ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ 2026 ᠤᠨ ᠤ᠋ ᠪᠦᠬᠦ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠭᠤᠤᠯᠳᠠᠯᠭ᠎ᠠ ᠲᠠᠢ ᠠᠰᠠᠭᠤᠳᠠᠯ ᠪᠠ ᠡᠭᠦᠷᠭᠡ ᠶ᠋ᠢᠨ ᠨᠠᠷᠢᠨ ᠳᠠᠩᠰᠠ ᠵᠢ ᠭᠠᠷᠭᠠᠪᠠ᠃
ᠲᠤᠰ ᠨᠠᠷᠢᠨ ᠳᠠᠩᠰᠠ ᠵᠢ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠴᠡ 2025 ᠤᠨ ᠤ᠋ ᠪᠦᠬᠦ ᠤᠷᠤᠨ ᠤ᠋ ᠡᠯ᠎ᠠ ᠱᠠᠳᠤᠨ ᠤ᠋ ᠬᠢᠨᠠᠯᠳᠠ ᠬᠠᠮᠢᠶᠠᠷᠤᠯᠳᠠ ᠶ᠋ᠢᠨ ᠰᠠᠯᠠᠭ᠎ᠠ ᠮᠦᠴᠢᠷ ᠤ᠋ᠨ ᠬᠠᠮᠳᠤ ᠪᠡᠷ ᠵᠦᠪᠳᠡᠯᠴᠡᠭᠰᠡᠨ ᠲᠦᠭᠰᠢᠭᠦᠷᠢ ᠶ᠋ᠢᠨ ᠬᠡᠷᠡᠭ᠂ ᠤᠨ ᠤ᠋ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠪᠠᠢᠳᠠᠯ ᠤ᠋ᠨ ᠵᠠᠳᠠᠯᠤᠯᠳᠠ ᠳ᠋ᠤ ᠢᠯᠡᠷᠡᠭᠦᠯᠦᠭᠰᠡᠨ ᠠᠰᠠᠭᠤᠳᠠᠯ ᠢ᠋ ᠪᠦᠬᠦ ᠲᠠᠯ᠎ᠠ ᠪᠡᠷ ᠡᠮᠬᠢᠯᠡᠵᠦ᠂ ᠤᠯᠤᠰ ᠤ᠋ᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ ᠵᠠᠷᠯᠠᠭᠰᠠᠨ ᠵᠢᠴᠢ ᠪᠤᠰᠤᠳ ᠮᠤᠵᠢ ᠤᠷᠤᠨ ᠲᠠᠢ ᠬᠠᠮᠵᠢᠯᠴᠠᠨ ᠪᠠᠢᠴᠠᠭᠠᠭᠰᠠᠨ ᠰᠦᠪᠡᠭᠴᠢ ᠰᠡᠵᠢᠭᠦᠷ ᠤ᠋ᠨ ᠴᠢᠨᠠᠷᠳᠠᠢ ᠲᠦᠭᠰᠢᠭᠦᠷᠢ ᠲᠠᠢ ᠤᠶᠠᠯᠳᠤᠭᠤᠯᠤᠨ ᠰᠤᠳᠤᠯᠤᠨ ᠳᠤᠭᠳᠠᠭᠠᠭᠰᠠᠨ ᠶᠤᠮ᠃ ᠨᠠᠷᠢᠨ ᠳᠠᠩᠰᠠ ᠳ᠋ᠤ ᠡᠮ ᠤ᠋ᠨ ᠵᠦᠢᠯ᠂ ᠡᠮᠴᠢᠯᠡᠭᠡᠨ ᠤ᠋ ᠪᠠᠭᠠᠵᠢ ᠬᠡᠷᠡᠭᠰᠡᠯ ᠪᠠ ᠭᠤᠶᠤᠯᠠᠯ ᠤ᠋ᠨ ᠡᠳ᠋ ᠢ᠋ ᠰᠤᠳᠤᠯᠤᠨ ᠨᠡᠭᠡᠭᠡᠬᠦ᠂ ᠦᠢᠯᠡᠳᠪᠤᠷᠢᠯᠡᠬᠦ᠂ ᠡᠵᠡᠩᠨᠡᠬᠦ᠂ ᠬᠡᠷᠡᠭᠯᠡᠬᠦ ᠡᠯ᠎ᠠ ᠭᠤᠭᠴᠤᠭ᠎ᠠ ᠶ᠋ᠢ ᠬᠠᠮᠤᠷᠴᠤ᠂ ᠨᠡᠢᠳᠡ 34 ᠵᠦᠢᠯ ᠤ᠋ᠨ ᠭᠤᠤᠯᠳᠠᠯᠭ᠎ᠠ ᠲᠠᠢ ᠬᠢᠨᠠᠯᠳᠠ ᠬᠠᠮᠢᠶᠠᠷᠤᠯᠳᠠ ᠶ᠋ᠢᠨ ᠡᠭᠦᠷᠭᠡ ᠶ᠋ᠢ ᠲᠤᠳᠤᠷᠬᠠᠢᠯᠠᠨ᠂ ᠪᠦᠬᠦ ᠤᠷᠤᠨ ᠤ᠋ ᠡᠯ᠎ᠠ ᠱᠠᠳᠤᠨ ᠤ᠋ ᠬᠢᠨᠠᠯᠳᠠ ᠬᠠᠮᠢᠶᠠᠷᠤᠯᠳᠠ ᠶ᠋ᠢᠨ ᠰᠠᠯᠠᠭ᠎ᠠ ᠮᠦᠴᠢᠷ ᠤ᠋ᠨ ᠬᠢᠨ ᠡᠨᠡ ᠵᠢᠯ ᠤ᠋ᠨ ᠠᠵᠢᠯ ᠳ᠋ᠠᠭᠠᠨ ᠭᠤᠤᠯᠳᠠᠯᠭ᠎ᠠ ᠲᠠᠢ ᠠᠩᠬᠠᠷᠬᠤ ᠶ᠋ᠢ ᠱᠠᠭᠠᠷᠳᠠᠪᠠ᠃
ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠬᠤᠷᠢᠭ᠎ᠠ ᠱᠤᠭᠤᠮ ᠤ᠋ᠨ ᠰᠡᠳᠬᠢᠭᠦᠢ ᠪᠠ ᠲᠦᠭᠰᠢᠭᠦᠷᠢ ᠶ᠋ᠢᠨ ᠤᠬᠠᠮᠰᠠᠷ ᠢ᠋ ᠪᠠᠳᠤ ᠪᠤᠢ ᠪᠤᠯᠭᠠᠨ᠂ ᠡᠯ᠎ᠠ ᠱᠠᠳᠤᠨ ᠤ᠋ ᠬᠢᠨᠠᠯᠳᠠ ᠬᠠᠮᠢᠶᠠᠷᠤᠯᠳᠠ ᠶ᠋ᠢᠨ ᠬᠦᠴᠦᠨ ᠢ᠋ ᠨᠢᠭᠡᠳᠦᠯᠳᠠᠢ ᠲᠦᠯᠦᠪᠵᠢᠭᠦᠯᠵᠦ᠂ ᠬᠢᠨᠠᠯᠳᠠ ᠬᠠᠮᠢᠶᠠᠷᠤᠯᠳᠠ ᠶ᠋ᠢᠨ ᠪᠠᠢᠴᠠᠭᠠᠯᠳᠠ᠂ ᠰᠤᠭᠤᠴᠢᠨ ᠪᠠᠢᠴᠠᠭᠠᠬᠤ᠂ ᠴᠠᠭᠳᠠᠨ ᠪᠠᠢᠴᠠᠭᠠᠵᠤ ᠬᠡᠷᠡᠭ ᠰᠢᠢᠳᠪᠤᠷᠢᠯᠡᠬᠦ᠂ ᠲᠦᠭᠰᠢᠭᠦᠷᠢ ᠶ᠋ᠢ ᠬᠢᠨᠠᠨ ᠰᠢᠯᠭᠠᠬᠤ ᠵᠡᠷᠭᠡ ᠠᠷᠭ᠎ᠠ ᠪᠠᠷᠢᠯ ᠢ᠋ ᠶᠡᠷᠦᠩᠬᠡᠢᠯᠡᠨ ᠬᠡᠷᠡᠭᠯᠡᠵᠦ᠂ ᠪᠦᠬᠦ ᠤᠷᠤᠨ ᠤ᠋ ᠡᠮ ᠤ᠋ᠨ ᠵᠦᠢᠯᠡᠰ᠂ ᠡᠮᠴᠢᠯᠡᠭᠡᠨ ᠤ᠋ ᠪᠠᠭᠠᠵᠢ ᠬᠡᠷᠡᠭᠰᠡᠯ ᠪᠠ ᠭᠤᠶᠤᠯᠠᠯ ᠤ᠋ᠨ ᠡᠳ᠋ ᠤ᠋ᠨ ᠦᠢᠯᠡᠳᠪᠤᠷᠢᠯᠡᠯ ᠡᠵᠡᠩᠨᠡᠯᠳᠡ ᠬᠡᠷᠡᠭᠯᠡᠯᠳᠡ ᠶ᠋ᠢᠨ ᠪᠦᠬᠦ ᠬᠡᠯᠬᠢᠶ᠎ᠠ ᠶ᠋ᠢᠨ ᠲᠦᠭᠰᠢᠭᠦᠷᠢ ᠶ᠋ᠢ ᠪᠦᠬᠦ ᠲᠠᠯ᠎ᠠ ᠪᠡᠷ ᠵᠢᠭᠰᠠᠭᠠᠨ ᠪᠠᠢᠴᠠᠭᠠᠵᠤ ᠠᠷᠢᠯᠭᠠᠭᠰᠠᠭᠠᠷ ᠢᠷᠡᠵᠠᠢ᠃ 2025 ᠤᠨ ᠳ᠋ᠤ ᠪᠦᠬᠦ ᠤᠷᠤᠨ ᠶ᠋ᠢᠡᠷ ᠶ᠋ᠢᠡᠨ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠲᠦᠭᠰᠢᠭᠦᠷᠢ ᠶ᠋ᠢᠨ ᠲᠤᠬᠠᠢ ᠵᠦᠪᠳᠡᠯᠴᠡᠭᠡᠨ ᠤ᠋ ᠬᠤᠷᠠᠯ ᠢ᠋ ᠨᠡᠢᠳᠡ 182 ᠤᠳᠠᠭ᠎ᠠ ᠬᠢᠵᠤ᠂ 491 ᠲᠦᠭᠰᠢᠭᠦᠷᠢ ᠶ᠋ᠢᠨ ᠬᠡᠷᠡᠭ ᠢ᠋ ᠰᠤᠳᠤᠯᠤᠨ ᠮᠠᠭᠠᠳᠯᠠᠵᠤ᠂ ᠱᠠᠳᠤ ᠱᠠᠳᠤ ᠪᠡᠷ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠪᠠᠢᠳᠠᠯ ᠢ᠋ ᠵᠠᠳᠠᠯᠤᠨ ᠂ ᠡᠯ᠎ᠠ ᠭᠠᠵᠠᠷ ᠤᠷᠤᠨ᠂ ᠡᠯ᠎ᠠ ᠬᠡᠰᠡᠭ ᠲᠤᠭᠤᠷᠢᠭ᠂ ᠡᠯ᠎ᠠ ᠲᠤᠬᠠᠢᠯᠠᠭᠰᠠᠨ ᠠᠵᠢᠯ ᠤ᠋ᠨ ᠠᠮᠦᠷ ᠲᠦᠪᠰᠢᠨ ᠤ᠋ ᠪᠠᠢᠳᠠᠯ ᠤ᠋ᠨ ᠵᠠᠳᠠᠯᠤᠯᠳᠠ ᠶ᠋ᠢᠨ ᠮᠡᠳᠡᠭᠦᠯᠦᠯᠳᠡ ᠶ᠋ᠢ 25 ᠬᠤᠪᠢ ᠲᠤᠭᠤᠷᠪᠢᠵᠤ᠂ ᠲᠦᠭᠰᠢᠭᠦᠷᠢ ᠶ᠋ᠢ ᠵᠢᠭᠰᠠᠭᠠᠨ ᠪᠠᠢᠴᠠᠭᠠᠬᠤ᠂ ᠵᠦᠪᠳᠡᠯᠴᠡᠬᠦ ᠪᠠ ᠬᠢᠨᠠᠨ ᠡᠵᠡᠮᠳᠡᠬᠦ ᠬᠢᠨᠠᠯᠳᠠ ᠬᠠᠮᠢᠶᠠᠷᠤᠯᠳᠠ ᠶ᠋ᠢᠨ《ᠪᠢᠳᠡᠭᠦᠦ ᠬᠡᠯᠬᠢᠶ᠎ᠠ》ᠶ᠋ᠢ ᠠᠩᠬ᠎ᠠ ᠠᠯᠬᠤᠮ ᠴᠤᠭᠴᠠᠯᠠᠭᠰᠠᠨ ᠪᠠᠢᠨ᠎ᠠ᠃