ᠤᠷᠠᠯᠢᠭ ᠪᠦᠵᠢᠭ᠎ᠤᠨ ᠤᠤᠬᠠᠢ ᠡᠷᠬᠦᠭᠰᠡᠨ ᠠᠨᠳᠠᠢ ᠵᠢᠨ ᠰᠤᠶᠤᠯ᠎ᠤᠨ ᠳᠠᠷᠳᠠᠩ ᠵᠠᠮᠨᠠᠯ
2026-05-15 10:59:01
ᠵᠣᠬᠢᠶᠠᠭ᠍ᠴᠢ᠄
​ ᠬᠤᠸᠠ ᠯᠸᠢ
ᠣᠩᠱᠢᠭ᠍ᠰᠠᠨ ᠣᠳᠠᠭ᠎ᠠ᠄
★★★☆☆

ᠲᠤᠰᠬᠠᠢ ᠰᠡᠳᠦᠪᠲᠦ ᠮᠡᠳᠡᠭᠡᠯᠡᠯ ᠭᠤᠷᠪᠠᠨ ᠱᠠᠳᠤᠨ᠎ᠤ ᠬᠤᠯᠪᠤᠭᠠᠯᠠᠯ  

《ᠠᠨᠳᠠᠶ ᠵᠢᠨ ᠰᠣᠶᠣᠯ》 ᠪᠣᠯ ᠮᠣᠩᠭᠣᠯ ᠦᠨᠳᠦᠰᠦᠲᠡᠨ ᠦ᠌ ᠠᠷᠠᠳ ᠤ᠋ᠨ ᠤᠷᠠᠯᠢᠭ᠋ ᠤ᠋ᠨ ᠦᠨᠡᠲᠦ ᠡᠷᠳᠡᠨᠢ᠂ ᠨᠠᠩ ᠴᠤ᠌ ᠬᠦᠷᠢᠶ᠎ᠡ ᠬᠣᠰᠢᠭᠤᠨ ᠤ᠋ ᠥᠪᠡᠷᠮᠢᠴᠡ ᠰᠣᠶᠣᠯ ᠤ᠋ᠨ ᠦᠨᠳᠦᠰᠦ ᠰᠤᠷᠪᠤᠯᠵᠢ᠃ ᠲᠡᠭᠦᠨ ᠦ᠌ ᠡᠭᠦᠰᠦᠯ ᠪᠠ ᠬᠥᠭᠵᠢᠯᠲᠡ ᠨᠢ ᠳᠤᠰ ᠦᠨᠳᠦᠰᠦᠲᠡᠨ ᠦ᠌ ᠠᠮᠢᠳᠤᠷᠠᠯ ᠤ᠋ᠨ ᠢᠮ ᠲᠡᠮᠳᠡᠭ ᠪᠠ ᠣᠶᠤᠨ ᠰᠠᠨᠠᠭᠠᠨ ᠤ᠋ ᠬᠥᠭᠡᠭᠡᠴᠡᠯᠳᠦᠯ ᠢ᠋ ᠬᠠᠷᠠᠭᠤᠯᠵᠤ ᠪᠠᠢᠳᠠᠭ᠃ ᠠᠩᠬ᠎ᠠ ᠡᠬᠢᠨ ᠳ᠋ᠡᠭᠡᠨ ᠠᠨᠳᠠᠢ ᠨᠢ ᠡᠪᠡᠳᠴᠢᠨ ᠵᠠᠰᠠᠬᠤ᠂ ᠭᠠᠢ ᠪᠠᠷᠴᠢᠳ ᠠᠷᠢᠯᠭᠠᠬᠤ᠂ ᠰᠡᠳᠬᠢᠯ ᠰᠠᠨᠠᠭ᠎ᠠ ᠶ᠋ᠢ ᠲᠠᠢᠳᠬᠤᠷᠠᠭᠤᠯᠬᠤ ᠵᠠᠡᠭ ᠦᠢᠯᠡ ᠶ᠋ᠢᠨ ᠰᠤᠶᠤᠯ ᠪᠠᠢᠪᠠ᠃ ᠳᠠᠭᠤᠤ᠂ ᠪᠥᠵᠢᠭ᠂ ᠵᠤᠭ᠎ᠠ ᠴᠡᠩᠭᠡᠯ ᠦ᠋ᠨ ᠠᠭᠤᠰᠤᠯᠴᠠᠭᠰᠠᠨ ᠬᠡᠯᠪᠡᠷᠢ ᠪᠡᠷ ᠠᠷᠠᠳ ᠲᠦᠮᠡᠨ ᠦ᠌ ᠡᠷᠡᠭᠦᠯ ᠮᠡᠨᠳᠦ ᠠᠮᠤᠷ ᠠᠮᠤᠭᠤᠯᠠᠩ᠂ ᠰᠠᠢᠨ ᠰᠠᠢᠬᠠᠨ ᠠᠮᠢᠳᠤᠷᠠᠯ ᠤ᠋ᠨ ᠲᠤᠬᠠᠶ ᠪᠣᠷᠣᠭᠵᠢᠭᠤᠨ ᠬᠦᠰᠡᠯ ᠮᠥᠷᠥᠭᠡᠳᠦᠯ ᠢ᠋ ᠢᠯᠡᠳᠬᠡᠵᠦ᠂ ᠲᠡᠬᠦᠨ ᠳ᠋ᠤ᠌ ᠠᠭᠤᠯᠤᠭᠳᠠᠵᠤ ᠪᠠᠢᠭ᠎ᠠ ᠠᠮᠢᠨ ᠰᠢᠳᠤᠯᠭᠡ᠂ ᠪᠠᠶᠠᠰᠤᠡᠭ᠌ᠭᠤᠢ ᠦᠵᠡᠯ ᠤ᠋ᠨ ᠵᠤᠷᠢᠭ᠋ ᠰᠠᠨᠠᠭ᠎ᠠ ᠨᠢ ᠰᠤᠶᠤᠯ ᠤ᠋ᠨ ᠴᠦᠮ᠎ᠡ᠂ ᠰᠢᠳᠢ ᠬᠦᠴᠤᠨ ᠪᠤᠯᠵᠤ ᠠᠮᠢᠯᠠᠨ ᠤᠯᠠᠮᠵᠢᠯᠠᠭᠳᠠᠭᠰᠠᠭᠠᠷ ᠠᠨᠳᠠᠢ ᠵᠢᠨ ᠰᠤᠶᠤᠯ ᠲᠠᠰᠤᠷᠠᠯᠳᠠ ᠦᠭᠡᠢ ᠬᠥᠭᠵᠢᠨ ᠲᠡᠭᠦᠯᠳᠡᠷᠵᠢᠪᠡ᠃ 


QQ20260515-104625.png


ᠡᠷᠲᠡ ᠦᠶ᠎ᠡ ᠶ᠋ᠢᠨ ᠠᠨᠳᠠᠢ ᠪᠥᠵᠢᠭ ᠨᠢ ᠢᠯᠡ ᠲᠤᠳᠤ ᠰᠢᠳᠤᠯᠭᠡ ᠶ᠋ᠢᠨ ᠬᠡᠯᠪᠡᠷᠢ ᠪᠡᠷ ᠤᠷᠤᠰᠢᠵᠤ᠂ ᠪᠥᠵᠢᠭ ᠦ᠋ᠨ ᠠᠯᠬᠤᠭ᠎ᠠ ᠨᠢ ᠪᠣᠷᠣᠭᠵᠢᠭᠤᠨ᠂ ᠳᠠᠭᠤᠯᠠᠬᠤ ᠠᠶᠠᠯᠭᠤ ᠨᠢ ᠨᠠᠮ ᠵᠢᠮ ᠪᠠᠢᠵᠤ᠂ ᠲᠥᠪ ᠴᠢᠩᠭ᠎ᠠ ᠶᠣᠰᠣᠯᠠᠯ ᠳᠠᠷᠠᠭᠠᠯᠠᠯ ᠪᠣᠯᠤᠨ ᠤᠯᠠᠮᠵᠢᠯᠠᠯ ᠤ᠋ᠨ ᠳᠦᠷᠢᠮᠵᠢᠯ ᠲᠡᠶ᠂ ᠵᠥᠪᠬᠡᠨ ᠠᠷᠠᠳ ᠤ᠋ᠨ ᠳᠤᠮᠳᠠ ᠪᠠᠭ᠎ᠠ ᠬᠡᠪᠴᠢᠵ᠎ᠡ ᠪᠡᠷ ᠤᠯᠠᠮᠵᠢᠯᠠᠭᠳᠠᠵᠤ ᠪᠠᠢᠵᠠᠢ᠃ ᠴᠠᠭ ᠦᠶ᠎ᠡ ᠶ᠋ᠢᠨ ᠬᠤᠪᠢᠷᠠᠯᠲᠠ ᠶ᠋ᠢ ᠲᠠᠭᠠᠯᠳᠤᠨ ᠠᠨᠳᠠᠢ ᠪᠥᠵᠢᠭ ᠨᠢ ᠰᠢᠳᠤᠯᠭᠡ ᠶ᠋ᠢᠨ ᠵᠠᠩ ᠤᠯᠠᠮᠵᠢᠯᠡᠯ ᠠᠭᠠᠵᠢᠮ ᠢ᠋ᠶ᠋ᠠᠷ ᠬᠠᠶᠠᠵᠤ᠂ ᠲᠤᠰᠬᠠᠢ ᠶᠣᠰᠣᠯᠠᠯ ᠤ᠋ᠨ ᠪᠥᠵᠢᠭ ᠡᠴᠡ ᠤᠯᠠᠨ ᠲᠦᠮᠡᠨᠴᠢ ᠴᠢᠨᠠᠷᠲᠠᠢ ᠵᠤᠭ᠎ᠠ ᠴᠡᠩᠭᠡᠯᠳᠦ ᠪᠥᠵᠢᠭ ᠪᠣᠯᠤᠨ ᠬᠤᠪᠢᠷᠠᠵᠤ᠂ ᠠᠷᠠᠳ ᠲᠦᠮᠡᠨ ᠦ᠌ ᠡᠳᠦᠷ ᠲᠤᠳᠤᠮ ᠤ᠋ᠨ ᠦᠢᠯᠡᠳᠪᠦᠷᠢᠯᠡᠯ ᠠᠮᠢᠳᠤᠷᠠᠯ ᠳ᠋ᠤ᠌ ᠠᠭᠤᠰᠤᠯᠴᠠᠵᠤ᠂ ᠪᠥᠵᠢᠭ ᠦ᠋ᠨ ᠠᠯᠬᠤᠭ᠎ᠠ ᠨᠢ ᠨᠡᠩ ᠬᠦᠭᠵᠢᠬᠦᠨ ᠲᠤᠷᠪᠢᠯᠢᠭ᠋᠂ ᠬᠦᠭ ᠠᠶᠠᠰ ᠨᠢ ᠨᠡᠩ ᠬᠤᠷᠴᠠ ᠲᠣᠳᠣ᠌᠂ ᠠᠭᠤᠯᠭ᠎ᠠ ᠨᠢ ᠴᠦ᠍ ᠠᠮᠢᠳᠤᠷᠠᠯ ᠳ᠋ᠤ᠌ ᠤᠯᠠᠮ ᠤᠢ᠍ᠢᠷᠠᠳᠤᠵᠥ᠂ ᠤᠯᠠᠨ ᠲᠦᠮᠡᠨ ᠦ᠌ ᠬᠠᠢᠷ᠎ᠠ ᠰᠡᠳᠬᠢᠯᠭᠡ ᠪᠡᠨ ᠢᠯᠡᠳᠬᠡᠬᠦ᠂ ᠨᠤᠲᠤᠭ ᠤᠰᠤᠨ ᠤ᠋ ᠰᠡᠳᠬᠢᠯᠭᠡ ᠪᠡᠨ ᠨᠢᠭ᠍ᠲᠠᠷᠠᠭᠤᠯᠬᠤ ᠤᠷᠠᠯᠢᠭ᠋ ᠤ᠋ᠨ ᠬᠡᠯᠪᠡᠷᠢ ᠪᠣᠯᠤᠭᠰᠠᠨ ᠪᠠᠢᠨ᠎ᠠ᠃

ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ ᠤ᠋ ᠳᠠᠷᠠᠭ᠎ᠠ᠂ ᠡᠨᠡ ᠬᠦ᠌ ᠠᠷᠠᠳ ᠤ᠋ᠨ ᠤᠯᠠᠮᠵᠢᠯᠠᠯᠳᠤ ᠰᠤᠶᠤᠯ ᠪᠤᠯᠤᠭᠰᠠᠨ ᠠᠨᠳᠠᠢ ᠤᠷᠠᠯᠢᠭ᠋ ᠨᠢ ᠰᠡᠷᠬᠦᠯ ᠠᠮᠢᠯᠠᠯ ᠢ᠋ᠶ᠋ᠠᠨ ᠤᠯᠵᠤ᠂ ᠬᠦᠷᠢᠶ᠎ᠡ ᠬᠤᠰᠢᠭᠤᠨ ᠳ᠋ᠤ᠌ ᠲᠡᠯᠭᠡᠷᠡᠵᠤ ᠪᠠᠢᠭᠰᠠᠨ ᠠ᠋ᠴᠠ ᠪᠦᠬᠦ ᠦᠪᠤᠷ ᠮᠤᠡᠭ᠌ᠭᠤᠯ ᠤᠷᠤᠨ ᠳ᠋ᠤ᠌ ᠤᠯᠡᠮᠵᠢᠯᠡᠨ ᠲᠡᠯᠭᠡᠷᠡᠵᠤ᠂ ᠦᠪᠤᠷ ᠮᠤᠡᠭ᠌ᠭᠤᠯ ᠤᠷᠤᠨ ᠠ᠋ᠴᠠ ᠪᠠᠨ ᠪᠦᠬᠦ ᠤᠯᠤᠰ ᠲᠤ᠌ ᠤᠯᠠᠮᠵᠢᠯᠠᠭᠳᠠᠨ ᠲᠦᠭᠡᠮᠡᠯᠵᠢᠵᠤ᠂ ᠴᠢᠨᠠᠭᠰᠢᠯᠠᠪᠠᠯ ᠲᠡᠯᠡᠬᠡᠢ ᠨᠡᠢᠳᠡ ᠳ᠋ᠤ᠌ ᠠᠯᠳᠠᠷᠰᠢᠭ᠍ᠰᠠᠨ ᠶᠤᠮ᠃ ᠬᠦᠷᠢᠶ᠎ᠡ ᠬᠣᠰᠢᠭᠤ ᠴᠤ᠌ ᠠᠨᠳᠠᠢ ᠵᠢᠨ ᠰᠤᠶᠤᠯ ᠤ᠋ᠨ ᠵᠢᠡᠨ ᠰᠢᠰᠲᠧᠮ ᠦ᠋ᠨ ᠴᠢᠨᠠᠷᠲᠠᠶ ᠠᠭᠤᠳᠠᠯᠬᠤ᠂ ᠡᠮᠬᠢᠳᠬᠡᠬᠦ ᠪᠠ ᠬᠠᠮᠠᠭᠠᠯᠠᠬᠤ ᠠᠵᠢᠯ ᠢ᠋ᠶ᠋ᠠᠨ ᠵᠢᠩᠬᠢᠨᠢ ᠪᠡᠷ ᠡᠬᠢᠯᠡᠭᠦᠯᠪᠡ᠃ ᠨᠢᠭᠡ ᠪᠦᠯᠦᠭ ᠠᠷᠠᠳ ᠤ᠋ᠨ ᠠᠬᠠᠮᠠᠳ ᠤᠷᠠᠯᠢᠭ᠍ᠴᠢᠳ ᠠᠨᠳᠠᠢ ᠵᠢᠨ ᠰᠤᠶᠤᠯ ᠢ᠋ ᠤᠯᠠᠮᠵᠢᠯᠠᠨ ᠵᠠᠯᠭᠠᠮᠵᠢᠯᠠᠬᠤ ᠦᠶ᠋ᠯᠡᠰ ᠲᠦ᠍ ᠣᠷᠣᠯᠴᠠᠵᠤ᠂ ᠤᠯᠠᠮᠵᠢᠯᠠᠯᠲᠤ ᠪᠥᠵᠢᠭ ᠦ᠋ᠨ ᠠᠯᠬᠤᠭ᠎ᠠ ᠶ᠋ᠢ ᠡᠮᠬᠢᠯᠡᠨ᠂ ᠰᠣᠩᠭᠣᠳᠠᠭ ᠳᠠᠭᠤᠤ ᠶ᠋ᠢᠨ ᠬᠡᠰᠡᠭ ᠢ᠋ ᠡᠮᠬᠢᠯᠡᠵᠦ᠂ ᠪᠥᠵᠢᠭ ᠦ᠋ᠨ ᠬᠡᠯᠪᠡᠷᠢ ᠶ᠋ᠢ ᠰᠡᠷᠭᠦᠭᠡᠵᠦ᠂ ᠠᠯᠳᠠᠭᠳᠠᠭᠰᠠᠨ ᠠᠨᠳᠠᠶ ᠤᠷᠠᠯᠢᠭ᠋ ᠢ᠋ ᠳᠠᠬᠢᠨ ᠠᠮᠢᠯᠠᠭᠤᠯᠵᠦ᠂ 1958 ᠣᠨ ᠳ᠋ᠤ᠌᠂ ᠬᠦᠷᠢᠶ᠎ᠡ ᠬᠤᠰᠢᠭᠤᠨ ᠤ᠋ ᠠᠷᠠᠳ ᠤ᠋ᠨ ᠤᠷᠠᠯᠢᠭ᠍ᠴᠢᠨ ᠡᠷᠳᠡᠨᠢᠪᠡᠯ ᠪᠡᠭᠡᠵᠢᠩ ᠳ᠋ᠦ᠍ ᠶᠠᠪᠤᠭᠳᠠᠭᠰᠠᠨ ᠪᠦᠬᠦ ᠤᠯᠤᠰ ᠤ᠋ᠨ ᠵᠠᠭᠤᠨ ᠲᠦᠮᠡᠨ ᠠᠷᠠᠳ ᠤ᠋ᠨ ᠲᠠᠭᠤᠤ ᠶ᠋ᠢᠨ ᠦᠵᠡᠬᠦᠯᠭᠡ ᠵᠢᠨ ᠲᠤᠭᠯᠠᠯᠳᠠ ᠳ᠋ᠤ᠌ ᠠᠨᠳᠠᠢ ᠪᠥᠵᠢᠭ ᠢ᠋ ᠲᠤᠭᠯᠠᠭᠠᠳ᠂ ᠠᠨᠳᠠᠢ ᠪᠦᠵᠢᠭ ᠢ᠋ ᠠᠡᠭ᠌ᠬ᠎ᠠ ᠤᠳᠠᠭ᠎ᠠ ᠤᠯᠤᠰ ᠲᠠᠶᠠᠭᠠᠷ ᠲᠤ᠌ ᠠᠯᠳᠠᠷᠰᠢᠭᠤᠯᠤᠭᠰᠠᠨ᠃ 1980 ᠤᠨ ᠳ᠋ᠤ᠌ ᠬᠦᠷᠢᠶ᠎ᠡ ᠬᠤᠰᠢᠭᠤᠨ ᠤ᠋ ᠤᠯᠠᠭᠠᠨᠮᠦ᠋ᠴᠢᠷ ᠤ᠋ᠨ ᠵᠤᠬᠢᠶᠠᠨ ᠪᠦᠳᠤᠭᠡᠵᠤ ᠲᠤᠭᠯᠠᠭᠰᠠᠨ 《ᠠᠨᠳᠠᠢ ᠶ᠋ᠢᠨ ᠲᠠᠭᠤᠯᠠᠯ》 ᠨᠢ ᠦᠪᠤᠷ ᠮᠤᠡᠭ᠌ᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠰᠠᠷᠠᠨ᠎ᠠ ᠱᠠᠡᠭ᠌ᠨᠠᠯ ᠢ᠋ ᠲᠤᠰᠴᠤ᠂ 1988 ᠤᠨ ᠳ᠋ᠤ ᠬᠦ᠋ᠷᠢᠶ᠎ᠡ ᠬᠤᠰᠢᠭᠤᠨ ᠤ᠋ ᠤᠯᠠᠭᠠᠨᠮᠦ᠋ᠴᠢᠷ ᠤ᠋ᠨ ᠬᠢᠨ᠎ᠤ ᠵᠤᠬᠢᠶᠠᠨ ᠪᠦᠳᠤᠭᠡᠵᠤ ᠲᠤᠭᠯᠠᠭᠰᠠᠨ 《ᠠᠨᠳᠠᠢ ᠶ᠋ᠢᠨ ᠲᠤᠮᠤᠭ》 ᠵᠦᠴᠦᠭᠡ ᠨᠢ ᠠᠡᠭ᠌ᠬᠠᠳᠠᠭ᠍ᠴᠢ 《ᠬᠤᠷᠴᠢᠨ ᠤ᠋ ᠮᠤᠡᠭ᠌ᠭᠤᠯ ᠵᠦᠴᠤᠬᠡ》 ᠪᠡᠷ ᠨᠡᠷᠡᠢᠳᠦᠭᠳᠡᠵᠤ᠂ ᠪᠦᠬᠦ ᠤᠯᠤᠰ ᠤ᠋ᠨ ᠴᠦᠭᠡᠨ ᠲᠤᠭᠠᠳᠤ ᠦᠨᠳᠤᠰᠤᠳᠠᠨ ᠤ᠋ ᠰᠢ ᠵᠦᠴᠤᠭᠡ ᠶ᠋ᠢᠨ ᠮᠦᠡᠭᠬᠦᠨ ᠮᠧᠲᠠᠯ ᠬᠦᠷᠳᠡᠭᠰᠡᠨ ᠪᠢᠯᠡ᠃ ᠠᠨᠳᠠᠢ ᠪᠦᠵᠢᠭ ᠨᠢ ᠲᠠᠯ᠎ᠠ ᠨᠤᠲᠤᠭ ᠤ᠋ᠨ ᠤᠯᠠᠨ ᠨᠡᠢᠲᠡ ᠶ᠋ᠢᠨ ᠳᠠᠭᠤᠤ ᠪᠥᠵᠢᠭ ᠡᠴᠡ ᠪᠦᠬᠦ ᠤᠯᠤᠰ ᠲᠤ᠌ ᠠᠯᠳᠠᠷᠰᠢᠭ᠍ᠰᠠᠨ ᠦᠨᠳᠦᠰᠦᠲᠡᠨ ᠦ᠌ ᠤᠷᠠᠯᠢᠭ᠋ ᠤ᠋ᠨ ᠦᠨᠡᠲᠦ ᠡᠷᠳᠡᠨᠢ ᠪᠤᠯᠵᠤ᠂ ᠬᠣᠷᠴᠢᠨ ᠰᠣᠶᠣᠯ ᠴᠢᠨᠠᠭᠰᠢᠯᠠᠪᠠᠯ ᠮᠣᠩᠭᠣᠯ ᠦᠨᠳᠦᠰᠦᠲᠡᠨ ᠦ᠌ ᠰᠣᠶᠣᠯ ᠤ᠋ᠨ ᠴᠢᠬᠤᠯᠠ ᠪᠡᠯᠭᠡ ᠲᠡᠮᠳᠡᠭ ᠪᠣᠯᠤᠭᠰᠠᠨ ᠪᠠᠢᠨ᠎ᠠ᠃

ᠠᠨᠳᠠᠢ ᠵᠢᠨ ᠰᠤᠶᠤᠯ ᠤ᠋ᠨ ᠬᠦᠭᠵᠢᠬᠦᠯᠤᠯᠳᠠ ᠲᠡᠯᠭᠡᠷᠡᠬᠦᠯᠤᠯᠳᠠ ᠨᠢ ᠦᠶ᠎ᠡ ᠦᠶ᠎ᠡ ᠶ᠋ᠢᠨ ᠪᠣᠳᠠᠰ ᠤ᠋ᠨ ᠪᠤᠰᠤ ᠰᠣᠶᠣᠯ ᠤ᠋ᠨ ᠦᠪ ᠤ᠋ᠨ ᠤᠯᠠᠮᠵᠢᠯᠠᠭᠴᠢ ᠶ᠋ᠢᠨ ᠪᠠᠲᠤ ᠪᠠᠷᠢᠮᠲᠠᠯᠠᠯ ᠪᠠ ᠤᠷᠠᠯᠢᠭ᠍ᠴᠢᠳ ᠤ᠋ᠨ ᠬᠠᠮᠳᠤ ᠶ᠋ᠢᠨ ᠴᠢᠷᠮᠠᠢᠯᠭ᠎ᠠ ᠠ᠋ᠴᠠ ᠰᠠᠯᠵᠤ ᠴᠢᠳᠠᠬᠤ ᠦᠭᠡᠶ ᠶᠤᠮ᠃ ᠬᠦᠷᠢᠶ᠎ᠡ ᠬᠣᠰᠢᠭᠤ ᠠᠨᠳᠠᠢ ᠵᠢᠨ ᠰᠤᠶᠤᠯ᠎ᠤᠨ ᠤᠯᠠᠮᠵᠢᠯᠠᠭᠴᠢ ᠪᠠ ᠴᠢᠳᠠᠪᠤᠷᠢᠲᠠᠨ ᠢ᠋ ᠬᠥᠮᠦᠵᠢᠭᠦᠯᠬᠦ ᠶ᠋ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠣᠲᠠ᠂ ᠬᠣᠰᠢᠭᠤ ᠳᠥᠷᠪᠡᠨ ᠱᠠᠲᠤᠨ ᠤ᠋ ᠪᠣᠳᠠᠰ ᠤ᠋ᠨ ᠪᠤᠰᠤ ᠰᠣᠶᠣᠯ ᠤ᠋ᠨ ᠥᠪ ᠦ᠋ᠨ ᠠᠨᠳᠠᠶ ᠪᠥᠵᠢᠭ ᠦ᠋ᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶ᠋ᠢᠨ ᠰᠢᠰᠲᠧᠮ ᠢ᠋ ᠪᠠᠢᠭᠤᠯᠵᠤ᠂ ᠨᠢᠭᠡ ᠪᠦᠯᠤᠭ᠌ ᠠᠨᠳᠠᠶ ᠶ᠋ᠢ ᠬᠠᠢᠷᠠᠯᠠᠳᠠᠭ ᠠᠬᠠᠮᠠᠳ ᠤᠷᠠᠯᠢᠭ᠍ᠴᠢᠨ᠂ ᠤᠳᠬ᠎ᠠ ᠤᠷᠠᠯᠢᠭ᠋ ᠤ᠋ᠨ ᠠᠵᠢᠯᠲᠠᠨ ᠠᠷᠠᠳ ᠤ᠋ᠨ ᠳᠤᠮᠳᠠ ᠭᠦᠨᠵᠡᠭᠡᠢᠷᠡᠵᠦ᠂ ᠨᠠᠰᠤᠨ ᠲᠤᠷᠰᠢᠳᠠ ᠠᠨᠳᠠᠢ ᠵᠢᠨ ᠰᠤᠶᠤᠯ᠎ᠢ ᠰᠠᠬᠢᠨ ᠬᠠᠮᠠᠭᠠᠯᠠᠵᠤ᠂ ᠦᠶ᠎ᠡ ᠶ᠋ᠢᠨ ᠦᠶ᠎ᠡ ᠳ᠋ᠦ᠍ ᠤᠯᠠᠮᠵᠢᠯᠠᠬᠤ ᠶ᠋ᠢ ᠠᠬᠢᠭᠤᠯᠵᠤ ᠪᠠᠢᠨ᠎ᠠ᠃

ᠮᠠᠰᠢ ᠣᠯᠠᠨ ᠤᠯᠠᠮᠵᠢᠯᠠᠭ᠍ᠴᠢᠳ ᠤ᠋ᠨ ᠳᠣᠲᠣᠷ᠎ᠠ᠂ ᠨᠢᠭᠡ ᠪᠦᠯᠦᠭ ᠤᠯᠠᠮᠵᠢᠯᠠᠯᠲᠤ ᠠᠨᠳᠠᠶ ᠪᠥᠵᠢᠭ ᠦ᠋ᠨ ᠠᠯᠬᠤᠭ᠎ᠠ ᠪᠠ ᠳᠠᠭᠤᠯᠠᠬᠤ ᠠᠶ᠎ᠠ ᠳ᠋ᠤ᠌ ᠨᠡᠪᠲᠡᠷᠡᠭᠰᠡᠨ᠌ ᠠᠬᠠᠮᠠᠳ ᠤᠷᠠᠯᠢᠭ᠍ᠴᠢᠳ ᠬᠥᠳᠡᠭᠡ ᠲᠣᠰᠬᠣᠨ ᠳ᠋ᠤ᠌ ᠦᠨᠳᠦᠰᠦᠯᠡᠵᠦ᠂ ᠠᠨᠳᠠᠶ ᠤᠷᠠᠯᠢᠭ᠋ ᠢ᠋ ᠬᠡᠳᠦᠨ ᠠᠷᠪᠠᠨ ᠵᠢᠯ ᠭᠦᠨ ᠰᠤᠳᠤᠯᠵᠤ᠂ ᠤᠯᠠᠮᠵᠢᠯᠠᠯᠲᠤ ᠠᠨᠳᠠᠢ ᠵᠢᠨ ᠰᠤᠶᠤᠯ ᠤ᠋ᠨ ᠮᠠᠲᠧᠷᠢᠶᠠᠯ ᠢ᠋ ᠡᠮᠬᠢᠯᠡᠵᠦ᠂ ᠵᠠᠯᠠᠭᠤ ᠬᠥᠮᠦᠰ ᠲᠦ᠍ ᠤᠷ᠎ᠠ ᠮᠡᠷᠭᠡᠵᠢᠯ ᠤᠯᠠᠮᠵᠢᠯᠠᠨ ᠥᠭᠴᠦ᠂ ᠤᠯᠠᠮᠵᠢᠯᠠᠯᠲᠤ ᠠᠨᠳᠠᠶ ᠪᠥᠵᠢᠭ᠎ᠦᠨ ᠬᠡᠯᠪᠡᠷᠢ ᠶ᠋ᠢᠨ ᠰᠡᠷᠬᠦᠯᠳᠡ ᠪᠠ ᠬᠠᠮᠠᠭᠠᠯᠠᠯᠳᠠ ᠳ᠋ᠤ᠌ ᠶᠡᠬᠡ ᠬᠡᠮᠵᠢᠶᠠᠨ ᠤ᠋ ᠬᠦᠴᠤ ᠵᠠᠷᠤᠴᠠᠭᠤᠯᠪᠠ᠃ ᠪᠠᠰᠠ ᠨᠢᠭᠡ ᠪᠦᠯᠦᠭ ᠰᠢᠨ᠎ᠡ ᠶ᠋ᠢ ᠡᠭᠦᠳᠴᠦ᠂ ᠠᠨᠳᠠᠢ ᠤᠷᠠᠯᠢᠭ᠋ ᠢ᠋ᠶ᠋ᠠᠨ ᠵᠤᠷᠢᠭ᠍ᠳᠠᠢ ᠤᠯᠠᠮᠵᠢᠯᠠᠬᠤ ᠰᠠᠨᠠᠭ᠎ᠠ ᠲᠠᠢ ᠢᠳᠡᠷ ᠵᠠᠯᠠᠭᠤ ᠨᠠᠰᠤᠨ ᠤ᠋ ᠤᠯᠠᠮᠵᠢᠯᠠᠭ᠍ᠴᠢᠳ ᠤᠯᠠᠮᠵᠢᠯᠠᠯᠲᠤ ᠤᠷᠠᠯᠢᠭ᠋ ᠤ᠋ᠨ ᠬᠢᠵᠠᠭᠠᠷᠯᠠᠯ ᠢ᠋ ᠡᠪᠳᠡᠵᠦ᠂ ᠤᠳᠤ ᠦᠶ᠎ᠡ ᠶ᠋ᠢᠨ ᠪᠥᠵᠢᠭ ᠦ᠋ᠨ ᠡᠯᠧᠮᠧᠨ᠋ᠲ᠂ ᠴᠠᠭ ᠦᠶ᠎ᠡ ᠶ᠋ᠢᠨ ᠵᠣᠷᠢᠭ᠋ ᠰᠠᠨᠠᠭ᠎ᠠ ᠶ᠋ᠢ ᠠᠨᠳᠠᠢ ᠪᠥᠵᠢᠭ ᠦ᠋ᠨ ᠨᠠᠢᠷᠠᠭᠤᠯᠤᠨ ᠲᠤᠬᠢᠷᠠᠭᠤᠯᠭ᠎ᠠ ᠳ᠋ᠤ᠌ ᠠᠭᠤᠰᠬᠠᠵᠤ᠂ ᠠᠨᠳᠠᠢ ᠤᠷᠠᠯᠢᠭ᠋ ᠢ᠋ ᠣᠳᠣᠬᠠᠨ ᠤ᠋ ᠭᠤᠸ᠎ᠠ ᠲᠠᠭᠠᠰᠢᠶᠠᠯ ᠳ᠋ᠤ᠌ ᠨᠡᠢᠴᠡᠭᠦᠯᠵᠦ᠂ ᠨᠡᠩ ᠤᠯᠠᠨ ᠵᠠᠯᠠᠭᠤᠴᠤᠳ ᠤ᠋ᠨ ᠠᠮᠢᠳᠤᠷᠠᠯ ᠳ᠋ᠤ᠌ ᠣᠷᠣᠭᠤᠯᠤᠭᠰᠠᠨ ᠪᠠᠢᠨ᠎ᠠ᠃


QQ20260515-104642.png


ᠤᠢ᠍ᠢᠷ᠎ᠠ ᠶ᠋ᠢᠨ ᠵᠢᠯ ᠡᠴᠡ ᠨᠠᠭᠠᠰᠢ᠂ ᠬᠦᠷᠢᠵ᠎ᠡ ᠬᠣᠰᠢᠭᠤ ᠠᠨᠳᠠᠢ ᠵᠢᠨ ᠰᠤᠶᠤᠯ ᠢ᠋ ᠬᠠᠮᠠᠭᠠᠯᠠᠨ ᠤᠯᠠᠮᠵᠢᠯᠠᠬᠤ ᠶ᠋ᠢ ᠢᠮᠠᠭᠲᠠ ᠰᠣᠶᠣᠯ ᠤ᠋ᠨ ᠪᠠᠢᠭᠤᠯᠤᠯᠲᠠ ᠶ᠋ᠢᠨ ᠭᠣᠣᠯ ᠠᠵᠢᠯ ᠪᠣᠯᠭᠠᠵᠤ᠂ 《ᠳᠤᠮᠳᠠᠳᠤ ᠤᠯᠤᠰ ᠤ᠋ᠨ ᠠᠨᠳᠠᠢ ᠤᠷᠠᠯᠢᠭ᠋ ᠤ᠋ᠨ ᠨᠤᠲᠤᠭ》 ᠭᠡᠬᠦ ᠳᠦᠷᠦᠯ ᠳᠡᠮᠳᠡᠭ ᠲᠤ᠌ ᠰᠠᠭᠤᠷᠢᠯᠠᠵᠤ᠂ ᠬᠠᠮᠠᠭᠠᠯᠠᠬᠤ ᠪᠠ ᠰᠢᠨ᠎ᠡ ᠶ᠋ᠢ ᠡᠭᠦᠳᠬᠦ ᠶ᠋ᠢ ᠵᠡᠷᠭᠡ ᠪᠡᠷ ᠶᠠᠪᠤᠭᠳᠠᠭᠤᠯᠬᠤ᠂ ᠤᠯᠠᠮᠵᠢᠯᠠᠬᠤ ᠪᠠ ᠲᠡᠯᠭᠡᠷᠡᠬᠦᠯᠬᠦ ᠶ᠋ᠢ ᠵᠡᠷᠭᠡ ᠪᠡᠷ ᠴᠢᠬᠤᠯᠠᠴᠢᠯᠠᠬᠤ ᠶ᠋ᠢ ᠪᠠᠷᠢᠮᠲᠠᠯᠠᠵᠤ᠂ ᠠᠨᠳᠠᠢ ᠵᠢᠨ ᠰᠤᠶᠤᠯ ᠤ᠋ᠨ ᠪᠦᠲᠦᠭᠡᠯᠴᠢ ᠴᠢᠨᠠᠷᠲᠠᠢ ᠬᠤᠪᠢᠷᠠᠯᠲᠠ᠂ ᠰᠢᠨ᠎ᠡ ᠶ᠋ᠢ ᠡᠭᠦᠳᠬᠦ ᠴᠢᠨᠠᠷᠲᠠᠢ ᠬᠥᠭᠵᠢᠯᠲᠡ ᠶ᠋ᠢ ᠲᠠᠰᠤᠷᠠᠯᠳᠠ ᠦᠭᠡᠢ ᠪᠡᠶᠡᠯᠡᠭᠦᠯᠬᠦ ᠶ᠋ᠢ ᠠᠬᠢᠭᠤᠯᠵᠤ᠂ ᠤᠯᠠᠨ ᠢ᠋ ᠭᠠᠢᠬᠠᠭᠤᠯᠤᠮ᠎ᠠ ᠰᠣᠶᠣᠯ ᠤ᠋ᠨ ᠬᠥᠭᠵᠢᠯᠲᠡ ᠶ᠋ᠢᠨ ᠰᠢᠨ᠎ᠠ ᠬᠠᠭᠤᠳᠠᠰᠤ ᠶ᠋ᠢ ᠲᠤᠰᠢᠶᠠᠵᠤ ᠪᠠᠢᠨ᠎ᠠ᠃

ᠲᠦᠷᠦᠯ ᠲᠡᠮᠳᠡᠭ ᠦ᠋ᠨ ᠪᠠᠢᠭᠤᠯᠤᠯᠲᠠ ᠶ᠋ᠢᠨ ᠲᠠᠯ᠎ᠠ ᠪᠠᠷ᠂ ᠬᠦᠷᠢᠶ᠎ᠡ ᠠᠨᠳᠠᠢ ᠵᠢᠨ ᠰᠤᠶᠤᠯ ᠤ᠋ᠨ ᠨᠥᠯᠥᠭᠡᠯᠡᠬᠦ ᠬᠦᠴᠦᠨ ᠦᠷᠭᠦᠯᠵᠢᠯᠡᠨ ᠳᠡᠭᠡᠭᠰᠢᠯᠡᠵᠦ᠂ ᠤᠯᠤᠰ ᠤ᠋ᠨ ᠲᠡᠰ ᠤ᠋ᠨ ᠤᠯᠠᠨ ᠵᠦᠢᠯ ᠦ᠋ᠨ ᠰᠣᠶᠣᠯ ᠤ᠋ᠨ ᠨᠡᠷ᠎ᠡ ᠶ᠋ᠢᠨ ᠬᠠᠭᠤᠳᠠᠰᠤ ᠶ᠋ᠢ ᠠᠮᠵᠢᠯᠲᠠ ᠲᠠᠶ ᠡᠭᠦᠳᠴᠡᠢ᠃ 2022 ᠣᠨ ᠳ᠋ᠤ᠌᠂ ᠬᠦᠷᠢᠶ᠎ᠡ ᠬᠣᠰᠢᠭᠤᠨ ᠤ᠋ ᠲᠡᠪᠰᠢᠬᠦᠯᠦᠭᠰᠡᠨ《ᠠᠨᠳᠠᠶ ᠤᠷᠠᠯᠢᠭ᠋ ᠤ᠋ᠨ ᠰᠣᠶᠣᠯ ᠤ᠋ᠨ ᠰᠣᠩᠭᠣᠳᠠᠭ ᠪᠦᠲᠦᠭᠡᠯ᠂ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠳ᠋ᠤ᠌ ᠬᠡᠷᠡᠯ ᠭᠢᠯᠪᠠᠭ᠎ᠠ ᠨᠡᠮᠡᠷᠢᠯᠡᠨᠡᠮ》 ᠭᠡᠬᠦ ᠪᠦᠲᠦᠭᠡᠯ ᠨᠢ 《ᠳᠤᠮᠳᠠᠳᠤ ᠤᠯᠤᠰ ᠤ᠋ᠨ ᠠᠷᠠᠳ ᠤ᠋ᠨ ᠰᠣᠶᠣᠯ ᠤᠷᠠᠯᠢᠭ᠋ ᠤ᠋ᠨ ᠨᠤᠲᠤᠭ》 ᠤ᠋ᠨ ᠪᠥᠲᠥᠭᠡᠨ ᠪᠠᠢᠭᠤᠯᠤᠯᠲᠠ ᠶ᠋ᠢᠨ ᠨᠡᠢᠲᠡᠯᠢᠭ ᠵᠢᠱ᠌ᠢᠶ᠎ᠡ ᠪᠡᠷ ᠰᠣᠩᠭᠣᠭᠳᠠᠵᠤ᠂ ᠪᠥᠬᠥ ᠤᠯᠤᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠢ᠋ᠶ᠋ᠡᠷ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠳ᠋ᠤ᠌ ᠬᠦᠴᠦᠨ ᠨᠡᠮᠡᠷᠢᠯᠡᠭᠰᠡᠨ ᠪᠠᠢᠨ᠎ᠠ᠃ 2023 ᠣᠨ ᠳ᠋ᠤ᠌᠂ ᠠᠨᠳᠠᠢ ᠪᠥᠵᠢᠭ ᠪᠦᠬᠦ ᠤᠯᠤᠰ ᠤ᠋ᠨ 《ᠨᠢᠭᠡ ᠰᠢᠶᠠᠨ ᠨᠢᠭᠡ ᠲᠦᠷᠦᠯ ᠲᠡᠮᠳᠡᠭ ᠳᠠᠢ ᠪᠠᠢᠬᠤ》 ᠤᠨᠴᠠᠯᠢᠬ᠍ᠳᠤ ᠰᠣᠶᠣᠯ ᠤᠷᠠᠯᠢᠭ᠋ ᠤ᠋ᠨ ᠨᠡᠢᠲᠡᠯᠢᠭ ᠵᠢᠱ᠌ᠢᠵ᠎ᠡ ᠪᠡᠷ ᠰᠣᠩᠭᠣᠭᠳᠠᠵᠤ᠂ ᠠᠨᠳᠠᠢ ᠵᠢᠨ ᠰᠤᠶᠤᠯ ᠤ᠋ᠨ ᠪᠦᠬᠦ ᠤᠯᠤᠰ ᠤ᠋ᠨ ᠠᠷᠠᠳ ᠤ᠋ᠨ ᠤᠷᠠᠯᠢᠭ᠋ ᠲᠠᠬᠢ ᠪᠠᠢᠷᠢ ᠰᠠᠭᠤᠷᠢ ᠶ᠋ᠢ ᠤᠯᠠᠮ ᠴᠢᠨᠠᠭᠰᠢᠳᠠ ᠪᠠᠲᠤᠳᠬᠠᠪᠠ᠃ ᠡᠭᠦᠨ ᠦ᠌ ᠬᠠᠮᠲᠤ᠂ ᠬᠦᠷᠢᠶ᠎ᠡ ᠬᠣᠰᠢᠭᠤᠨ ᠳ᠋ᠤ᠌ ᠠᠨᠳᠠᠢ ᠵᠢᠨ ᠰᠤᠶᠤᠯ ᠤᠷᠠᠯᠢᠭ᠋ ᠤ᠋ᠨ ᠨᠠᠢᠷ᠂ ᠮᠢᠩᠭᠠᠨ ᠬᠥᠮᠦᠨ ᠦ᠌ ᠠᠨᠳᠠᠶ ᠪᠥᠵᠢᠭ ᠦ᠋ᠨ ᠦᠵᠡᠭᠦᠯᠭᠡ᠂ ᠪᠥᠬᠥ ᠬᠣᠰᠢᠭᠤᠨ ᠤ᠋ ᠠᠨᠳᠠᠶ ᠪᠥᠵᠢᠭ ᠦ᠋ᠨ ᠤᠷᠤᠯᠳᠤᠭᠠᠨ ᠵᠡᠷᠭᠡ ᠲᠥᠷᠥᠯ ᠲᠡᠮᠳᠡᠭ᠎ᠤᠨ ᠠᠵᠢᠯᠯᠠᠭ᠎ᠠ ᠶ᠋ᠢ ᠦᠷᠭᠦᠯᠵᠢᠯᠡᠨ ᠶᠠᠪᠤᠭᠳᠠᠭᠤᠯᠵᠤ᠂ ᠬᠡᠪᠴᠢᠶ᠎ᠡ ᠨᠢ ᠵᠢᠯ ᠳᠠᠷᠠᠭᠠᠯᠠᠨ ᠥᠷᠭᠡᠳᠴᠦ᠂ ᠣᠷᠣᠯᠴᠠᠭᠰᠠᠨ ᠬᠥᠮᠦᠨ ᠦ᠌ ᠲᠣᠭ᠎ᠠ ᠨᠢ ᠵᠢᠯ ᠳᠠᠷᠠᠭᠠᠯᠠᠨ ᠨᠡᠮᠡᠭᠳᠡᠵᠦ᠂ ᠠᠨᠳᠠᠶ ᠪᠥᠵᠢᠭ ᠢ᠋ ᠬᠦᠷᠢᠶ᠎ᠡ ᠨᠤᠳᠤᠭ ᠤ᠋ᠨ ᠳᠦᠷᠢ ᠲᠥᠷᠬᠦ ᠶ᠋ᠢ ᠳᠡᠯᠭᠡᠨ ᠦᠵᠡᠭᠦᠯᠬᠦ᠂ ᠦᠨᠳᠦᠰᠦᠲᠡᠨ ᠦ᠌ ᠰᠣᠶᠣᠯ ᠢ᠋ ᠤᠯᠠᠮᠵᠢᠯᠠᠬᠤ ᠴᠢᠬᠤᠯᠠ ᠴᠤᠩᠬᠤᠪᠴᠢ ᠪᠤᠯᠭᠠᠭᠰᠠᠨ ᠪᠠᠢᠨ᠎ᠠ᠃


QQ20260515-104702.png


ᠤᠯᠠᠮᠵᠢᠯᠠᠨ ᠵᠠᠯᠭᠠᠮᠵᠢᠯᠠᠬᠤ ᠰᠢᠰᠲᠧᠮ ᠦ᠋ᠨ ᠪᠠᠢᠭᠤᠯᠤᠯᠲᠠ ᠶ᠋ᠢᠨ ᠲᠠᠯ᠎ᠠ ᠪᠠᠷ᠂ ᠬᠦᠷᠢᠶ᠎ᠡ ᠬᠣᠰᠢᠭᠤ ᠪᠦᠬᠦ ᠲᠠᠯ᠎ᠠ ᠶ᠋ᠢᠨ ᠤᠯᠠᠨ ᠲᠡᠰ ᠳᠠᠪᠬᠤᠷᠭ᠎ᠠ ᠶ᠋ᠢᠨ ᠠᠨᠳᠠᠢ ᠵᠢᠨ ᠰᠤᠶᠤᠯ ᠢ᠋ ᠤᠯᠠᠮᠵᠢᠯᠠᠨ ᠳᠡᠯᠭᠡᠷᠡᠭᠦᠯᠬᠦ ᠲᠣᠣᠷ ᠢ᠋ ᠪᠠᠢᠭᠤᠯᠵᠤ᠂ ᠠᠨᠳᠠᠢ ᠵᠢᠨ ᠰᠤᠶᠤᠯ ᠢ᠋ 《ᠰᠤᠷᠭᠠᠭᠤᠯᠢ ᠶ᠋ᠢᠨ ᠬᠦᠷᠢᠶᠡᠨ ᠳ᠋ᠦ᠍ ᠣᠷᠣᠭᠤᠯᠬᠤ᠂ ᠨᠡᠢᠭᠡᠮ ᠲᠣᠭᠣᠷᠢᠭ᠋ ᠲᠤ᠌ ᠣᠷᠣᠭᠤᠯᠬᠤ᠂ ᠠᠢᠯ ᠲᠣᠰᠬᠣᠨ ᠳ᠋ᠤ᠌ ᠣᠷᠣᠭᠤᠯᠬᠤ᠂ ᠠᠭᠤᠳᠠᠮ ᠲᠠᠯᠠᠪᠠᠢ ᠳ᠋ᠤ᠌ ᠣᠷᠣᠭᠤᠯᠬᠤ᠂ ᠠᠵᠤ ᠠᠬᠤᠢᠯᠠᠯ ᠳ᠋ᠤ᠌ ᠣᠷᠣᠭᠤᠯᠬᠤ᠂ ᠦᠵᠡᠮᠵᠢ ᠶ᠋ᠢᠨ ᠣᠷᠣᠨ ᠳ᠋ᠤ᠌ ᠣᠷᠣᠭᠤᠯᠬᠤ 》ᠵᠢᠷᠭᠤᠭᠠᠨ ᠣᠷᠣᠭᠤᠯᠤᠯᠲᠠ ᠶ᠋ᠢᠨ ᠠᠵᠢᠯᠯᠠᠭ᠎ᠠ ᠶ᠋ᠢ ᠯᠠᠪᠳᠠᠭᠤᠨ ᠪᠠᠲᠤᠲᠠᠢ ᠠᠬᠢᠭᠤᠯᠵᠤ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠲᠦᠭ ᠲᠦᠮᠡᠨ ᠠᠢᠯ ᠡᠷᠦᠬᠡ ᠳ᠋ᠦ᠍ ᠬᠦᠷᠭᠡᠪᠡ᠃ ᠰᠤᠷᠭᠠᠭᠤᠯᠢ ᠶ᠋ᠢᠨ ᠬᠦᠷᠢᠶᠡᠨ ᠳ᠋ᠦ᠍ ᠠᠨᠳᠠᠶ ᠪᠥᠵᠢᠭ ᠢ᠋ ᠳᠤᠮᠳᠠᠳᠤ ᠪᠠᠭ᠎ᠠ ᠰᠤᠷᠭᠠᠭᠤᠯᠢ ᠶ᠋ᠢᠨ ᠵᠠᠪᠰᠠᠷᠯᠠᠭ᠎ᠠ ᠶ᠋ᠢᠨ ᠲᠠᠮᠢᠷ᠂ ᠭᠤᠸ᠎ᠠ ᠰᠠᠢᠬᠠᠨ ᠤ᠋ ᠬᠥᠮᠦᠵᠢᠯ ᠦ᠋ᠨ ᠬᠢᠴᠢᠶᠡᠯ ᠳ᠋ᠦ᠍ ᠣᠷᠣᠭᠤᠯᠵᠤ᠂ᠠᠨᠳᠠᠶ ᠪᠥᠵᠢᠭ ᠦ᠋ᠨ ᠵᠢᠭᠠᠬᠤ ᠮᠠᠲᠧᠷᠢᠶᠠᠯ ᠢ᠋  ᠲᠤᠰᠬᠠᠶ  ᠨᠠᠢᠷᠠᠭᠤᠯᠤᠨ ᠪᠢᠴᠢᠵᠦ᠂ ᠰᠤᠷᠭᠠᠭᠤᠯᠢ ᠶ᠋ᠢᠨ ᠬᠦᠷᠢᠶᠡᠨ ᠦ᠌ ᠠᠨᠳᠠᠶ ᠪᠥᠵᠢᠭ ᠦ᠋ᠨ ᠠᠩᠭᠢ ᠶ᠋ᠢ ᠵᠣᠬᠢᠶᠠᠨ ᠪᠠᠢᠭᠤᠯᠵᠤ᠂ ᠪᠥᠬᠥ ᠬᠣᠰᠢᠭᠤᠨ ᠤ᠋ ᠲᠦᠮᠡ ᠭᠠᠷᠤᠶ ᠰᠣᠷᠣᠭ᠍ᠴᠢ ᠶ᠋ᠢ ᠬᠠᠮᠤᠷᠴᠤ᠂ ᠬᠡᠦᠬᠡᠳ ᠦ᠋ᠳ ᠲᠦ᠍ ᠬᠠᠷᠠᠬᠠᠨ ᠪᠠᠭ᠎ᠠ ᠠ᠋ᠴᠠ ᠪᠠᠨ ᠠᠨᠳᠠᠢ ᠵᠢᠨ ᠰᠤᠶᠤᠯ ᠤ᠋ᠨ ᠬᠥᠮᠦᠵᠢᠯ ᠢ᠋ ᠬᠦᠷᠲᠡᠭᠡᠵᠦ᠂ ᠰᠣᠶᠣᠯ ᠤ᠋ᠨ ᠤᠯᠠᠮᠵᠢᠯᠠᠯ ᠤ᠋ᠨ ᠦᠷ᠎ᠡ ᠶ᠋ᠢ ᠰᠠᠴᠤᠭᠰᠠᠨ ᠪᠠᠢᠨ᠎ᠠ᠃ ᠬᠣᠰᠢᠭᠤ᠂ ᠰᠢᠶᠠᠩ᠂ ᠲᠣᠰᠬᠣᠨ ᠭᠤᠷᠪᠠᠨ ᠱᠠᠲᠤᠨ ᠤ᠋ ᠰᠣᠶᠣᠯ ᠤ᠋ᠨ ᠦᠶ᠋ᠯᠡᠴᠢᠯᠡᠭᠡᠨ ᠦ᠌ ᠰᠢᠰᠲᠧᠮ ᠳ᠋ᠦ᠍ ᠲᠦᠰᠢᠭᠯᠡᠨ᠂ ᠠᠨᠳᠠᠢ ᠵᠢᠨ ᠰᠤᠶᠤᠯ ᠤᠳᠬ᠎ᠠ ᠤᠷᠠᠯᠢᠭ᠋ ᠤ᠋ᠨ ᠲᠦᠮᠡ ᠭᠠᠷᠤᠶ ᠭᠣᠤᠯᠯᠠᠭ᠍ᠴᠢ ᠬᠦᠴᠦᠨ ᠢ᠋ ᠬᠥᠮᠦᠵᠢᠭᠦᠯᠵᠦ᠂ ᠤᠳᠤᠬᠠᠨ ᠳ᠋ᠤ᠌ ᠪᠦᠬᠦ ᠬᠤᠰᠢᠭᠤᠨ ᠳ᠋ᠤ᠌ 220 ᠭᠠᠷᠤᠢ ᠠᠨᠳᠠᠢ ᠪᠦᠵᠢᠭ ᠤ᠋ᠨ ᠡᠩᠨᠡᠭᠡ ᠪᠦᠯᠬᠦᠮ᠂ 6000 ᠭᠠᠷᠤᠢ ᠭᠡᠰᠢᠬᠦᠨ ᠲᠠᠢ ᠪᠠᠢᠵᠤ᠂ ᠠᠨᠳᠠᠢ ᠵᠢᠨ ᠰᠤᠶᠤᠯ ᠢ᠋ ᠬᠥᠳᠡᠭᠡ ᠲᠣᠰᠬᠣᠨ ᠨᠡᠢᠭᠡᠮ ᠲᠣᠭᠣᠷᠢᠭ᠋ ᠲᠤ᠌ ᠨᠡᠢᠳᠡᠮ ᠪᠦᠷᠬᠦᠭᠦᠯᠬᠦ ᠶ᠋ᠢ ᠪᠡᠶᠡᠯᠡᠬᠦᠯᠵᠤ ᠪᠠᠢᠨ᠎ᠠ᠃ ᠰᠣᠶᠣᠯ ᠵᠢᠭᠤᠯᠴᠢᠯᠠᠯ ᠤ᠋ᠨ ᠬᠦᠷᠢᠶᠡᠨ ᠳ᠋ᠦ᠍᠂ ᠠᠨᠳᠠᠢ ᠵᠢᠨ ᠰᠤᠶᠤᠯ ᠢ᠋ ᠦᠵᠡᠮᠵᠢ ᠶ᠋ᠢᠨ ᠣᠷᠣᠨ ᠤ᠋ ᠵᠢᠭᠤᠯᠴᠢᠯᠡᠯ᠂ ᠠᠷᠠᠳ ᠤ᠋ᠨ ᠵᠠᠩ ᠦᠢᠯᠡ ᠶ᠋ᠢᠨ ᠪᠡᠶᠡᠴᠢᠯᠡᠨ ᠣᠢᠯᠠᠭᠠᠯᠲᠠ᠂ ᠬᠥᠳᠡᠭᠡ ᠲᠣᠰᠬᠣᠨ ᠤ᠋ ᠵᠢᠭᠤᠯᠴᠢᠯᠡᠯ ᠤ᠋ᠨ ᠲᠦᠷᠦᠯ ᠵᠦᠢᠯ ᠳ᠋ᠦ᠍ ᠠᠭᠤᠰᠤᠯᠴᠠᠭᠤᠯᠵᠤ᠂ ᠠᠨᠳᠠᠢ ᠵᠢᠨ ᠰᠤᠶᠤᠯ ᠤ᠋ᠨ ᠭᠣᠣᠯ ᠰᠡᠳᠦᠪᠲᠦ ᠠᠷᠠᠳ ᠤ᠋ᠨ ᠤᠷᠤᠨ ᠰᠠᠭᠤᠴᠠ᠂ᠤᠨᠴᠠᠯᠢᠬ᠍ᠳᠤ ᠲᠣᠭᠯᠠᠯᠲᠠ ᠶ᠋ᠢ ᠡᠭᠦᠳᠴᠦ᠂ ᠵᠢᠭᠤᠯᠴᠢᠯᠠᠭᠰᠠᠳ ᠲᠤ᠌ ᠠᠨᠳᠠᠢ ᠶ᠋ᠢᠨ ᠷᠢᠳᠢ ᠰᠢᠳᠢ ᠶ᠋ᠢ ᠮᠡᠳᠡᠷᠡᠭᠦᠯᠵᠦ᠂ ᠰᠣᠶᠣᠯ ᠤ᠋ᠨ ᠡᠬᠢ ᠪᠠᠶᠠᠯᠢᠭ᠋ ᠢ᠋ ᠬᠥᠭᠵᠢᠯᠲᠡ ᠶ᠋ᠢᠨ ᠳᠠᠪᠠᠭᠤᠯᠢᠭ᠋ ᠪᠣᠯᠭᠠᠨ ᠬᠤᠪᠢᠷᠠᠭᠤᠯᠬᠤ ᠶ᠋ᠢ ᠠᠬᠢᠭᠤᠯᠵᠤ ᠪᠠᠢᠨ᠎ᠠ᠃


QQ20260515-104716.png


ᠤᠷᠠᠯᠢᠭ᠋ ᠤ᠋ᠨ ᠰᠢᠨ᠎ᠡ ᠶ᠋ᠢ ᠡᠭᠦᠳᠬᠦ ᠲᠠᠯ᠎ᠠ ᠪᠡᠷ᠂ ᠬᠦᠷᠢᠶ᠎ᠡ ᠬᠣᠰᠢᠭᠤ ᠠᠨᠳᠠᠶ ᠤᠷᠠᠯᠢᠭ᠋ ᠬᠢᠭᠡᠳ ᠣᠲᠣ᠌ ᠦᠶ᠎ᠡ ᠶ᠋ᠢᠨ ᠰᠣᠶᠣᠯ᠂ ᠪᠥᠬᠥ ᠠᠷᠠᠳ ᠤ᠋ᠨ ᠪᠡᠶ᠎ᠡ ᠴᠢᠭᠢᠷᠠᠭᠵᠢᠭᠤᠯᠬᠤ᠂ ᠠᠷᠠᠳ ᠤ᠋ᠨ ᠵᠠᠩ ᠦᠶ᠋ᠯᠡ ᠶ᠋ᠢᠨ ᠠᠮᠢᠳᠤᠷᠠᠯ ᠤ᠋ᠨ ᠭᠦᠨᠵᠡᠭᠡᠶ ᠠᠭᠤᠰᠤᠯᠴᠠᠯ ᠢ᠋ ᠠᠬᠢᠭᠤᠯᠵᠤ ᠪᠠᠢᠨ᠎ᠠ᠃ ᠤᠳᠬ᠎ᠠ ᠤᠷᠠᠯᠢᠭ᠋ ᠤ᠋ᠨ ᠠᠵᠢᠯᠲᠠᠳ ᠠᠨᠳᠠᠢ ᠵᠢᠨ ᠰᠤᠶᠤᠯ ᠤ᠋ᠨ ᠠᠭᠤᠯᠤᠭᠳᠠᠬᠤᠨ ᠢ᠋ ᠭᠦᠨᠵᠡᠭᠡᠶ ᠠᠭᠤᠳᠠᠯᠵᠤ᠂ ᠮᠣᠩᠭᠣᠯ ᠦᠨᠳᠦᠰᠦᠲᠡᠨ ᠦ᠌ ᠣᠷᠳᠣ᠌ ᠶ᠋ᠢᠨ ᠳᠠᠭᠤᠤ᠂ ᠬᠥᠭᠡᠮᠡᠶ᠂ ᠮᠣᠷᠢᠨ ᠬᠤᠭᠤᠷ ᠵᠡᠷᠭᠡ ᠪᠣᠳᠠᠰ ᠤ᠋ᠨ ᠪᠤᠰᠤ ᠰᠣᠶᠣᠯ ᠤ᠋ᠨ ᠥᠪ ᠲᠦ᠍ ᠠᠭᠤᠰᠤᠯᠴᠠᠭᠤᠯᠵᠤ᠂ ᠨᠢᠭᠡ ᠪᠦᠯᠦᠭ ᠤᠯᠠᠮᠵᠢᠯᠠᠯᠲᠤ ᠪᠠ ᠤᠳᠤ ᠴᠠᠭ᠎ᠤᠨ ᠤᠨᠴᠠᠯᠢᠭ᠎ᠢ ᠬᠠᠪᠰᠤᠷᠭᠠᠭᠰᠠᠨ ᠠᠨᠳᠠᠶ ᠪᠥᠵᠢᠭ ᠦ᠋ᠨ ᠰᠣᠳᠣᠨ ᠲᠣᠭᠯᠠᠯᠲᠠ ᠶ᠋ᠢ ᠵᠣᠬᠢᠶᠠᠨ ᠪᠦᠲᠦᠭᠡᠵᠦ᠂ ᠡᠯ᠎ᠡ ᠲᠥᠷᠥᠯ ᠦ᠋ᠨ ᠤᠷᠠᠨ ᠰᠠᠢᠬᠠᠨ ᠤ᠋ ᠲᠣᠭᠯᠠᠯᠲᠠ ᠶ᠋ᠢᠨ ᠲᠠᠪᠴᠠᠩ ᠳ᠋ᠤ᠌ ᠳᠤᠭᠯᠠᠵᠦ ᠪᠠᠢᠨ᠎ᠠ᠃ ᠪᠡᠶ᠎ᠡ ᠴᠢᠭᠢᠷᠠᠭᠵᠢᠭᠤᠯᠬᠤ ᠠᠨᠳᠠᠶ ᠪᠥᠵᠢᠭ ᠢ᠋ ᠰᠢᠨ᠎ᠡ ᠪᠡᠷ ᠡᠭᠦᠳᠦᠨ ᠵᠤᠬᠢᠶᠠᠵᠤ᠂ ᠤᠯᠠᠮᠵᠢᠯᠠᠯᠲᠤ ᠪᠥᠵᠢᠭ ᠦ᠋ᠨ ᠬᠥᠳᠡᠯᠦᠯ ᠢ᠋ ᠣᠲᠣ᠌ ᠦᠶ᠎ᠡ ᠶ᠋ᠢᠨ ᠪᠡᠶ᠎ᠡ ᠴᠢᠭᠢᠷᠠᠭᠵᠢᠭᠤᠯᠬᠤ ᠣᠢᠯᠠᠭᠠᠭᠳᠠᠬᠤᠨ ᠲᠠᠶ ᠤᠶᠠᠯᠳᠤᠭᠤᠯᠤᠨ᠂ ᠠᠳᠠᠯᠢ ᠪᠤᠰᠤ ᠨᠠᠰᠤᠨ ᠤ᠋ ᠬᠥᠮᠦᠰ ᠲᠦ᠍ ᠳᠣᠭᠢᠷᠠᠬᠤ ᠠᠨᠳᠠᠶ ᠶ᠋ᠢᠨ ᠪᠡᠶ᠎ᠡ ᠴᠢᠭᠢᠷᠠᠭᠵᠢᠭᠤᠯᠬᠤ ᠲᠠᠮᠢᠷ ᠢ᠋ ᠵᠣᠬᠢᠶᠠᠨ ᠪᠦᠲᠦᠭᠡᠵᠦ᠂ ᠠᠨᠳᠠᠶ ᠪᠥᠵᠢᠭ ᠦ᠋ᠨ ᠤᠷᠠᠯᠢᠭ᠋ ᠤ᠋ᠨ ᠣᠬᠢ ᠰᠣᠳᠣ᠌ ᠶ᠋ᠢ ᠦᠯᠡᠳᠡᠭᠡᠬᠦ ᠮᠥᠷᠲᠡᠭᠡᠨ ᠪᠠᠰᠠ ᠣᠯᠠᠨ ᠲᠦᠮᠡᠨ ᠦ᠌ ᠪᠡᠶ᠎ᠡ ᠴᠢᠭᠢᠷᠠᠭᠵᠢᠭᠤᠯᠬᠤ᠂ ᠰᠡᠯᠡᠭᠦᠴᠡᠨ ᠨᠠᠭᠠᠳᠬᠤ ᠬᠡᠷᠡᠭᠴᠡᠭᠡ ᠶ᠋ᠢ ᠬᠠᠩᠭᠠᠵᠤ᠂ ᠠᠨᠳᠠᠶ ᠶ᠋ᠢᠨ ᠤᠷᠠᠯᠢᠭ᠋ ᠢ᠋ ᠨᠠᠩ ᠠᠮᠢᠵᠢᠷᠠᠯ ᠤ᠋ᠨ ᠬᠦᠴᠦᠨ ᠪᠠ ᠲᠦᠭᠡᠮᠡᠯ ᠴᠢᠨᠠᠷ ᠲᠠᠶ ᠪᠤᠯᠭᠠᠵᠤ ᠪᠠᠢᠨ᠎ᠠ᠃


ᠠᠷᠡᠳ᠎ᠤᠨ ᠤᠷᠠᠯᠢᠭ ᠡᠴᠡ ᠳᠦᠮᠡᠨ᠎ᠤ ᠦᠪ ᠪᠤᠯᠤᠭᠰᠠᠨ《ᠬᠦᠷᠢᠶ᠎ᠠ ᠠᠨᠳᠠᠢ》 

                                    ● ᠬᠤᠸᠠ ᠯᠸᠢ

ᠬᠦᠷᠢᠶ᠎ᠡ ᠬᠤᠰᠢᠭᠤ ᠪᠤᠯ ᠮᠤᠡᠭ᠌ᠭᠤᠯ ᠦᠨᠳᠤᠰᠤᠳᠠᠨ ᠤ᠋ ᠰᠤᠡᠭ᠌ᠭᠤᠳᠠᠭ ᠪᠦᠵᠢᠭ ᠠᠨᠳᠠᠢ ᠶ᠋ᠢᠨ ᠡᠭᠦᠰᠤᠯ ᠨᠤᠳᠤᠭ ᠶᠤᠮ᠃ ᠬᠦᠮᠤᠰ ᠬᠦᠷᠢᠶ᠎ᠡ ᠬᠤᠰᠢᠭᠤ ᠶ᠋ᠢᠨ ᠲᠤᠬᠠᠢ ᠦᠢᠯᠠᠭᠠᠬᠤ ᠳ᠋ᠤ᠌ ᠶᠠᠭᠤᠨ ᠤ᠋ ᠡᠮᠤᠨ᠎ᠠ ᠠᠨᠳᠠᠢ ᠪᠦᠵᠢᠭ ᠲᠠᠢ ᠡᠬᠢᠯᠡᠨ ᠲᠠᠨᠢᠯᠴᠠᠳᠠᠭ᠃ 1996 ᠣᠨ ᠳ᠋ᠤ᠌ ᠬᠦᠷᠢᠶ᠎ᠡ ᠬᠤᠰᠢᠭᠤ ᠨᠢ ᠤᠯᠤᠰ ᠤ᠋ᠨ ᠰᠣᠶᠣᠯ ᠤ᠋ᠨ ᠶᠠᠮᠤᠨ ᠠ᠋ᠴᠠ 《ᠳᠤᠮᠳᠠᠳᠤ ᠤᠯᠤᠰ ᠤ᠋ᠨ ᠠᠨᠳᠠᠢ ᠤᠷᠠᠯᠢᠭ᠋ ᠤ᠋ᠨ ᠨᠤᠲᠤᠭ》 ᠬᠡᠮᠡᠨ ᠨᠡᠷᠡᠢᠳᠦᠭᠳᠡᠵᠦ᠂ 2006 ᠣᠨ ᠳ᠋ᠤ᠌᠂ 《ᠠᠨᠳᠠᠢ ᠪᠥᠵᠢᠭ》 ᠨᠢ ᠲᠦᠷᠤ ᠶ᠋ᠢᠨ ᠶᠠᠪᠤᠳᠠᠯ ᠤ᠋ᠨ ᠬᠤᠷᠢᠶ᠎ᠠ ᠠ᠋ᠴᠠ ᠲᠤᠭᠳᠠᠭᠠᠭᠰᠠᠨ 《ᠲᠦᠷᠤᠬᠦᠤ ᠪᠦᠯᠤᠭ᠌ ᠤᠯᠤᠰ ᠤ᠋ᠨ ᠲᠡᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ》 ᠦ᠋ᠨ ᠨᠡᠷᠡᠰ ᠲᠦ᠍ ᠰᠣᠩᠭᠣᠭᠳᠠᠨ ᠣᠷᠣᠪᠠ᠃  


QQ20260515-105739.png


ᠦᠦᠬᠡ ᠳᠡᠦᠬᠡᠳᠦ ᠠᠨᠳᠠᠢ ᠵᠢᠨ ᠰᠤᠶᠤᠯ ᠤᠷᠠᠯᠢᠭ᠋ ᠨᠢ ᠠᠯᠢ ᠬᠡᠳᠦᠢᠨ ᠬᠦᠷᠢᠵ᠎ᠡ ᠲᠦᠮᠡᠨ ᠤ᠋ ᠴᠢᠰᠤ ᠮᠢᠬᠠᠨ ᠳ᠋ᠤ᠌ ᠰᠢᠩᠭᠡᠵᠦ᠂ ᠤᠯᠠᠮᠵᠢᠯᠠᠯᠳᠤ ᠠᠨᠳᠠᠢ ᠠ᠋ᠴᠠ ᠰᠢᠨ᠎ᠠ ᠠᠨᠳᠠᠢ ᠲᠠᠢᠰᠢ ᠬᠦᠭ᠌ᠵᠢᠵᠤ᠂ ᠠᠷᠠᠳ ᠤ᠋ᠨ ᠤᠷᠠᠯᠢᠭ᠋ ᠠ᠋ᠴᠠ ᠲᠠᠢᠰᠠᠨ ᠤ᠋ ᠤᠷᠠᠯᠢᠭ᠋᠂ ᠬᠡᠳᠤᠨ ᠠᠷᠪᠠᠨ ᠬᠦᠮᠤᠨ ᠤ᠋ ᠪᠦᠵᠢᠭ ᠠ᠋ᠴᠠ ᠬᠡᠳᠤᠨ ᠵᠠᠭᠤ ᠬᠡᠳᠤᠨ ᠮᠢᠡᠭ᠌ᠭᠠᠨ ᠬᠦᠮᠤᠨ ᠤ᠋ ᠨᠡᠢᠳᠡ ᠶ᠋ᠢᠨ ᠪᠦᠵᠢᠭ᠂ ᠡᠡᠭ ᠤ᠋ᠨ ᠪᠦᠵᠢᠭ ᠠ᠋ᠴᠠ ᠰᠤᠡᠭ᠌ᠭᠤᠳᠠᠭ ᠪᠦᠵᠢᠭ᠂ ᠠᠨᠳᠠᠢ ᠤᠷᠠᠯᠢᠭ᠋ ᠠ᠋ᠴᠠ ᠠᠨᠳᠠᠢ ᠵᠢᠨ ᠰᠤᠶᠤᠯ ᠪᠤᠯᠤᠨ ᠬᠦᠭᠵᠢᠨ ᠲᠡᠯᠭᠡᠷᠡᠵᠤ᠂ ᠰᠢᠨ᠎ᠡ ᠴᠠᠭ ᠦᠶ᠎ᠡ ᠳ᠋ᠦ᠍ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠪᠣᠳᠠᠰ ᠤ᠋ᠨ ᠪᠤᠰᠤ ᠰᠣᠶᠣᠯ ᠤ᠋ᠨ ᠦᠪ ᠤ᠋ᠨ ᠬᠥᠭᠵᠢᠯᠲᠡ ᠶ᠋ᠢᠨ ᠰᠢᠨ᠎ᠠ ᠬᠠᠭᠤᠳᠠᠰᠤ ᠶ᠋ᠢ ᠪᠢᠴᠢᠭᠯᠡᠵᠤ ᠪᠠᠢᠨ᠎ᠠ᠃

ᠡᠷᠲᠡᠨ ᠦ᠌ ᠰᠢᠳᠤᠯᠭᠡ ᠲᠠᠭᠠᠳᠬᠠᠯ ᠤ᠋ᠨ ᠶᠣᠰᠣᠯᠠᠯ ᠠ᠋ᠴᠠ ᠤᠯᠤᠰ ᠤ᠋ᠨ ᠲᠡᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠦ᠋ᠨ ᠦᠨᠡᠲᠦ ᠡᠷᠳᠡᠨᠢ ᠬᠦᠷᠲᠡᠯ᠎ᠡ᠂ ᠠᠷᠠᠳ ᠤ᠋ᠨ ᠳᠤᠮᠳᠠᠬᠢ ᠳᠠᠭᠤᠤ ᠪᠥᠵᠢᠭ ᠡᠴᠡ ᠪᠦᠬᠦ ᠠᠷᠠᠳ ᠤ᠋ᠨ ᠬᠠᠮᠲᠤ ᠪᠠᠷ ᠡᠳ᠋ᠯᠡᠬᠦ ᠰᠣᠶᠣᠯ ᠤ᠋ᠨ ᠦᠪᠡᠳᠡᠭᠰᠢ ᠨᠠᠢᠷ ᠬᠦᠷᠲᠡᠯ᠎ᠡ ᠠᠨᠳᠠᠢ ᠵᠢᠨ ᠰᠤᠶᠤᠯ ᠬᠦᠷᠢᠶ᠎ᠡ ᠬᠤᠰᠢᠭᠤᠨ᠎ᠤ ᠡᠬᠡ ᠭᠠᠵᠠᠷ ᠲᠤ᠌ ᠣᠨ ᠵᠢᠯ ᠤ᠋ᠨ ᠰᠠᠯᠬᠢᠨ ᠪᠤᠷᠤᠭᠠᠨ ᠢ᠋ ᠦᠡᠭᠭᠡᠷᠡᠭᠡᠨ᠂ ᠬᠦᠴᠦᠷᠬᠡᠭ ᠶᠡᠬᠡ ᠠᠮᠢᠵᠢᠷᠠᠯ ᠤ᠋ᠨ ᠬᠦᠴᠦᠨ ᠢ᠋ᠶ᠋ᠡᠨ ᠤᠯᠠᠮ ᠪᠠᠳᠠᠷᠠᠭᠤᠯᠤᠨ ᠬᠦᠭ᠌ᠵᠢᠵᠤ ᠪᠠᠢᠨ᠎ᠠ᠃ ᠣᠳᠣᠬᠠᠨ ᠳ᠋ᠤ᠌᠂ ᠠᠨᠳᠠᠢ ᠵᠢᠨ ᠰᠤᠶᠤᠯ ᠨᠢ ᠤᠷᠠᠯᠢᠭ᠋ ᠤ᠋ᠨ ᠲᠣᠰ ᠪᠡᠶ᠎ᠡ ᠶ᠋ᠢ ᠠᠯᠢ ᠡᠷᠲᠡ ᠳᠠᠪᠠᠵᠤ᠂ ᠬᠦᠷᠢᠶ᠎ᠡ ᠬᠣᠰᠢᠭᠤᠨ ᠤ᠋ ᠦᠨᠳᠦᠰᠦᠲᠡᠨ ᠦ᠌ ᠪᠦᠯᠬᠦᠮᠳᠡᠯ᠂ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ᠂ ᠰᠣᠶᠣᠯ ᠵᠢᠭᠤᠯᠴᠢᠯᠠᠯ ᠤ᠋ᠨ ᠠᠭᠤᠰᠤᠯᠴᠠᠯ ᠢ᠋ ᠠᠬᠢᠭᠤᠯᠬᠤ ᠴᠢᠬᠤᠯᠠ ᠭᠠᠷᠳᠠᠴᠠ ᠪᠣᠯᠵᠣ᠌᠂ ᠭᠠᠵᠠᠷ ᠣᠷᠣᠨ ᠤ᠋ ᠴᠢᠨᠠᠷ ᠰᠠᠢᠲᠠᠶ ᠬᠥᠭᠵᠢᠯᠲᠡ ᠶ᠋ᠢ ᠠᠬᠢᠭᠤᠯᠬᠤ ᠰᠣᠶᠣᠯ ᠤ᠋ᠨ ᠬᠦᠳᠡᠯᠭᠡᠭᠴᠢ ᠬᠦᠴᠤᠨ ᠪᠤᠯᠵᠤ ᠪᠠᠢᠨ᠎ᠠ᠃

ᠥᠨᠥᠳᠦᠷ ᠪᠤᠯᠬᠤ ᠳ᠋ᠤ᠌ ᠬᠦᠷᠢᠶ᠎ᠡ ᠬᠣᠰᠢᠭᠤᠨ ᠳ᠋ᠤ᠌ ᠠᠨᠳᠠᠶ ᠪᠥᠵᠢᠭ ᠨᠢ ᠠᠯᠢ ᠡᠷᠲᠡ ᠨᠢᠭᠡᠨᠲᠡ ᠬᠡᠳᠤᠨ ᠬᠥᠮᠦᠰ ᠦ᠋ᠨ ᠤᠷᠠᠯᠢᠭ᠋ ᠤ᠋ᠨ ᠲᠣᠭᠯᠠᠯᠲᠠ ᠪᠢᠰᠢ ᠪᠣᠯᠵᠤ᠂ ᠬᠠᠷᠢᠨ ᠠᠷᠠᠳ ᠣᠯᠠᠨ ᠤ᠋ ᠡᠳᠦᠷ ᠲᠤᠲᠤᠮ ᠤ᠋ᠨ ᠠᠮᠢᠳᠤᠷᠠᠯ ᠳ᠋ᠤ᠌ ᠠᠭᠤᠰᠤᠨ ᠣᠷᠣᠵᠤ᠂ ᠣᠯᠠᠨ ᠲᠦᠮᠡᠨ ᠦ᠌ ᠰᠤᠯᠠ ᠰᠡᠯᠡᠭᠦᠦ ᠴᠠᠭ᠂ ᠬᠣᠭᠣᠯᠠᠨ ᠤ᠋ ᠳᠠᠷᠠᠭᠠᠬᠢ ᠰᠡᠯᠡᠭᠦᠴᠡᠯ ᠵᠤᠭ᠎ᠠ ᠴᠡᠩᠭᠡᠯ ᠦ᠋ᠨ ᠭᠣᠣᠯ ᠠᠭᠤᠯᠭ᠎ᠠ ᠪᠣᠯᠵᠤ᠂ ᠬᠥᠷᠰᠢ ᠵᠡᠷᠭᠡᠯᠡᠳᠡᠭᠡ ᠪᠡᠨ ᠬᠣᠯᠪᠣᠵᠤ᠂ ᠨᠤᠲᠤᠭ ᠤᠰᠤᠨ ᠤ᠋ ᠬᠠᠢᠷ᠎ᠠ ᠰᠡᠳᠬᠢᠯᠭᠡ ᠶ᠋ᠢ ᠨᠢᠭ᠍ᠲᠠᠷᠠᠭᠤᠯᠬᠤ ᠬᠣᠯᠪᠣᠭᠠᠰᠤ ᠪᠣᠯᠤᠭᠰᠠᠨ ᠪᠠᠢᠨ᠎ᠠ᠃ 

ᠬᠦᠷᠢᠶ᠎ᠡ ᠬᠣᠰᠢᠭᠤᠨ ᠤ᠋ ᠦᠨᠳᠦᠰᠦᠲᠡᠨ ᠨᠦ᠍ᠭᠦᠳ ᠦ᠋ᠨ ᠤᠯᠠᠨ ᠲᠦᠮᠡᠨ ᠦ᠌ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠨᠢ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠤᠶᠤᠨ ᠰᠠᠨᠠᠭᠠᠨ ᠤ᠋ ᠭᠡᠷ ᠣᠷᠣᠨ ᠢ᠋ ᠴᠣᠭᠴᠠᠯᠠᠵᠤ᠂ ᠦᠨᠳᠦᠰᠦᠲᠡᠨ ᠦ᠌ ᠪᠦᠯᠬᠦᠮᠳᠡᠯ ᠲᠠᠪᠰᠢᠯᠳᠠ ᠶ᠋ᠢᠨ ᠴᠡᠴᠡᠭ ᠢ᠋ ᠲᠠᠯ᠎ᠠ ᠨᠤᠲᠤᠭ ᠲᠤ᠌ ᠥᠨᠢᠳᠡ ᠪᠠᠳᠠᠷᠠᠨ ᠲᠡᠯᠭᠡᠷᠡᠬᠦᠯᠬᠦ ᠪᠤᠯᠤᠨ᠎ᠠ᠃ ᠠᠨᠳᠠᠢ ᠵᠢᠨ ᠰᠤᠶᠤᠯ ᠢ᠋ᠶ᠋ᠠᠷ ᠳᠡᠪᠢᠰᠬᠡᠷ ᠥᠩᠭᠡ ᠪᠤᠯᠭᠠᠭᠰᠠᠨ ᠬᠥᠳᠡᠭᠡ ᠲᠣᠰᠬᠣᠨ ᠤ᠋ ᠰᠣᠶᠣᠯ ᠤ᠋ᠨ ᠴᠡᠴᠡᠭᠯᠡᠨ ᠬᠦᠭᠵᠢᠯᠳᠡ ᠨᠢ ᠬᠥᠳᠡᠭᠡ ᠲᠣᠰᠬᠣᠨ ᠤ᠋ ᠣᠶᠤᠨ ᠤ᠋ ᠠᠮᠢᠳᠤᠷᠠᠯ ᠢ᠋ ᠭᠡᠢᠭᠦᠯᠵᠦ᠂ ᠪᠣᠯᠪᠠᠰᠤᠨ ᠨᠤᠲᠤᠭ ᠤ᠋ᠨ ᠰᠤᠷᠲᠠᠯ᠂ ᠪᠣᠷᠣᠭᠵᠢᠭᠤᠨ ᠠᠷᠠᠳ ᠤ᠋ᠨ ᠰᠤᠷᠲᠠᠯ ᠢ᠋ ᠪᠤᠢ ᠪᠤᠯᠭᠠᠵᠤ ᠪᠠᠢᠨ᠎ᠠ᠃ ᠠᠨᠳᠠᠢ ᠵᠢᠨ ᠰᠤᠶᠤᠯ ᠢ᠋ᠶ᠋ᠠᠷ ᠨᠡᠷ᠎ᠡ ᠶ᠋ᠢᠨ ᠬᠠᠭᠤᠳᠠᠰᠤ ᠪᠤᠯᠭᠠᠭᠰᠠᠨ ᠬᠦᠷᠢᠶ᠎ᠡ ᠬᠣᠰᠢᠭᠤᠨ ᠤ᠋ ᠰᠣᠶᠣᠯ ᠵᠢᠭᠤᠯᠴᠢᠯᠠᠯ ᠤ᠋ᠨ ᠠᠵᠤ ᠦᠶ᠋ᠯᠡᠰ ᠦ᠋ᠨ ᠶᠠᠰᠤ ᠴᠢᠨᠠᠷᠵᠢᠭᠤᠨ ᠬᠦᠭᠵᠢᠯᠳᠡ ᠨᠢ ᠪᠥᠬᠥ ᠤᠯᠤᠰ ᠤ᠋ᠨ ᠡᠯ᠎ᠡ ᠭᠠᠵᠠᠷ ᠤ᠋ᠨ ᠵᠢᠭᠤᠯᠴᠢᠯᠠᠭ᠍ᠰᠠᠳ ᠤ᠋ᠨ ᠰᠣᠨᠢᠷᠬᠠᠯ ᠢ᠋ ᠲᠠᠲᠠᠵᠤ᠂ ᠠᠷᠠᠳ ᠤ᠋ᠨ ᠵᠠᠩ ᠦᠶ᠋ᠯᠡ ᠶ᠋ᠢ ᠪᠡᠶᠡᠴᠢᠯᠡᠨ ᠣᠢᠯᠠᠭᠠᠬᠤ᠂ ᠣᠨᠴᠠᠯᠢᠭ᠍ᠲᠤ ᠢᠳᠡᠭᠡᠨ ᠤᠮᠳᠠᠭᠠᠨ᠂ ᠬᠥᠳᠡᠭᠡ ᠲᠣᠰᠬᠣᠨ ᠤ᠋ ᠠᠷᠠᠳ ᠤ᠋ᠨ ᠣᠷᠣᠨ ᠰᠠᠭᠤᠴᠠ ᠵᠡᠷᠭᠡ ᠠᠵᠤ ᠦᠶ᠋ᠯᠡᠰ ᠦ᠋ᠨ ᠬᠥᠭᠵᠢᠯᠲᠡ ᠶ᠋ᠢ ᠳᠠᠢᠴᠢᠯᠠᠵᠤ ᠪᠠᠢᠨ᠎ᠠ᠃

ᠳᠤᠰ ᠨᠢᠭᠤᠷ᠎ᠤᠨ ᠬᠡᠷᠡᠯ ᠵᠢᠷᠤᠭ᠎ᠢ ᠬᠦᠷᠢᠶ᠎ᠠ ᠬᠣᠰᠢᠭᠤᠨ᠎ᠤ ᠬᠠᠮ ᠵᠠᠭᠤᠴᠢᠯᠠᠭᠤᠷ ᠤ᠋ᠨ ᠳᠦᠪ᠎ᠡᠴᠡ ᠬᠠᠨᠭᠭᠠᠪᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号