ᠦᠪᠦᠷ ᠮᠤᠨᠭᠭᠤᠯ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ ᠦᠨ᠎ᠡ ᠬᠠᠩᠰᠢ ᠵᠢ ᠢᠯᠡ ᠬᠠᠳᠠᠬᠤ ᠪᠠ ᠦᠨ᠎ᠡ ᠬᠠᠩᠰᠢ ᠶ᠋ᠢᠨ ᠮᠡᠬᠡᠯᠡᠯ ᠢ᠋ ᠴᠠᠭᠠᠵᠠᠯᠠᠬᠤ ᠲᠦᠷ ᠬᠡᠷᠡᠭ᠌ᠵᠢᠭᠦᠯᠬᠦ᠌ ᠲᠣᠭ᠍ᠲᠠᠭᠠᠯ》 (ᠳᠣᠷᠣᠭ᠍ᠰᠢ 《ᠲᠣᠭ᠍ᠲᠠᠭᠠᠯ》 ᠭᠡᠵᠦ᠍ ᠳᠥᠭᠥᠮᠴᠢᠯᠡᠨᠡ) ᠢ᠋ 5 ᠰᠠᠷ᠎ᠠ ᠶ᠋ᠢᠨ 1 ᠡᠴᠡ ᠡᠬᠢᠯᠡᠨ ᠬᠡᠷᠡᠭ᠌ᠵᠢᠭᠦᠯᠵᠦ᠂ ᠲᠤᠰ 《ᠲᠣᠭ᠍ᠲᠠᠭᠠᠯ》 ᠳ᠋ᠤ ᠦᠵᠡᠮᠵᠢ ᠶ᠋ᠢᠨ ᠣᠷᠣᠨ ᠤ᠋ ᠵᠢᠭᠤᠯᠴᠢᠯᠠᠯ᠂ ᠵᠢᠭᠤᠯᠴᠢᠯᠠᠯ ᠤ᠋ᠨ ᠺᠤᠮᠫᠠᠨᠢ ᠶ᠋ᠢᠨ ᠦᠢᠯᠡᠴᠢᠯᠡᠭᠡ᠂ ᠢᠳᠡᠭᠡᠨ ᠤᠮᠳᠠᠭᠠᠨ ᠬᠣᠨᠣᠭ ᠪᠠᠭᠤᠳᠠᠯ᠂ ᠣᠨᠴᠠ ᠭᠠᠷᠤᠯᠲᠠ ᠬᠤᠳᠠᠯᠳᠤᠨ ᠠᠪᠬᠤ ᠵᠡᠷᠭᠡ ᠡᠯ᠎ᠡ ᠭᠣᠭ᠍ᠴᠣᠭᠠ ᠶ᠋ᠢᠨ ᠦᠨ᠎ᠡ ᠬᠠᠩᠰᠢ ᠶ᠋ᠢᠨ ᠡᠵᠡᠩᠨᠡᠯᠲᠡ ᠶ᠋ᠢᠨ ᠠᠵᠢᠯᠯᠠᠭ᠎ᠠ ᠵᠢ ᠪᠦᠬᠦ᠌ ᠲᠠᠯ᠎ᠠ ᠪᠡᠷ᠂ ᠪᠦᠬᠦ᠌ ᠬᠡᠯᠬᠢᠶ᠎ᠡ ᠪᠡᠷ ᠵᠢᠷᠤᠮᠵᠢᠭᠤᠯᠵᠤ᠂ ᠣᠯᠠᠨ ᠲᠦᠮᠡᠨ ᠤ᠋ ᠬᠡᠷᠡᠭ᠌ᠯᠡᠭᠡᠨ ᠤ᠋ ᠠᠮᠤᠷ ᠲᠦᠪᠱᠢᠨ ᠢ᠋ ᠤᠯᠠᠮ ᠴᠢᠨᠠᠬᠰᠢᠲᠠ ᠪᠠᠲᠤᠯᠠᠪᠠ᠃
《ᠲᠣᠭ᠍ᠲᠠᠭᠠᠯ》 ᠳ᠋ᠤ ᠴᠢᠨᠭᠭ᠎ᠠ ᠬᠢᠨᠠᠯᠲᠠ ᠬᠠᠮᠢᠶᠠᠷᠤᠯᠲᠠ ᠶ᠋ᠢᠨ ᠱᠠᠭᠠᠷᠳᠠᠯᠭ᠎ᠠ ᠵᠢ ᠨᠠᠷᠢᠯᠢᠬ᠍ᠵᠢᠭᠤᠯᠵᠤ᠂ ᠠᠵᠢᠯ ᠲᠥᠷᠥᠯ ᠤ᠋ᠨ ᠠᠵᠢᠯᠯᠠᠭ᠎ᠠ ᠶ᠋ᠢᠨ ᠪᠠᠷᠢᠮᠵᠢᠶ᠎ᠠ ᠵᠢ ᠲᠣᠳᠣᠷᠬᠠᠢᠯᠠᠪᠠ᠃ ᠦᠵᠡᠮᠵᠢ ᠶ᠋ᠢᠨ ᠣᠷᠣᠨ ᠤ᠋ ᠵᠢᠭᠤᠯᠴᠢᠯᠠᠯ ᠤ᠋ᠨ ᠲᠠᠯ᠎ᠠ ᠪᠡᠷ ᠂ ᠦᠵᠡᠮᠵᠢ ᠶ᠋ᠢᠨ ᠣᠷᠣᠨ ᠤ᠋ ᠡᠭᠦᠳᠡᠨ ᠪᠢᠯᠧᠲ᠂ ᠲᠡᠷᠭᠡᠨ ᠵᠤᠭᠰᠤᠭᠠᠯ ᠵᠡᠷᠭᠡ ᠵᠢᠨ ᠦᠨ᠎ᠡ ᠬᠠᠩᠰᠢ ᠵᠢ ᠡᠷᠬᠡᠪᠰᠢ ᠢᠯᠡ ᠬᠠᠳᠠᠵᠤ᠂ ᠦᠵᠡᠮᠵᠢ ᠶ᠋ᠢᠨ ᠣᠷᠣᠨ ᠡᠭᠦᠳᠡᠨ ᠪᠢᠯᠧᠲ ᠤ᠋ᠨ ᠦᠨ᠎ᠡ ᠬᠠᠩᠰᠢ ᠵᠢ ᠥᠰᠭᠡᠬᠦ᠌ ᠳ᠋ᠡᠭᠡᠨ ᠵᠢᠷᠭᠤᠭᠠᠨ ᠰᠠᠷ᠎ᠠ ᠶ᠋ᠢᠨ ᠡᠮᠦᠨ᠎ᠡ ᠢᠯᠡ ᠨᠡᠢᠲᠡᠯᠡᠬᠦ᠌ ᠬᠡᠷᠡᠭ᠌ᠲᠡᠶ ᠪᠠᠢᠵᠤ᠂ ᠡᠭᠦᠳᠡᠨ ᠪᠢᠯᠧᠲ ᠪᠠ ᠵᠠᠮ ᠬᠠᠷᠢᠯᠴᠠᠭ᠎ᠠ ᠵᠢ ᠨᠡᠢᠯᠡᠭᠦᠯᠦᠨ ᠪᠣᠷᠣᠯᠠᠭᠤᠯᠬᠤ ᠵᠢ ᠴᠠᠭᠠᠵᠠᠯᠠᠵᠤ᠂ ᠭᠤᠤᠯ ᠲᠥᠷᠥᠯ ᠵᠦᠶ᠋ᠯ ᠤ᠋ᠨ ᠦᠶ᠋ᠯᠡᠴᠢᠯᠡᠭᠡ ᠪᠠᠨ ᠲᠦᠷ ᠵᠣᠭ᠍ᠰᠣᠭᠠᠬᠤ ᠳ᠋ᠠᠭᠠᠨ ᠢᠯᠡ ᠨᠡᠢᠲᠡᠯᠡᠬᠦ᠌ ᠶ᠋ᠢᠨ ᠬᠠᠮᠲᠤ ᠰᠦᠶ᠋ᠳᠭᠡᠯ ᠬᠤᠷᠢᠶᠠᠬᠤ ᠵᠢ ᠪᠠᠭᠠᠰᠭᠠᠬᠤ ᠬᠡᠷᠡᠭ᠌ᠲᠡᠶ;ᠵᠢᠭᠤᠯᠴᠢᠯᠠᠯ ᠤ᠋ᠨ ᠢᠳᠡᠭᠡᠨ ᠤᠮᠳᠠᠭᠠᠨ ᠤ᠋ ᠲᠠᠯ᠎ᠠ ᠪᠡᠷ᠂ 《ᠴᠠᠭ ᠤ᠋ᠨ ᠦᠨ᠎ᠡ》᠂ 《ᠨᠢᠭᠤᠷᠲᠠᠨ ᠵᠥᠪᠳᠡᠯᠴᠡᠬᠦ᠌》 ᠵᠡᠷᠭᠡ ᠪᠠᠯᠠᠷᠬᠠᠶ ᠦᠨ᠎ᠡ ᠬᠠᠳᠠᠬᠤ ᠵᠢ ᠴᠠᠭᠠᠵᠠᠯᠠᠵᠤ᠂ ᠣᠨᠴᠠᠯᠢᠭ᠍ᠲᠤ ᠠᠮᠲᠠᠲᠤ ᠢᠳᠡᠭᠡᠨ ᠤ᠋ ᠢᠳᠡᠭᠡᠨ ᠤ᠋ ᠮᠠᠲ᠋ᠧᠷᠢᠶᠠᠯ ᠪᠤᠶᠤ ᠪᠦᠲᠦᠭᠡᠭ᠌ᠳᠡᠬᠦᠨ ᠤ᠋ ᠬᠦᠨᠳᠦ᠍ ᠶ᠋ᠢᠨ ᠬᠡᠮᠵᠢᠶ᠎ᠡ᠂ ᠦᠨ᠎ᠡ ᠬᠠᠩᠰᠢ ᠵᠢ ᠲᠣᠳᠣᠷᠬᠠᠢᠯᠠᠬᠤ ᠬᠡᠷᠡᠭᠲᠡᠢ;ᠵᠢᠭᠤᠯᠴᠢᠯᠠᠨ ᠬᠣᠨᠣᠭ᠍ᠯᠠᠬᠤ ᠳ᠋ᠤ ᠪᠤᠶ ᠪᠦᠬᠦᠢ ᠭᠡᠷ ᠪᠠᠢᠱᠢᠩ ᠤ᠋ᠨ ᠬᠡᠯᠪᠡᠷᠢ ᠪᠠᠢᠳᠠᠯ᠂ ᠦᠨ᠎ᠡ ᠬᠠᠩᠰᠢ ᠵᠢᠴᠢ ᠵᠠᠬᠢᠶᠠᠯᠠᠬᠤ ᠪᠤᠴᠠᠭᠠᠬᠤ ᠵᠡᠷᠭᠡ ᠨᠥᠬᠥᠴᠡᠯ ᠢ᠋ ᠢᠯᠡ ᠨᠡᠢᠲᠡᠯᠡᠵᠦ᠍᠂ ᠵᠣᠴᠢᠳ ᠤ᠋ᠨ ᠭᠡᠷ ᠳᠣᠲᠣᠷᠠᠬᠢ ᠲᠠᠸᠠᠷ ᠬᠢᠭᠡᠳ ᠦᠢᠯᠡᠴᠢᠯᠡᠭᠡᠨ ᠢ᠋ ᠵᠦᠢᠯ ᠳᠠᠷᠠᠭᠠᠯᠠᠨ ᠦᠨ᠎ᠡ ᠬᠠᠳᠠᠬᠤ ᠬᠡᠷᠡᠭᠲᠡᠢ;ᠵᠢᠭᠤᠯᠴᠢᠯᠠᠯ ᠤ᠋ᠨ ᠺᠤᠮᠫᠠᠨᠢ ᠵᠠᠮ ᠱᠤᠭᠤᠮ ᠤ᠋ᠨ ᠦᠨ᠎ᠡ ᠬᠠᠩᠰᠢ ᠵᠢ ᠦᠨᠡᠨ ᠪᠣᠳᠠᠲᠠᠶ ᠪᠦᠷᠢᠨ ᠭᠦᠶ᠋ᠴᠡᠳ ᠨᠡᠢᠲᠡᠯᠡᠵᠦ᠍᠂ ᠣᠷᠣᠯᠠᠨ ᠬᠤᠳᠠᠯᠳᠤᠨ ᠠᠪᠬᠤ᠂ ᠳᠠᠭᠠᠳᠭᠠᠯ ᠬᠦᠷᠭᠡᠬᠦ ᠳ᠋ᠡᠭᠡᠨ ᠤᠷᠢᠳᠴᠢᠯᠠᠨ ᠮᠡᠳᠡᠭ᠌ᠳᠡᠬᠦ᠌ ᠬᠡᠷᠡᠭ᠌ᠲᠡᠶ;ᠠᠯᠲᠠ ᠮᠥᠩᠭᠥ᠌ ᠬᠠᠰ ᠴᠢᠯᠠᠭᠤ᠂ ᠬᠣᠪᠣᠷ ᠴᠤᠬᠠᠭ ᠬᠢᠲᠠᠳ ᠡᠮ ᠤ᠋ᠨ ᠮᠠᠲ᠋ᠧᠷᠢᠶᠠᠯ ᠵᠡᠷᠭᠡ ᠵᠢᠭᠤᠯᠴᠢᠯᠠᠯ ᠤ᠋ᠨ ᠲᠠᠸᠠᠷ ᠢ᠋ ᠪᠣᠷᠣᠯᠠᠭᠤᠯᠤᠨ ᠬᠤᠳᠠᠯᠳᠤᠬᠤ ᠳ᠋ᠤ ᠳ᠋ᠦᠩᠨᠡᠨ ᠪᠤᠳᠤᠬᠤ ᠡᠴᠡ ᠡᠮᠦᠨ᠎ᠡ ᠬᠡᠷᠡᠭ᠌ᠯᠡᠭ᠌ᠴᠢᠳ ᠲᠦ᠍ ᠳ᠋ᠦᠩᠨᠡᠨ ᠪᠤᠳᠤᠬᠤ ᠨᠠᠷᠢᠨ ᠳᠠᠨᠭᠰᠠ ᠭᠠᠷᠭᠠᠵᠤ ᠥᠭ᠌ᠬᠦ ᠬᠡᠷᠡᠭ᠌ᠲᠡᠶ ᠭᠡᠵᠦ ᠱᠠᠭᠠᠷᠳᠠᠪᠠ᠃
ᠣᠳᠣᠬᠠᠨ ᠳ᠋ᠤ᠂ ᠥᠪᠥᠷ ᠮᠣᠩᠭᠣᠯ ᠤ᠋ᠨ ᠡᠯ᠎ᠡ ᠱᠠᠲᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷᠤᠨ ᠬᠢᠨ ᠨᠢᠭᠡᠨᠲᠡ ᠤᠷᠢᠳᠴᠢᠯᠠᠨ ᠬᠥᠳᠡᠯᠦᠯᠴᠡᠵᠦ᠍᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠲᠠᠯᠠᠪᠤᠷ ᠭᠠᠵᠠᠷ ᠢ᠋ ᠴᠢᠩᠭ᠎ᠠ ᠠᠩᠬᠠᠷᠴᠤ᠌᠂ ᠪᠠᠢᠩᠭᠤᠵᠢᠭ᠍ᠰᠠᠨ ᠬᠢᠨᠠᠯᠲᠠ ᠬᠠᠮᠢᠶᠠᠷᠤᠯᠲᠠ ᠶ᠋ᠢᠨ ᠵᠢᠭ᠍ᠰᠠᠭᠠᠨ ᠪᠠᠢᠴᠠᠭᠠᠯᠲᠠ ᠵᠢ ᠥᠷᠨᠢᠭᠦᠯᠪᠡ᠃ ᠡᠭᠦᠨ ᠤ᠋ ᠬᠠᠮᠲᠤ᠂ 12315 ᠵᠠᠭᠠᠯᠳᠤᠵᠤ ᠢᠯᠡᠴᠢᠯᠡᠨ ᠮᠡᠳᠡᠭᠦᠯᠬᠦ᠌ ᠠᠷᠭ᠎ᠠ ᠵᠠᠮ ᠢ᠋ ᠱᠢᠯᠤᠭᠤᠳᠭᠠᠵᠤ᠂ ᠬᠡᠷᠡᠭ᠌ᠯᠡᠭᠡᠨ ᠤ᠋ ᠵᠠᠭᠤᠷᠠᠯᠳᠤᠭᠠᠨ ᠢ᠋ ᠴᠠᠭ ᠲᠤᠬᠠᠶ ᠳ᠋ᠤᠨᠢ ᠱᠢᠶ᠋ᠳᠪᠦᠷᠢᠯᠡᠵᠦ ᠪᠠᠢᠨ᠎ᠠ᠃