᠨ ᠬᠤᠪᠢᠴᠠᠭᠠᠳᠤ ᠺᠤᠮᠫᠠᠨᠢ ᠵᠢᠨ  《ᠨᠡᠭᠦᠷᠡᠰᠦᠳᠦ᠋ᠷᠦᠭᠴᠢ ᠵᠢᠨ ᠵᠢᠮ᠎ᠤᠨ ᠪᠠᠳᠤᠯᠠᠯᠳᠠ ᠳ᠋ᠤ ᠰᠠᠭᠤᠷᠢᠯᠠᠬᠰᠠᠨ ᠪᠠᠭ᠎ᠠ ᠨᠡᠭᠦᠷᠡᠰᠦᠳᠦ᠋ᠷᠦᠭᠴᠢ ᠵᠢᠨ ᠭᠠᠳᠠᠬᠰᠢᠯᠠᠭᠤᠯᠤᠯᠳᠠ ᠲᠠᠢ ᠪᠤᠯᠤᠳ᠎ᠤᠨ ᠬᠠᠩᠭᠠᠯᠭ᠎ᠠ ᠵᠢᠨ ᠬᠡᠯᠬᠢᠶᠡᠵᠢᠯ᠎ᠤᠨ ᠦᠢᠯᠡᠳᠦᠯᠭᠡ》 ᠪᠤᠯᠤᠨ ᠤᠮᠠᠷᠠᠳᠤ ᠵᠢᠨ ᠬᠤᠪᠤᠷ ᠰᠢᠷᠤᠢ ᠵᠢᠨ ᠺᠤᠮᠫᠠᠨᠢ ᠵᠢᠨ  《ᠨᠡᠭᠦᠷᠡᠰᠦᠳᠦ᠋ᠷᠦᠭᠴᠢ ᠵᠢᠨ ᠵᠢᠮ ᠳ᠋ᠤ ᠰᠠᠭᠤᠷᠢᠯᠠᠬᠰᠠᠨ ᠬᠤᠪᠤᠷ ᠰᠢᠷᠤᠢ ᠵᠢᠨ ᠪᠤᠬᠢᠷᠳᠤᠯ ᠦᠭᠡᠢ ᠬᠠᠮᠢᠶᠠᠷᠤᠯᠳᠠ ᠵᠢᠨ ᠦᠢᠯᠡᠳᠦᠯᠭᠡ》 ᠤᠯᠤᠰ᠎ᠤᠨ ᠵᠠᠭᠤ ᠭᠠᠷᠤᠢ ᠬᠤᠪᠢ ᠡᠷᠡᠮᠡᠯᠵᠡᠨ ᠮᠡᠳᠡᠭᠦᠯᠦᠭᠰᠡᠨ ᠬᠡᠷᠡᠭ᠎ᠤᠨ ᠵᠢᠱ᠌ᠢᠶ᠎ᠡ ᠲᠤᠳᠤᠷ᠎ᠠ ᠡᠴᠡ ᠰᠢᠯᠭᠠᠷᠠᠵᠤ᠂ ᠨᠡᠢᠳᠡ 36 ᠨᠡᠢᠳᠡᠯᠢᠭ ᠬᠡᠷᠡᠭ᠎ᠤᠨ ᠵᠢᠱ᠌ᠢᠶ᠎ᠡ ᠳ᠋ᠤ ᠪᠠᠬᠳᠠᠵᠦ᠂ ᠪᠤᠯᠤᠳ ᠲᠡᠮᠦᠷ ᠪᠤᠯᠤᠨ ᠦᠩᠬᠡᠳᠤ ᠲᠡᠮᠦᠷᠯᠢᠭ ᠎ᠤᠨ ᠬᠦᠷᠢᠶ᠎ᠠ ᠴᠠᠷᠠᠭ᠎ᠠ ᠪᠤᠬᠢᠷᠳᠤᠯ ᠦᠭᠡᠢ ᠠᠷᠠᠯᠵᠢᠶ᠎ᠠ ᠵᠢᠨ ᠬᠤᠷᠢᠭ᠎ᠠ ᠰᠠᠭᠠᠳ᠎ᠢ ᠠᠷᠭᠠᠴᠠᠭᠠᠵᠦ᠂ ᠦᠷᠢᠰᠦᠯᠳᠦᠬᠦ ᠬᠦᠴᠦᠨ᠎ᠢ  ᠲᠡᠭᠡᠭᠰᠢᠯᠡᠬᠦᠯᠬᠦ ᠲᠦᠯᠦᠭᠡᠯᠡᠭᠴᠢ  ᠴᠢᠨᠠᠷ  ᠲᠠᠢ  ᠬᠡᠷᠡᠭ᠎ᠤᠨ  ᠵᠢᠱ᠌ᠢᠶ᠎ᠡ ᠪᠤᠯᠤᠬᠰᠠᠨ  ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号