《 ᠬᠥᠮᠥᠰ ᠠ᠋᠂ ᠡᠨᠡ ᠡᠳᠦᠷ ᠳᠠᠶᠠᠭᠠᠷ ᠣᠯᠠᠨ ᠲᠠᠢ ᠮᠠᠨ ᠤ᠋ ᠬᠣᠰᠢᠭᠤᠨ ᠤ᠋ ᠠᠷᠠᠳ ᠲᠤ᠌ ᠠᠰᠢᠭ᠋ ᠬᠦᠷᠲᠡᠭᠡᠬᠦ ᠬᠠᠮᠤᠭ ᠤ᠋ᠨ ᠰᠢᠨ᠎ᠡ ᠲᠥᠷᠥ ᠵᠢᠨ ᠪᠣᠳᠣᠯᠭ᠎ᠠ ᠪᠠ ᠨᠥᠬᠥᠪᠦᠷᠢ ᠵᠢᠨ ᠲᠤᠬᠠᠢ ᠵᠣᠭᠣᠭᠳᠠᠨᠠ》 ᠭᠡᠵᠦ ᠲᠦᠷᠦᠬᠦᠬᠡᠨ ᠣᠷᠳᠣᠰ ᠬᠣᠲᠠ ᠵᠢᠨ ᠣᠲᠣᠭ ᠬᠣᠰᠢᠭᠤᠨ ᠤ᠋ 《ᠲᠣᠰᠬᠣᠨ ᠤ᠋ ᠰᠢᠭᠤᠳ ᠨᠡᠪᠲᠡᠷᠡᠭᠦᠯᠭᠡ》 ᠵᠢᠨ ᠲᠠᠰᠤᠭ ᠲᠤ᠌ ᠳᠤᠰ ᠬᠣᠰᠢᠭᠤᠨ ᠤ᠋ ᠨᠠᠮ ᠤ᠋ᠨ ᠬᠣᠷᠢᠶᠠᠨ ᠤ᠋ ᠣᠨᠣᠯ ᠤ᠋ᠨ ᠵᠢᠯᠤᠭᠤᠳᠤᠭᠴᠢ ᠶ᠋ᠢᠨ ᠪᠦᠯᠬᠦᠮ ᠤ᠋ᠨ ᠵᠢᠯᠤᠭᠤᠳᠤᠭᠴᠢ ᠳ᠋ᠤᠸᠠᠨ ᠴᠧᠨ ᠶᠧ ᠮᠠᠯᠴᠢᠨ ᠲᠠᠷᠢᠶᠠᠴᠢᠳ ᠲᠤ᠌ ᠠᠷᠠᠳ ᠲᠤ᠌ ᠠᠰᠢᠭ ᠬᠦᠷᠳᠡᠭᠡᠬᠦ ᠳᠦᠷᠦ ᠶ᠋ᠢᠨ ᠪᠤᠳᠤᠯᠭ᠎ᠠ ᠵᠢ ᠳᠠᠢᠯᠪᠤᠷᠢᠯᠠᠨᠠ᠃
ᠨᠢᠳᠤᠨᠤᠨ ᠡᠴᠠ ᠨᠠᠭᠠᠰᠢ ᠤᠯᠠᠮᠵᠢᠯᠠᠯᠲᠤ ᠳᠦᠷᠦ ᠶ᠋ᠢᠨ ᠪᠤᠳᠤᠯᠭ᠎ᠠ ᠶ᠋ᠢᠨ ᠤᠬᠠᠭᠤᠯᠭ᠎ᠠ ᠳ᠋ᠤ ᠠᠷᠠᠳ ᠤᠯᠠᠨ ᠤ᠋ ᠣᠷᠣᠯᠴᠠᠬᠤ ᠳᠤᠭ᠎ᠠ ᠴᠦᠬᠡᠨ᠂ ᠤᠢᠯᠠᠭᠠᠬᠤ ᠳ᠋ᠤ ᠬᠦᠴᠢᠷ᠂ ᠮᠠᠯᠵᠢᠬᠤ ᠲᠠᠷᠢᠶᠠᠯᠠᠬᠤ ᠣᠷᠣᠨ ᠳ᠋ᠤ ᠰᠢᠨ᠎ᠡ ᠰᠣᠷᠭᠣᠭ ᠤᠬᠠᠭᠤᠯᠭ᠎ᠠ ᠵᠢᠨ ᠠᠴᠢᠶᠠᠯᠠᠪᠤᠷᠢ ᠳᠤᠲᠠᠭᠳᠠᠵᠤ ᠪᠠᠢᠬᠤ᠂ ᠮᠠᠯᠴᠢᠨ ᠲᠠᠷᠢᠶᠠᠴᠢᠨ ᠲᠣᠭᠠᠴᠢᠯᠠᠭᠰᠠᠨ ᠠᠵᠤ ᠠᠬᠤᠢ ᠵᠢ ᠬᠥᠭᠵᠢᠭᠦᠯᠬᠦ ᠳ᠋ᠤ ᠲᠤᠯᠭᠠᠮ ᠬᠡᠷᠡᠭᠴᠡᠭᠡ ᠲᠠᠢ ᠪᠠᠢᠬᠤ ᠵᠡᠷᠭᠡ ᠪᠤᠳᠠᠳᠦ ᠪᠠᠢᠳᠠᠯ ᠳ᠋ᠤ ᠴᠢᠭᠯᠡᠭᠦᠯᠦᠨ ᠤᠲᠤᠭ ᠬᠣᠰᠢᠭᠤ 《ᠲᠣᠰᠬᠣᠨ ᠤ᠋ ᠰᠢᠭᠤᠳ ᠨᠡᠪᠲᠡᠷᠡᠭᠦᠯᠭᠡ》 ᠵᠢᠨ ᠠᠵᠢᠯ ᠢ᠋ ᠡᠬᠢᠯᠡᠭᠦᠯᠵᠦ᠂ ᠰᠢᠭᠤᠳ ᠨᠡᠪᠲᠡᠷᠡᠭᠦᠯᠭᠡ ᠵᠢᠨ ᠲᠠᠰᠤᠭ ᠢ᠋ ᠨᠡᠭᠦᠳᠡᠯ ᠤᠬᠠᠭᠤᠯᠤᠨ ᠲᠠᠢᠯᠪᠤᠷᠢᠯᠠᠬᠤ ᠲᠠᠪᠴᠠᠩ ᠪᠣᠯᠣᠨ ᠴᠢᠨᠠᠷ ᠰᠠᠢᠲᠠᠢ ᠣᠨᠴᠠᠯᠢᠭ᠍ᠲᠤ ᠮᠠᠯ ᠤ᠋ᠨ ᠠᠰᠢᠭ᠋ ᠰᠢᠮ᠎ᠡ ᠳᠠᠷᠢᠶᠠᠯᠠᠩ ᠤ᠋ᠨ ᠪᠦᠲᠦᠭᠡᠭᠳᠡᠬᠦᠨ ᠢ᠋ ᠪᠤᠷᠤᠯᠠᠭᠤᠯᠬᠤ ᠲᠠᠪᠴᠠᠩ ᠪᠣᠯᠭᠠᠨ ᠪᠠᠢᠭᠤᠯᠤᠨ᠂ ᠰᠦᠯᠵᠢᠶ᠎ᠡ ᠪᠡᠷ ᠳᠠᠮᠵᠢᠭᠤᠯᠤᠨ ᠨᠠᠮ ᠤ᠋ᠨ ᠲᠦᠷᠦ ᠵᠢᠨ ᠪᠣᠳᠣᠯᠭ᠎ᠠ ᠵᠢ ᠤᠬᠠᠭᠤᠯᠬᠤ ᠪᠠ ᠮᠠᠯᠴᠢᠨ ᠲᠠᠷᠢᠶᠠᠴᠢᠨ ᠤ᠋ ᠤᠷᠤᠯᠭ᠎ᠠ ᠵᠢ ᠨᠡᠮᠡᠭᠳᠡᠬᠦᠯᠬᠦ ᠳ᠋ᠤ ᠬᠦᠴᠦᠨ ᠨᠡᠮᠡᠷᠢᠯᠡᠵᠤ ᠪᠠᠢᠨ᠎ᠠ᠃
ᠤᠲᠤᠭ ᠬᠣᠰᠢᠭᠤᠨ ᠤ᠋ ᠦᠮᠡᠢᠬᠡᠢᠨᠠᠭᠤᠷ ᠪᠠᠯᠭᠠᠰᠤᠨ ᠤ᠋ ᠰᠢᠶᠣᠣ ᠬ᠍ᠤ ᠲᠣᠰᠬᠣᠨ ᠤ᠋ ᠲᠣᠰᠬᠣᠨ ᠳ᠋ᠤ ᠰᠠᠭᠤᠭ᠎ᠠ ᠨᠢᠭᠡᠳᠦᠭᠡᠷ ᠱᠦᠵᠢ ᠴᠢᠶᠣᠤ ᡁᠢ ᠵᠢᠶᠦ᠋ᠨ᠄《ᠠᠩᠬ᠎ᠠ ᠤᠳᠠᠭ᠎ᠠ ᠰᠢᠭᠤᠳ ᠨᠡᠪᠲᠡᠷᠡᠭᠦᠯᠬᠦ ᠳ᠋ᠤ᠂ ᠶᠡᠬᠡ ᠪᠠᠴᠢᠮᠳᠠᠵᠤ ᠪᠠᠷᠢᠵᠤ ᠳᠠᠯᠪᠢᠬᠤ ᠪᠡᠨ ᠤᠯᠵᠤ ᠶᠠᠳᠠᠵᠤ ᠪᠠᠢᠭᠰᠠᠨ ᠶᠤᠮ᠂ ᠲᠦᠷᠦ ᠵᠢᠨ ᠪᠣᠳᠣᠯᠭ᠎ᠠ ᠵᠢ ᠨᠡᠪᠲᠡ ᠳᠤᠳᠤᠷᠬᠠᠢ ᠶᠠᠷᠢᠵᠤ ᠴᠢᠳᠠᠬᠤ ᠦᠭᠡᠢ ᠡᠴᠡ ᠠᠶᠤᠵᠤ ᠪᠠᠢᠭᠰᠠᠨ ᠪᠥᠭᠡᠳ ᠪᠦᠳᠦᠭᠡᠭᠳᠡᠬᠦᠨ ᠶ᠋ᠢᠡᠨ ᠬᠤᠳᠠᠯᠳᠤᠵᠤ ᠭᠠᠷᠬᠤ ᠦᠭᠡᠢ ᠡᠴᠡ ᠴᠦ᠍ ᠶᠡᠬᠡ ᠠᠶᠤᠵᠤ ᠪᠠᠢᠭᠰᠠᠨ ᠶᠤᠮ 》 ᠭᠡᠵᠦ ᠰᠢᠭᠤᠳ ᠨᠡᠪᠲᠡᠷᠡᠬᠦᠯᠭᠡ ᠬᠢᠭᠰᠡᠨ ᠦᠩᠬᠡᠷᠡᠯᠳᠡ ᠪᠡᠨ ᠡᠷᠬᠢᠴᠡᠬᠦᠯᠦᠨᠡ᠃ ᠣᠳᠣᠬᠠᠨ ᠳ᠋ᠤ᠂ ᠲᠡᠷᠡ ᠳᠦᠷᠦ ᠶ᠋ᠢᠨ ᠪᠤᠳᠤᠯᠭ᠎ᠠ ᠵᠢ ᠤᠬᠠᠭᠤᠯᠤᠨ ᠲᠠᠢᠯᠪᠤᠷᠢᠯᠠᠬᠤ ᠪᠠ ᠪᠦᠳᠦᠭᠡᠭᠳᠡᠬᠦᠨ ᠶ᠋ᠢᠡᠨ ᠬᠤᠳᠠᠯᠳᠤᠬᠤ ᠠᠢᠵᠠᠮ ᠢ᠋ ᠪᠣᠯᠪᠠᠰᠤᠷᠠᠩᠭᠤᠢ ᠡᠵᠡᠮᠰᠢᠵᠦ᠂ ᠰᠢᠭᠤᠳ ᠨᠡᠪᠲᠡᠷᠡᠭᠦᠯᠬᠡ ᠡᠬᠢᠯᠡᠬᠦᠡᠴᠡ ᠡᠮᠦᠨ᠎ᠡ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ᠂ ᠲᠠᠷᠢᠶᠠᠴᠢᠳ ᠲᠤ᠌ ᠠᠰᠢᠭ᠋ ᠬᠦᠷᠲᠡᠭᠡᠬᠦ ᠨᠥᠬᠥᠪᠦᠷᠢ᠂ ᠦᠨᠳᠦᠰᠦᠨ ᠱᠠᠲᠤᠨ ᠤ᠋ ᠵᠠᠰᠠᠯᠲᠠ ᠵᠡᠷᠭᠡ ᠲᠦᠷᠦ ᠵᠢᠨ ᠪᠣᠳᠣᠯᠭ᠎ᠠ ᠵᠢᠨ ᠭᠣᠣᠯᠳᠠᠯᠭ᠎ᠠ ᠵᠢ ᠳᠤᠳᠤᠷᠬᠠᠢ ᠡᠮᠬᠢᠯᠡᠨ᠂ ᠮᠠᠯᠴᠢᠨ ᠲᠠᠷᠢᠶᠠᠴᠢᠨ ᠤ᠋ ᠰᠣᠨᠣᠰᠴᠤ ᠲᠥᠬᠥᠭᠡᠷᠡᠬᠦ ᠨᠤᠲᠤᠭ ᠤ᠋ᠨ ᠠᠶᠠᠯᠭᠤ ᠪᠠᠷ ᠵᠠᠳᠠᠯᠤᠨ ᠳᠠᠢᠯᠪᠤᠷᠢᠯᠠᠵᠤ᠂ ᠪᠦᠲᠦᠭᠡᠭᠳᠡᠬᠦᠨ ᠶ᠋ᠢᠡᠨ ᠲᠠᠨᠢᠯᠴᠠᠭᠤᠯᠬᠤᠳᠠᠭᠠᠨ ᠲᠦᠷᠦ ᠵᠢᠨ ᠪᠣᠳᠣᠯᠭ᠎ᠠ ᠵᠢᠨ ᠠᠰᠢᠭ᠋ ᠲᠤᠰᠠ ᠵᠢ ᠲᠠᠢᠯᠪᠤᠷᠢᠯᠠᠬᠤ ᠳ᠋ᠤ ᠠᠭᠤᠰᠬᠠᠨ᠂ ᠲᠠᠯᠠᠪᠠᠢ ᠪᠦᠷᠢ ᠵᠢᠨ ᠰᠢᠭᠤᠳ ᠨᠡᠪᠲᠡᠷᠡᠭᠦᠯᠭᠡ ᠨᠢ ᠴᠥᠮ ᠤᠯᠠᠨ ᠲᠦᠮᠡᠨ ᠤ᠋ ᠠᠩᠬᠠᠷᠤᠯ ᠢ᠋ ᠲᠠᠲᠠᠨ᠎ᠠ᠃
ᠤᠳᠤᠭ ᠨᠤᠲᠤᠭ ᠲᠤ᠌᠂ ᠳ᠋ᠤᠸᠠᠨ ᠴᠧᠨ ᠶᠧ᠂ ᠴᠢᠶᠣᠤ ᡁᠢ ᠵᠢᠶᠦ᠋ᠨ ᠮᠡᠲᠦ ᠵᠢᠨ ᠳᠦᠷᠦ ᠶ᠋ᠢᠨ ᠪᠤᠳᠤᠯᠭ᠎ᠠ ᠶ᠋ᠢ ᠤᠬᠠᠭᠤᠯᠤᠨ ᠲᠠᠢᠯᠪᠤᠷᠢᠯᠠᠵᠤ᠂ ᠤᠨᠴᠠᠯᠢᠭᠳᠤ ᠮᠠᠯ ᠤ᠋ᠨ ᠠᠰᠢᠭ ᠰᠢᠮ᠎ᠡ ᠳᠠᠷᠢᠶᠠᠯᠠᠩ ᠤ᠋ᠨ ᠪᠦᠳᠦᠭᠡᠭᠳᠡᠬᠦᠨ ᠢ᠋ ᠪᠤᠷᠤᠯᠠᠭᠤᠯᠬᠤ ᠬᠡᠯᠪᠡᠷᠢ ᠵᠢᠨ ᠰᠢᠭᠤᠳ ᠨᠡᠪᠲᠡᠷᠡᠭᠦᠯᠦᠭᠴᠢᠳ ᠶᠠᠪᠤᠬᠤ ᠳᠤᠳᠤᠮ ᠣᠯᠠᠰᠢᠷᠠᠵᠤ ᠪᠤᠢ᠃ ᠳᠤᠰ ᠬᠣᠰᠢᠭᠤ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢᠯᠪᠤᠷᠢᠯᠠᠬᠤ ᠵᠢ ᠰᠢᠭᠤᠳ ᠨᠡᠪᠲᠡᠷᠡᠭᠦᠯᠭᠡ ᠵᠢᠨ ᠪᠣᠯᠪᠠᠰᠤᠷᠠᠯ ᠤ᠋ᠨ ᠰᠢᠰᠲᠧᠮ ᠳ᠋ᠤ ᠣᠷᠣᠭᠤᠯᠵᠤ᠂ 《ᠨᠡᠶ᠋ᠢᠲᠡ ᠵᠢᠨ ᠠᠰᠠᠷᠠᠮᠵᠢ ᠵᠢᠨ ᠪᠡᠶᠡᠴᠢᠯᠡᠨ ᠣᠢᠯᠠᠭᠠᠬᠤ ᠬᠢᠴᠢᠶᠡᠯ + ᠰᠢᠭᠤᠳ ᠨᠡᠪᠲᠡᠷᠡᠭᠦᠯᠭᠡ ᠵᠢᠨ ᠪᠣᠯᠪᠠᠰᠤᠷᠠᠯ ᠤ᠋ᠨ ᠬᠤᠸᠠᠷᠠᠨ》 ᠶ᠋ᠢᠡᠷ ᠲᠠᠰ ᠬᠤᠪᠢᠶᠠᠨ ᠬᠢᠴᠢᠶᠡᠯᠯᠡᠬᠦ ᠪᠡᠷ ᠳᠡᠮᠵᠢᠭᠤᠯᠤᠨ᠂ ᠨᠢᠭᠡ ᠪᠦᠯᠦᠭ ᠲᠥᠷᠥ ᠵᠢᠨ ᠪᠣᠳᠣᠯᠭ᠎ᠠ ᠵᠢ ᠮᠡᠳᠡᠬᠦ ᠮᠥᠷᠲᠡᠭᠡᠨ ᠪᠠᠰᠠ ᠪᠤᠷᠤᠯᠠᠭᠤᠯᠵᠤ ᠴᠢᠳᠠᠬᠤ ᠲᠣᠰ ᠭᠠᠵᠠᠷ ᠣᠷᠣᠨ ᠤ᠋ ᠰᠢᠭᠤᠳ ᠨᠡᠪᠲᠡᠷᠡᠭᠦᠯᠦᠭᠴᠢᠳ ᠢ᠋ ᠬᠥᠮᠥᠵᠢᠭᠦᠯᠵᠦ᠂ ᠨᠠᠮ ᠤ᠋ᠨ ᠲᠥᠷᠥ ᠵᠢᠨ ᠪᠣᠳᠣᠯᠭ᠎ᠠ ᠵᠢᠨ ᠣᠨᠣᠯ᠂ ᠠᠷᠠᠳ ᠲᠤ᠌ ᠠᠰᠢᠭ᠋ ᠬᠦᠷᠲᠡᠭᠡᠬᠦ ᠠᠷᠭ᠎ᠠ ᠬᠡᠮᠵᠢᠶ᠎ᠡ ᠵᠢ ᠰᠢᠭᠤᠳ ᠨᠡᠪᠲᠡᠷᠡᠭᠦᠯᠬᠦ ᠬᠡᠯᠪᠡᠷᠢ ᠪᠡᠷ ᠮᠠᠯᠵᠢᠬᠤ ᠲᠠᠷᠢᠶᠠᠯᠠᠬᠤ ᠣᠷᠣᠨ ᠳ᠋ᠤ ᠤᠯᠠᠮᠵᠢᠯᠠᠵᠤ ᠪᠠᠢᠨ᠎ᠠ᠃
《 ᠦᠩᠭᠡᠷᠡᠭᠰᠡᠨ ᠳ᠋ᠤ ᠳᠦᠷᠦ ᠶ᠋ᠢᠨ ᠪᠤᠳᠤᠯᠭ᠎ᠠ ᠶ᠋ᠢᠨ ᠳᠠᠢᠯᠪᠤᠷᠢᠯᠠᠯᠳᠠ ᠵᠢ ᠰᠤᠨᠤᠰᠬᠤ ᠪᠡᠷ ᠤᠴᠢᠬᠤ ᠵᠠᠪ ᠦᠭᠡᠢ᠂ ᠤᠳᠤ ᠭᠠᠷ ᠤᠳᠠᠰᠤᠨ ᠳᠡᠭᠡᠷ᠎ᠡ ᠪᠡᠨ ᠰᠢᠭᠤᠳ ᠰᠤᠨᠤᠰᠴᠤ ᠳᠡᠢᠯᠬᠦ ᠪᠤᠯᠤᠭᠰᠠᠨ ᠶᠤᠮ》 ᠭᠡᠵᠦ ᠮᠠᠯᠴᠢᠨ ᠮᠢ ᠶᠢᠨ ᠪᠦᠦ ᠡᠷ᠎ᠡ ᠡᠮ᠎ᠡ ᠬᠣᠶᠠᠭᠤᠯᠠ ᠶᠠᠷᠢᠨ᠎ᠠ᠃ ᠳᠡᠳᠡ ᠲᠣᠰᠬᠣᠨ ᠳ᠋ᠤ ᠰᠠᠭᠤᠭ᠎ᠠ ᠨᠢᠭᠡᠳᠦᠭᠡᠷ ᠱᠦᠵᠢ ᠵᠢᠨ ᠬᠠᠪᠰᠤᠷᠤᠯᠭ᠎ᠠ ᠪᠠᠷ ᠰᠢᠭᠤᠳ ᠨᠠᠪᠲᠠᠷᠡᠭᠦᠯᠭᠡ ᠬᠢᠵᠦ᠂ ᠦᠪᠡᠷ ᠤ᠋ᠨ ᠢᠮᠠᠭ᠎ᠠ ᠲᠡᠵᠢᠭᠡᠭᠰᠡᠨ ᠳᠤᠷᠰᠢᠯᠭ᠎ᠠ ᠪᠡᠨ ᠬᠤᠪᠢᠶᠠᠯᠴᠠᠬᠤ ᠶ᠋ᠢᠨ ᠬᠠᠮᠳᠤ ᠢᠮᠠᠭᠠᠨ ᠮᠢᠬᠠᠨ ᠤ᠋ ᠠᠮᠳᠠᠳᠤ ᠢᠳᠡᠭᠡᠨ ᠬᠢᠬᠦ ᠠᠷᠭ᠎ᠠ ᠪᠡᠨ ᠬᠤᠪᠢᠶᠠᠯᠴᠠᠭᠰᠡᠨ ᠡᠴᠡ ᠰᠦᠯᠵᠢᠶᠡᠨ ᠳᠡᠭᠡᠷ᠎ᠡ ᠮᠠᠰᠢ ᠲᠦᠷᠭᠡᠨ ᠶ᠋ᠢᠡᠷ ᠤᠯᠠᠨ ᠦᠵᠡᠭᠴᠢ ᠳᠠᠢ ᠪᠤᠯᠵᠤ᠂ ᠰᠠᠷ᠎ᠠ ᠪᠦᠷᠢ ᠳᠤᠮᠳᠠᠴᠢ ᠪᠡᠷ 5000 ᠲᠥᠭᠥᠷᠢᠭ ᠤ᠋ᠨ ᠣᠷᠣᠯᠭ᠎ᠠ ᠨᠡᠮᠡᠭᠳᠡᠭᠰᠡᠨ ᠪᠠᠢᠨ᠎ᠠ᠃
ᠲᠦᠷᠦ ᠵᠢᠨ ᠪᠣᠳᠣᠯᠭ᠎ᠠ ᠵᠢᠨ ᠤᠬᠠᠭᠤᠯᠭ᠎ᠠ ᠵᠢ ᠨᠡᠩ ᠣᠨᠣᠪᠴᠢᠲᠠᠢ ᠪᠣᠯᠭᠠᠵᠤ᠂ ᠤᠨᠴᠠᠯᠢᠭᠳᠤ ᠮᠠᠯ ᠤ᠋ᠨ ᠠᠰᠢᠭ ᠰᠢᠮ᠎ᠡ ᠳᠠᠷᠢᠶᠠᠯᠠᠩ ᠤ᠋ᠨ ᠪᠦᠳᠦᠭᠡᠭᠳᠡᠬᠦᠨ ᠤ᠋ ᠪᠤᠷᠤᠯᠠᠭᠤᠯᠭ᠎ᠠ ᠶ᠋ᠢᠨ ᠵᠠᠮ ᠢ᠋ ᠨᠡᠩ ᠰᠢᠯᠤᠭᠤᠳᠬᠠᠬᠤ ᠵᠢᠨ ᠲᠥᠯᠥᠭᠡ᠂ ᠤᠲᠤᠭ ᠬᠣᠰᠢᠭᠤᠨ ᠤ᠋ ᠵᠠᠰᠠᠭ ᠤ᠋ᠨ ᠤᠷᠳᠤᠨ ᠡᠴᠡ 《ᠲᠣᠰᠬᠣᠨ ᠤ᠋ ᠰᠢᠭᠤᠳ ᠨᠡᠪᠲᠡᠷᠡᠬᠦᠯᠭᠡ》 ᠵᠢᠨ ᠪᠦᠬᠦ ᠬᠡᠯᠬᠢᠶ᠎ᠡ ᠵᠢᠨ ᠰᠠᠭᠤᠷᠢ ᠵᠢ ᠪᠡᠬᠢᠵᠢᠬᠦᠯᠪᠡ᠃ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡᠨ ᠤ᠋ ᠰᠠᠭᠠᠳ ᠦᠭᠡᠢ ᠨᠡᠪᠲᠡᠷᠡᠬᠦ ᠵᠠᠮ ᠢ᠋ ᠨᠠᠪᠲᠠᠷᠡᠭᠦᠯᠵᠦ ᠂ ᠬᠠᠮᠢᠶ᠎ᠠ ᠪᠦᠬᠦᠢ ᠵᠦᠪᠰᠢᠶᠡᠷᠡᠯ ᠤ᠋ᠨ ᠦᠨᠡᠮᠯᠡᠯ ᠢ᠋ 3 ᠠᠵᠢᠯᠯᠠᠬᠤ ᠡᠳᠦᠷ ᠤ᠋ᠨ ᠳᠣᠲᠣᠷ᠎ᠠ ᠭᠦᠢᠴᠡᠳᠬᠡᠵᠦ ᠳᠠᠭᠤᠰᠬᠠᠨ᠎ᠠ;ᠠᠷᠪᠠᠰ ᠤ᠋ᠨ ᠢᠮᠠᠭᠠᠨ ᠮᠢᠬ᠎ᠠ ᠵᠡᠷᠭᠡ ᠪᠦᠲᠦᠭᠡᠭᠳᠡᠬᠦᠨ ᠤ᠋ ᠢᠷᠡᠯᠳᠡ ᠵᠢ ᠬᠠᠢᠵᠤ ᠳᠡᠢᠯᠬᠦ ᠪᠤᠯᠭᠠᠵᠤ᠂ ᠶᠠᠰᠤ ᠴᠢᠨᠠᠷ ᠢ᠋ ᠪᠠᠳᠤᠯᠠᠨ᠎ᠠ;ᠡᠳ᠋ ᠪᠠᠷᠠᠭᠠᠨ ᠤ᠋ ᠭᠦᠢᠯᠭᠡᠭᠡ ᠵᠢᠨ ᠠᠵᠤ ᠠᠬᠤᠢᠯᠠᠯ ᠲᠠᠢ ᠬᠣᠯᠪᠤᠭᠠᠯᠠᠨ ᠲᠤᠰᠬᠠᠢ ᠵᠠᠮ ᠢ᠋ ᠨᠠᠪᠲᠠᠷᠡᠭᠦᠯᠵᠦ᠂ ᠲᠡᠭᠡᠭᠡᠪᠦᠷᠢ ᠵᠢᠨ ᠵᠠᠷᠤᠳᠠᠯ ᠢ᠋ 20% ᠪᠠᠷ ᠪᠠᠭᠤᠷᠠᠭᠤᠯᠪᠠ;ᠪᠤᠷᠤᠯᠠᠭᠤᠯᠤᠭᠰᠠᠨ ᠤ᠋ ᠳᠠᠷᠠᠭᠠᠬᠢ ᠦᠢᠯᠡᠴᠢᠯᠡᠭᠡ ᠵᠢ ᠰᠠᠢᠵᠢᠷᠠᠭᠤᠯᠵᠤ᠂ ᠦᠢᠯᠡᠴᠢᠯᠡᠭᠡ ᠪᠡᠨ ᠳᠡᠰ ᠳᠡᠪᠰᠢᠬᠦᠯᠪᠠ; 《ᠳᠦᠬᠡᠷᠢᠭᠳᠡᠯ ᠢ᠋ ᠠᠷᠢᠯᠭᠠᠬᠤ》 ᠰᠢᠭᠤᠳ ᠨᠡᠪᠲᠡᠷᠡᠭᠦᠯᠭᠡ ᠵᠢ ᠵᠡᠷᠭᠡ ᠪᠡᠷ ᠨᠡᠭᠡᠭᠡᠵᠦ᠂ ᠤᠯᠠᠨ ᠲᠦᠮᠡᠨ ᠤ᠋ ᠠᠩᠬᠠᠷᠴᠤ ᠪᠠᠢᠭ᠎ᠠ ᠬᠠᠯᠠᠮᠰᠢᠯ ᠠᠰᠠᠭᠤᠳᠠᠯ ᠢ᠋ ᠡᠷᠬᠡ ᠰᠦᠷ ᠲᠠᠢ ᠪᠡᠷ ᠲᠠᠢᠯᠪᠤᠷᠢᠯᠠᠵᠤ᠂ ᠤᠬᠠᠭᠤᠯᠭ᠎ᠠ ᠪᠠ ᠦᠢᠯᠡᠴᠢᠯᠡᠭᠡ ᠪᠡᠨ ᠰᠢᠯᠢᠳᠡᠭᠵᠢᠬᠦᠯᠪᠡ᠃ ᠣᠲᠣᠬᠠᠨ ᠪᠣᠯᠲᠠᠯ᠎ᠠ᠂ ᠣᠲᠣᠭ ᠬᠣᠰᠢᠭᠤ ᠨᠢᠭᠡᠨᠲᠡ ᠪᠠᠷᠢᠮᠵᠢᠶᠠᠵᠢᠭ᠍ᠰᠠᠨ ᠶᠡᠷᠦᠩᠬᠡᠢᠯᠡᠭᠰᠡᠨ ᠰᠢᠭᠤᠳ ᠨᠡᠪᠲᠡᠷᠡᠭᠦᠯᠭᠡ ᠵᠢᠨ ᠰᠠᠭᠤᠷᠢᠨ 1᠂ ᠰᠢᠭᠤᠳ ᠨᠡᠪᠲᠡᠷᠡᠭᠦᠯᠭᠡ ᠵᠢᠨ ᠲᠠᠰᠤᠭ 40 ᠶ᠋ᠢ ᠰᠢᠨ᠎ᠡ ᠪᠡᠷ ᠪᠠᠢᠭᠤᠯᠤᠭᠰᠠᠨ ᠪᠠᠢᠨ᠎ᠠ᠃ 《ᠲᠣᠰᠬᠣᠨ ᠤ᠋ ᠰᠢᠭᠤᠳ ᠨᠡᠪᠲᠡᠷᠡᠭᠦᠯᠭᠡ》 ᠨᠢ ᠨᠠᠮ ᠤ᠋ᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠭᠣᠣᠯ ᠵᠢᠭ᠍ᠰᠠᠭᠠᠯ ᠤ᠋ᠨ ᠭᠠᠵᠠᠷ ᠪᠣᠯᠤᠭᠰᠠᠨ ᠶ᠋ᠢᠡᠷ ᠪᠠᠷᠠᠬᠤ ᠦᠭᠡᠢ᠂ ᠨᠠᠩ ᠴᠤ᠌ ᠤᠨᠴᠠᠯᠢᠭᠳᠤ ᠮᠠᠯ ᠤ᠋ᠨ ᠠᠰᠢᠭ ᠰᠢᠮ᠎ᠡ ᠳᠠᠷᠢᠶᠠᠯᠠᠩ ᠤ᠋ᠨ ᠪᠦᠳᠦᠭᠡᠭᠳᠡᠬᠦᠨ ᠤ᠋ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠷᠤᠯᠠᠭᠤᠯᠭ᠎ᠠ ᠵᠢ ᠳᠠᠶ᠋ᠢᠴᠢᠯᠠᠨ᠂ 300 ᠭᠠᠷᠤᠢ ᠡᠷᠦᠬᠡ ᠮᠠᠯᠴᠢᠨ ᠲᠠᠷᠢᠶᠠᠴᠢᠨ ᠢ᠋《ᠬᠥᠳᠡᠭᠡ ᠲᠣᠰᠬᠣᠨ ᠤ᠋ ᠬᠣᠷᠰᠢᠭ᠍ᠴᠢ》 ᠪᠣᠯᠭᠠᠵᠤ᠂ ᠬᠥᠮᠥᠨ ᠳᠤᠮᠳᠠᠴᠢ ᠵᠢᠨ ᠰᠠᠷ᠎ᠠ ᠵᠢᠨ ᠣᠷᠣᠯᠭ᠎ᠠ ᠵᠢᠨ ᠨᠡᠮᠡᠭᠳᠡᠯ ᠨᠢ 800 ᠲᠥᠭᠥᠷᠢᠭ ᠢ᠋ ᠳᠠᠪᠠᠨ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠬᠢᠭᠡᠳ ᠮᠠᠯᠴᠢᠨ ᠲᠠᠷᠢᠶᠠᠴᠢᠨ ᠤ᠋ ᠣᠷᠣᠯᠭ᠎ᠠ ᠵᠢᠨ ᠨᠡᠮᠡᠭᠳᠡᠯ ᠢ᠋ ᠪᠡᠶᠡᠯᠡᠬᠦᠯᠪᠡ᠃
ᠣᠲᠣᠭ ᠬᠣᠰᠢᠭᠤᠨ ᠤ᠋ 《ᠲᠣᠰᠬᠣᠨ ᠤ᠋ ᠰᠢᠭᠤᠳ ᠨᠡᠪᠲᠡᠷᠡᠭᠦᠯᠭᠡ》 ᠵᠢᠨ ᠬᠠᠷᠢᠭᠤᠴᠠᠯᠭᠠᠲᠠᠨ ᠵᠠᠩ ᠢᠦᠢ᠄ 《〈ᠰᠢᠭᠤᠳ ᠨᠡᠪᠲᠡᠷᠡᠭᠦᠯᠬᠡ + ᠲᠥᠷᠥ ᠵᠢᠨ ᠪᠣᠳᠣᠯᠭ᠎ᠠ ᠵᠢᠨ ᠤᠬᠠᠭᠤᠯᠭ᠎ᠠ + ᠠᠵᠤ ᠦᠢᠯᠡᠰ〉 ᠤ᠋ᠨ ᠵᠠᠭᠪᠤᠷ ᠢ᠋ ᠦᠷᠭᠦᠯᠵᠢᠯᠡᠨ ᠭᠦᠨᠵᠡᠭᠡᠢᠷᠡᠭᠦᠯᠵᠦ᠂ ᠠᠷᠠᠳ ᠲᠤ᠌ ᠠᠰᠢᠭ᠋ ᠬᠦᠷᠲᠡᠭᠡᠬᠦ ᠨᠠᠩ ᠣᠯᠠᠨ ᠲᠥᠷᠥ ᠵᠢᠨ ᠪᠣᠳᠣᠯᠭ᠎ᠠ᠂ ᠬᠤᠪᠢᠰᠬᠠᠯ ᠤ᠋ᠨ ᠰᠣᠶᠣᠯ ᠂ ᠤᠷᠤᠨ ᠨᠤᠲᠤᠭ ᠤ᠋ᠨ ᠥᠯᠢᠭᠡᠷ ᠳᠡᠦᠬᠡ ᠵᠢ ᠰᠢᠭᠤᠳ ᠨᠡᠪᠲᠡᠷᠡᠭᠦᠯᠭᠡ ᠳ᠋ᠤ ᠠᠭᠤᠰᠬᠠᠨ ᠣᠷᠣᠭᠤᠯᠵᠤ᠂ ᠰᠦᠯᠵᠢᠶᠡᠨ ᠤ᠋ ᠴᠠᠭ ᠦᠶ᠎ᠡ ᠶ᠋ᠢᠨ ᠠᠰᠢᠭ ᠳᠤᠰᠠ ᠵᠢ ᠮᠠᠯᠴᠢᠨ ᠳᠦᠮᠡᠨ ᠳ᠋ᠤ ᠬᠦᠷᠳᠡᠬᠡᠬᠦ ᠪᠡᠷ ᠴᠢᠷᠮᠠᠢᠨ᠎ᠠ》 ᠭᠡᠵᠡᠢ᠃