5 ᠰᠠᠷ᠎ᠠ᠎ᠶ᠋ᠢᠨ 10 ᠤ᠋ ᠡᠳᠦᠷ᠂ 2026 CFA ᠳᠤᠮᠳᠠᠳᠤ ᠤᠯᠤᠰ᠎ᠤᠨ ᠠᠩᠭᠢ·《ᠱᠢᠩ᠎ᠲᠠᠢ ᠬᠤᠨᠳᠠᠭᠠᠲᠤ》 ᠬᠥᠬᠡᠬᠣᠲᠠ᠎ᠶ᠋ᠢᠨ ᠣᠯᠠᠨ ᠤᠯᠤᠰ᠎ᠤᠨ ᠵᠠᠯᠠᠭᠤᠴᠤᠳ᠎ᠤᠨ ᠬᠥᠯ ᠪᠥᠮᠪᠥᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠬᠥᠬᠡᠬᠣᠲᠠ᠎ᠶ᠋ᠢᠨ ᠤᠮᠠᠷᠠᠲᠤ᠎ᠶ᠋ᠢᠨ ᠬᠥᠯ ᠪᠥᠮᠪᠥᠭᠡ᠎ᠶ᠋ᠢᠨ ᠪᠣᠯᠪᠠᠰᠤᠷᠠᠯ᠎ᠤᠨ ᠰᠠᠭᠤᠷᠢᠨ ᠳᠤ ᠡᠬᠢᠯᠡᠵᠦ᠍᠂ ᠬᠦᠰᠢᠭᠡ ᠰᠡᠭᠦᠭᠦ ᠤᠷᠤᠯᠳᠤᠭᠠᠨ ᠨᠢ ᠳᠤᠮᠳᠠᠳᠤ ᠤᠯᠤᠰ᠎ᠤᠨ U16 ᠤᠯᠤᠰ᠎ᠤᠨ ᠡᠷᠡᠭ᠌ᠲᠡᠶ᠎ᠶ᠋ᠢᠨ ᠬᠥᠯ ᠪᠥᠮᠪᠥᠭᠡ᠎ᠶ᠋ᠢᠨ ᠠᠩᠭᠢᠪᠤᠯᠤᠨ ᠦᠽᠪᠸᠺᠰᠲ᠋ᠠᠨ᠎ᠤ U16 ᠤᠯᠤᠰ᠎ᠤᠨ ᠡᠷᠡᠭ᠌ᠲᠡᠶ᠎ᠶ᠋ᠢᠨ ᠬᠥᠯ ᠪᠥᠮᠪᠥᠭᠡ᠎ᠶ᠋ᠢᠨ ᠠᠩᠭᠢ᠎ᠶᠢᠨ ᠬᠤᠭᠤᠷᠤᠨᠳᠦ ᠶᠠᠪᠤᠭᠳᠠᠪᠠ᠃ 90 ᠮᠢᠨᠦ᠋ᠲ᠎ᠦᠨ ᠱᠢᠷᠦᠭᠦᠨ ᠦᠷᠢᠰᠦᠯᠳᠦᠭᠡᠨ᠎ᠶ᠋ᠢᠡᠷ ᠳᠡᠮᠵᠢᠨ ᠳᠤᠮᠳᠠᠳᠤ ᠤᠯᠤᠰ᠎ᠤᠨ ᠠᠩᠭᠢ 1᠄ 0 ᠬᠤᠪᠢ ᠪᠡᠷᠦᠷᠢᠰᠦᠯᠳᠦᠭᠴᠢ ᠡᠲᠡᠭᠡᠳ᠎ᠢᠶᠡᠨ ᠢᠯᠠᠵᠤ᠂ ᠲᠤᠰ ᠤᠳᠠᠭᠠᠨ᠎ᠤ ᠤᠷᠤᠯᠳᠤᠭᠠᠨ᠎ᠤ ᠰᠠᠢᠨ ᠡᠬᠢᠯᠡᠯᠲᠡ᠎ᠶ᠋ᠢ ᠣᠯᠤᠭ᠍ᠰᠠᠨ ᠪᠠᠢᠨ᠎ᠠ᠃
ᠲᠤᠰ ᠤᠳᠠᠭᠠᠨ᠎ᠤ ᠤᠷᠤᠯᠳᠤᠭᠠᠨ᠎ᠳᠤ ᠳᠤᠮᠳᠠᠳᠤ ᠤᠯᠤᠰ᠎ᠤᠨ U16 ᠤᠯᠤᠰ᠎ᠤᠨ ᠡᠷᠡᠭ᠌ᠲᠡᠶ᠎ᠶ᠋ᠢᠨ ᠬᠥᠯ ᠪᠥᠮᠪᠥᠭᠡ᠎ᠶ᠋ᠢᠨ ᠠᠩᠭᠢ᠂ ᠺᠣᠷᠢᠶᠠ᠎ᠶ᠋ᠢᠨ U16 ᠤᠯᠤᠰ᠎ᠤᠨ ᠡᠷᠡᠭ᠌ᠲᠡᠶ᠎ᠶ᠋ᠢᠨ ᠬᠥᠯ ᠪᠥᠮᠪᠥᠭᠡ᠎ᠶ᠋ᠢᠨ ᠠᠩᠭᠢ᠂ ᠦᠽᠪᠧᠺᠰᠲ᠋ᠠᠨ᠎ᠤ U16 ᠤᠯᠤᠰ᠎ᠤᠨ ᠡᠷᠡᠭ᠌ᠲᠡᠶ᠎ᠶ᠋ᠢᠨ ᠬᠥᠯ ᠪᠥᠮᠪᠥᠭᠡ᠎ᠶ᠋ᠢᠨ ᠠᠩᠭᠢ᠂ ᠲᠠᠵᠢᠺᠰᠲ᠋ᠠᠨ᠎ᠤ U16 ᠤᠯᠤᠰ᠎ᠤᠨ ᠡᠷᠡᠭ᠌ᠲᠡᠶ᠎ᠶ᠋ᠢᠨ ᠬᠥᠯ ᠪᠥᠮᠪᠥᠭᠡ᠎ᠶ᠋ᠢᠨ ᠠᠩᠭᠢ ᠵᠡᠷᠭᠡ ᠳᠥᠷᠪᠡᠨ ᠠᠩᠭᠢ ᠣᠷᠣᠯᠴᠠᠵᠤ᠂ 5 ᠰᠠᠷ᠎ᠠ᠎ᠶ᠋ᠢᠨ 16 ᠤ᠋ ᠡᠳᠦᠷᠪᠤᠯᠳᠠᠯᠠ 6 ᠲᠠᠯᠠᠪᠤᠷ ᠱᠢᠷᠦᠭᠦᠨ ᠥᠷᠢᠰᠥᠯᠳᠦᠭᠡᠨ ᠶᠠᠪᠤᠭᠤᠯᠬᠤ ᠪᠣᠯᠤᠨ᠎ᠠ᠃ ᠲᠣᠰ ᠤᠳᠠᠭᠠᠨ᠎ᠤ ᠤᠷᠤᠯᠳᠤᠭᠠᠨ᠎ᠢ ᠳᠤᠮᠳᠠᠳᠤ ᠤᠯᠤᠰ᠎ᠤᠨ ᠬᠥᠯ ᠪᠥᠮᠪᠥᠭᠡ᠎ᠶ᠋ᠢᠨ ᠨᠡᠢᠭᠡᠮᠯᠢᠭ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂ ᠬᠥᠬᠡᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠲᠤᠷᠠᠨ ᠭᠤᠤᠯᠯᠠᠨ ᠡᠷᠭᠢᠯᠡᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠠᠯᠠᠪᠤᠷ ᠣᠷᠳᠣᠨ᠎ᠤ ᠦᠶ᠋ᠯᠡᠴᠢᠯᠡᠭᠡᠨ᠎ᠦ ᠲᠥᠪ᠂ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂ ᠥᠪᠥᠷ ᠮᠣᠩᠭᠣᠯ᠎ᠤᠨ ᠬᠥᠯ ᠪᠥᠮᠪᠥᠭᠡ᠎ᠶ᠋ᠢᠨ ᠨᠡᠢᠭᠡᠮᠯᠢᠭ᠎ᠡᠴᠡ ᠬᠠᠮᠲᠤᠷᠠᠨ ᠳᠠᠭᠠᠭᠠᠴᠢᠯᠠᠨ ᠡᠷᠭᠢᠯᠡᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号