ᠨᠠᠩ ᠥᠨᠳᠥᠷ ᠲᠦᠪᠰᠢᠨ ᠨᠠᠩ ᠴᠢᠨᠠᠷ ᠰᠠᠢᠲᠠᠢ᠎ᠪᠠᠷ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ ᠠᠵᠢᠯ᠎ᠢ ᠰᠠᠢᠲᠤᠷ ᠬᠢᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠠᠯᠪᠠᠨ ᠲᠢᠩᠬᠢᠮ ᠲᠥᠷᠥ᠎ᠶᠢᠨ ᠶᠠᠪᠤᠳᠠᠯ᠎ᠤᠨ ᠬᠤᠷᠢᠶ᠎ᠠ᠎ᠵᠢᠨ ᠠᠯᠪᠠᠨ ᠲᠢᠩᠬᠢᠮ᠎ᠦᠨ ᠰᠠᠨᠠᠯ
2026-05-15 09:01:09
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

(2026 ᠣᠨ᠎ᠤ 4 ᠰᠠᠷ᠎ᠠ᠎ᠶᠢᠨ 11 ᠤ᠋ ᠡᠳᠦᠷ)


ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ ᠪᠣᠯ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ᠎ᠶᠢ ᠰᠠᠭᠠᠷᠮᠠᠭᠵᠢᠭᠤᠯᠬᠤ᠎ᠵᠢ ᠠᠬᠢᠭᠤᠯᠬᠤ᠂ ᠬᠥᠭᠵᠢᠯᠲᠡ᠎ᠶᠢᠨ ᠠᠷᠭ᠎ᠠ ᠬᠡᠯᠪᠡᠷᠢ᠎ᠵᠢᠨ ᠪᠣᠬᠢᠷᠲᠤᠯ ᠦᠭᠡᠢ᠎ᠲᠡᠢᠰᠢ ᠬᠡᠯᠪᠡᠷᠢ ᠪᠠᠨ ᠬᠤᠪᠢᠷᠠᠭᠤᠯᠬᠤ᠎ᠶᠢ ᠲᠦᠷᠭᠡᠳᠭᠡᠬᠦ ᠴᠢᠬᠤᠯᠠ ᠭᠠᠷᠳᠡᠴᠡ ᠮᠥᠨ᠂ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠢ ᠬᠠᠮᠠᠭᠠᠯᠠᠬᠤ᠂ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠲᠡᠰ ᠳᠡᠪᠰᠢᠭᠦᠯᠬᠦ᠎ᠶᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ ᠠᠵᠢᠯ᠎ᠢ ᠨᠠᠩ ᠥᠨᠳᠥᠷ ᠲᠦᠪᠰᠢᠨ᠂ ᠨᠠᠩ ᠴᠢᠨᠠᠷ ᠰᠠᠢᠲᠠᠢ᠎ᠪᠠᠷ ᠰᠠᠢᠲᠤᠷ ᠬᠢᠬᠦ᠎ᠶᠢᠨ ᠲᠤᠰᠠᠳᠠ᠂ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃

ᠨᠢᠭᠡ᠂ ᠶᠡᠷᠦᠩᠬᠡᠢ ᠱᠠᠭᠠᠷᠳᠠᠯᠭ᠎ᠠ

ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ᠎ᠵᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠨ᠂ ᠪᠦᠲᠦᠮᠵᠢᠲᠡᠢ ᠵᠠᠬ᠎ᠠ ᠳᠡᠯᠭᠡᠭᠦᠷ ᠪᠠ ᠪᠦᠲᠦᠮᠵᠢᠲᠡᠢ ᠵᠠᠰᠠᠭ᠎ᠤᠨ ᠣᠷᠳᠣᠨ᠎ᠢ ᠤᠶᠠᠯᠳᠤᠭᠤᠯᠬᠤ᠎ᠶᠢ ᠪᠠᠷᠢᠮᠲᠠᠯᠠᠵᠦ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠠᠷᠪᠢᠯᠠᠨ ᠭᠠᠮᠨᠠᠬᠤ᠎ᠶᠢ ᠲᠡᠷᠢᠭᠦᠨ᠎ᠳᠦ ᠲᠠᠯᠪᠢᠬᠤ ᠴᠢᠭᠯᠡᠯᠲᠡ᠎ᠶᠢ ᠢᠮᠠᠭᠲᠠ ᠪᠠᠷᠢᠮᠲᠠᠯᠠᠨ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ᠎ᠶᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠦᠬᠦ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠵᠤ᠂ ᠨᠡᠩ ᠥᠨᠳᠥᠷ ᠲᠦᠪᠰᠢᠨ᠂ ᠨᠠᠩ ᠴᠢᠨᠠᠷ ᠰᠠᠢᠲᠠᠢ ᠪᠡᠷ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ ᠠᠵᠢᠯ᠎ᠢ ᠰᠠᠢᠲᠤᠷ ᠬᠢᠵᠦ᠂ ᠡᠨᠧᠷᠭᠢ᠎ᠶᠢᠨ ᠬᠡᠷᠡᠭᠯᠡᠭᠡᠨ᠎ᠦ ᠶᠡᠷᠦᠩᠬᠡᠢ ᠬᠡᠮᠵᠢᠶᠡᠨ᠎ᠦ ᠵᠦᠢ ᠵᠣᠬᠢᠰ ᠦᠭᠡᠢ ᠨᠡᠮᠡᠭᠳᠡᠯ᠎ᠢ ᠡᠷᠡᠰ ᠬᠣᠷᠢᠭ᠍ᠯᠠᠵᠤ᠂ ᠡᠨᠧᠷᠭᠢ᠎ᠶᠢᠨ ᠡᠬᠢ ᠪᠠᠶᠠᠯᠢᠭ᠋᠎ᠤᠨ ᠭᠠᠷᠭᠠᠯᠲᠠ᠎ᠶᠢᠨ ᠦᠷ᠎ᠡ ᠪᠦᠲᠦᠮᠵᠢ᠎ᠶᠢ ᠦᠷᠭᠦᠯᠵᠢᠯᠡᠨ ᠳᠡᠭᠡᠭᠰᠢᠯᠡᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ᠎ᠶᠢ ᠡᠬᠢ ᠡᠭᠦᠰᠦᠯ᠎ᠡᠴᠡ ᠨᠢ ᠪᠦᠲᠦᠮᠵᠢᠲᠡᠶ ᠪᠠᠭᠠᠰᠬᠠᠵᠤ᠂ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ᠎ᠶᠢ ᠰᠠᠭᠠᠷᠮᠠᠭᠵᠢᠭᠤᠯᠬᠤ᠎ᠶᠢ ᠪᠡᠶᠡᠯᠡᠭᠦᠯᠬᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠥᠬᠥ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠬᠦ᠎ᠳᠦ ᠬᠦᠴᠦᠲᠡᠢ ᠪᠠᠲᠤᠯᠠᠭ᠎ᠠ ᠬᠠᠩᠭᠠᠨ᠎ᠠ᠃

ᠬᠣᠶᠠᠷ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ ᠪᠠ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠬᠠᠮᠵᠢᠯᠴᠠᠨ ᠠᠬᠢᠭᠤᠯᠤᠨ᠎ᠠ

(ᠨᠢᠭᠡ)ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ ᠪᠠ ᠠᠵᠤ ᠦᠢᠯᠡᠰ᠎ᠢ ᠰᠢᠯᠢᠳᠡᠭᠵᠢᠭᠦᠯᠦᠨ ᠲᠠᠰ ᠳᠡᠪᠰᠢᠭᠦᠯᠬᠦ᠎ᠶᠢ ᠨᠢᠭᠡᠳᠦᠯᠲᠡᠢ ᠲᠥᠯᠥᠪᠵᠢᠭᠦᠯᠦᠨ᠎ᠡ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ ᠬᠢᠭᠡᠳ ᠠᠵᠤ ᠦᠢᠯᠡᠰ᠎ᠦᠨ ᠲᠥᠯᠥᠪᠵᠢᠭᠦᠯᠭᠡ᠂ ᠦᠢᠯᠡᠳᠪᠦᠷᠢᠯᠡᠯ᠎ᠦᠨ ᠴᠢᠳᠠᠪᠤᠷᠢ᠎ᠶᠢ ᠲᠣᠬᠢᠷᠠᠭᠤᠯᠤᠨ ᠡᠵᠡᠮᠳᠡᠬᠦ ᠵᠡᠷᠭᠡ ᠲᠥᠷᠥ᠎ᠶᠢᠨ ᠪᠣᠳᠣᠯᠭ᠎ᠠ᠎ᠶᠢᠨ ᠵᠣᠯᠭᠠᠯᠴᠠᠭ᠎ᠠ ᠬᠠᠮᠵᠢᠯᠴᠠᠭ᠎ᠠ᠎ᠶᠢ ᠴᠢᠩᠭᠠᠳᠬᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ᠎ᠶᠢᠨ ᠤᠷᠮᠠᠰᠢᠭᠤᠯᠤᠯ ᠬᠢᠵᠠᠭᠠᠷᠯᠠᠯ ᠪᠠ ᠪᠠᠷᠢᠮᠵᠢᠶ᠎ᠠ᠎ᠶᠢ ᠳᠡᠭᠡᠭᠰᠢᠯᠡᠭᠦᠯᠬᠦ᠎ᠪᠡᠷ ᠬᠥᠲᠥᠯᠥᠨ ᠳᠠᠭᠠᠭᠤᠯᠬᠤ᠎ᠶᠢ ᠴᠢᠩᠭᠠᠳᠬᠠᠵᠤ᠂ ᠠᠵᠤ ᠦᠢᠯᠡᠰ᠎ᠦᠨ ᠡᠨᠧᠷᠭᠢ᠎ᠳᠦ ᠲᠦᠰᠢᠭᠯᠡᠬᠦ ᠬᠡᠮᠵᠢᠶ᠎ᠠ᠎ᠶᠢ ᠦᠷᠭᠦᠯᠵᠢᠯᠡᠨ ᠪᠠᠭᠤᠷᠠᠭᠤᠯᠤᠨ᠎ᠠ᠃ ᠡᠨᠧᠷᠭᠢ ᠠᠷᠪᠢᠯᠠᠬᠤ ᠪᠠᠭ᠎ᠠ ᠨᠡᠭᠦᠷᠡᠰᠦᠲᠥ᠋ᠷᠥᠭᠴᠢᠲᠦ᠂ ᠠᠷᠢᠭᠤᠨ ᠴᠡᠪᠡᠷ ᠦᠢᠯᠡᠳᠪᠦᠷᠢᠯᠡᠬᠦ ᠮᠡᠷᠭᠡᠵᠢᠯ᠎ᠤᠨ ᠲᠣᠨᠣᠭᠯᠠᠯ ᠪᠠ ᠦᠢᠯᠡᠳᠬᠦᠨ᠎ᠢ ᠶᠡᠬᠡ᠎ᠪᠡᠷ ᠳᠡᠯᠭᠡᠷᠡᠭᠦᠯᠵᠦ᠂ ᠵᠠᠬ᠎ᠠ ᠳᠡᠯᠭᠡᠭᠦᠷᠴᠢᠯᠡᠭᠰᠡᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ ᠦᠢᠯᠡᠴᠢᠯᠡᠭᠡ᠎ᠶᠢ ᠢᠳᠡᠪᠬᠢᠲᠡᠢ ᠬᠡᠷᠡᠭᠵᠢᠭᠦᠯᠵᠦ᠂ ᠲᠣᠭᠠᠴᠢᠯᠠᠭᠰᠠᠨ ᠤᠶᠤᠨᠴᠢᠯᠠᠭᠰᠠᠨ ᠮᠡᠷᠭᠡᠵᠢᠯ᠂ ᠪᠣᠬᠢᠷᠲᠤᠯ ᠦᠭᠡᠢ ᠮᠡᠷᠭᠡᠵᠢᠯ᠎ᠢ ᠬᠡᠷᠡᠭᠯᠡᠨ ᠤᠯᠠᠮᠵᠢᠯᠠᠯᠲᠤ ᠠᠵᠤ ᠦᠢᠯᠡᠰ᠎ᠢ ᠦᠭᠡᠷᠡᠴᠢᠯᠡᠨ ᠳᠡᠭᠡᠭᠰᠢᠯᠡᠭᠦᠯᠬᠦ᠎ᠶᠢ ᠲᠡᠮᠵᠢᠨ᠎ᠡ᠃ ᠡᠨᠧᠷᠭᠢ᠎ᠶᠢᠨ ᠬᠣᠷᠣᠭᠳᠠᠯ ᠶᠡᠬᠡᠲᠡᠢ ᠭᠠᠳᠠᠭᠰᠢᠯᠠᠭᠤᠯᠤᠯᠲᠠ ᠶᠡᠬᠡᠲᠡᠢ ᠲᠦᠷᠦᠯ ᠵᠦᠢᠯ᠎ᠢ ᠬᠦᠴᠦᠲᠡᠢ ᠪᠥᠭᠡᠳ ᠪᠦᠲᠦᠮᠵᠢᠲᠡᠢ  ᠬᠠᠮᠢᠶᠠᠷᠤᠨ ᠡᠵᠡᠮᠳᠡᠵᠦ᠂ ᠬᠣᠴᠣᠷᠤᠩᠭᠤᠢ ᠦᠷ᠎ᠠ ᠪᠦᠳᠦᠮᠵᠢ ᠪᠠᠷᠤᠭᠳᠠᠢ ᠦᠢᠯᠡᠳᠪᠦᠷᠢᠯᠡᠬᠦ ᠴᠢᠳᠠᠪᠤᠷᠢ ᠪᠠ ᠤᠷ᠎ᠠ ᠮᠡᠷᠭᠡᠰᠢᠯ᠎ᠦᠨ ᠲᠥᠬᠦᠭᠡᠷᠦᠮᠵᠢ᠎ᠶᠢ ᠢᠯᠭᠠᠷᠠᠭᠤᠯᠤᠨ ᠴᠡᠪᠡᠷᠯᠡᠬᠦ᠎ᠶᠢ ᠬᠠᠤᠯᠢ ᠶᠣᠰᠣᠭᠠᠷ ᠡᠮᠬᠢ ᠵᠢᠷᠤᠮ᠎ᠲᠠᠢ ᠠᠬᠢᠭᠤᠯᠵᠤ᠂ ᠭᠣᠣᠯᠳᠠᠯᠭ᠎ᠠ᠎ᠲᠠᠢ ᠠᠵᠤ ᠦᠢᠯᠡᠰ᠎ᠦᠨ ᠪᠦᠲᠦᠴᠡ᠎ᠶᠢᠨ ᠴᠢᠨᠠᠷᠲᠠᠢ ᠵᠥᠷᠢᠴᠡᠯ᠎ᠢ ᠬᠠᠮᠵᠢᠯᠴᠠᠨ ᠠᠷᠢᠯᠭᠠᠨ᠎ᠠ᠃ ᠲᠡᠷᠢᠭᠦᠨ᠎ᠦ ᠦᠢᠯᠡᠳᠬᠦ ᠦᠢᠯᠡᠰ᠂ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ ᠪᠠ ᠤᠳᠤ ᠦᠶ᠎ᠡ᠎ᠶᠢᠨ ᠦᠢᠯᠡᠴᠢᠯᠡᠭᠡᠨ᠎ᠦ ᠦᠢᠯᠡᠰ᠎ᠢ ᠲᠦᠷᠭᠡᠪᠴᠢᠯᠡᠨ ᠬᠥᠭᠵᠢᠭᠦᠯᠵᠦ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ᠎ᠢ ᠶᠡᠬᠡ᠎ᠪᠡᠷ ᠬᠥᠭᠵᠢᠭᠦᠯᠦᠨ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ᠎ᠳᠤ ᠠᠰᠢᠭ᠍ᠲᠠᠢ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢ ᠢᠳᠡᠪᠬᠢᠲᠡᠢ ᠪᠣᠢᠵᠢᠭᠤᠯᠤᠨ᠎ᠠ᠃ ᠨᠡᠭᠦᠷᠡᠰᠦᠲᠥ᠋ᠷᠥᠭᠴᠢ᠎ᠶᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠪᠣᠬᠢᠷᠲᠤᠯ ᠦᠭᠡᠢ ᠡᠨᠧᠷᠭᠢ᠎ᠪᠡᠷ ᠪᠣᠬᠢᠷᠲᠤᠯ ᠦᠭᠡᠢ ᠦᠢᠯᠡᠳᠬᠦᠨ ᠦᠢᠯᠡᠳᠬᠦ 《ᠪᠤᠬᠢᠷᠲᠤᠯ ᠦᠭᠡᠢ ᠪᠡᠷ ᠪᠤᠬᠢᠷᠲᠤᠯ ᠦᠭᠡᠢ᠎ᠵᠢ ᠦᠢᠯᠡᠳᠬᠦ》 ᠵᠠᠭᠪᠤᠷ᠎ᠢ ᠬᠥᠭᠵᠢᠭᠦᠯᠦᠨ᠎ᠡ᠃

(ᠬᠣᠶᠠᠷ) ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ ᠬᠢᠭᠡᠳ ᠡᠨᠧᠷᠭᠢ᠎ᠶᠢᠨ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠨᠢᠭᠡᠳᠦᠯᠲᠡᠢ ᠲᠥᠯᠥᠪᠵᠢᠭᠦᠯᠦᠨ᠎ᠡ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ ᠪᠠ ᠡᠨᠧᠷᠭᠢ᠎ᠶᠢᠨ ᠠᠮᠤᠷ ᠲᠦᠪᠰᠢᠨ᠎ᠦ ᠬᠠᠷᠢᠴᠠᠭ᠎ᠠ᠎ᠶᠢ ᠰᠠᠢᠲᠤᠷ ᠰᠢᠢᠳᠪᠦᠷᠢᠯᠡᠵᠦ᠂ ᠡᠨᠧᠷᠭᠢ᠎ᠶᠢᠨ ᠬᠡᠷᠡᠭᠯᠡᠭᠡᠨ᠎ᠦ ᠶᠡᠷᠦᠩᠬᠡᠢ ᠬᠡᠮᠵᠢᠶ᠎ᠡ᠎ᠶᠢ ᠰᠢᠨᠵᠢᠯᠡᠬᠦ ᠤᠬᠠᠭᠠᠨᠴᠢ᠎ᠪᠠᠷ ᠲᠣᠬᠢᠷᠠᠭᠤᠯᠤᠨ ᠡᠵᠡᠮᠳᠡᠵᠦ᠂ ᠴᠢᠯᠠᠭᠤᠵᠢᠮᠠᠯ ᠡᠨᠧᠷᠭᠢ᠎ᠶᠢᠨ ᠬᠡᠷᠡᠭᠯᠡᠭᠡ᠎ᠶᠢ ᠴᠢᠩᠭ᠎ᠠ ᠬᠢᠵᠠᠭᠠᠷᠯᠠᠵᠤ᠂ ᠨᠡᠭᠦᠷᠡᠰᠦ᠎ᠶᠢ ᠪᠠᠭᠠᠰᠬᠠᠨ ᠲᠣᠰᠣ᠌᠎ᠶᠢ ᠬᠢᠵᠠᠭᠠᠷᠯᠠᠬᠤ᠎ᠶᠢ ᠭᠦᠨᠵᠡᠭᠡᠢ ᠠᠬᠢᠭᠤᠯᠵᠤ᠂ ᠰᠢᠨ᠎ᠡ᠎ᠪᠡᠷ ᠨᠡᠮᠡᠭᠳᠡᠬᠰᠡᠨ ᠨᠡᠭᠦᠷᠡᠰᠦ ᠬᠡᠷᠡᠭᠯᠡᠬᠦ᠎ᠲᠤᠰᠤ ᠬᠡᠷᠡᠭᠯᠡᠬᠦ ᠬᠡᠷᠡᠭᠴᠡᠭᠡᠨ᠎ᠦ ᠬᠠᠮᠢᠶᠠᠷᠤᠯᠲᠠ᠎ᠶᠢ ᠴᠢᠩᠭᠠᠳᠬᠠᠵᠤ᠂ ᠨᠦᠭᠡᠴᠡ ᠨᠡᠭᠦᠷᠡᠰᠦ ᠰᠢᠲᠠᠭᠠᠬᠤ ᠭᠦᠸᠸᠯᠦ᠂ ᠠᠵᠤ ᠦᠢᠯᠡᠳᠪᠦᠷᠢ᠎ᠶᠢᠨ ᠨᠦᠭᠡᠨ ᠵᠤᠤᠬ᠎ᠠ ᠵᠡᠷᠭᠡ ᠨᠡᠭᠦᠷᠡᠰᠦ ᠬᠡᠷᠡᠭᠯᠡᠬᠦ ᠲᠥᠬᠦᠭᠡᠷᠦᠮᠵᠢ᠎ᠶᠢ ᠠᠷᠢᠭᠤᠨ ᠴᠡᠪᠡᠷ᠎ᠢᠶᠡᠷ ᠣᠷᠣᠯᠠᠭᠤᠯᠬᠤ᠎ᠶᠢ ᠢᠳᠡᠪᠬᠢᠲᠡᠢ ᠠᠬᠢᠭᠤᠯᠵᠤ᠂ ᠰᠤᠯᠠ ᠨᠡᠭᠦᠷᠡᠰᠦ᠎ᠶᠢ ᠣᠷᠣᠯᠠᠭᠤᠯᠬᠤ᠎ᠶᠢ ᠡᠮᠬᠢ ᠵᠢᠷᠤᠮ᠎ᠲᠠᠢ ᠠᠬᠢᠭᠤᠯᠵᠤ᠂ ᠨᠡᠭᠦᠷᠡᠰᠦᠨ᠎ᠦ ᠬᠡᠷᠡᠭᠯᠡᠭᠡ ᠪᠠ ᠴᠢᠯᠠᠭᠤᠨ ᠲᠤᠰᠤᠨ᠎ᠤ ᠬᠡᠷᠡᠭᠯᠡᠭᠡ᠎ᠶᠢᠨ ᠠᠯᠬᠤᠮ ᠠᠯᠬᠤᠮ᠎ᠢᠶᠠᠷ ᠤᠷᠬᠢᠯ ᠳ᠋ᠤ ᠬᠦᠷᠬᠦ᠎ᠶᠢ ᠠᠬᠢᠭᠤᠯᠤᠨ᠎ᠠ᠃ ᠨᠡᠭᠦᠷᠡᠰᠦ ᠪᠡᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ᠎ᠶᠢᠨ ᠬᠡᠪᠴᠢᠶ᠎ᠡ ᠪᠠ ᠴᠠᠬᠢᠯᠭᠠᠨ ᠭᠠᠷᠭᠠᠬᠤ ᠬᠡᠮᠵᠢᠶ᠎ᠡ᠎ᠶᠢ ᠵᠦᠢ ᠵᠣᠬᠢᠰᠲᠠᠢ ᠡᠵᠡᠮᠳᠡᠵᠦ᠂ ᠴᠢᠯᠠᠭᠤᠵᠢᠮᠠᠯ ᠪᠤᠰᠤ ᠡᠨᠧᠷᠭᠢ ᠪᠠ ᠰᠢᠨ᠎ᠡ ᠬᠡᠯᠪᠡᠷᠢ᠎ᠶᠢᠨ ᠨᠥᠭᠡᠴᠡ ᠡᠨᠧᠷᠭᠢ᠎ᠶᠢ ᠶᠡᠬᠡᠪᠡᠷ ᠬᠥᠭᠵᠢᠭᠦᠯᠵᠦ᠂ ᠰᠢᠨ᠎ᠡ ᠬᠡᠯᠪᠡᠷᠢ᠎ᠶᠢᠨ ᠴᠠᠬᠢᠯᠭᠠᠨ ᠬᠦᠴᠦᠨ᠎ᠦ ᠰᠢᠰᠲᠧᠮ᠎ᠢ ᠲᠦᠷᠭᠡᠳᠬᠡᠨ ᠪᠠᠢᠭᠤᠯᠵᠤ᠂ ᠤᠰᠤ ᠲᠠᠲᠠᠵᠤ ᠡᠨᠧᠷᠭᠢ ᠬᠠᠳᠠᠭᠠᠯᠠᠬᠤ᠎ᠶᠢ ᠰᠢᠨᠵᠢᠯᠡᠬᠦ ᠤᠬᠠᠭᠠᠨᠴᠢ᠎ᠪᠠᠷ ᠪᠠᠢᠷᠢᠰᠢᠭᠤᠯᠵᠤ᠂ ᠪᠣᠬᠢᠷᠲᠤᠯ ᠦᠭᠡᠢ ᠴᠠᠬᠢᠯᠭᠠᠨ᠎ᠢ ᠰᠢᠭᠤᠳ ᠬᠣᠯᠪᠣᠬᠤ᠂ ᠣᠶᠤᠨᠲᠤ ᠪᠢᠴᠢᠯ ᠴᠠᠬᠢᠯᠭᠠᠨ ᠲᠣᠣᠷ ᠵᠡᠷᠭᠡ ᠡᠵᠡᠩᠨᠡᠯᠲᠡ᠎ᠶᠢᠨ  ᠬᠡᠯᠪᠡᠷᠢ᠎ᠶᠢ ᠰᠢᠨ᠎ᠡ᠎ᠶᠢ ᠡᠭᠦᠳᠦᠨ ᠬᠥᠭᠵᠢᠭᠦᠯᠵᠦ᠂ ᠪᠣᠬᠢᠷᠲᠤᠯ ᠦᠭᠡᠢ ᠴᠠᠬᠢᠯᠭᠠᠨ ᠬᠦᠴᠦᠨ᠎ᠢ ᠪᠠᠭᠲᠠᠭᠠᠨ ᠰᠢᠩᠭᠡᠭᠡᠬᠦ᠎ᠶᠢ ᠠᠬᠢᠭᠤᠯᠵᠤ᠂ ᠰᠢᠨ᠎ᠡ᠎ᠪᠡᠷ ᠨᠡᠮᠡᠭᠳᠡᠭᠰᠡᠨ ᠴᠡᠪᠡᠷ ᠡᠨᠧᠷᠭᠢ᠎ᠪᠡᠷ ᠴᠠᠬᠢᠯᠭᠠᠨ ᠭᠠᠷᠭᠠᠬᠤ ᠬᠡᠮᠵᠢᠶ᠎ᠡ ᠨᠢ ᠪᠥᠬᠥ ᠨᠡᠢᠭᠡᠮ᠎ᠦᠨ ᠰᠢᠨ᠎ᠡ᠎ᠪᠡᠷ ᠨᠡᠮᠡᠭᠳᠡᠭᠰᠡᠨ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢ ᠠᠯᠬᠤᠮ ᠠᠯᠬᠤᠮ᠎ᠢᠶᠠᠷ ᠬᠠᠮᠤᠷᠬᠤ᠎ᠶᠢ ᠠᠬᠢᠭᠤᠯᠤᠨ᠎ᠠ᠃ ᠡᠨᠧᠷᠭᠢ᠎ᠶᠢᠨ ᠦᠢᠯᠡᠳᠪᠦᠷᠢᠯᠡᠯ᠎ᠦᠨ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠂ ᠴᠢᠯᠠᠭᠤᠵᠢᠮᠠᠯ ᠡᠨᠧᠷᠭᠢ᠎ᠶᠢ ᠥᠨᠳᠥᠷ ᠪᠦᠲᠦᠮᠵᠢᠲᠡᠢ  ᠨᠡᠭᠡᠭᠡᠨ ᠮᠠᠯᠲᠠᠬᠤ ᠮᠡᠷᠭᠡᠵᠢᠯ᠎ᠦᠨ ᠲᠣᠨᠣᠭᠯᠠᠯ᠎ᠢ ᠳᠡᠯᠭᠡᠷᠡᠭᠦᠯᠵᠦ᠂ ᠨᠡᠭᠦᠷᠡᠰᠦᠨ ᠴᠠᠬᠢᠯᠭᠠᠨ᠎ᠤ ᠡᠨᠧᠷᠭᠢ ᠠᠷᠪᠢᠯᠠᠵᠦ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ ᠥᠭᠡᠷᠡᠴᠢᠯᠡᠯᠲᠡ᠂ ᠠᠮᠢᠳᠤᠯᠢᠭ᠋ ᠴᠢᠨᠠᠷᠲᠠᠢ ᠥᠭᠡᠷᠡᠴᠢᠯᠡᠯᠲᠡ ᠵᠡᠷᠭᠡ᠎ᠶᠢ ᠴᠢᠩᠭᠠᠳᠬᠠᠵᠤ᠂ ᠨᠡᠭᠦᠷᠡᠰᠦᠨ ᠴᠠᠬᠢᠯᠭᠠᠨ᠎ᠢ ᠲᠣᠬᠢᠷᠠᠭᠤᠯᠬᠤ ᠲᠡᠰ ᠳᠠᠷᠠᠭᠠᠯᠠᠯ ᠪᠠ ᠤᠷᠬᠢᠯ᠎ᠢ ᠲᠣᠬᠢᠷᠠᠭᠤᠯᠬᠤ ᠭᠦᠨᠴᠡ᠎ᠶᠢ ᠵᠦᠢ ᠵᠣᠬᠢᠰᠲᠠᠢ ᠲᠣᠭᠲᠠᠭᠠᠵᠤ᠂ ᠰᠠᠯᠬᠢ ᠭᠡᠷᠡᠯ᠎ᠢᠶᠡᠷ ᠴᠠᠬᠢᠯᠭᠠᠨ ᠭᠠᠷᠭᠠᠬᠤ ᠦᠷ᠎ᠡ ᠪᠦᠲᠦᠮᠵᠢ ᠪᠠ ᠡᠨᠧᠷᠭᠢ ᠬᠠᠳᠠᠭᠠᠯᠠᠬᠤ ᠲᠣᠨᠣᠭᠯᠠᠯ᠎ᠤᠨ ᠡᠨᠧᠷᠭᠢ᠎ᠶᠢᠨ ᠬᠤᠪᠢᠷᠠᠭᠤᠯᠤᠯᠲᠠ᠎ᠶᠢᠨ ᠦᠷ᠎ᠡ ᠪᠦᠲᠦᠮᠵᠢ᠎ᠶᠢ ᠦᠷᠭᠦᠯᠵᠢᠯᠡᠨ ᠳᠡᠭᠡᠭᠰᠢᠯᠡᠭᠦᠯᠵᠦ᠂ ᠴᠠᠬᠢᠯᠭᠠᠨ ᠲᠣᠣᠷ᠎ᠤᠨ ᠶᠡᠷᠦᠩᠬᠡᠢᠯᠡᠭᠰᠡᠨ ᠱᠤᠭᠤᠮ᠎ᠤᠨ ᠬᠣᠬᠢᠷᠠᠯ᠎ᠤᠨ ᠨᠤᠷᠮ᠎ᠠ᠎ᠶᠢ ᠯᠠᠪᠳᠠᠭᠤᠨ᠎ᠢᠶᠠᠷ ᠪᠠᠭᠤᠷᠠᠭᠤᠯᠤᠨ᠎ᠠ᠃

ᠭᠤᠷᠪᠠ᠂ ᠭᠣᠣᠯᠳᠠᠯᠭ᠎ᠠ᠎ᠲᠠᠢ ᠬᠦᠷᠢᠶᠡᠨ᠎ᠳᠡᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ᠎ᠵᠢ ᠶᠡᠬᠡᠪᠡᠷ ᠠᠬᠢᠭᠤᠯᠤᠨ᠎ᠠ

(ᠭᠤᠷᠪᠠ) ᠠᠵᠤ ᠦᠢᠯᠡᠳᠪᠦᠷᠢ᠎ᠶᠢᠨ ᠡᠨᠧᠷᠭᠢ ᠠᠷᠪᠢᠯᠠᠵᠦ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ᠎ᠶᠢ ᠴᠢᠩᠭᠠᠷᠠᠭᠤᠯᠤᠨ᠎ᠠ᠃ ᠪᠣᠯᠣᠳ ᠲᠡᠮᠦᠷ᠂ ᠥᠩᠭᠡᠲᠦ ᠲᠡᠮᠦᠷᠯᠢᠭ᠂ ᠴᠢᠯᠠᠭᠤᠨ ᠲᠣᠰᠣ᠌ ᠬᠢᠮᠢ᠎ᠶᠢᠨ ᠠᠵᠤ ᠦᠢᠯᠡᠳᠪᠦᠷᠢ᠂ ᠬᠢᠮᠢ᠎ᠶᠢᠨ ᠠᠵᠤ ᠦᠢᠯᠡᠳᠪᠦᠷᠢ᠂ ᠪᠠᠷᠢᠯᠭ᠎ᠠ᠎ᠶᠢᠨ ᠮᠠᠲᠧᠷᠢᠶᠠᠯ ᠵᠡᠷᠭᠡ ᠭᠣᠣᠯᠳᠠᠯᠭ᠎ᠠ᠎ᠲᠠᠢ ᠠᠵᠢᠯ ᠲᠥᠷᠥᠯ᠎ᠦᠨ ᠡᠨᠧᠷᠭᠢ᠎ᠶᠢᠨ ᠠᠰᠢᠭ᠍ᠯᠠᠮᠵᠢ᠎ᠶᠢᠨ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠦᠢᠯᠡᠳᠪᠦᠷᠢᠯᠡᠯ᠎ᠦᠨ ᠤᠷ᠎ᠠ ᠮᠡᠷᠭᠡᠰᠢᠯ᠂ ᠭᠣᠣᠯ ᠠᠵᠢᠯ᠎ᠤᠨ ᠳᠠᠷᠠᠭᠠᠯᠠᠯ᠂ ᠭᠣᠣᠯᠳᠠᠯᠭ᠎ᠠ᠎ᠲᠠᠢ ᠲᠥᠬᠦᠭᠡᠷᠦᠮᠵᠢ ᠵᠡᠷᠭᠡ᠎ᠳᠦ ᠴᠢᠭᠯᠡᠭᠦᠯᠦᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ ᠣᠨᠣᠰᠢᠯᠠᠯᠲᠠ᠎ᠶᠢ ᠭᠦᠨᠵᠡᠭᠡᠢ ᠬᠡᠷᠡᠭᠵᠢᠭᠦᠯᠵᠦ᠂ ᠨᠢᠭᠡ ᠪᠦᠯᠦᠭ ᠠᠵᠤ ᠦᠢᠯᠡᠳᠪᠦᠷᠢ᠎ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ ᠢᠨᠵᠧᠨᠧᠷᠢᠩ᠎ᠢ ᠵᠣᠬᠢᠶᠠᠨ ᠪᠠᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ᠎ᠶᠢ ᠭᠦᠨᠵᠡᠭᠡᠢᠷᠡᠭᠦᠯᠵᠦ᠂ ᠢᠯᠴᠢ ᠬᠠᠩᠭᠠᠬᠤ᠂ ᠬᠦᠷᠦᠭᠡᠬᠦ ᠵᠡᠷᠭᠡ ᠰᠠᠭᠤᠷᠢ ᠲᠥᠬᠦᠭᠡᠷᠦᠮᠵᠢ᠎ᠶᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠎ᠶᠢ ᠠᠬᠢᠭᠤᠯᠵᠤ᠂ ᠠᠵᠤ ᠠᠬᠤᠢᠯᠠᠯ᠎ᠤᠨ ᠬᠣᠭᠣᠷᠣᠨᠳᠣᠬᠢ ᠡᠨᠧᠷᠭᠢ᠎ᠶᠢ ᠰᠣᠯᠢᠯᠴᠠᠬᠤ ᠪᠠ ᠱᠠᠲᠤᠯᠠᠨ ᠠᠰᠢᠭ᠍ᠯᠠᠬᠤ᠎ᠶᠢ ᠴᠢᠩᠭᠠᠳᠬᠠᠵᠤ᠂ ᠪᠣᠯᠣᠳ ᠲᠡᠮᠦᠷ᠎ᠪᠠ ᠬᠢᠮᠢ᠎ᠵᠢᠨ ᠠᠵᠤ ᠦᠢᠯᠡᠳᠪᠦᠷᠢ ᠬᠣᠯᠪᠤᠭᠠᠯᠠᠨ ᠦᠢᠯᠡᠳᠪᠦᠷᠢᠯᠡᠬᠦ᠂ ᠲᠤᠰᠤ ᠪᠣᠯᠪᠠᠰᠤᠷᠠᠭᠤᠯᠬᠤ ᠪᠠ ᠬᠢᠮᠢ᠎ᠵᠢᠨ ᠠᠵᠤ ᠦᠢᠯᠡᠳᠪᠦᠷᠢ᠎ᠵᠢ ᠠᠭᠤᠰᠤᠯᠴᠠᠭᠤᠯᠤᠨ ᠨᠡᠢᠯᠡᠭᠦᠯᠬᠦ ᠵᠡᠷᠭᠡ ᠠᠵᠢᠯ ᠲᠥᠷᠥᠯ ᠠᠯᠤᠰᠯᠠᠨ ᠡᠪᠴᠡᠯᠳᠦᠵᠦ ᠦᠷ᠎ᠡ ᠪᠦᠲᠦᠮᠵᠢ᠎ᠪᠡᠨ ᠳᠡᠭᠡᠭᠰᠢᠯᠡᠭᠦᠯᠬᠦ᠎ᠶᠢ ᠳᠡᠮᠵᠢᠵᠦ᠂ ᠠᠮᠢ ᠠᠬᠤᠢ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢ ᠥᠷᠨᠢᠭᠦᠯᠵᠦ᠂ ᠬᠦᠷᠢᠶᠡᠯᠡᠩ ᠲᠣᠭᠣᠷᠢᠭ᠋᠎ᠤᠨ ᠡᠨᠧᠷᠭᠢ᠎ᠶᠢᠨ ᠰᠢᠰᠲᠧᠮ᠎ᠢ ᠪᠦᠬᠦᠯᠢ ᠴᠣᠭᠴᠠ᠎ᠪᠠᠷ ᠨᠢ ᠰᠢᠯᠢᠳᠡᠭᠵᠢᠭᠦᠯᠬᠦ ᠪᠠ ᠡᠬᠢ ᠪᠠᠶᠠᠯᠢᠭ᠋᠎ᠢ ᠡᠷᠴᠢᠮᠵᠢᠭᠦᠯᠦᠨ ᠠᠷᠪᠢᠯᠠᠵᠤ ᠡᠷᠭᠢᠯᠳᠦᠭᠦᠯᠦᠨ ᠠᠰᠢᠭ᠍ᠯᠠᠬᠤ᠎ᠶᠢ ᠠᠬᠢᠭᠤᠯᠤᠨ᠎ᠠ᠃

(ᠳᠥᠷᠪᠡ) ᠪᠠᠷᠢᠯᠭ᠎ᠠ᠎ᠶᠢᠨ ᠡᠨᠧᠷᠭᠢ ᠠᠷᠪᠢᠯᠠᠵᠦ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ᠎ᠶᠢ ᠴᠢᠩᠭᠠᠳᠬᠠᠨ᠎ᠠ᠃ ᠰᠢᠨ᠎ᠡ᠎ᠪᠡᠷ ᠪᠠᠶ᠋ᠢᠭᠤᠯᠬᠤ ᠪᠠᠷᠢᠯᠭ᠎ᠠ᠎ᠶᠢᠨ ᠡᠨᠧᠷᠭᠢ᠎ᠶᠢᠨ ᠠᠰᠢᠭ᠍ᠯᠠᠮᠵᠢ᠎ᠶᠢᠨ ᠬᠠᠮᠢᠶᠠᠷᠤᠯᠲᠠ᠎ᠶᠢ ᠴᠢᠩᠳᠠᠯᠠᠵᠤ᠂ ᠪᠠᠷᠢᠯᠭ᠎ᠠ᠎ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ ᠵᠢᠷᠤᠭ ᠲᠥᠯᠥᠪᠯᠡᠭᠡ᠎ᠶᠢ ᠰᠢᠯᠢᠳᠡᠭᠵᠢᠭᠦᠯᠵᠦ᠂ ᠬᠡᠲᠦ ᠪᠠᠭ᠎ᠠ ᠡᠨᠧᠷᠭᠢ᠎ᠶᠢᠨ ᠬᠣᠷᠣᠭᠳᠠᠯ᠎ᠲᠠᠢ ᠪᠠᠷᠢᠯᠭ᠎ᠠ᠎ᠶᠢ ᠬᠡᠪᠴᠢᠶᠡᠵᠢᠭᠦᠯᠦᠨ ᠬᠥᠭᠵᠢᠭᠦᠯᠬᠦ᠎ᠶᠢ ᠠᠬᠢᠭᠤᠯᠵᠤ᠂ ᠠᠮᠤᠷ ᠲᠦᠪᠰᠢᠨ ᠲᠠᠭᠠᠯᠠᠮᠵᠢᠲᠠᠢ ᠪᠣᠬᠢᠷᠲᠤᠯ ᠦᠭᠡᠢ ᠣᠶᠤᠨᠴᠢ 《ᠰᠠᠢᠨ ᠭᠡᠷ ᠪᠠᠢᠰᠢᠩ 》 ᠎ᠢ᠋ ᠪᠦᠲᠦᠭᠡᠨ ᠪᠠᠢᠭᠤᠯᠤᠨ᠎ᠠ᠃ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠋᠎ᠤᠨ ᠥᠭᠡᠷᠡᠴᠢᠯᠡᠯᠲᠡ᠂ ᠴᠡᠪᠡᠷ ᠳᠤᠯᠠᠭᠠᠯᠠᠭ᠎ᠠ ᠵᠡᠷᠭᠡ ᠠᠵᠢᠯ᠎ᠲᠠᠢ ᠤᠶᠠᠯᠳᠤᠭᠤᠯᠤᠨ᠂ ᠨᠢᠭᠡᠨᠲᠡ ᠪᠠᠢᠭ᠎ᠠ ᠪᠠᠷᠢᠯᠭ᠎ᠠ᠎ᠶᠢᠨ ᠡᠨᠧᠷᠭᠢ ᠠᠷᠪᠢᠯᠠᠵᠦ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ ᠥᠭᠡᠷᠡᠴᠢᠯᠡᠯᠲᠡ᠎ᠶᠢ ᠢᠳᠡᠪᠬᠢᠲᠡᠢ ᠠᠬᠢᠭᠤᠯᠵᠤ᠂ ᠪᠠᠷᠢᠯᠭ᠎ᠠ᠎ᠶᠢᠨ ᠠᠵᠢᠯᠯᠠᠭᠠᠨ᠎ᠤ ᠡᠨᠧᠷᠭᠢ ᠠᠷᠪᠢᠯᠠᠵᠦ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ ᠬᠠᠮᠢᠶᠠᠷᠤᠯᠲᠠ᠎ᠶᠢ ᠴᠢᠩᠭᠠᠳᠬᠠᠨ᠎ᠠ᠃ ᠪᠠᠷᠢᠯᠭ᠎ᠠ᠎ᠶᠢᠨ ᠡᠨᠧᠷᠭᠢ᠎ᠶᠢᠨ ᠠᠰᠢᠭ᠍ᠯᠠᠮᠵᠢ᠎ᠶᠢᠨ  ᠳᠡᠰ᠎ᠤᠨ ᠳᠦᠷᠢᠮ᠎ᠢ ᠪᠠᠢᠭᠤᠯᠤᠨ᠎ᠠ᠃ ᠪᠠᠷᠢᠯᠭ᠎ᠠ᠎ᠶᠢᠨ ᠡᠨᠧᠷᠭᠢ ᠬᠡᠷᠡᠭᠯᠡᠬᠦ ᠪᠦᠲᠦᠴᠡ᠎ᠶᠢ ᠰᠢᠯᠢᠳᠡᠭᠵᠢᠭᠦᠯᠵᠦ᠂ ᠪᠠᠷᠢᠯᠭ᠎ᠠ᠎ᠶᠢᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠪᠦᠲᠦᠭᠡᠨ ᠪᠠᠢᠭᠤᠯᠤᠯᠲᠠ᠎ᠶᠢ ᠡᠮᠬᠢ ᠵᠢᠷᠤᠮ᠎ᠲᠠᠢ ᠠᠬᠢᠭᠤᠯᠵᠤ᠂ ᠦᠯᠡᠳᠡᠪᠦᠷᠢ ᠢᠯᠴᠢ᠎ᠶᠢᠨ ᠡᠬᠢ ᠪᠠᠶᠠᠯᠢᠭ᠋ ᠪᠣᠯᠣᠨ ᠴᠢᠯᠠᠭᠤᠵᠢᠮᠠᠯ᠎ᠤᠨ ᠪᠤᠰᠤ ᠡᠨᠧᠷᠭᠢ᠎ᠶᠢᠨ ᠢᠯᠴᠢ ᠬᠠᠩᠭᠠᠬᠤ᠎ᠶᠢ ᠣᠷᠣᠯᠠᠭᠤᠯᠬᠤ᠎ᠶᠢ ᠲᠤᠬᠠᠢ᠎ᠶᠢᠨ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠠᠬᠢᠭᠤᠯᠤᠨ᠎ᠠ᠃ ᠢᠯᠴᠢ ᠬᠠᠩᠭᠠᠬᠤ ᠬᠡᠮᠵᠢᠯᠲᠡ᠎ᠶᠢᠨ ᠥᠭᠡᠷᠡᠴᠢᠯᠡᠯᠲᠡ᠎ᠶᠢ ᠭᠦᠨᠵᠡᠭᠡᠢ ᠠᠬᠢᠭᠤᠯᠵᠤ᠂ ᠢᠯᠴᠢ ᠬᠠᠩᠭᠠᠬᠤ ᠦᠨ᠎ᠡ ᠬᠠᠩᠰᠢ᠎ᠶᠢ ᠡᠮᠬᠢ ᠵᠢᠷᠤᠮ᠎ᠲᠠᠢ ᠵᠤᠬᠢᠴᠠᠭᠤᠯᠵᠤ᠂ ᠬᠠᠭᠤᠴᠢᠷᠠᠭᠰᠠᠨ ᠢᠯᠴᠢ ᠬᠠᠩᠭᠠᠬᠤ ᠬᠣᠭᠣᠯᠠᠢ  ᠲᠣᠣᠷ ᠵᠡᠷᠭᠡ ᠪᠡᠯᠡᠳᠬᠡᠮᠵᠢ ᠲᠥᠬᠦᠭᠡᠷᠦᠮᠵᠢ᠎ᠶᠢ ᠰᠢᠨᠡᠳᠬᠡᠨ ᠥᠭᠡᠷᠡᠴᠢᠯᠡᠬᠦ ᠪᠠ ᠢᠯᠴᠢ ᠬᠠᠩᠭᠠᠬᠤ ᠰᠢᠰᠲᠧᠮ᠎ᠢ ᠣᠶᠤᠨᠴᠢᠯᠠᠨ ᠳᠡᠰ ᠳᠡᠪᠰᠢᠭᠦᠯᠬᠦ᠎ᠶᠢ ᠳᠠᠮᠵᠢᠵᠤ᠂ ᠢᠯᠴᠢ ᠬᠠᠩᠭᠠᠬᠤ ᠡᠯ᠎ᠡ ᠭᠣᠭᠴᠣᠭ᠎ᠠ᠎ᠶᠢᠨ ᠡᠨᠧᠷᠭᠢ᠎ᠶᠢᠨ ᠠᠰᠢᠭ᠍ᠯᠠᠮᠵᠢ᠎ᠶᠢ ᠬᠦᠴᠦᠯᠡᠨ ᠳᠡᠭᠡᠭᠰᠢᠯᠡᠭᠦᠯᠦᠨ᠎ᠡ᠃

(ᠲᠠᠪᠤ) ᠵᠠᠮ ᠬᠠᠷᠢᠯᠴᠠᠭ᠎ᠠ ᠲᠡᠭᠡᠭᠡᠪᠦᠷᠢ᠎ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ᠎ᠶᠢ ᠠᠬᠢᠭᠤᠯᠤᠨ᠎ᠠ᠃ ᠲᠡᠮᠦᠷ ᠵᠠᠮ᠂ ᠤᠰᠤᠨ ᠵᠠᠮ᠎ᠤᠨ ᠲᠡᠭᠡᠭᠡᠪᠦᠷᠢ᠎ᠶᠢ ᠶᠡᠬᠡᠪᠡᠷ ᠬᠥᠭᠵᠢᠭᠦᠯᠦᠨ᠂ ᠵᠠᠰᠠᠮᠠᠯ ᠵᠠᠮ᠎ᠤᠨ ᠲᠡᠭᠡᠭᠡᠪᠦᠷᠢ᠎ᠶᠢᠨ ᠦᠷ᠎ᠡ ᠪᠦᠲᠦᠮᠵᠢ ᠪᠣᠯᠣᠨ ᠪᠣᠬᠢᠷᠲᠤᠯ ᠦᠭᠡᠶ᠋ᠢᠵᠢᠭᠦᠯᠬᠦ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ᠎ᠤᠨ ᠠᠭᠠᠷ᠎ᠤᠨ ᠲᠡᠭᠡᠭᠡᠪᠦᠷᠢ᠎ᠶᠢᠨ ᠬᠠᠮᠢᠶᠠᠷᠤᠯᠲᠠ᠎ᠶᠢᠨ ᠠᠵᠢᠯᠯᠠᠭᠠᠨ᠎ᠤ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠂ ᠣᠯᠠᠨ ᠬᠡᠯᠪᠡᠷᠢ᠎ᠶᠢᠨ ᠬᠠᠮᠲᠤᠷᠠᠭᠰᠠᠨ ᠲᠡᠭᠡᠭᠡᠪᠦᠷᠢ᠎ᠶᠢ ᠢᠳᠡᠪᠬᠢᠲᠡᠢ᠎ᠪᠡᠷ ᠬᠥᠭᠵᠢᠭᠦᠯᠦᠨ᠎ᠡ᠃ ᠪᠣᠬᠢᠷᠲᠤᠯ ᠦᠭᠡᠢ ᠵᠠᠮ ᠬᠠᠷᠢᠯᠴᠠᠭᠠᠨ᠎ᠤ ᠰᠠᠭᠤᠷᠢ ᠲᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠠᠬᠢᠭᠤᠯᠵᠤ᠂ ᠵᠠᠮ ᠬᠠᠷᠢᠯᠴᠠᠭᠠᠨ᠎ᠤ ᠲᠠᠯᠠᠪᠤᠷ ᠥᠷᠲᠡᠭᠡ᠂ ᠲᠦᠷᠭᠡᠨ᠎ᠤ ᠵᠠᠰᠠᠮᠠᠯ ᠵᠠᠮ ᠵᠡᠷᠭᠡ ᠪᠡᠯᠡᠳᠬᠡᠮᠵᠢ ᠲᠥᠬᠦᠭᠡᠷᠦᠮᠵᠢ᠎ᠶᠢᠨ ᠪᠣᠬᠢᠷᠲᠤᠯ ᠦᠭᠡᠢ ᠪᠥᠭᠡᠳ ᠣᠶᠤᠨᠴᠢᠯᠠᠭᠰᠠᠨ ᠲᠦᠪᠰᠢᠨ᠎ᠢ ᠳᠡᠭᠡᠭᠰᠢᠯᠡᠭᠦᠯᠦᠨ᠂ ᠴᠠᠬᠢᠯᠭᠠᠨ ᠴᠡᠨᠡᠭᠯᠡᠵᠦ ᠴᠠᠬᠢᠯᠭᠠᠨ ᠰᠣᠯᠢᠬᠤ ᠥᠷᠲᠡᠭᠡ᠂ ᠡᠷᠭᠢ᠎ᠶᠢᠨ ᠴᠠᠬᠢᠯᠭᠠᠨ ᠵᠡᠷᠭᠡ ᠲᠦᠬᠦᠭᠡᠷᠦᠮᠵᠢ ᠲᠣᠣᠷ᠎ᠢ ᠪᠦᠷᠢᠨᠰᠢᠭᠦᠯᠦᠨ᠎ᠡ᠃ ᠨᠡᠭᠦᠷᠡᠰᠦᠲᠥ᠋ᠷᠥᠭᠴᠢ᠎ᠶᠢ ᠦᠯᠦ ᠭᠠᠳᠠᠭᠰᠢᠯᠠᠭᠤᠯᠬᠤ ᠲᠡᠭᠡᠭᠡᠪᠦᠷᠢ᠎ᠶᠢᠨ ᠬᠣᠩᠭᠢᠯ᠎ᠢ ᠪᠦᠲᠦᠭᠡᠨ ᠪᠠᠢᠭᠤᠯᠤᠨ᠎ᠠ᠃ ᠡᠨᠧᠷᠭᠢ ᠠᠷᠪᠢᠯᠠᠬᠤ ᠪᠠᠭ᠎ᠠ ᠨᠡᠭᠦᠷᠡᠰᠦᠲᠥ᠋ᠷᠥᠭᠴᠢᠲᠦ ᠲᠡᠭᠡᠭᠡᠪᠦᠷᠢ᠎ᠶᠢᠨ ᠪᠠᠭᠠᠵᠢ᠎ᠶᠢ ᠳᠡᠯᠭᠡᠷᠡᠭᠦᠯᠵᠦ᠂ ᠲᠡᠷᠭᠡ ᠬᠥᠰᠬᠡ᠎ᠶᠢᠨ ᠡᠨᠧᠷᠭᠢ᠎ᠶᠢᠨ ᠬᠣᠷᠣᠭᠳᠠᠯ᠎ᠤᠨ ᠬᠢᠵᠠᠭᠠᠷ ᠬᠡᠮᠵᠢᠭᠳᠡᠯ᠎ᠦᠨ ᠱᠠᠭᠠᠷᠳᠠᠯᠭ᠎ᠠ᠎ᠶᠢ ᠵᠦᠢ ᠵᠣᠬᠢᠰᠲᠠᠢ ᠰᠢᠯᠢᠳᠡᠭᠵᠢᠭᠦᠯᠦᠨ᠂ ᠴᠠᠬᠢᠯᠭᠠᠨ ᠬᠥᠳᠡᠯᠭᠡᠭᠦᠷᠲᠦ (ᠤᠰᠤᠲᠥ᠋ᠷᠥᠭᠴᠢ ᠡᠨᠧᠷᠭᠢ) ᠬᠦᠨᠳᠦ ᠬᠡᠯᠪᠡᠷᠢ᠎ᠶᠢᠨ ᠠᠴᠢᠶᠠᠨ᠎ᠤ ᠮᠠᠰᠢᠨ ᠲᠡᠷᠭᠡ ᠪᠠ ᠪᠣᠬᠢᠷᠲᠤᠯ ᠦᠭᠡᠢ ᠲᠦᠯᠡᠰᠢᠲᠦ ᠣᠩᠭᠣᠴᠠ ᠰᠠᠯ᠎ᠢ ᠢᠳᠡᠪᠬᠢᠲᠡᠢ ᠬᠥᠭᠵᠢᠭᠦᠯᠵᠦ᠂ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠲᠦᠯᠡᠰᠢ ᠪᠡᠷ ᠬᠣᠯᠢᠬᠤ ᠪᠤᠶᠤ ᠤᠷᠤᠯᠠᠭᠤᠯᠬᠤ᠎ᠶᠢ ᠲᠡᠮᠵᠢᠨ᠎ᠡ᠃

(ᠵᠢᠷᠭᠤᠭ᠎ᠠ) ᠲᠣᠭᠠᠴᠢᠯᠠᠭᠰᠠᠨ ᠰᠠᠭᠤᠷᠢ ᠲᠦᠬᠦᠭᠡᠷᠦᠮᠵᠢ᠎ᠶᠢᠨ ᠡᠨᠧᠷᠭᠢ ᠠᠷᠪᠢᠯᠠᠵᠦ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ᠎ᠶᠢ ᠲᠦᠷᠭᠡᠳᠬᠡᠨ᠎ᠡ᠃ ᠪᠤᠳᠤᠯᠲᠠ᠎ᠵᠢᠨ ᠬᠦᠴᠦᠨ᠂ ᠴᠢᠮᠡᠭᠡ ᠬᠣᠯᠪᠣᠭ᠎ᠠ᠎ᠶᠢᠨ ᠰᠠᠭᠤᠷᠢ ᠥᠷᠲᠡᠭᠡ ᠪᠠ ᠮᠠᠰᠢᠨ᠎ᠤ ᠦᠷᠦᠭᠡ ᠵᠡᠷᠭᠡ ᠰᠠᠭᠤᠷᠢ ᠲᠦᠬᠦᠭᠡᠷᠦᠮᠵᠢ᠎ᠶᠢᠨ ᠡᠨᠧᠷᠭᠢ ᠠᠷᠪᠢᠯᠠᠵᠦ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ ᠥᠭᠡᠷᠡᠴᠢᠯᠡᠯᠲᠡ᠎ᠶᠢ ᠠᠬᠢᠭᠤᠯᠵᠤ᠂ ᠲᠥᠬᠦᠭᠡᠷᠦᠮᠵᠢ᠎ᠶᠢᠨ ᠬᠡᠯᠪᠡᠷᠢ ᠰᠣᠩᠭᠣᠬᠤ᠂ ᠬᠦᠷᠦᠭᠡᠬᠦ ᠵᠢᠶᠠᠰᠠ᠂ ᠮᠠᠰᠢᠨ᠎ᠤ ᠴᠢᠳᠠᠮᠵᠢ᠎ᠶᠢᠨ ᠨᠢᠭ᠍ᠲᠡᠴᠡ᠂ ᠰᠢᠰᠲᠧᠮ᠎ᠦᠨ ᠣᠶᠤᠨᠴᠢ ᠠᠵᠢᠯᠯᠠᠭᠠᠨ᠎ᠤ ᠠᠷᠭ᠎ᠠ ᠪᠣᠳᠣᠯᠭ᠎ᠠ ᠵᠡᠷᠭᠡ᠎ᠶᠢ ᠰᠢᠯᠢᠳᠡᠭᠵᠢᠭᠦᠯᠦᠨ ᠲᠠᠰ ᠳᠡᠪᠰᠢᠭᠦᠯᠬᠦ᠎ᠶᠢ ᠠᠬᠢᠭᠤᠯᠤᠨ᠂ ᠨᠢᠭᠡᠴᠢ ᠪᠤᠳᠤᠯᠲᠠ᠎ᠵᠢᠨ ᠬᠦᠴᠦᠨ᠎ᠤ᠋ ᠦᠷ᠎ᠡ ᠪᠦᠲᠦᠮᠵᠢ ᠪᠠ ᠨᠢᠭᠡᠴᠢ ᠮᠡᠳᠡᠭᠡ ᠵᠠᠩᠭᠢ᠎ᠶᠢᠨ ᠤᠷᠤᠰᠴᠠ᠎ᠶᠢᠨ ᠦᠷ᠎ᠡ ᠪᠦᠲᠦᠮᠵᠢ᠎ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠤᠳᠤᠯᠲᠠ᠎ᠵᠢᠨ ᠬᠦᠴᠦᠨ᠎ᠦ ᠰᠠᠭᠤᠷᠢ ᠲᠦᠬᠦᠭᠡᠷᠦᠮᠵᠢ᠎ᠶᠢᠨ ᠲᠥᠷᠥᠯ ᠵᠦᠢᠯ᠎ᠢ ᠦᠨᠡᠯᠡᠨ ᠵᠢᠱ᠌ᠢᠵᠦ ᠨᠤᠲᠠᠯᠠᠬᠤ ᠪᠠ ᠡᠬᠢ ᠡᠭᠦᠰᠦᠯ᠎ᠡᠴᠡ ᠨᠢ ᠬᠠᠷᠢᠭᠤᠴᠠᠬᠤ᠎ᠶᠢ ᠴᠢᠩᠭᠠᠳᠬᠠᠨ᠂ ᠴᠠᠬᠢᠯᠭᠠᠨ ᠡᠨᠧᠷᠭᠢ᠎ᠶᠢ ᠠᠰᠢᠭ᠍ᠯᠠᠬᠤ ᠦᠷ᠎ᠡ ᠪᠦᠲᠦᠮᠵᠢ ᠵᠡᠷᠭᠡ ᠡᠨᠧᠷᠭᠢ᠎ᠶᠢᠨ ᠦᠷ᠎ᠡ ᠪᠦᠲᠦᠮᠵᠢ᠎ᠶᠢᠨ ᠭᠦᠢᠴᠡᠳᠬᠡᠯ ᠲᠣᠭ᠎ᠠ᠎ᠶᠢᠨ ᠵᠥᠪᠰᠢᠶᠡᠷᠡᠨ ᠣᠷᠣᠭᠤᠯᠬᠤ ᠬᠠᠮᠢᠶᠠᠷᠤᠯᠲᠠ᠎ᠶᠢ ᠴᠢᠩᠳᠠᠯᠠᠵᠤ᠂ ᠲᠠᠬᠢᠯᠳᠠ ᠡᠨᠧᠷᠭᠢ᠎ᠶᠢᠨ ᠬᠡᠷᠡᠭᠯᠡᠭᠡᠨ ᠪᠠ ᠦᠯᠡᠳᠡᠪᠦᠷᠢ ᠢᠯᠴᠢ᠎ᠶᠢᠨ ᠡᠬᠢ ᠪᠠᠶᠠᠯᠢᠭ᠋᠎ᠢ ᠡᠭᠡᠭᠦᠯᠦᠨ ᠬᠤᠷᠢᠶᠠᠵᠤ ᠠᠰᠢᠭ᠍ᠯᠠᠬᠤ ᠲᠦᠪᠰᠢᠨ᠎ᠢ ᠳᠡᠭᠡᠭᠰᠢᠯᠡᠭᠦᠯᠦᠨ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠡᠷᠴᠢᠮᠯᠢᠭ ᠡᠷᠭᠢᠯᠲᠡᠲᠦ ᠪᠤᠳᠤᠯᠲᠠ᠎ᠵᠢᠨ ᠬᠦᠴᠦᠨ᠎ᠤ ᠲᠦᠬᠦᠭᠡᠷᠦᠮᠵᠢ᠎ᠶᠢ ᠬᠥᠭᠵᠢᠭᠦᠯᠬᠦ᠎ᠶᠢ ᠳᠡᠮᠵᠢᠨ᠎ᠡ᠃

(ᠳᠣᠯᠣᠭ᠎ᠠ) ᠣᠯᠠᠨ ᠨᠡᠶ᠋ᠢᠲᠡ᠎ᠶᠢᠨ ᠪᠠᠢᠭᠤᠯᠤᠮᠵᠢ᠎ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ᠎ᠶᠢ ᠭᠦᠨᠵᠡᠭᠡᠢᠷᠡᠭᠦᠯᠦᠨ᠎ᠡ᠃ ᠣᠯᠠᠨ ᠨᠡᠶ᠋ᠢᠲᠡ᠎ᠶᠢᠨ ᠪᠠᠢᠭᠤᠯᠤᠮᠵᠢ᠎ᠶᠢᠨ ᠪᠠᠷᠢᠯᠭ᠎ᠠ᠎ᠶᠢᠨ ᠬᠦᠷᠢᠶᠡᠯᠡᠨ ᠬᠠᠮᠠᠭᠠᠯᠠᠬᠤ ᠪᠦᠲᠦᠴᠡ᠂ ᠢᠯᠴᠢ ᠬᠠᠩᠭᠠᠬᠤ᠂ ᠬᠦᠷᠦᠭᠡᠬᠦ᠂ ᠭᠡᠷᠡᠯᠲᠦᠭᠦᠯᠭᠡ ᠵᠡᠷᠭᠡ ᠪᠡᠯᠡᠳᠬᠡᠮᠵᠢ ᠲᠥᠬᠦᠭᠡᠷᠦᠮᠵᠢ᠎ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ ᠥᠭᠡᠷᠡᠴᠢᠯᠡᠯᠲᠡ᠎ᠶᠢ ᠠᠬᠢᠭᠤᠯᠵᠤ᠂ ᠡᠨᠧᠷᠭᠢ᠎ᠶᠢᠨ ᠵᠠᠷᠤᠳᠠᠯ ᠢ᠋ ᠨᠠᠢᠳᠠᠨ ᠬᠠᠮᠢᠶᠠᠷᠤᠭᠤᠯᠬᠤ ᠵᠡᠷᠭᠡ ᠡᠨᠧᠷᠭᠢ᠎ᠶᠢᠨ ᠬᠠᠮᠢᠶᠠᠷᠤᠯᠲᠠ᠎ᠶᠢᠨ ᠭᠡᠷᠡᠲᠦ ᠵᠠᠭᠪᠤᠷ ᠢ᠋ ᠳᠡᠯᠭᠡᠷᠡᠭᠦᠯᠵᠦ᠂ ᠨᠢᠭᠡᠴᠢ ᠪᠠᠷᠢᠯᠭ᠎ᠠ᠎ᠶᠢᠨ ᠲᠠᠯᠠᠪᠠᠢ᠎ᠶᠢᠨ ᠡᠨᠧᠷᠭᠢ᠎ᠶᠢᠨ ᠬᠣᠷᠣᠭᠳᠠᠯ ᠪᠠ ᠨᠡᠭᠦᠷᠡᠰᠦᠲᠥ᠋ᠷᠥᠭᠴᠢ᠎ᠵᠢᠨ ᠭᠠᠳᠠᠭᠰᠢᠯᠠᠭᠤᠯᠤᠯᠲᠠ᠎ᠶᠢ ᠦᠷᠭᠦᠯᠵᠢᠯᠡᠨ ᠪᠠᠭᠤᠷᠠᠭᠤᠯᠤᠨ᠎ᠠ᠃ ᠣᠯᠠᠨ ᠨᠡᠶ᠋ᠢᠲᠡ᠎ᠶᠢᠨ ᠪᠠᠢᠭᠤᠯᠤᠮᠵᠢ᠎ᠶᠢᠨ ᠡᠨᠧᠷᠭᠢ᠎ᠶᠢᠨ ᠬᠣᠷᠣᠭᠳᠠᠯ᠎ᠤᠨ ᠨᠣᠷᠮ᠎ᠠ ᠲᠣᠭᠲᠠᠭᠠᠬᠤ ᠬᠠᠮᠢᠶᠠᠷᠤᠯᠲᠠ᠎ᠶᠢ ᠴᠢᠩᠭᠠᠳᠬᠠᠵᠤ᠂ ᠡᠨᠧᠷᠭᠢ ᠡᠬᠢ ᠪᠠᠶᠠᠯᠢᠭ᠋᠎ᠢ ᠠᠷᠪᠢᠯᠠᠬᠤ ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢ ᠲᠡᠭᠦᠯᠳᠡᠷᠵᠢᠭᠦᠯᠦᠨ᠎ᠡ᠃ ᠠᠷᠪᠢᠯᠠᠨ ᠭᠠᠮᠨᠠᠬᠤ ᠬᠡᠯᠪᠡᠷᠢ᠎ᠶᠢᠨ ᠣᠯᠠᠨ ᠨᠡᠶ᠋ᠢᠲᠡ᠎ᠶᠢᠨ ᠪᠠᠢᠭᠤᠯᠤᠮᠵᠢ᠎ᠶᠢᠨ ᠵᠢᠱ᠌ᠢᠶ᠎ᠡ ᠦᠵᠡᠭᠦᠯᠬᠦ ᠨᠢᠭᠡᠴᠢ᠎ᠶᠢᠨ ᠪᠠᠢᠭᠤᠯᠤᠯᠲᠠ᠎ᠶᠢ ᠭᠦᠨᠵᠡᠭᠡᠢ ᠥᠷᠨᠢᠭᠦᠯᠵᠦ᠂ ᠠᠷᠪᠢᠯᠠᠨ ᠭᠠᠮᠨᠠᠬᠤ ᠬᠡᠯᠪᠡᠷᠢ᠎ᠶᠢᠨ ᠪᠠᠢᠭᠤᠯᠭ᠎ᠠ᠎ᠶᠢ ᠪᠦᠬᠦ ᠲᠠᠯ᠎ᠠ᠎ᠪᠠᠷ ᠪᠠᠶ᠋ᠢᠭᠤᠯᠤᠨ᠎ᠠ᠃

ᠳᠥᠷᠪᠡ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠬᠢᠨᠠᠯᠲᠠ ᠬᠠᠮᠢᠶᠠᠷᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠨ᠎ᠠ

(ᠨᠠᠢ᠍ᠮᠠ) ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ᠎ᠶᠢ ᠬᠢᠨᠠᠨ ᠪᠠᠢᠴᠠᠭᠠᠵᠤ ᠦᠨᠡᠯᠡᠬᠦ᠎ᠶᠢ ᠴᠢᠩᠳᠠᠯᠠᠨ᠎ᠠ᠃ ᠡᠨᠧᠷᠭᠢ᠎ᠶᠢᠨ ᠠᠰᠢᠭ᠍ᠯᠠᠮᠵᠢ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ᠂ ᠮᠡᠷᠭᠡᠵᠢᠯ ᠵᠡᠷᠭᠡ ᠪᠠᠷᠢᠮᠵᠢᠶ᠎ᠠ᠎ᠶᠢᠨ ᠬᠥᠲᠥᠯᠥᠨ ᠳᠠᠭᠠᠭᠤᠯᠬᠤ ᠦᠢᠯᠡᠳᠦᠯ᠎ᠢ ᠦᠨᠡᠨ ᠬᠦ᠌ ᠪᠠᠳᠠᠷᠠᠭᠤᠯᠵᠤ᠂ ᠲᠥᠷᠥᠯ ᠵᠦᠢᠯ᠎ᠦᠨ ᠡᠨᠧᠷᠭᠢ᠎ᠶᠢᠨ ᠬᠣᠷᠣᠭᠳᠠᠯ᠂ ᠨᠡᠭᠦᠷᠡᠰᠦᠨ᠎ᠦ ᠬᠣᠷᠣᠭᠳᠠᠯ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠡᠷᠭᠡ᠎ᠶᠢ ᠶᠡᠷᠦᠩᠬᠡᠢᠯᠡᠨ ᠬᠢᠨᠠᠨ ᠪᠠᠢᠴᠠᠭᠠᠵᠤ ᠦᠨᠡᠯᠡᠬᠦ᠎ᠶᠢ ᠴᠢᠩᠭᠠᠳᠬᠠᠵᠤ᠂ ᠰᠢᠨ᠎ᠡ᠎ᠪᠡᠷ (ᠥᠭᠡᠷᠡᠴᠢᠯᠡᠬᠦ᠂ ᠥᠷᠭᠡᠳᠬᠡᠬᠦ) ᠪᠠᠢᠭᠤᠯᠬᠤ ᠡᠨᠧᠷᠭᠢ᠎ᠶᠢᠨ ᠬᠣᠷᠣᠭᠳᠠᠯ ᠶᠡᠬᠡᠲᠡᠢ ᠭᠠᠳᠠᠭᠰᠢᠯᠠᠭᠤᠯᠤᠯᠲᠠ ᠶᠡᠬᠡᠲᠡᠢ ᠠᠵᠤ ᠦᠢᠯᠡᠳᠪᠦᠷᠢ᠎ᠶᠢᠨ ᠲᠥᠷᠥᠯ ᠵᠦᠢᠯ᠎ᠢ ᠤᠯᠤᠰ᠎ᠤᠨ ᠲᠥᠯᠦᠪᠵᠢᠭᠦᠯᠭᠡ᠎ᠶᠢᠨ ᠪᠠᠢᠷᠢᠰᠢᠭᠤᠯᠤᠯᠲᠠ᠎ᠳᠤ ᠣᠷᠣᠭᠤᠯᠬᠤ ᠵᠢᠴᠢ ᠬᠢᠨᠠᠨ ᠴᠤᠬᠤᠯᠠᠪᠦᠷᠢᠯᠠᠬᠤ᠂ ᠬᠢᠨᠠᠨ ᠵᠥᠪᠰᠢᠶᠡᠷᠡᠬᠦ᠂ ᠳᠠᠩᠰᠠᠯᠠᠭᠤᠯᠬᠤ ᠭᠠᠷᠳᠠᠮ᠎ᠢ ᠭᠦᠢᠴᠡᠳᠬᠡᠬᠦ᠎ᠳᠡᠭᠡᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ ᠵᠢᠨ ᠬᠡᠮᠵᠢᠶ᠎ᠡ ᠯᠤᠭᠡ ᠠᠳᠠᠯᠢ ᠬᠡᠮᠵᠢᠶ᠎ᠡ ᠲᠠᠢ ᠪᠤᠶᠤ ᠬᠡᠮᠵᠢᠶ᠎ᠡ᠎ᠶᠢ ᠪᠠᠭᠤᠷᠠᠭᠤᠯᠬᠤ ᠪᠦᠬᠦᠢ ᠰᠣᠯᠢᠬᠤ ᠲᠥᠰᠥᠯ᠎ᠢ ᠲᠣᠭᠲᠠᠭᠠᠵᠤ᠂ ᠨᠠᠢᠳᠠᠪᠤᠷᠢᠵᠢᠭᠤᠯᠤᠭᠰᠠᠨ ᠪᠠᠢᠳᠠᠯ᠎ᠢ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠦᠨᠡᠯᠡᠬᠦ ᠴᠢᠬᠤᠯᠠ ᠠᠭᠤᠯᠭ᠎ᠠ ᠪᠣᠯᠭᠠᠨ᠎ᠠ᠃ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ᠎ᠶᠢᠨ ᠲᠥᠷᠥᠯ ᠵᠦᠢᠯ᠎ᠦᠨ ᠡᠨᠧᠷᠭᠢ ᠠᠷᠪᠢᠯᠠᠬᠤ᠎ᠶᠢ ᠬᠢᠨᠠᠨ ᠪᠠᠢᠴᠠᠭᠠᠬᠤ ᠪᠠ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠦᠨᠡᠯᠡᠬᠦ ᠡᠷᠬᠡ ᠮᠡᠳᠡᠯ᠎ᠢ ᠬᠥᠳᠡᠯᠦᠩᠭᠦᠢ᠎ᠪᠡᠷ ᠲᠣᠬᠢᠷᠠᠭᠤᠯᠤᠨ᠎ᠠ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠳᠦᠷᠢᠮ᠎ᠢ ᠬᠡᠷᠡᠭᠵᠢᠭᠦᠯᠦᠭᠰᠡᠨ ᠪᠠᠢᠳᠠᠯ᠎ᠳᠤ ᠬᠢᠨᠠᠯᠲᠠ ᠲᠠᠯᠪᠢᠵᠤ ᠦᠨᠡᠯᠡᠨ ᠵᠢᠱ᠌ᠢᠬᠦ᠎ᠶᠢ ᠲᠣᠭᠲᠠᠮᠠᠯ ᠬᠤᠭᠤᠴᠠᠭ᠎ᠠ᠎ᠲᠠᠢ  ᠥᠷᠨᠢᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠭᠦᠢᠴᠡᠳᠬᠡᠯ ᠲᠣᠭ᠎ᠠ ᠨᠢ ᠬᠦᠨᠳᠦ ᠨᠣᠴᠢᠲᠠᠢ ᠬᠣᠴᠣᠷᠴᠤ ᠪᠠᠢᠭ᠎ᠠ᠂ ᠬᠢᠨᠠᠨ ᠪᠠᠢᠴᠠᠭᠠᠵᠤ ᠦᠨᠡᠯᠡᠬᠦ ᠴᠢᠳᠠᠪᠤᠷᠢ ᠨᠢ ᠬᠦᠷᠦᠯᠴᠡᠬᠦ ᠦᠭᠡᠢ ᠪᠠᠢᠭ᠎ᠠ ᠭᠠᠵᠠᠷ ᠣᠷᠣᠨ᠎ᠳᠤ ᠡᠨᠧᠷᠭᠢ ᠠᠷᠪᠢᠯᠠᠬᠤ᠎ᠶᠢ ᠬᠢᠨᠠᠨ ᠪᠠᠢᠴᠠᠭᠠᠬᠤ ᠪᠠ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠦᠨᠡᠯᠡᠬᠦ ᠡᠷᠬᠡ ᠮᠡᠳᠡᠯ᠎ᠢ ᠬᠠᠤᠯᠢ ᠲᠣᠭᠲᠠᠭᠠᠯ ᠶᠣᠰᠣᠭᠠᠷ ᠲᠣᠬᠢᠷᠠᠭᠤᠯᠬᠤ ᠪᠤᠶᠤ ᠲᠦᠷ ᠵᠣᠭᠰᠣᠭᠠᠵᠤ᠂ ᠲᠥᠷᠥᠯ ᠵᠦᠢᠯ᠎ᠢ ᠵᠥᠪᠰᠢᠶᠡᠷᠡᠬᠦ᠎ᠶᠢ ᠬᠣᠢᠰᠢᠯᠠᠭᠤᠯᠬᠤ ᠪᠠ ᠬᠢᠵᠠᠭᠠᠷᠯᠠᠬᠤ᠎ᠶᠢ ᠬᠡᠷᠡᠭᠵᠢᠭᠦᠯᠦᠨ᠎ᠡ᠃

(ᠶᠢᠰᠦ) ᠭᠣᠣᠯᠳᠠᠯᠭ᠎ᠠ᠎ᠲᠠᠢ ᠡᠨᠧᠷᠭᠢ ᠬᠡᠷᠡᠭᠯᠡᠬᠦ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠨᠢᠭᠡᠴᠢ᠎ᠶᠢᠨ ᠬᠠᠮᠢᠶᠠᠷᠤᠯᠲᠠ᠎ᠶᠢ ᠴᠢᠩᠭᠠᠳᠬᠠᠨ᠎ᠠ᠃ ᠭᠣᠣᠯᠳᠠᠯᠭ᠎ᠠ᠎ᠲᠠᠢ ᠡᠨᠧᠷᠭᠢ ᠬᠡᠷᠡᠭᠯᠡᠬᠦ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠨᠢᠭᠡᠴᠢ᠎ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠬᠠᠮᠢᠶᠠᠷᠤᠯᠲᠠ᠎ᠶᠢᠨ ᠲᠠᠩᠰᠠ ᠡᠪᠬᠡᠮᠡᠯ᠎ᠢ ᠪᠠᠢᠭᠤᠯᠤᠨ ᠪᠦᠷᠢᠨᠰᠢᠭᠦᠯᠵᠦ᠂ ᠡᠨᠧᠷᠭᠢ᠎ᠶᠢᠨ ᠠᠰᠢᠭ᠍ᠯᠠᠮᠵᠢ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ᠎ᠶᠢ ᠢᠯᠡᠷᠡᠭᠦᠯᠬᠦ ᠪᠠ ᠲᠠᠰ ᠬᠤᠪᠢᠶᠠᠬᠤ ᠳᠦᠷᠢᠮ᠎ᠢ ᠰᠦᠪᠡᠭᠴᠢᠯᠡᠨ ᠪᠠᠢᠭᠤᠯᠵᠤ᠂ ᠬᠠᠮᠢᠶᠠᠷᠤᠯᠲᠠ᠎ᠶᠢ ᠨᠠᠷᠢᠯᠢᠭ᠍ᠵᠢᠭᠤᠯᠬᠤ ᠬᠢᠷᠢ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠭᠣᠣᠯᠳᠠᠯᠭ᠎ᠠ᠎ᠲᠠᠢ ᠡᠨᠧᠷᠭᠢ ᠬᠡᠷᠡᠭᠯᠡᠬᠦ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠨᠢᠭᠡᠴᠢ᠎ᠶᠢᠨ ᠣᠨ᠎ᠤ ᠡᠨᠧᠷᠭᠢ ᠠᠰᠢᠭ᠍ᠯᠠᠭᠰᠠᠨ ᠪᠠᠢᠳᠠᠯ᠎ᠤᠨ ᠮᠡᠳᠡᠭᠦᠯᠦᠯᠲᠡ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ ᠵᠢᠨ ᠨᠠᠷᠢᠨ ᠳᠠᠩᠰᠠ ᠵᠡᠷᠭᠡ᠎ᠶᠢ ᠮᠡᠳᠡᠭᠦᠯᠦᠨ ᠬᠦᠷᠭᠡᠵᠦ ᠬᠢᠨᠠᠨ ᠪᠠᠢᠴᠠᠭᠠᠬᠤ᠎ᠶᠢ ᠴᠢᠩᠭᠠᠳᠬᠠᠵᠤ᠂ ᠲᠣᠭᠲᠠᠭᠠᠯ ᠶᠣᠰᠣᠭᠠᠷ ᠡᠨᠧᠷᠭᠢ᠎ᠳᠦ ᠬᠢᠨᠠᠨ ᠪᠣᠳᠣᠯᠲᠠ ᠬᠢᠬᠦ᠎ᠶᠢ ᠱᠠᠯᠠᠪᠳᠠᠭᠤᠯᠵᠤ᠂ ᠡᠨᠧᠷᠭᠢ ᠪᠠ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ ᠵᠢᠨ ᠬᠡᠮᠵᠢᠯᠲᠡ᠎ᠶᠢᠨ ᠪᠠᠭᠠᠵᠢ ᠬᠡᠷᠡᠭᠰᠡᠯ᠎ᠢ ᠲᠣᠬᠢᠷᠠᠭᠤᠯᠬᠤ᠂ ᠮᠡᠳᠡᠭᠡ ᠵᠠᠩᠭᠢ᠎ᠶᠢᠨ ᠰᠢᠰᠲᠧᠮ᠎ᠢ ᠪᠠᠶ᠋ᠢᠭᠤᠯᠬᠤ ᠵᠡᠷᠭᠡ ᠳᠦᠷᠢᠮ᠎ᠢ ᠴᠢᠩᠭ᠎ᠠ ᠬᠡᠷᠡᠭᠵᠢᠭᠦᠯᠦᠨ᠎ᠡ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠰᠠᠢᠨ ᠳᠤᠷ᠎ᠠ᠎ᠶᠢᠨ ᠠᠮᠠᠯᠠᠯᠲᠠ ᠵᠢ ᠵᠤᠷᠢᠭᠵᠢᠭᠤᠯᠤᠨ᠎ᠠ᠃

(ᠠᠷᠪᠠ) ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠪᠥᠬᠥ ᠶᠠᠪᠤᠴᠠ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠨ᠎ᠠ᠃ ᠨᠡᠭᠦᠷᠡᠰᠦ᠂ ᠴᠢᠯᠠᠭᠤᠨ ᠲᠣᠰᠣ᠌᠂ ᠴᠠᠬᠢᠯᠭᠠᠨ ᠬᠦᠴᠦᠨ ᠵᠡᠷᠭᠡ ᠡᠨᠧᠷᠭᠢ᠎ᠶᠢᠨ ᠬᠡᠷᠡᠭᠯᠡᠭᠡ᠎ᠶᠢᠨ ᠬᠠᠮᠢᠶ᠎ᠠ ᠪᠦᠬᠦᠢ ᠭᠦᠢᠴᠡᠳᠬᠡᠯ ᠲᠣᠭ᠎ᠠ᠎ᠶᠢ ᠮᠥᠷᠳᠡᠨ ᠬᠢᠨᠠᠨ ᠰᠢᠨᠵᠢᠬᠦ᠎ᠶᠢ ᠪᠠᠢᠩᠭᠤᠵᠢᠭᠤᠯᠤᠨ ᠥᠷᠨᠢᠭᠦᠯᠵᠦ᠂ ᠠᠳᠠᠯᠢ ᠲᠥᠷᠥᠯ ᠬᠡᠯᠪᠡᠷᠢ᠎ᠶᠢᠨ ᠭᠠᠵᠠᠷ ᠣᠷᠣᠨ᠎ᠤ ᠭᠦᠢᠴᠡᠳᠬᠡᠯ ᠲᠣᠭ᠎ᠠ᠎ᠶᠢ ᠬᠠᠷᠢᠴᠠᠭᠤᠯᠤᠨ ᠵᠠᠳᠠᠯᠬᠤ᠎ᠶᠢ ᠴᠢᠩᠭᠠᠳᠬᠠᠨ᠂ ᠬᠠᠷᠠᠯᠲᠠ᠎ᠶᠢᠨ ᠠᠬᠢᠴᠠ ᠤᠳᠠᠭᠠᠨ᠂ ᠭᠦᠢᠴᠡᠳᠬᠡᠯ ᠲᠣᠭ᠎ᠠ᠎ᠶᠢᠨ ᠵᠦᠢ ᠵᠣᠬᠢᠰ ᠦᠭᠡᠢ ᠨᠡᠮᠡᠭᠳᠡᠯ᠎ᠢ ᠴᠠᠭ ᠲᠤᠬᠠᠢ ᠳ᠋ᠤᠨᠢ ᠰᠠᠨᠠᠭᠤᠯᠤᠨ ᠰᠡᠷᠡᠮᠵᠢᠯᠡᠭᠦᠯᠵᠦ᠂ ᠪᠠᠢᠳᠠᠯ᠎ᠢ ᠨᠢ ᠦᠵᠡᠵᠦ ᠪᠠᠢᠭᠠᠳ ᠲᠣᠬᠢᠷᠠᠭᠤᠯᠤᠨ ᠡᠵᠡᠮᠳᠡᠬᠦ ᠠᠷᠭ᠎ᠠ ᠬᠡᠮᠵᠢᠶ᠎ᠡ᠎ᠶᠢ ᠲᠤᠢᠯ᠎ᠦᠨ ᠣᠨᠣᠪᠴᠢᠲᠠᠶ᠎ᠪᠠᠷ ᠬᠡᠷᠡᠭᠯᠡᠨ᠎ᠡ᠃ ᠭᠣᠣᠯᠳᠠᠯᠭ᠎ᠠ᠎ᠲᠠᠢ ᠡᠨᠧᠷᠭᠢ ᠬᠡᠷᠡᠭᠯᠡᠬᠦ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠨᠢᠭᠡᠴᠢ᠎ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ᠎ᠶᠢᠨ ᠪᠣᠳᠣᠯᠭ᠎ᠠ᠎ᠶᠢᠨ ᠪᠠᠷᠢᠮᠵᠢᠶ᠎ᠠ ᠵᠢ ᠬᠡᠷᠡᠭᠵᠢᠭᠦᠯᠦᠭᠰᠡᠨ ᠵᠡᠷᠭᠡ ᠪᠠᠢᠳᠠᠯ᠎ᠢ ᠬᠢᠨᠠᠨ ᠪᠠᠢᠴᠠᠭᠠᠬᠤ᠎ᠪᠠᠨ ᠴᠢᠩᠭᠠᠳᠬᠠᠵᠤ᠂ ᠡᠨᠧᠷᠭᠢ ᠠᠷᠪᠢᠯᠠᠬᠤ᠎ᠶᠢ ᠬᠢᠨᠠᠨ ᠪᠠᠢᠴᠠᠭᠠᠬᠤ ᠪᠠ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ᠎ᠶᠢ ᠦᠨᠡᠯᠡᠭᠰᠡᠨ ᠰᠠᠨᠠᠯ᠎ᠢ ᠨᠠᠢᠳᠠᠪᠤᠷᠢᠵᠢᠭᠤᠯᠤᠭᠰᠠᠨ ᠪᠠᠢᠳᠠᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠲᠤᠰᠬᠠᠢ ᠵᠦᠢᠯ᠎ᠦᠨ ᠬᠢᠨᠠᠯᠲᠠ ᠪᠠᠢᠴᠠᠭᠠᠯᠲᠠ ᠥᠷᠨᠢᠭᠦᠯᠵᠦ᠂ ᠦᠷ᠎ᠡ ᠳ᠋ᠦᠩ᠎ᠦᠨ ᠬᠡᠷᠡᠭᠯᠡᠯᠲᠡ᠎ᠶᠢ ᠴᠢᠩᠭᠠᠳᠬᠠᠨ᠎ᠠ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ  ᠬᠢᠨᠠᠯᠲᠠ ᠪᠠᠢᠴᠠᠭᠠᠯᠲᠠ ᠬᠢᠭᠡᠳ ᠶᠡᠷᠦᠩᠬᠡᠢᠯᠡᠭᠰᠡᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠂ ᠣᠨᠴᠠᠭᠠᠢ ᠲᠥᠷᠥᠯ᠎ᠦᠨ ᠲᠥᠬᠦᠭᠡᠷᠦᠮᠵᠢ᠎ᠶᠢᠨ ᠬᠢᠨᠠᠨ ᠪᠠᠢᠴᠠᠭᠠᠯᠲᠠ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠬᠠᠤᠯᠢ ᠬᠡᠷᠡᠭᠵᠢᠭᠦᠯᠦᠯᠲᠡ ᠵᠡᠷᠭᠡ᠎ᠶᠢᠨ ᠵᠣᠯᠭᠠᠯᠴᠠᠨ ᠬᠠᠮᠵᠢᠯᠴᠠᠬᠤ᠎ᠶᠢ ᠴᠢᠩᠭᠠᠳᠬᠠᠵᠤ᠂ ᠰᠠᠯᠠᠭ᠎ᠠ ᠮᠥᠴᠢᠷ᠎ᠦᠳ ᠬᠠᠮᠲᠤᠷᠠᠨ ᠬᠠᠤᠯᠢ ᠬᠡᠷᠡᠭᠵᠢᠭᠦᠯᠬᠦ᠎ᠶᠢ ᠰᠦᠪᠡᠭᠴᠢᠯᠡᠨ ᠥᠷᠨᠢᠭᠦᠯᠵᠦ᠂ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠬᠠᠮᠢᠶᠠᠷᠤᠯᠲᠠ ᠪᠠ ᠬᠢᠨᠠᠨ ᠪᠠᠢᠴᠠᠭᠠᠵᠤ ᠬᠠᠤᠯᠢ ᠬᠡᠷᠡᠭᠵᠢᠭᠦᠯᠬᠦ ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠣᠷᠣᠨ ᠨᠤᠲᠤᠭ᠎ᠤᠨ ᠬᠢᠨ᠎ᠦ ᠲᠤᠰᠬᠠᠢ ᠮᠡᠷᠭᠡᠵᠢᠯ᠎ᠦᠨ ᠬᠦᠴᠦᠨ᠂ ᠮᠡᠳᠡᠭᠡ ᠵᠠᠩᠭᠢᠵᠢᠯᠲᠠ᠎ᠶᠢᠨ ᠠᠷᠭ᠎ᠠ ᠪᠠᠷᠢᠯ ᠵᠡᠷᠭᠡ᠎ᠳᠦ ᠲᠦᠰᠢᠭᠯᠡᠨ ᠬᠢᠨᠠᠨ ᠬᠠᠮᠢᠶᠠᠷᠬᠤ ᠦᠢᠯᠡᠳᠦᠯ ᠴᠢᠳᠠᠪᠤᠷᠢ᠎ᠪᠠᠨ ᠳᠡᠭᠡᠭᠰᠢᠯᠡᠭᠦᠯᠬᠦ᠎ᠶᠢ ᠵᠣᠷᠢᠭ᠍ᠵᠢᠭᠤᠯᠤᠨ᠎ᠠ᠃

ᠲᠠᠪᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ  ᠠᠵᠢᠯ᠎ᠤᠨ ᠲᠤᠯᠭᠠᠭᠤᠷᠢᠯᠠᠯ ᠪᠠᠲᠤᠯᠠᠭ᠎ᠠ᠎ᠶᠢ ᠴᠢᠩᠭᠠᠳᠬᠠᠨ᠎ᠠ

(ᠠᠷᠪᠠᠨ ᠨᠢᠭᠡ) ᠬᠠᠤᠯᠢ ᠴᠠᠭᠠᠵᠠ ᠬᠠᠤᠯᠢ ᠲᠣᠭᠲᠠᠭᠠᠯ᠎ᠢ ᠪᠦᠷᠢᠨᠰᠢᠭᠦᠯᠦᠨ᠎ᠡ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠠᠵᠢᠯ᠎ᠢ ᠨᠢᠭᠡᠳᠦᠯᠲᠡᠢ ᠲᠥᠯᠦᠪᠵᠢᠭᠦᠯᠬᠦ᠎ᠶᠢ ᠴᠢᠩᠭᠠᠳᠬᠠᠵᠤ᠂ ᠡᠨᠧᠷᠭᠢ ᠠᠷᠪᠢᠯᠠᠬᠤ ᠬᠠᠤᠯᠢ᠎ᠳᠤ ᠵᠠᠰᠠᠪᠤᠷᠢ ᠣᠷᠣᠭᠤᠯᠬᠤ᠎ᠶᠢ ᠲᠦᠷᠭᠡᠳᠬᠡᠨ᠎ᠡ᠃ ᠳᠠᠬᠢᠯᠳᠠ ᠡᠨᠧᠷᠭᠢ᠎ᠶᠢᠨ ᠬᠠᠤᠯᠢ᠎ᠳᠤ ᠵᠠᠰᠠᠪᠤᠷᠢ ᠣᠷᠣᠭᠤᠯᠤᠨ ᠨᠡᠢᠲᠡᠯᠡᠨ᠎ᠡ᠃ ᠠᠷᠠᠳ᠎ᠤᠨ ᠬᠡᠷᠡᠭᠯᠡᠭᠡᠨ᠎ᠦ ᠪᠠᠷᠢᠯᠭ᠎ᠠ᠎ᠶᠢᠨ ᠡᠨᠧᠷᠭᠢ ᠠᠷᠪᠢᠯᠠᠬᠤ ᠳᠦᠷᠢᠮ᠂ ᠣᠯᠠᠨ ᠨᠡᠶ᠋ᠢᠲᠡ᠎ᠶᠢᠨ ᠪᠠᠢᠭᠤᠯᠤᠮᠵᠢ᠎ᠶᠢᠨ ᠡᠨᠧᠷᠭᠢ ᠠᠷᠪᠢᠯᠠᠬᠤ ᠳᠦᠷᠢᠮ ᠵᠡᠷᠭᠡ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠳᠤ ᠵᠠᠰᠠᠪᠤᠷᠢ ᠣᠷᠣᠭᠤᠯᠬᠤ ᠠᠵᠢᠯ᠎ᠢ ᠰᠠᠢᠲᠤᠷ ᠬᠢᠵᠦ᠂ ᠡᠨᠧᠷᠭᠢ ᠠᠷᠪᠢᠯᠠᠬᠤ᠎ᠶᠢ ᠬᠢᠨᠠᠨ ᠪᠠᠢᠴᠠᠭᠠᠬᠤ᠂ ᠡᠨᠧᠷᠭᠢ᠎ᠶᠢᠨ ᠠᠰᠢᠭ᠍ᠯᠠᠮᠵᠢ᠎ᠶᠢᠨ ᠢᠯᠡᠳᠬᠡᠮᠵᠢ ᠲᠡᠮᠳᠡᠭ ᠵᠡᠷᠭᠡ ᠳᠦᠷᠢᠮ ᠲᠣᠭᠲᠠᠭᠠᠯ᠎ᠢ ᠲᠡᠭᠦᠯᠳᠡᠷᠵᠢᠭᠦᠯᠦᠨ᠎ᠡ᠃ ᠡᠨᠧᠷᠭᠢ ᠬᠡᠷᠡᠭᠯᠡᠬᠦ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠭᠣᠣᠯᠳᠠᠯᠭ᠎ᠠ᠎ᠲᠠᠢ ᠨᠢᠭᠡᠴᠢ᠎ᠶᠢᠨ ᠬᠠᠮᠢᠶᠠᠷᠤᠯᠲᠠ᠎ᠶᠢᠨ ᠠᠷᠭ᠎ᠠ᠎ᠳᠤ ᠵᠠᠰᠠᠪᠤᠷᠢ ᠣᠷᠣᠭᠤᠯᠤᠨ ᠨᠡᠢᠲᠡᠯᠡᠨ᠎ᠡ᠃

(ᠠᠷᠪᠠᠨ ᠬᠣᠶᠠᠷ) ᠪᠠᠷᠢᠮᠵᠢᠶ᠎ᠠ ᠢᠯᠡᠳᠬᠡᠮᠵᠢ ᠲᠡᠮᠳᠡᠭ ᠤ᠋ᠨ ᠰᠢᠰᠲᠧᠮ ᠢ᠋ ᠲᠡᠭᠦᠯᠳᠡᠷᠵᠢᠭᠦᠯᠦᠨ᠎ᠡ᠃ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠣᠷᠭᠢᠯ ᠬᠡᠮᠵᠢᠭᠳᠡᠯ ᠳ᠋ᠤ ᠬᠦᠷᠬᠦ ᠨᠡᠭᠦᠷᠡᠰᠦᠳᠦ᠋ᠷᠦᠭ᠌ᠴᠢ ᠵᠢ ᠰᠠᠭᠠᠷᠮᠠᠭᠵᠢᠭᠤᠯᠬᠤ ᠬᠠᠷᠠᠯᠲᠠ᠎ᠶᠢᠨ ᠱᠠᠭᠠᠷᠳᠠᠯᠭ᠎ᠠ᠂ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ ᠪᠠ ᠮᠡᠷᠭᠡᠵᠢᠯ᠎ᠦᠨ ᠳᠠᠪᠰᠢᠯᠲᠠ᠎ᠶᠢᠨ ᠪᠣᠳᠠᠲᠠᠢ᠎ᠲᠠᠢ ᠤᠶᠠᠯᠳᠤᠭᠤᠯᠤᠨ᠂ ᠭᠣᠣᠯᠳᠠᠯᠭ᠎ᠠ᠎ᠲᠠᠢ ᠠᠵᠢᠯ ᠲᠥᠷᠥᠯ᠎ᠦᠨ ᠡᠨᠧᠷᠭᠢ᠎ᠶᠢᠨ ᠬᠣᠷᠣᠭᠳᠠᠯ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠢᠵᠠᠭᠠᠷ ᠲᠣᠭ᠎ᠠ᠂ ᠭᠣᠣᠯᠳᠠᠯᠭ᠎ᠠ᠎ᠲᠠᠢ ᠡᠨᠧᠷᠭᠢ ᠬᠡᠷᠡᠭᠯᠡᠬᠦ ᠦᠢᠯᠡᠳᠬᠦᠨ᠎ᠦ ᠲᠥᠬᠦᠭᠡᠷᠦᠮᠵᠢ᠎ᠶᠢᠨ ᠡᠨᠧᠷᠭᠢ᠎ᠶᠢᠨ ᠠᠰᠢᠭ᠍ᠯᠠᠮᠵᠢ ᠵᠡᠷᠭᠡ ᠪᠠᠷᠢᠮᠵᠢᠶ᠎ᠠ᠎ᠶᠢ ᠲᠦᠷᠭᠡᠳᠬᠡᠨ ᠲᠡᠭᠦᠯᠳᠡᠷᠵᠢᠭᠦᠯᠵᠦ᠂ ᠭᠦᠢᠴᠡᠳᠬᠡᠯ ᠲᠣᠭ᠎ᠠ᠎ᠶᠢᠨ ᠱᠠᠭᠠᠷᠳᠠᠯᠭ᠎ᠠ᠎ᠶᠢ ᠠᠯᠬᠤᠮ ᠠᠯᠬᠤᠮ᠎ᠢᠶᠠᠷ ᠳᠡᠭᠡᠭᠰᠢᠯᠡᠭᠦᠯᠦᠨ᠎ᠡ᠃ ᠰᠢᠨ᠎ᠡ ᠬᠦᠷᠢᠶ᠎ᠡ ᠴᠠᠷᠠᠭ᠎ᠠ᠂ ᠰᠢᠨ᠎ᠡ ᠡᠵᠡᠩᠨᠡᠯᠲᠡ᠎ᠶᠢᠨ ᠬᠡᠯᠪᠡᠷᠢ ᠵᠢᠨ ᠲᠣᠭᠣᠷᠢᠨ᠎ᠳᠤ ᠨᠢᠭᠡ ᠪᠦᠯᠦᠭ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠤᠯᠤᠰ᠎ᠤᠨ ᠪᠠᠷᠢᠮᠵᠢᠶ᠎ᠠ᠎ᠶᠢ ᠲᠣᠭᠲᠠᠭᠠᠨ ᠬᠡᠷᠡᠭᠵᠢᠭᠦᠯᠵᠦ᠂ ᠡᠨᠧᠷᠭᠢ ᠪᠠ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ᠎ᠶᠢ ᠬᠡᠮᠵᠢᠬᠦ᠂ ᠬᠢᠨᠠᠨ ᠰᠢᠨᠵᠢᠬᠦ᠂ ᠭᠡᠷᠡᠴᠢᠯᠡᠬᠦ ᠵᠡᠷᠭᠡ ᠲᠥᠬᠥᠷ ᠪᠠᠷᠢᠮᠵᠢᠶ᠎ᠠ᠎ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠪᠠᠷᠢᠮᠵᠢᠶ᠎ᠠ ᠲᠣᠭᠲᠠᠭᠠᠵᠤ ᠵᠠᠰᠠᠪᠤᠷᠢ ᠣᠷᠣᠭᠤᠯᠬᠤ ᠲᠣᠭ᠎ᠠ ᠪᠠᠷᠢᠮᠲᠠ᠎ᠶᠢᠨ ᠰᠠᠭᠤᠷᠢ᠎ᠶᠢ ᠪᠡᠬᠢᠵᠢᠭᠦᠯᠵᠦ᠂ ᠪᠠᠷᠢᠮᠵᠢᠶ᠎ᠠ᠎ᠶᠢᠨ ᠬᠡᠷᠡᠭᠵᠢᠭᠦᠯᠦᠯᠲᠡ᠎ᠶᠢ ᠦᠨᠡᠯᠡᠨ ᠵᠢᠱ᠌ᠢᠵᠦ ᠬᠠᠷᠢᠭᠤ ᠲᠤᠰᠬᠠᠬᠤ᠎ᠶᠢ ᠴᠢᠩᠭᠠᠳᠬᠠᠨ᠎ᠠ᠃ ᠪᠣᠬᠢᠷᠲᠤᠯ ᠦᠭᠡᠢ ᠦᠢᠯᠡᠳᠬᠦᠨ᠎ᠦ ᠭᠡᠷᠡᠴᠢᠯᠡᠯ ᠬᠢᠭᠡᠳ ᠢᠯᠡᠳᠬᠡᠮᠵᠢ ᠲᠡᠮᠳᠡᠭ᠎ᠦᠨ ᠰᠢᠰᠲᠧᠮ ᠢ᠋ ᠲᠡᠭᠦᠯᠳᠡᠷᠵᠢᠭᠦᠯᠵᠦ᠂ ᠡᠨᠧᠷᠭᠢ᠎ᠶᠢᠨ ᠠᠰᠢᠭ᠍ᠯᠠᠮᠵᠢ᠎ᠶᠢᠨ ᠢᠯᠡᠳᠬᠡᠮᠵᠢ ᠲᠡᠮᠳᠡᠭ᠎ᠦᠨ ᠬᠠᠮᠢᠶᠠᠷᠤᠯᠲᠠ ᠪᠠ ᠬᠡᠷᠡᠭᠯᠡᠯᠲᠡ᠎ᠶᠢᠨ ᠬᠡᠷᠡᠭᠵᠢᠭᠦᠯᠦᠯᠲᠡ᠎ᠶᠢ ᠴᠢᠩᠭᠠᠷᠠᠭᠤᠯᠤᠨ᠂ ᠦᠢᠯᠡᠳᠬᠦᠨ᠎ᠦ ᠨᠡᠭᠦᠷᠡᠰᠦᠲᠥ᠋ᠷᠥᠭᠴᠢ᠎ᠶᠢᠨ ᠢᠯᠡᠳᠭᠡᠮᠵᠢ ᠲᠡᠮᠳᠡᠭ᠎ᠦᠨ ᠭᠡᠷᠡᠴᠢᠯᠡᠯ᠎ᠦᠨ ᠳᠦᠷᠢᠮ᠎ᠢ ᠪᠠᠢᠭᠤᠯᠤᠨ᠎ᠠ᠃

(ᠠᠷᠪᠠᠨ ᠭᠤᠷᠪᠠ) ᠲᠥᠷᠥ᠎ᠶᠢᠨ ᠪᠣᠳᠣᠯᠭ᠎ᠠ᠎ᠵᠢᠨ ᠲᠤᠯᠭᠠᠭᠤᠷᠢᠯᠠᠯ᠎ᠢ ᠴᠢᠩᠭᠠᠳᠬᠠᠨ᠎ᠠ᠃ ᠡᠨᠧᠷᠭᠢ᠎ᠶᠢᠨ ᠬᠣᠷᠣᠭᠳᠠᠯ᠂ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠠᠮᠵᠢᠯᠲᠠ ᠪᠦᠲᠦᠮᠵᠢ᠎ᠶᠢᠨ ᠬᠢᠷᠢ ᠬᠡᠮᠵᠢᠶ᠎ᠡ᠎ᠶᠢ ᠶᠡᠷᠦᠩᠬᠡᠢᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ ᠠᠵᠤ ᠦᠢᠯᠡᠳᠪᠦᠷᠢ᠎ᠶᠢᠨ ᠭᠣᠣᠯᠳᠠᠯᠭ᠎ᠠ᠎ᠲᠠᠢ ᠬᠦᠷᠢᠶᠡᠨ᠎ᠦ ᠵᠦᠷᠢᠶᠡᠳᠤ ᠴᠠᠬᠢᠯᠭᠠᠨ᠎ᠤ ᠦᠨ᠎ᠡ᠎ᠶᠢᠨ ᠲᠥᠷᠥ᠎ᠶᠢᠨ ᠪᠣᠳᠣᠯᠭ᠎ᠠ᠎ᠶᠢ ᠰᠤᠳᠤᠯᠤᠨ ᠲᠡᠭᠦᠯᠳᠡᠷᠵᠢᠭᠦᠯᠵᠦ᠂ ᠰᠠᠭᠤᠭᠠᠯᠢ ᠠᠷᠠᠳ᠎ᠤᠨ ᠱᠠᠲᠤᠯᠢᠭ᠋ ᠴᠠᠬᠢᠯᠭᠠᠨ᠎ᠤ ᠦᠨ᠎ᠡ᠎ᠶᠢᠨ ᠳᠦᠷᠢᠮ᠎ᠢ ᠰᠢᠯᠢᠳᠡᠭᠵᠢᠭᠦᠯᠦᠨ᠂ ᠴᠠᠭ ᠬᠤᠪᠢᠶᠠᠭᠰᠠᠨ ᠴᠠᠬᠢᠯᠭᠠᠨ᠎ᠤ ᠦᠨ᠎ᠡ᠎ᠶᠢᠨ ᠲᠣᠭᠲᠠᠴᠠ᠎ᠶᠢ ᠪᠦᠷᠢᠨᠰᠢᠭᠦᠯᠦᠨ᠎ᠡ᠃ ᠡᠨᠧᠷᠭᠢ᠎ᠶᠢᠨ ᠬᠣᠷᠣᠭᠳᠠᠯ ᠶᠡᠬᠡᠲᠡᠢ ᠦᠢᠯᠡᠳᠬᠦᠨ᠎ᠢ ᠭᠠᠳᠠᠭᠠᠳᠤ᠎ᠳᠤ ᠭᠠᠷᠭᠠᠬᠤ᠎ᠶᠢ ᠲᠣᠬᠢᠷᠠᠭᠤᠯᠤᠨ ᠡᠵᠡᠮᠳᠡᠬᠦ ᠲᠦᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠦᠨ ᠬᠡᠷᠡᠭᠵᠢᠭᠦᠯᠦᠨ᠎ᠡ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠶᠢᠨ ᠳᠠᠢᠴᠢᠯᠠᠬᠤ ᠦᠢᠯᠡᠳᠦᠯ᠎ᠢ ᠪᠠᠳᠠᠷᠠᠭᠤᠯᠤᠨ᠂ ᠣᠳᠣ᠌᠎ᠶᠢᠨ ᠪᠠᠢᠭ᠎ᠠ ᠪᠡᠯᠡ ᠮᠥᠩᠭᠥ᠎ᠶᠢᠨ ᠠᠷᠭ᠎ᠠ ᠵᠠᠮ᠎ᠢ ᠨᠢᠭᠡᠳᠦᠯᠲᠡᠢ ᠲᠥᠯᠥᠪᠵᠢᠭᠦᠯᠦᠨ ᠬᠡᠷᠡᠭᠯᠡᠵᠦ ᠪᠠᠢᠭᠠᠳ ᠨᠥᠬᠥᠴᠡᠯ᠎ᠳᠦ ᠨᠡᠢᠴᠡᠬᠦ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠲᠥᠷᠥᠯ ᠵᠦᠢᠯ᠎ᠳᠦ ᠳᠡᠮᠵᠢᠯᠭᠡ ᠦᠵᠡᠭᠦᠯᠦᠨ᠎ᠡ᠃ ᠡᠨᠧᠷᠭᠢ ᠠᠷᠪᠢᠯᠠᠬᠤ ᠦᠢᠯᠡᠳᠬᠦᠨ᠎ᠢ ᠵᠠᠰᠠᠭ᠎ᠤᠨ ᠣᠷᠳᠣᠨ᠎ᠡᠴᠡ ᠠᠯᠪᠠᠳᠠᠯᠭ᠎ᠠ᠎ᠪᠠᠷ ᠬᠤᠳᠠᠯᠳᠤᠨ ᠠᠪᠬᠤ ᠪᠠ ᠤᠷᠢᠳ᠎ᠢᠶᠠᠷ ᠬᠤᠳᠠᠯᠳᠤᠨ ᠠᠪᠬᠤ ᠳᠦᠷᠢᠮ᠎ᠢ ᠭᠦᠨᠵᠡᠭᠡᠢ ᠬᠡᠷᠡᠭᠵᠢᠭᠦᠯᠵᠦ᠂ ᠡᠯ᠎ᠡ ᠲᠦᠷᠦᠯ᠎ᠦᠨ ᠪᠡᠶᠡᠴᠢ ᠴᠣᠭᠴᠠ᠎ᠶᠢᠨ ᠡᠨᠧᠷᠭᠢ ᠠᠷᠪᠢᠯᠠᠬᠤ ᠦᠢᠯᠡᠳᠬᠦᠨ᠎ᠢ ᠬᠤᠳᠠᠯᠳᠤᠨ ᠠᠪᠬᠤ ᠪᠠᠷᠢᠮᠵᠢᠶ᠎ᠠ ᠪᠠ ᠬᠤᠪᠢ᠎ᠶᠢᠨ ᠵᠢᠩ᠎ᠢᠶᠡᠨ ᠳᠡᠭᠡᠭᠰᠢᠯᠡᠭᠦᠯᠬᠦ᠎ᠶᠢ ᠵᠣᠷᠢᠭ᠍ᠵᠢᠭᠤᠯᠤᠨ᠎ᠠ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠵᠠᠬ᠎ᠠ ᠳᠡᠯᠭᠡᠭᠦᠷ᠎ᠦᠨ ᠲᠣᠭᠲᠠᠴᠠ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠳ᠋ᠤ ᠠᠰᠢᠭ᠍ᠲᠠᠢ ᠭᠠᠢᠯᠢ ᠲᠠᠲᠠᠪᠤᠷᠢ᠎ᠶᠢᠨ ᠬᠠᠷᠠᠭᠠᠯᠵᠠᠯ᠎ᠤᠨ ᠲᠦᠷᠦ᠎ᠶᠢᠨ ᠪᠣᠳᠣᠯᠭ᠎ᠠ᠎ᠶᠢ ᠰᠠᠢᠲᠤᠷ ᠨᠠᠢᠳᠠᠪᠤᠷᠢᠵᠢᠭᠤᠯᠵᠤ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢ ᠬᠥᠲᠥᠯᠥᠨ ᠵᠢᠯᠤᠭᠣᠳᠴᠤ ᠪᠠᠢᠭᠠᠳ ᠭᠣᠣᠯᠳᠠᠯᠭ᠎ᠠ᠎ᠲᠠᠢ ᠬᠦᠷᠢᠶᠡᠨ᠎ᠦ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠬᠡᠷᠡᠭᠴᠡᠭᠡ᠎ᠶᠢᠨ ᠣᠨᠴᠠᠯᠢᠭ᠋᠎ᠲᠠᠢ ᠤᠶᠠᠯᠳᠤᠭᠤᠯᠤᠨ ᠤᠯᠠᠨ ᠡᠰᠢᠵᠢᠭᠰᠡᠨ ᠮᠥᠩᠭᠥᠨ ᠭᠦᠢᠯᠭᠡᠭᠡᠨ᠎ᠦ ᠦᠢᠯᠡᠳᠬᠦᠨ᠎ᠦ ᠦᠢᠯᠡᠴᠢᠯᠡᠭᠡ ᠬᠠᠩᠭᠠᠨ᠎ᠠ᠃ ᠤᠯᠤᠰ᠎ᠤᠨ ᠪᠠᠭ᠎ᠠ ᠨᠡᠭᠦᠷᠡᠰᠦᠲᠥ᠋ᠷᠥᠭᠴᠢᠳᠤ ᠲᠡᠢᠰᠢ ᠬᠡᠯᠪᠡᠷᠢ᠎ᠪᠡᠨ ᠬᠤᠪᠢᠷᠠᠭᠤᠯᠬᠤ ᠰᠠᠭᠤᠷᠢ ᠮᠥᠩᠭᠥ᠎ᠶᠢ ᠰᠤᠳᠤᠯᠤᠨ ᠪᠠᠢᠭᠤᠯᠵᠤ᠂ ᠤᠯᠠᠮᠵᠢᠯᠠᠯᠲᠤ ᠠᠵᠤ ᠦᠢᠯᠡᠰ ᠪᠣᠯᠣᠨ ᠡᠬᠢ ᠪᠠᠶᠠᠯᠢᠭ᠋ ᠡᠯᠪᠡᠭ ᠭᠠᠵᠠᠷ ᠣᠷᠣᠨ᠎ᠤ ᠪᠣᠬᠢᠷᠲᠤᠯ ᠦᠭᠡᠢ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠡᠮᠵᠢᠨ᠎ᠠ᠃

(ᠠᠷᠪᠠᠨ ᠳᠥᠷᠪᠡ) ᠮᠡᠷᠭᠡᠵᠢᠯ᠎ᠦᠨ ᠰᠢᠨ᠎ᠡ᠎ᠶᠢ ᠡᠭᠦᠳᠴᠦ ᠬᠡᠷᠡᠭᠯᠡᠬᠦ᠎ᠶᠢ ᠴᠢᠩᠭᠠᠳᠬᠠᠨ᠎ᠠ᠃ ᠥᠨᠳᠥᠷ ᠪᠦᠲᠦᠮᠵᠢᠲᠡᠶ ᠡᠨᠧᠷᠭᠢ ᠠᠷᠪᠢᠯᠠᠬᠤ ᠲᠣᠨᠣᠭᠯᠠᠯ᠂ ᠣᠶᠤᠨᠴᠢ᠎ᠪᠠᠷ ᠡᠨᠧᠷᠭᠢ ᠬᠡᠷᠡᠭᠯᠡᠬᠦ᠂ ᠭᠣᠣᠯᠳᠠᠯᠭ᠎ᠠ᠎ᠲᠠᠢ ᠠᠵᠢᠯ ᠲᠥᠷᠥᠯ᠎ᠦᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠵᠡᠷᠭᠡ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠠᠪᠴᠠᠩ᠎ᠤᠨ ᠰᠠᠭᠤᠷᠢᠨ᠎ᠢ ᠪᠣᠢᠵᠢᠭᠤᠯᠵᠤ᠂ ᠤᠯᠤᠰ᠎ᠤᠨ ᠭᠣᠣᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ᠎ᠶᠢ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ᠂ ᠵᠠᠩᠭᠢᠯᠠᠭ᠎ᠠ᠎ᠶᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠰᠢᠪᠲᠤᠯᠬᠤ᠎ᠶᠢ ᠴᠢᠩᠭᠠᠳᠬᠠᠨ᠎ᠠ᠃ ᠵᠠᠬ᠎ᠠ ᠳᠡᠯᠭᠡᠭᠦᠷ᠎ᠢᠶᠡᠷ ᠤᠳᠤᠷᠢᠳᠤᠮᠵᠢ ᠪᠣᠯᠭᠠᠭᠰᠠᠨ ᠪᠣᠬᠢᠷᠲᠤᠯ ᠦᠭᠡᠢ ᠮᠡᠷᠭᠡᠵᠢᠯ᠎ᠦᠨ ᠰᠢᠨ᠎ᠡ᠎ᠶᠢ ᠡᠭᠦᠳᠬᠦ ᠰᠢᠰᠲᠧᠮ ᠢ᠋ ᠲᠡᠭᠦᠯᠳᠡᠷᠵᠢᠭᠦᠯᠵᠦ᠂ ᠭᠤᠤᠯᠯᠠᠭᠴᠢ ᠠᠵᠤ ᠠᠬᠤᠢᠯᠠᠯ᠎ᠤᠨ ᠴᠢᠬᠤᠯᠠ ᠶᠡᠬᠡ ᠡᠨᠧᠷᠭᠢ ᠠᠷᠪᠢᠯᠠᠬᠤ ᠪᠠᠭ᠎ᠠ ᠨᠡᠭᠦᠷᠡᠰᠦᠲᠥ᠋ᠷᠥᠭᠴᠢᠳᠤ ᠮᠡᠷᠭᠡᠵᠢᠯ᠎ᠦᠨ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ᠎ᠶᠢ ᠲᠦᠷᠦᠭᠦᠯᠡᠨ ᠪᠠᠶ᠋ᠢᠭᠤᠯᠬᠤ᠎ᠶᠢ ᠳᠡᠮᠵᠢᠵᠦ᠂ ᠨᠢᠭᠡ ᠪᠦᠯᠦᠭ ᠠᠵᠤ ᠠᠬᠤᠢᠯᠠᠯ᠎ᠤᠨ ᠮᠡᠷᠭᠡᠵᠢᠯ᠎ᠦᠨ ᠲᠥᠪ᠎ᠢ ᠪᠠᠢᠭᠤᠯᠤᠨ᠎ᠠ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠮᠡᠷᠭᠡᠵᠢᠯ᠎ᠦᠨ ᠲᠣᠨᠣᠭᠯᠠᠯ᠎ᠤᠨ ᠲᠠᠨᠢᠯᠴᠠᠭᠤᠯᠭ᠎ᠠ᠎ᠶᠢᠨ ᠭᠠᠷᠴᠠᠭ ᠵᠡᠷᠭᠡ᠎ᠶᠢ ᠴᠠᠭ ᠲᠤᠬᠠᠢ ᠳ᠋ᠤᠨᠢ ᠰᠢᠨᠡᠳᠬᠡᠵᠦ᠂ ᠡᠨᠧᠷᠭᠢ ᠠᠷᠪᠢᠯᠠᠬᠤ ᠭᠦᠸᠸᠯᠦ᠂ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ᠂ ᠥᠨᠳᠥᠷ ᠪᠦᠲᠦᠮᠵᠢᠲᠡᠢ᠎ᠪᠡᠷ ᠬᠥᠯᠳᠡᠭᠡᠬᠦ᠂ ᠪᠣᠬᠢᠷᠲᠤᠯ ᠦᠭᠡᠢ ᠭᠡᠷᠡᠯᠲᠦᠭᠦᠯᠭᠡ᠂ ᠥᠨᠳᠥᠷ ᠳᠤᠯᠠᠭᠠᠨ᠎ᠤ ᠢᠯᠴᠢ᠎ᠶᠢᠨ ᠬᠥᠭᠡᠷᠭᠡ ᠵᠡᠷᠭᠡ ᠲᠡᠷᠢᠭᠦᠨ᠎ᠦ ᠬᠡᠷᠡᠭᠯᠡᠭᠡᠨ᠎ᠦ ᠲᠣᠨᠣᠭᠯᠠᠯ᠎ᠢ ᠳᠡᠯᠭᠡᠷᠡᠭᠦᠯᠦᠨ ᠬᠡᠷᠡᠭᠯᠡᠬᠦ᠎ᠶᠢ ᠲᠦᠷᠭᠡᠳᠬᠡᠨ᠎ᠡ᠃

(ᠠᠷᠪᠠᠨ ᠲᠠᠪᠤ) ᠰᠠᠭᠤᠷᠢ ᠠᠵᠢᠯ᠎ᠤᠨ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠴᠢᠳᠠᠪᠤᠷᠢᠲᠠᠨ ᠬᠥᠮᠥᠵᠢᠭᠦᠯᠬᠦ ᠵᠠᠭᠪᠤᠷ᠎ᠤᠨ ᠰᠢᠨ᠎ᠡ᠎ᠶᠢ ᠡᠭᠦᠳᠴᠦ᠂ ᠡᠨᠧᠷᠭᠢ᠎ᠶᠢᠨ ᠬᠠᠮᠢᠶᠠᠷᠤᠯᠲᠠ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠬᠦᠷᠢᠶ᠎ᠡ ᠴᠠᠷᠠᠭ᠎ᠠ᠎ᠶᠢᠨ ᠬᠠᠮᠢᠶ᠎ᠠ ᠪᠦᠬᠦᠢ ᠬᠢᠴᠢᠶᠡᠯ ᠰᠢᠨᠵᠢᠯᠡᠭᠡᠨ᠎ᠦ ᠲᠤᠰᠬᠠᠢ ᠮᠡᠷᠭᠡᠵᠢᠯ᠎ᠦᠨ ᠲᠣᠬᠢᠷᠠᠭᠤᠯᠤᠯᠲᠠ ᠪᠠ ᠴᠢᠳᠠᠪᠤᠷᠢᠲᠠᠨ᠎ᠤ ᠦᠨᠡᠯᠡᠯᠲᠡ᠎ᠶᠢᠨ ᠰᠢᠰᠲᠧᠮ ᠢ᠋ ᠰᠢᠯᠢᠳᠡᠭᠵᠢᠭᠦᠯᠦᠨ᠂ ᠬᠠᠮᠢᠶ᠎ᠠ ᠪᠦᠬᠦᠢ ᠠᠵᠢᠯ ᠮᠡᠷᠭᠡᠵᠢᠯ᠎ᠦᠨ ᠪᠠᠷᠢᠮᠵᠢᠶ᠎ᠠ᠎ᠶᠢ ᠲᠡᠭᠦᠯᠳᠡᠷᠵᠢᠭᠦᠯᠵᠦ᠂ ᠠᠵᠤ ᠦᠢᠯᠡᠰ ᠪᠠ ᠰᠤᠷᠭᠠᠨ ᠬᠥᠮᠦᠵᠢᠯ᠎ᠦᠨ ᠠᠭᠤᠰᠤᠯᠴᠠᠯ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠢᠷᠡᠭᠦᠯᠦᠨ᠎ᠡ᠃ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠂ ᠬᠠᠤᠯᠢ ᠬᠡᠷᠡᠭᠵᠢᠭᠦᠯᠬᠦ ᠪᠠᠢᠭᠤᠯᠤᠮᠵᠢ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ ᠵᠡᠷᠭᠡ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠬᠠᠮᠢᠶ᠎ᠠ ᠪᠦᠬᠦᠢ ᠠᠵᠢᠯᠲᠠᠨ᠎ᠤ ᠲᠤᠰᠬᠠᠢ ᠮᠡᠷᠭᠡᠵᠢᠯ᠎ᠦᠨ ᠴᠢᠳᠠᠪᠤᠷᠢ᠎ᠶᠢᠨ ᠪᠣᠯᠪᠠᠰᠤᠷᠠᠯ᠎ᠢ ᠴᠢᠩᠭᠠᠳᠬᠠᠨ᠎ᠠ᠃ ᠠᠵᠢᠯ ᠲᠦᠷᠦᠯ᠎ᠦᠨ ᠨᠡᠢᠭᠡᠮᠯᠢᠭ᠎ᠦᠨ ᠦᠢᠯᠡᠳᠦᠯ᠎ᠢ ᠨᠡᠩ ᠰᠠᠢᠨ ᠪᠠᠳᠠᠷᠠᠭᠤᠯᠵᠤ᠂ ᠭᠣᠣᠯᠳᠠᠯᠭ᠎ᠠ᠎ᠲᠠᠢ ᠠᠵᠢᠯ ᠲᠦᠷᠦᠯ ᠪᠠ ᠬᠦᠷᠢᠶᠡᠨ᠎ᠦ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ  ᠴᠢᠳᠠᠪᠤᠷᠢ᠎ᠶᠢᠨ ᠪᠠᠢᠭᠤᠯᠤᠯᠲᠠ᠎ᠶᠢ ᠴᠢᠩᠭᠠᠳᠬᠠᠨ᠎ᠠ᠃ ᠤᠯᠤᠰ ᠵᠢᠴᠢ ᠮᠤᠵᠢ᠎ᠶᠢᠨ ᠱᠠᠲᠤᠨ᠎ᠤ ᠭᠠᠵᠠᠷ ᠣᠷᠣᠨ᠎ᠤ ᠡᠨᠧᠷᠭᠢ ᠪᠠ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ ᠵᠢᠨ ᠣᠨ᠎ᠤ ᠮᠡᠳᠡᠭᠦᠯᠦᠯᠲᠡ᠂ ᠲᠦᠷᠭᠡᠨ ᠮᠡᠳᠡᠭᠡ ᠵᠢᠨ ᠳᠦᠷᠢᠮ᠎ᠢ ᠲᠡᠭᠦᠯᠳᠡᠷᠵᠢᠭᠦᠯᠵᠦ᠂ ᠨᠡᠭᠦᠷᠡᠰᠦ ᠵᠡᠷᠭᠡ ᠡᠨᠧᠷᠭᠢ᠎ᠶᠢᠨ ᠲᠦᠷᠤᠯ ᠵᠦᠢᠯ ᠵᠢᠴᠢ ᠠᠵᠤ ᠦᠢᠯᠡᠳᠪᠦᠷᠢ᠂ ᠪᠠᠷᠢᠯᠭ᠎ᠠ᠂ ᠵᠠᠮ ᠲᠡᠭᠡᠭᠡᠪᠦᠷᠢ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠡᠬᠢ ᠡᠨᠧᠷᠭᠢ᠎ᠶᠢᠨ ᠲᠣᠭ᠎ᠠ ᠪᠦᠷᠢᠳᠬᠡᠯ᠎ᠦᠨ ᠳᠦᠷᠢᠮ᠎ᠢ ᠲᠡᠭᠦᠯᠳᠡᠷᠵᠢᠭᠦᠯᠦᠨ᠎ᠡ᠃

ᠵᠢᠷᠭᠤᠭ᠎ᠠ᠂ ᠵᠣᠬᠢᠶᠠᠨ ᠪᠠᠢᠭᠤᠯᠵᠤ ᠬᠡᠷᠡᠭᠵᠢᠭᠦᠯᠬᠦ᠎ᠶᠢ ᠴᠢᠩᠭᠠᠳᠬᠠᠨ᠎ᠠ

(ᠠᠷᠪᠠᠨ ᠵᠢᠷᠭᠤᠭ᠎ᠠ) ᠵᠣᠬᠢᠶᠠᠨ ᠪᠠᠢᠭᠤᠯᠤᠯᠲᠠ᠎ᠶᠢᠨ ᠤᠳᠤᠷᠢᠳᠤᠯᠭ᠎ᠠ᠎ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠨᠢᠭᠡᠳᠦᠯᠲᠡᠢ ᠲᠥᠯᠥᠪᠵᠢᠭᠦᠯᠬᠦ᠎ᠪᠡᠨ ᠴᠢᠩᠭᠠᠳᠬᠠᠵᠤ᠂ ᠰᠢᠰᠲᠧᠮ᠎ᠲᠠᠢ ᠠᠷᠭ᠎ᠠ ᠪᠣᠳᠣᠯᠭ᠎ᠠ ᠬᠡᠷᠡᠭᠵᠢᠭᠦᠯᠬᠦ᠎ᠶᠢ ᠴᠢᠬᠤᠯᠠᠴᠢᠯᠠᠵᠤ᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠲᠣᠰ ᠰᠠᠨᠠᠯ᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠬᠤ ᠬᠡᠷᠡᠭᠲᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷ ᠵᠠᠰᠠᠭ ᠤ᠋ᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠲᠤᠰ ᠭᠠᠵᠠᠷ ᠣᠷᠣᠨ ᠲᠤᠰ ᠬᠦᠷᠢᠶᠡᠨ᠎ᠦ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ  ᠠᠵᠢᠯ᠎ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠲᠣᠰ ᠵᠠᠰᠠᠭ ᠵᠠᠬᠢᠷᠭᠠᠨ᠎ᠤ ᠣᠷᠣᠨ᠎ᠤ᠎ᠪᠠᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ  ᠠᠵᠢᠯ᠎ᠤᠨ ᠶᠡᠷᠦᠩᠬᠡᠢ ᠬᠠᠷᠢᠭᠤᠴᠠᠯᠭ᠎ᠠ᠎ᠶᠢ ᠡᠭᠦᠷᠭᠡᠯᠡᠵᠦ᠂ ᠭᠣᠣᠯ ᠬᠠᠷᠢᠭᠤᠴᠠᠯᠭᠠᠲᠠᠨ ᠨᠥᠬᠥᠳ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ᠎ᠪᠠᠨ ᠦᠨᠡᠨ ᠬᠦ᠌ ᠰᠠᠢᠲᠤᠷ ᠭᠦᠢᠴᠡᠳᠬᠡᠬᠦ ᠬᠡᠷᠡᠭᠲᠡᠢ᠃ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠣᠷᠭᠢᠯ ᠬᠡᠮᠵᠢᠭᠳᠡᠯ ᠳ᠋ᠤ ᠬᠦᠷᠬᠦ ᠨᠡᠭᠦᠷᠡᠰᠦᠳᠦ᠋ᠷᠦᠭ᠌ᠴᠢ ᠵᠢ ᠰᠠᠭᠠᠷᠮᠠᠭᠵᠢᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠲᠤᠰᠢᠶᠠᠯ ᠬᠠᠷᠢᠭᠤᠴᠠᠯᠭ᠎ᠠ ᠪᠠ ᠡᠨᠧᠷᠭᠢ ᠠᠷᠪᠢᠯᠠᠬᠤ᠎ᠶᠢ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠦᠨ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯ᠎ᠤᠨ ᠲᠥᠯᠦᠪᠵᠢᠭᠦᠯᠭᠡ ᠪᠠ ᠨᠠᠢᠳᠠᠪᠤᠷᠢᠵᠢᠭᠤᠯᠤᠯᠲᠠ᠎ᠶᠢ ᠠᠬᠢᠭᠤᠯᠬᠤ᠎ᠪᠠᠨ ᠴᠢᠩᠭᠠᠳᠬᠠᠵᠤ᠂ ᠮᠥᠷᠳᠡᠨ ᠦᠨᠡᠯᠡᠨ ᠵᠢᠱ᠌ᠢᠬᠦ ᠪᠠ ᠱᠠᠯᠠᠪᠳᠠᠭᠤᠯᠤᠨ ᠵᠢᠯᠤᠭᠣᠳᠬᠤ᠎ᠪᠠᠨ ᠴᠢᠩᠭᠠᠳᠬᠠᠵᠤ᠂ ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠰᠢᠢᠳᠪᠦᠷᠢᠯᠡᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠵᠢᠨ ᠬᠠᠷᠠᠯᠳᠠ ᠡᠭᠦᠷᠭᠡ ᠵᠢ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠣᠷᠭᠢᠯ ᠬᠡᠮᠵᠢᠭᠳᠡᠯ ᠬᠦᠷᠬᠦ ᠳ᠋ᠤ ᠨᠡᠭᠦᠷᠡᠰᠦᠳᠦ᠋ᠷᠦᠭ᠌ᠴᠢ ᠵᠢ ᠰᠠᠭᠠᠷᠮᠠᠭᠵᠢᠭᠤᠯᠬᠤ ᠵᠢᠨ ᠶᠡᠷᠦᠩᠬᠡᠢᠯᠡᠭᠰᠡᠨ ᠦᠨᠡᠯᠡᠨ ᠰᠢᠯᠭᠠᠬᠤ᠎ᠳᠤ ᠣᠷᠣᠭᠤᠯᠬᠤ ᠬᠡᠷᠡᠭᠲᠡᠢ᠃ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠲᠤᠰ ᠲᠤᠰ᠎ᠤᠨ ᠡᠭᠦᠷᠭᠡ ᠲᠤᠰᠢᠶᠠᠯ᠎ᠢᠶᠠᠨ ᠭᠦᠢᠴᠡᠳᠬᠡᠨ᠂ ᠨᠢᠭ᠍ᠲᠠ ᠬᠠᠮᠵᠢᠯᠴᠠᠵᠤ᠂ ᠨᠡᠢᠯᠡᠮᠡᠯ ᠬᠦᠴᠦᠨ᠎ᠢ ᠪᠣᠶ ᠪᠣᠯᠭᠠᠬᠤ ᠬᠡᠷᠡᠭᠲᠡᠢ᠃ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠢᠯᠠᠩᠭᠤᠶ᠎ᠠ ᠲᠥᠪ᠎ᠦᠨ ᠠᠵᠤ ᠠᠬᠤᠢᠯᠠᠯ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠳ᠋ᠤ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠎ᠪᠠᠨ ᠴᠢᠩᠭᠠᠳᠬᠠᠬᠤ ᠬᠡᠷᠡᠭᠲᠡᠢ᠃ ᠲᠥᠷᠥ᠎ᠶᠢᠨ ᠪᠠᠢᠭᠤᠯᠭ᠎ᠠ᠂ ᠠᠷᠠᠳ᠎ᠤᠨ ᠪᠦᠯᠬᠦᠮ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠨᠡᠢᠭᠡᠮ᠎ᠦᠨ ᠵᠣᠬᠢᠶᠠᠨ ᠪᠠᠢᠭᠤᠯᠤᠯᠲᠠ ᠵᠡᠷᠭᠡ ᠨᠢ ᠲᠣᠰ ᠨᠢᠭᠡᠴᠢ ᠲᠣᠰ ᠬᠦᠷᠢᠶᠡᠨ᠎ᠳᠡᠬᠢ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠴᠢᠬᠤᠯᠠ ᠶᠡᠬᠡ ᠤᠴᠢᠷ ᠶᠠᠪᠤᠳᠠᠯ᠎ᠢ ᠴᠠᠭ ᠲᠤᠬᠠᠢ ᠳ᠋ᠤᠨᠢ ᠲᠡᠰ ᠳᠠᠷᠠᠭᠠᠯᠠᠯ ᠶᠣᠰᠣᠭᠠᠷ ᠨᠠᠮ᠎ᠤᠨ ᠲᠥᠪ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠎ᠡᠴᠡ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃

(ᠠᠷᠪᠠᠨ ᠳᠣᠯᠣᠭ᠎ᠠ) ᠪᠥᠬᠥ ᠠᠷᠠᠳ᠎ᠤᠨ ᠠᠵᠢᠯᠯᠠᠭ᠎ᠠ᠎ᠶᠢ ᠬᠡᠷᠡᠭᠵᠢᠭᠦᠯᠦᠨ᠎ᠡ᠃ ᠪᠦᠬᠦ ᠤᠯᠤᠰ᠎ᠤᠨ ᠠᠮᠢ ᠠᠬᠤᠢ᠎ᠶᠢᠨ ᠡᠳᠦᠷ᠂ ᠪᠦᠬᠦ ᠤᠯᠤᠰ᠎ᠤᠨ ᠡᠨᠧᠷᠭᠢ ᠠᠷᠪᠢᠯᠠᠬᠤ ᠤᠬᠠᠭᠤᠯᠭ᠎ᠠ᠎ᠶᠢᠨ ᠭᠠᠷᠠᠭ᠂ ᠪᠦᠬᠦ ᠤᠯᠤᠰ᠎ᠤᠨ ᠪᠠᠭ᠎ᠠ ᠨᠡᠭᠦᠷᠡᠰᠦᠲᠥ᠋ᠷᠥᠭᠴᠢᠲᠦ ᠡᠳᠦᠷ ᠵᠡᠷᠭᠡ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠦ᠂ ᠠᠷᠪᠢᠲᠠᠢ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠪᠣᠯᠪᠠᠰᠤᠨ ᠪᠥᠭᠡᠳ ᠡᠷᠡᠭᠦᠯ ᠠᠮᠢᠳᠤᠷᠠᠯ᠎ᠤᠨ ᠤᠢᠯᠠᠭᠠᠭᠳᠠᠬᠤᠨ ᠪᠣᠯᠣᠨ ᠬᠡᠷᠡᠭᠯᠡᠭᠡᠨ᠎ᠦ ᠠᠷᠭ᠎ᠠ ᠮᠠᠶᠢᠭ᠋᠎ᠢ ᠰᠠᠨᠠᠭᠠᠴᠢᠯᠠᠨ᠂ ᠪᠦᠬᠦ ᠨᠡᠢᠭᠡᠮ᠎ᠦᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠳᠣᠲᠣᠭᠠᠳᠤ ᠬᠥᠳᠡᠯᠭᠡᠬᠦ ᠬᠦᠴᠦᠨ᠎ᠢ ᠦᠨᠡᠨ ᠬᠦ᠌ ᠨᠡᠮᠡᠭᠳᠡᠭᠦᠯᠦᠨ᠎ᠡ᠃ ᠥᠷᠭᠡᠨ ᠤᠯᠠᠨ ᠨᠠᠮ᠎ᠤᠨ ᠭᠡᠰᠢᠭᠦᠨ ᠪᠡᠶ᠎ᠡ᠎ᠪᠡᠷ᠎ᠢᠶᠡᠨ ᠬᠡᠪ ᠳᠦᠷᠢᠮ ᠪᠣᠯᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ᠎ᠶᠢ ᠦᠨᠡᠨ ᠬᠦ᠌ ᠡᠷᠬᠢᠮᠯᠡᠨ ᠦᠢᠯᠡᠳᠦᠯᠭᠡᠵᠢᠭᠦᠯᠬᠦ ᠬᠡᠷᠡᠭᠲᠡᠢ᠃ ᠨᠡᠢᠭᠡᠮ᠎ᠦᠨ ᠬᠢᠨᠠᠯᠲᠠ ᠲᠠᠯᠪᠢᠬᠤ ᠠᠷᠭ᠎ᠠ ᠵᠠᠮ᠎ᠢ ᠰᠠᠭᠠᠳ ᠦᠭᠡᠢ ᠨᠠᠪᠲᠠᠷᠡᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠤᠭᠰᠠᠨ ᠲᠡᠷᠢᠭᠦᠨ᠎ᠦ ᠨᠡᠢᠲᠡᠯᠢᠭ ᠵᠢᠱ᠌ᠢᠶ᠎ᠡ ᠪᠣᠯᠣᠨ ᠲᠤᠷᠰᠢᠯᠭ᠎ᠠ ᠬᠢᠳᠡᠯ᠎ᠢ ᠢᠳᠡᠪᠬᠢᠲᠡᠢ ᠤᠬᠠᠭᠤᠯᠤᠨ᠂ ᠬᠠᠤᠯᠢ᠎ᠡᠴᠡ ᠵᠥᠷᠢᠴᠡᠨ ᠡᠨᠧᠷᠭᠢ ᠬᠡᠷᠡᠭᠯᠡᠬᠦ ᠪᠠ ᠡᠨᠧᠷᠭᠢ ᠪᠦᠷᠢᠯᠭᠡᠨ ᠰᠦᠢᠳᠬᠡᠬᠦ ᠦᠢᠯᠡ ᠠᠵᠢᠯᠯᠠᠭ᠎ᠠ᠎ᠶᠢ ᠢᠯᠡᠴᠢᠯᠡᠬᠦ ᠡᠷᠴᠢᠮ᠎ᠢ ᠨᠡᠮᠡᠭᠳᠡᠭᠦᠯᠦᠨ᠎ᠡ᠃

(ᠠᠷᠪᠠᠨ ᠨᠠᠢ᠍ᠮᠠ) ᠣᠯᠠᠨ ᠤᠯᠤᠰ᠎ᠤᠨ ᠬᠠᠮᠲᠤᠷᠠᠯᠴᠠᠭ᠎ᠠ᠎ᠶᠢ ᠴᠢᠩᠭᠠᠳᠬᠠᠨ᠎ᠠ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠬᠦᠷᠢᠶᠡᠨ᠎ᠳᠡᠬᠢ ᠤᠯᠠᠨ ᠤᠯᠤᠰ᠎ᠤᠨ ᠶᠠᠷᠢᠯᠴᠠᠭ᠎ᠠ ᠪᠠ ᠪᠣᠳᠠᠲᠠᠢ᠎ᠶᠢ ᠡᠷᠬᠢᠮᠯᠡᠬᠦ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠶᠠᠷᠢᠯᠴᠠᠭ᠎ᠠ ᠬᠠᠮᠲᠤᠷᠠᠯᠴᠠᠭ᠎ᠠ᠎ᠶᠢᠨ ᠠᠷᠭ᠎ᠠ ᠵᠠᠮ᠎ᠢ ᠥᠷᠭᠡᠳᠬᠡᠵᠦ᠂ ᠤᠯᠠᠨ ᠤᠯᠤᠰ᠎ᠤᠨ ᠵᠠᠰᠠᠯᠲᠠ᠎ᠳᠤ ᠢᠳᠡᠪᠬᠢᠲᠡᠢ ᠣᠷᠣᠯᠴᠠᠨ ᠬᠥᠲᠥᠯᠥᠨ ᠳᠠᠭᠠᠭᠤᠯᠵᠤ᠂ ᠳᠤᠮᠳᠠᠳᠤ ᠤᠯᠤᠰ᠎ᠤᠨ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠤᠭᠰᠠᠨ ᠦᠷ᠎ᠡ ᠪᠦᠲᠦᠮᠵᠢ᠎ᠶᠢ ᠶᠡᠬᠡ᠎ᠪᠡᠷ ᠤᠬᠠᠭᠤᠯᠤᠨ᠎ᠠ᠃ ᠣᠯᠠᠨ ᠤᠯᠤᠰ᠎ᠤᠨ ᠲᠡᠷᠢᠭᠦᠨ᠎ᠦ ᠲᠤᠷᠰᠢᠯᠭ᠎ᠠ᠎ᠪᠠᠷ ᠲᠣᠯᠢ ᠪᠣᠯᠭᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠮᠡᠷᠭᠡᠵᠢᠯ᠎ᠦᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠡᠨᠧᠷᠭᠢ ᠠᠷᠪᠢᠯᠠᠬᠤ ᠪᠠᠭ᠎ᠠ ᠨᠡᠭᠦᠷᠡᠰᠦᠲᠥ᠋ᠷᠥᠭᠴᠢᠳᠤ ᠦᠢᠯᠡᠳᠬᠦᠨ᠎ᠦ ᠠᠷᠠᠯᠵᠢᠶ᠎ᠠ᠎ᠶᠢ ᠳᠡᠮᠵᠢᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠦᠢᠯᠡᠴᠢᠯᠡᠭᠡᠨ᠎ᠦ ᠠᠵᠤ ᠠᠬᠤᠢᠯᠠᠯ᠎ᠤᠨ ᠭᠠᠳᠠᠭ᠍ᠰᠢ ᠭᠠᠷᠬᠤ᠎ᠶᠢ ᠵᠣᠷᠢᠭ᠍ᠵᠢᠭᠤᠯᠤᠨ᠎ᠠ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠤᠯᠠᠨ ᠤᠯᠤᠰ᠎ᠤᠨ ᠪᠠᠷᠢᠮᠵᠢᠶ᠎ᠠ᠎ᠶᠢ ᠲᠣᠭᠲᠠᠭᠠᠬᠤ ᠪᠠ ᠲᠡᠭᠦᠨ᠎ᠳᠦ ᠵᠠᠰᠠᠪᠤᠷᠢ ᠣᠷᠣᠭᠤᠯᠬᠤ᠎ᠳᠤ ᠢᠳᠡᠪᠬᠢᠲᠡᠢ ᠣᠷᠣᠯᠴᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ ᠪᠠᠷᠢᠮᠵᠢᠶ᠎ᠠ᠂ ᠢᠯᠡᠳᠬᠡᠮᠵᠢ ᠲᠡᠮᠳᠡᠭ᠎ᠢ ᠤᠯᠠᠨ ᠤᠯᠤᠰ᠎ᠤᠨ ᠬᠣᠭᠣᠷᠣᠨᠳᠤ ᠬᠠᠷᠢᠯᠴᠠᠨ ᠮᠡᠳᠡᠷᠡᠬᠦ᠎ᠶᠢ ᠠᠬᠢᠭᠤᠯᠤᠨ᠎ᠠ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ 4 ᠰᠠᠷ᠎ᠠ᠎ᠶᠢᠨ22 ᠎ᠤ᠋ᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号