ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠭᠤᠸᠠᠩᠳᠦ᠋ᠩ ᠱᠢᠶᠠᠩᠭᠠᠩ ᠣᠣᠮᠧᠨ᠎ᠦ ᠶᠡᠬᠡ ᠪᠤᠯᠤᠩ᠎ᠤᠨ ᠣᠷᠣᠨ᠎ᠳᠤ ᠬᠦᠷᠴᠦ ᠰᠣᠯᠢᠯᠴᠠᠭ᠎ᠠ ᠬᠠᠮᠲᠤᠷᠠᠯᠴᠠᠭ᠎ᠠ᠎ᠶ᠋ᠢᠨ ᠱᠢᠷᠢᠰ ᠠᠵᠢᠯᠯᠠᠭ᠎ᠠ ᠥᠷᠨᠢᠭᠦᠯᠪᠡ
2026-05-14 10:53:33
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭ᠍ᠴᠢ ᠵᠢᠴᠢ ᠡᠮᠡᠭ᠌ᠲᠡᠢ ᠠᠵᠤ ᠠᠬᠤᠢᠯᠠᠯᠲᠠᠳ᠎ᠢ ᠵᠣᠬᠢᠶᠠᠨ ᠪᠠᠢᠭᠤᠯᠵᠤ ᠲᠦᠯᠦᠭᠡᠯᠡᠭᠴᠢᠳ᠎ᠤᠨ ᠪᠦᠯᠬᠦᠮ ᠪᠠᠢᠭᠤᠯᠤᠨ᠂ ᠱᠢᠶᠠᠩᠭᠠᠩ᠂ ᠣᠣᠮᠧᠨ᠂ ᠭᠤᠸᠠᠩᠵᠧᠦ᠍᠎ᠳᠦ ᠬᠦᠷᠴᠦ᠍᠂ 10 ᠭᠠᠷᠤᠢ ᠲᠠᠯᠠᠪᠤᠷ ᠰᠣᠯᠢᠯᠴᠠᠭ᠎ᠠ ᠬᠠᠮᠲᠤᠷᠠᠯᠴᠠᠭᠠᠨ᠎ᠤ ᠠᠵᠢᠯᠯᠠᠭ᠎ᠠ ᠵᠢᠴᠢ 3 ᠲᠠᠯᠠᠪᠠᠢ 《ᠤᠮᠠᠷᠠᠲᠤ ᠬᠢᠯᠢ᠎ᠶ᠋ᠢᠨ ᠪᠦᠰᠡᠭᠦᠢ ᠤᠬᠠᠭᠠᠨ》 ᠡᠮᠡᠭ᠌ᠲᠡᠢᠴᠦᠳ᠎ᠦᠨ ᠭᠠᠷ ᠤᠷᠠᠯᠠᠯ᠎ᠤᠨ ᠪᠦᠲᠦᠭᠡᠭ᠌ᠳᠡᠬᠦᠨ᠎ᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ᠎ᠡᠷᠬᠢᠯᠡᠪᠡ᠃

ᠲᠥᠯᠥᠭᠡᠯᠡᠭ᠌ᠴᠢᠳ᠎ᠦᠨ ᠪᠦᠯᠬᠦᠮ ᠱᠢᠶᠠᠩᠭᠠᠩ᠎ᠤᠨ ᠡᠯ᠎ᠡ ᠡᠲᠡᠭᠡᠳ᠎ᠦᠨ ᠡᠮᠡᠭ᠌ᠲᠡᠢᠴᠦᠳ᠎ᠦᠨ ᠬᠠᠮᠲᠤᠷᠠᠭ᠍ᠰᠠᠨ ᠬᠠᠮᠵᠢᠯᠴᠠᠨ ᠠᠬᠢᠭᠤᠯᠬᠤ ᠬᠤᠷᠠᠯ᠂ ᠱᠢᠶᠠᠩᠭᠠᠩ᠎ᠤᠨ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠲᠥᠯᠥᠭᠡᠯᠡᠭ᠌ᠴᠢᠳ᠎ᠦᠨ ᠨᠥᠬᠥᠷᠯᠡᠯ᠎ᠦᠨ ᠬᠤᠷᠠᠯ᠎ᠯᠤᠭ᠎ᠠ ᠲᠤᠰ ᠲᠤᠰ ᠶᠠᠷᠢᠯᠴᠠᠬᠤ ᠬᠤᠷᠠᠯ ᠬᠤᠷᠠᠯᠳᠤᠭᠤᠯᠵᠤ᠂ ᠡᠮᠡᠭ᠌ᠲᠡᠢᠴᠦᠳ᠎ᠦᠨ ᠡᠷᠬᠡ ᠠᠱᠢᠭ᠎ᠢ ᠬᠠᠮᠠᠭᠠᠯᠠᠬᠤ᠂ ᠡᠮᠡᠭ᠌ᠲᠡᠢᠴᠦᠳ᠎ᠦᠨ ᠬᠥᠭ᠌ᠵᠢᠯᠲᠡ᠎ᠶ᠋ᠢ ᠠᠬᠢᠭᠤᠯᠬᠤ᠂ ᠭᠡᠷ ᠪᠦᠯᠢ᠎ᠶ᠋ᠢᠨ ᠪᠠᠢᠭᠤᠯᠤᠯᠲᠠ᠂ ᠵᠠᠯᠠᠭᠤᠴᠤᠳ ᠪᠠᠭᠠᠴᠤᠳ᠎ᠤᠨ ᠰᠣᠯᠢᠯᠴᠠᠭ᠎ᠠ ᠵᠡᠷᠭᠡ ᠲᠠᠯ᠎ᠠ᠎ᠪᠠᠷ ᠠᠩᠬ᠎ᠠ ᠠᠯᠬᠤᠮ᠎ᠤᠨ ᠬᠠᠮᠲᠤᠷᠠᠯᠴᠠᠭᠠᠨ᠎ᠤ ᠬᠠᠮᠲᠤ᠎ᠶ᠋ᠢᠨ ᠲᠠᠨᠢᠯᠲᠠ᠎ᠵᠢ ᠪᠤᠢ ᠪᠣᠯᠭᠠᠪᠠ᠃ ᠬᠣᠶᠠᠷ ᠭᠠᠵᠠᠷ᠎ᠤᠨ ᠡᠮᠡᠭ᠌ᠲᠡᠢ ᠠᠵᠤ ᠠᠬᠤᠢᠯᠠᠯᠲᠠᠳ ᠲᠤᠷᠱᠢᠯᠭ᠎ᠠ᠎ᠪᠠᠨ ᠰᠣᠯᠢᠯᠴᠠᠵᠤ᠂ ᠬᠥᠭ᠌ᠵᠢᠯᠲᠡ᠎ᠶ᠋ᠢᠨ ᠴᠢᠭ᠌ᠯᠡᠯ᠎ᠢ ᠰᠤᠳᠤᠯᠤᠨ ᠶᠠᠷᠢᠯᠴᠠᠵᠤ᠂ ᠬᠠᠮᠲᠤᠷᠠᠯᠴᠠᠭᠠᠨ᠎ᠤ ᠲᠠᠪᠴᠠᠩ᠎ᠢ ᠪᠠᠢᠭᠤᠯᠵᠤ᠂ ᠬᠣᠢᠱᠢᠳᠠ᠎ᠶ᠋ᠢᠨ ᠬᠠᠷᠢᠯᠴᠠᠨ ᠠᠢᠯᠴᠢᠯᠠᠬᠤ᠂ ᠬᠠᠮᠲᠤᠷᠠᠯᠴᠠᠬᠤ᠎ᠳᠤ ᠰᠠᠢ᠌ᠨ ᠰᠠᠢᠬᠠᠨ ᠰᠠᠭᠤᠷᠢ ᠵᠢ ᠲᠠᠯᠪᠢᠵᠤ ᠥᠭ᠌ᠴᠡᠢ᠃ ᠲᠥᠯᠥᠭᠡᠯᠡᠭ᠌ᠴᠢᠳ᠎ᠦᠨ ᠪᠦᠯᠬᠦᠮ ᠲᠤᠰᠭᠠᠢᠯᠠᠨ ᠠᠽᠢᠶ᠎ᠠ ᠲᠢᠪ᠎ᠦᠨ ᠬᠠᠷᠠᠭ᠎ᠠ ᠠᠯᠳᠠᠭ᠍ᠰᠠᠳ᠎ᠢ ᠰᠡᠷᠭᠡᠢᠯᠡᠬᠦ᠌ ᠰᠠᠭᠤᠷᠢ ᠮᠥᠩᠭᠥᠨ᠎ᠦ ᠨᠡᠢᠭᠡᠮᠯᠢᠭ ᠪᠡ ᠱᠢᠶᠠᠩᠭᠠᠩ᠎ᠤᠨ 《ᠴᠠᠬᠤᠯᠠᠶ》 ᠰᠤᠷᠤᠯᠭ᠎ᠠ ᠲᠡᠳᠬᠦᠬᠦ᠌ ᠪᠦᠯᠬᠦᠮ᠎ᠳᠦ ᠬᠦᠷᠴᠤ᠂ ᠬᠣᠶᠠᠷ ᠪᠠᠢᠭᠤᠯᠤᠮᠵᠢ᠎ᠶ᠋ᠢᠨ ᠣᠷᠳᠣ ᠬᠤᠭᠤᠴᠠᠭ᠎ᠠ᠎ᠪᠠᠷ ᠮᠠᠨ᠎ᠤ ᠣᠷᠣᠨ᠎ᠤ ᠡᠮᠡᠭ᠌ᠲᠡᠢᠴᠦᠳ ᠬᠡᠦᠬᠡᠳ᠎ᠦᠨ ᠦᠶ᠋ᠯᠡᠰ᠎ᠢ ᠳᠡᠮᠵᠢᠭ᠌ᠰᠡᠨ᠎ᠳᠦ ᠲᠠᠯᠠᠷᠬᠠᠬᠤ᠎ᠶ᠋ᠢᠨ ᠬᠠᠮᠲᠤ ᠬᠡᠦᠬᠡᠳ ᠵᠠᠯᠠᠭᠤᠴᠤᠳ ᠪᠠᠭᠠᠴᠤᠳ᠎ᠤᠨ ᠣᠢᠷ᠎ᠠ ᠬᠠᠷᠠᠭ᠎ᠠ᠎ᠶ᠋ᠢ ᠰᠡᠷᠭᠡᠢᠯᠡᠨ ᠡᠵᠡᠮᠳᠡᠬᠦ᠌ ᠪᠠ ᠰᠤᠷᠤᠯᠭ᠎ᠠ ᠲᠡᠳᠬᠦᠬᠦ᠌ ᠵᠡᠷᠭᠡ ᠬᠠᠮᠲᠤᠷᠠᠯᠴᠠᠭ᠎ᠠ᠎ᠶ᠋ᠢᠨ ᠲᠤᠬᠠᠶ ᠰᠤᠳᠤᠯᠤᠨ ᠶᠠᠷᠢᠯᠴᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠬᠠᠷᠢᠭᠤᠴᠠᠯᠭᠠᠲᠠᠨ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠂ ᠬᠤᠳᠠᠯᠳᠤᠭ᠎ᠠ ᠡᠷᠭᠢᠯᠡᠬᠦ᠌ ᠣᠷᠴᠢᠨ ᠨᠦᠭᠦᠴᠡᠯ ᠵᠢᠴᠢ ᠡᠮᠡᠭ᠌ᠲᠡᠢᠴᠦᠳ᠎ᠦᠨ ᠦᠶ᠋ᠯᠡᠰ ᠪᠤᠰᠬᠠᠵᠤ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠪᠥᠬᠥ᠌ ᠲᠠᠯ᠎ᠠ᠎ᠪᠠᠷ ᠲᠠᠨᠢᠯᠴᠠᠭᠤᠯᠪᠠ᠃

ᠲᠥᠯᠥᠭᠡᠯᠡᠭ᠌ᠴᠢᠳ᠎ᠦᠨ ᠪᠦᠯᠬᠦᠮ ᠣᠣᠮᠧᠨ᠎ᠦ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠶᠡᠷᠦᠩᠬᠡᠶ ᠬᠤᠷᠠᠯ᠎ᠳ᠋ᠤ ᠠᠢᠯᠴᠢᠯᠠᠵᠤ ᠶᠠᠷᠢᠯᠴᠠᠬᠤ ᠬᠤᠷᠠᠯ ᠬᠤᠷᠠᠯᠳᠤᠭᠤᠯᠵᠤ᠂ ᠲᠡᠳᠡᠨ᠎ᠦ ᠨᠠᠷᠢᠯᠢᠬ᠍ᠵᠢᠭᠤᠯᠤᠭ᠍ᠰᠠᠨ᠂ ᠲᠤᠰᠭᠠᠢᠵᠢᠭ᠍ᠰᠠᠨ ᠠᠵᠢᠯᠯᠠᠭᠠᠨ᠎ᠤ ᠵᠠᠭ᠍ᠪᠤᠷ᠎ᠢ ᠨᠠᠷᠢᠨ ᠣᠢᠯᠠᠭᠠᠵᠤ᠂ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠦᠶ᠋ᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠬᠦ ᠲᠤᠬᠠᠢ ᠲᠤᠷᠱᠢᠯᠭ᠎ᠠ ᠪᠠᠨ ᠰᠣᠯᠢᠯᠴᠠᠪᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠪᠣᠯᠤᠨ ᠭᠤᠸᠠᠩᠳᠦ᠋ᠩ ᠮᠤᠵᠢ᠎ᠶ᠋ᠢᠨ ᠡᠮᠡᠭ᠌ᠲᠡᠢᠴᠦᠳ᠎ᠦᠨ ᠬᠣᠯᠪᠣᠭ᠎ᠠ ᠭᠤᠸᠠᠩᠵᠧᠦ ᠬᠣᠲᠠ᠎ᠳᠤ 《ᠡᠮᠡᠭ᠌ᠲᠡᠢᠴᠦᠳ ᠭᠠᠷ ᠬᠣᠯᠪᠣᠯᠴᠠᠨ ᠬᠠᠮᠲᠤ᠎ᠪᠠᠷ ᠤᠷᠤᠭ᠍ᠰᠢᠯᠠᠵᠤ ᠭᠤᠸᠠᠩᠳᠦ᠋ᠩ ᠥᠪᠥᠷ ᠮᠣᠩᠭᠣᠯ᠎ᠤᠨ ᠬᠥᠭ᠌ᠵᠢᠯᠲᠡ᠎ᠶ᠋ᠢ ᠠᠬᠢᠭᠤᠯᠬᠤ》 ᠭᠤᠸᠠᠩᠳᠦ᠋ᠩ ᠥᠪᠥᠷ ᠮᠣᠩᠭᠣᠯ᠎ᠤᠨ ᠬᠠᠮᠲᠤᠷᠠᠯᠴᠠᠭᠠᠨ᠎ᠤ ᠭᠤᠤᠯᠳᠠᠯᠭ᠎ᠠ᠎ᠲᠠᠶ ᠡᠭᠦᠷᠭᠡ᠎ᠶ᠋ᠢ ᠨᠠᠢᠳᠠᠪᠤᠷᠢᠵᠢᠭᠤᠯᠬᠤ ᠵᠢᠴᠢ ᠬᠣᠶᠠᠷ ᠭᠠᠵᠠᠷ᠎ᠤᠨ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠬᠠᠮᠲᠤᠷᠠᠯᠴᠠᠭ᠎ᠠ ᠰᠣᠯᠢᠯᠴᠠᠭᠠᠨ᠎ᠤ ᠠᠵᠢᠯᠯᠠᠭ᠎ᠠ᠎ᠶ᠋ᠢ ᠭᠤᠤᠯᠯᠠᠨ ᠡᠷᠭᠢᠯᠡᠪᠡ᠃ ᠬᠣᠶᠠᠷ ᠭᠠᠵᠠᠷ᠎ᠤᠨ ᠡᠮᠡᠭ᠌ᠲᠡᠢᠴᠦᠳ᠎ᠦᠨ ᠬᠣᠯᠪᠣᠭ᠎ᠠ ᠠᠵᠢᠯ᠎ᠤᠨ ᠪᠣᠳᠠᠲᠤ ᠪᠠᠢᠳᠠᠯ᠎ᠳᠠᠭᠠᠨ ᠰᠠᠭᠤᠷᠢᠯᠠᠨ᠂ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠂ ᠡᠮᠡᠭ᠌ᠲᠡᠢᠴᠦᠳ᠎ᠦᠨ ᠦᠢᠯᠡᠰ ᠪᠤᠰᠭᠠᠵᠤ ᠠᠵᠢᠯ ᠤᠯᠬᠤ᠂ ᠬᠡᠷ᠎ᠤᠨ ᠬᠥᠮᠦᠵᠢᠯ ᠬᠡᠷ᠎ᠦᠨ ᠰᠤᠷᠲᠠᠯ᠎ᠤᠨ ᠪᠠᠢᠭᠤᠯᠤᠯᠲᠠ᠂ ᠡᠮᠡᠭ᠌ᠲᠡᠢᠴᠦᠳ ᠬᠡᠦᠬᠡᠳ᠎ᠦᠨ ᠡᠷᠬᠡ ᠠᠱᠢᠭ᠎ᠢ ᠪᠠᠲᠤᠯᠠᠬᠤ ᠵᠡᠷᠭᠡ ᠭᠣᠣᠯᠳᠠᠯᠭ᠎ᠠ᠎ᠲᠠᠶ ᠬᠦᠷᠢᠶᠡᠨ᠎ᠦ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠪᠠ᠃ ᠬᠣᠶᠠᠷ ᠭᠠᠵᠠᠷ᠎ᠤᠨ ᠡᠮᠡᠭ᠌ᠲᠡᠢᠴᠦᠳ᠎ᠦᠨ ᠬᠣᠯᠪᠣᠭ᠎ᠠ 《ᠬᠠᠮᠲᠤᠷᠠᠯᠴᠠᠭᠠᠨ᠎ᠤ ᠰᠠᠨᠠᠮᠵᠢ᠎ᠶ᠋ᠢᠨ ᠪᠢᠴᠢᠭ》 ᠲᠸ᠋ ᠭᠠᠷ᠎ᠤᠨ ᠥᠰᠥᠭ ᠵᠢᠷᠤᠵᠤ᠂ ᠪᠥᠬᠥ᠌ ᠲᠠᠯ᠎ᠠ᠎ᠶ᠋ᠢᠨ᠂ ᠣᠯᠠᠨ ᠲᠠᠰ ᠳᠠᠪᠬᠤᠷᠭ᠎ᠠ᠎ᠶ᠋ᠢᠨ᠂ ᠣᠷᠳᠣ ᠬᠤᠭᠤᠴᠠᠭᠠᠨ᠎ᠤ ᠪᠦᠲᠦᠮᠵᠢᠲᠡᠶ ᠬᠠᠮᠵᠢᠯᠴᠠᠭᠠᠨ᠎ᠤ ᠲᠣᠭ᠍ᠲᠠᠴᠠ᠎ᠶ᠋ᠢ ᠪᠠᠢᠭᠤᠯᠪᠠ᠃

ᠲᠣᠰ ᠤᠳᠠᠭᠠᠨ᠎ᠤ ᠱᠢᠷᠢᠰ ᠦᠵᠡᠰᠭᠦᠯᠡᠩ᠎ᠨᠢ ᠥᠪᠥᠷ ᠮᠣᠩᠭᠣᠯ᠎ᠤᠨ ᠡᠮᠡᠭ᠌ᠲᠡᠢᠴᠦᠳ᠎ᠤᠨ ᠦᠶ᠋ᠯᠡᠳᠦᠭ᠌ᠰᠡᠨ ᠤᠷᠠᠨ ᠬᠠᠳᠭᠤᠮᠠᠯ᠂ ᠣᠷᠢᠶᠠᠮᠠᠯ ᠲᠣᠪᠴᠢ᠂ ᠬᠣᠨᠢᠨ ᠠᠷᠠᠰᠤᠨ ᠵᠢᠷᠤᠭ᠂ ᠥᠪᠥᠷ ᠮᠣᠩᠭᠣᠯ᠎ᠤᠨ ᠤᠨᠴᠠᠯᠢᠬ᠍ᠳᠤ ᠰᠣᠶᠣᠯ᠎ᠤᠨ ᠪᠦᠲᠦᠭᠡᠯᠴᠢ ᠦᠢᠯᠡᠳᠭᠦᠨ ᠵᠡᠷᠭᠡ 1000 ᠭᠠᠷᠤᠶ ᠪᠦᠲᠦᠭᠡᠯ᠎ᠢ ᠰᠣᠩᠭᠣᠵᠤ᠂ ᠲᠣᠭ᠍ᠲᠠᠩᠭᠤᠶ ᠦᠵᠡᠭᠦᠯᠭᠡ ᠪᠠ ᠭᠠᠷ ᠤᠷᠠᠴᠤᠳ᠎ᠤᠨ ᠦᠵᠡᠭᠦᠯᠭᠡ᠎ᠶ᠋ᠢ ᠤᠶᠠᠯᠳᠤᠭᠤᠯᠬᠤ ᠬᠡᠯᠪᠡᠷᠢ᠎ᠪᠡᠷ ᠥᠪᠥᠷ ᠮᠣᠩᠭᠣᠯ᠎ᠤᠨ ᠱᠢᠯᠢᠳᠡᠭ ᠤᠯᠠᠮᠵᠢᠯᠠᠯᠲᠤ ᠰᠣᠶᠣᠯ᠎ᠤᠨ ᠭᠦᠨ ᠵᠤᠵᠠᠭᠠᠨ ᠤᠤᠷ ᠲᠤᠨᠳᠠᠰᠤ ᠪᠠ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠭᠠᠢᠬᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号