ᠬᠥᠬᠡᠬᠣᠲᠠ ᠵᠢᠨ ᠦᠴᠦᠸᠠᠨ ᠱᠢᠶᠠᠨ᠂ ᠪᠤᠭᠤᠲᠤ ᠬᠣᠲᠠ ᠵᠢᠨ ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤ᠂ ᠤᠯᠠᠭᠠᠨᠴᠠᠪ ᠬᠣᠲᠠ ᠵᠢᠨ ᠳᠥᠷᠪᠡᠳ ᠬᠣᠱᠢᠭᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠵᠠᠰᠠᠬᠤ ᠬᠡᠯᠡᠯᠴᠡᠭᠡᠷ ᠤ᠋ᠨ ᠱᠠᠭᠠᠷᠳᠠᠯᠭ᠎ᠠ ᠶ᠋ᠢ ᠴᠢᠩᠭ᠎ᠠ ᠨᠠᠢᠳᠠᠪᠤᠷᠢᠵᠢᠭᠤᠯᠵᠤ᠂ ᠣᠢᠷ᠎ᠠ ᠳ᠋ᠤ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰ ᠢ᠋ ᠰᠡᠷᠭᠡᠢᠯᠡᠨ ᠡᠵᠡᠮᠳᠡᠬᠦ᠌ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ ᠵᠢᠨ ᠠᠵᠢᠯᠯᠠᠭ᠎ᠠ ᠶ᠋ᠢ ᠬᠠᠮᠲᠤᠷᠠᠨ ᠥᠷᠨᠢᠭᠦᠯᠪᠡ᠃
ᠲᠣᠰ ᠤᠳᠠᠭᠠᠨ ᠤ᠋ ᠤᠬᠠᠭᠤᠯᠭ᠎ᠠ ᠵᠢᠨ ᠠᠵᠢᠯᠯᠠᠭ᠎ᠠᠨᠢ ᠨᠤᠲᠤᠭ ᠪᠡᠯᠴᠢᠭᠡᠷ ᠤ᠋ᠨ ᠬᠥᠨᠥᠭᠡᠯᠲᠤ ᠠᠮᠢᠳᠤ ᠪᠣᠳᠠᠰ ᠢ᠋ ᠰᠡᠷᠭᠡᠢᠯᠡᠨ ᠡᠵᠡᠮᠳᠡᠬᠦ᠌ ᠬᠠᠤᠯᠢ ᠴᠠᠭᠠᠵᠠ ᠬᠠᠤᠯᠢ ᠲᠣᠭ᠍ᠲᠠᠭᠠᠯ ᠤ᠋ᠨ ᠤᠬᠠᠭᠤᠯᠭ᠎ᠠ ᠬᠢᠭᠡᠳ ᠭᠠᠳᠠᠨ᠎ᠠ ᠡᠴᠡ ᠣᠷᠣᠵᠤ ᠢᠷᠡᠭ᠌ᠰᠡᠨ ᠳᠦᠷᠰᠦ ᠶ᠋ᠢ ᠢᠯᠭᠠᠨ ᠲᠠᠨᠢᠵᠤ ᠱᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠬᠣᠶᠠᠷ ᠶᠡᠬᠡ ᠭᠤᠤᠯᠳᠠᠯᠭ᠎ᠠ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠲᠥᠷᠥ ᠵᠢᠨ ᠪᠣᠳᠣᠯᠭ᠎ᠠ ᠵᠢᠨ ᠲᠠᠢᠯᠤᠮᠵᠢ ᠬᠢᠭᠡᠳ ᠮᠡᠳᠡᠯᠭᠡ ᠵᠢᠨ ᠲᠦᠭᠡᠮᠡᠯᠵᠢᠭᠦᠯᠦᠯᠲᠡ ᠶ᠋ᠢ ᠱᠢᠰᠲ᠋ᠧᠮᠲᠡᠶ ᠥᠷᠨᠢᠭᠦᠯᠤᠨ᠂ ᠬᠡᠷᠡᠭ᠌ᠯᠡᠭᠡᠨᠦ ᠴᠢᠨᠠᠷ ᠪᠠ ᠬᠠᠨᠳᠤᠯᠭᠠᠲᠤ ᠴᠢᠨᠠᠷ ᠢ᠋ ᠬᠠᠮᠲᠤ ᠳ᠋ᠤᠨᠢ ᠬᠠᠷᠠᠭᠠᠯᠵᠠᠪᠠ᠃ ᠲᠣᠰ ᠤᠳᠠᠭᠠᠨ ᠤ᠋ ᠤᠬᠠᠭᠤᠯᠭ᠎ᠠ ᠵᠢᠨ ᠠᠵᠢᠯᠯᠠᠭ᠎ᠠᠨᠢ ᠭᠤᠷᠪᠠᠨ ᠭᠠᠵᠠᠷ ᠤ᠋ᠨ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠵᠠᠰᠠᠬᠤ ᠲᠣᠭ᠍ᠲᠠᠴᠠ ᠶ᠋ᠢ ᠢᠳᠡᠪᠬᠢᠲᠡᠶ ᠨᠠᠢᠳᠠᠪᠤᠷᠢᠵᠢᠭᠤᠯᠤᠭ᠍ᠰᠠᠨ ᠵᠢᠡᠷ ᠪᠠᠷᠠᠬᠤ ᠥᠬᠡᠶ᠂ ᠪᠠᠰᠠ ᠴᠤ᠌ ᠣᠯᠠᠨ ᠲᠦᠮᠡᠨᠦ ᠨᠤᠲᠤᠭ ᠪᠡᠯᠴᠢᠭᠡᠷ ᠢ᠋ ᠬᠠᠮᠠᠭᠠᠯᠠᠬᠤ ᠦᠵᠡᠯ ᠤᠬᠠᠮᠰᠠᠷ ᠢ᠋ ᠳᠡᠭᠡᠭ᠌ᠰᠢᠯᠡᠭᠦᠯᠤᠨ᠂ ᠰᠡᠷᠭᠡᠢᠯᠡᠨ ᠡᠵᠡᠮᠳᠡᠬᠦ᠌ ᠮᠡᠳᠡᠯᠭᠡ ᠶ᠋ᠢ ᠲᠦᠭᠡᠮᠡᠯᠵᠢᠭᠦᠯᠬᠦ᠌ ᠴᠢᠬᠤᠯᠠ ᠠᠷᠭ᠎ᠠ ᠬᠡᠮᠵᠢᠶ᠎ᠡ ᠪᠠᠢᠵᠤ᠂ ᠪᠥᠬᠥ᠌ ᠵᠢᠯ ᠤ᠋ᠨ ᠨᠤᠲᠤᠭ ᠪᠡᠯᠴᠢᠭᠡᠷ ᠤ᠋ᠨ ᠬᠦᠨᠦᠭᠡᠯᠲᠤ ᠠᠮᠢᠳᠤ ᠪᠣᠳᠠᠰ ᠢ᠋ ᠰᠡᠷᠭᠡᠢᠯᠡᠨ ᠵᠠᠰᠠᠬᠤ ᠠᠵᠢᠯ ᠢ᠋ ᠰᠠᠢᠲᠤᠷ ᠡᠬᠢᠯᠡᠭᠦᠯᠬᠦ᠌ᠳᠦ ᠪᠠᠲᠤ ᠪᠠᠬᠢ ᠰᠠᠭᠤᠷᠢ ᠲᠠᠯᠪᠢᠭᠰᠠᠨ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号