ᠰᠠᠢᠨ ᠦᠢᠯᠡᠳᠬᠦᠨ ᠬᠥᠬᠡᠬᠣᠲᠠ᠎ᠶᠢᠨ ᠶᠡᠷᠦᠩᠬᠡᠢᠯᠡᠭᠰᠡᠨ ᠭᠠᠢᠯᠢ ᠪᠠᠲᠤᠯᠠᠬᠤ ᠣᠷᠣᠨ ᠡᠴᠡ ᠳᠡᠯᠡᠬᠡᠢ᠎ᠳᠦ ᠭᠠᠷᠴᠤ ᠪᠤᠢ
2026-05-15 10:16:36
ᠵᠣᠬᠢᠶᠠᠭ᠍ᠴᠢ᠄
ᠯᠢᠦ ᠶᠠᠩ ᠲᠤᠯᠠᠭᠠᠨ
ᠣᠩᠱᠢᠭ᠍ᠰᠠᠨ ᠣᠳᠠᠭ᠎ᠠ᠄
★★★☆☆

ᠵᠤᠨ᠎ᠤ ᠡᠬᠢ᠎ᠪᠡᠷ ᠬᠥᠬᠡᠬᠣᠲᠠ᠎ᠶᠢᠨ ᠶᠡᠷᠦᠩᠬᠡᠢᠯᠡᠭᠰᠡᠨ ᠭᠠᠢᠯᠢ ᠪᠠᠲᠤᠯᠠᠬᠤ ᠤᠷᠤᠨ᠎ᠳᠤ ᠬᠦᠷᠬᠦ᠎ᠳᠦ᠂ ᠦᠢᠯᠡᠳᠪᠦᠷᠢ᠎ᠶᠢᠨ ᠲᠠᠰᠤᠭ᠎ᠲᠤ ᠮᠠᠰᠢᠨ ᠬᠦᠩᠭᠢᠨᠡᠵᠦ᠂ ᠦᠢᠯᠡᠳᠪᠦᠷᠢᠯᠡᠯ᠎ᠦᠨ ᠱᠤᠭᠤᠮ ᠪᠦᠬᠦ ᠬᠤᠷᠳᠤᠴᠠ᠎ᠪᠠᠷ ᠠᠵᠢᠯᠯᠠᠵᠤ᠂ ᠨᠢᠭᠡ ᠨᠢᠭᠡ ᠵᠦᠢᠯ᠎ᠦᠨ ᠦᠢᠯᠡᠳᠬᠦᠨ ᠨᠢ ᠣᠶᠤᠨᠴᠢ ᠰᠢᠯᠭᠠᠨ ᠪᠠᠢᠴᠠᠭᠠᠯᠲᠠ᠂ ᠨᠠᠷᠢᠯᠢᠭ᠋ ᠪᠣᠯᠪᠠᠰᠤᠷᠠᠭᠤᠯᠤᠯᠲᠠ᠎ᠵᠢ ᠦᠩᠭᠡᠷᠡᠭᠡᠵᠦ ᠵᠠᠬ᠎ᠠ ᠲᠡᠯᠭᠡᠭᠦᠷ ᠲᠸ᠋ ᠭᠠᠷᠬᠤ᠎ᠳᠤ ᠪᠡᠯᠡᠬᠡᠨ ᠪᠣᠯᠪᠠ᠃

ᠮᠤᠳᠤᠯᠢᠭ ᠪᠦᠳᠦᠴᠡᠳᠦ ᠵᠢᠵᠢᠭᠬᠡᠨ ᠬᠤᠭᠤᠯᠠᠨ ᠰᠠᠪᠠ ᠬᠡᠷᠡᠭᠰᠡᠯ᠎ᠡᠴᠡ ᠵᠠᠬᠢᠶᠠᠯᠠᠭ᠎ᠠ ᠪᠡᠷ ᠥᠭᠡᠷᠡᠴᠢᠯᠡᠨ ᠲᠣᠨᠣᠭᠯᠠᠬᠰᠠᠨ ᠮᠠᠰᠢᠨ ᠲᠡᠷᠭᠡ᠂ ᠪᠦᠳᠦᠭᠡᠯᠴᠢ ᠪᠡᠷ ᠲᠡᠰ ᠳᠡᠪᠰᠢᠭᠦᠯᠦᠭᠰᠡᠨ ᠲᠠᠯ᠎ᠠ ᠨᠤᠲᠤᠭ᠎ᠤᠨ ᠮᠢᠬᠠᠨ᠎ᠤ ᠪᠦᠲᠦᠭᠡᠭᠳᠡᠬᠦᠨ ᠭᠡᠬᠦᠴᠢᠯᠡᠨ ᠦᠢᠯᠡᠳᠪᠦᠷᠢᠯᠡᠯ᠎ᠦᠨ ᠲᠤᠬᠠᠢ᠎ᠶᠢᠨ ᠲᠠᠯᠠᠪᠠᠢ᠎ᠶᠢᠨ ᠭᠠᠵᠠᠷ ᠪᠣᠯᠭᠠᠨ᠎ᠳᠤ ᠴᠢᠷᠮᠠᠢᠨ ᠠᠵᠢᠯᠯᠠᠬᠤ ᠠᠭᠤᠷ ᠠᠮᠢᠰᠬᠤᠯ᠎ᠢᠶᠠᠷ ᠪᠢᠯᠬᠠᠵᠤ᠂ ᠬᠥᠬᠡᠬᠣᠲᠠ᠎ᠶᠢᠨ ᠶᠡᠷᠦᠩᠬᠡᠢᠯᠡᠭᠰᠡᠨ ᠭᠠᠢᠯᠢ ᠪᠠᠲᠤᠯᠠᠬᠤ ᠣᠷᠣᠨ᠎ᠤ ᠤᠶᠤᠨᠴᠢ ᠦᠢᠯᠡᠳᠭᠡᠯ᠎ᠢᠶᠡᠷ ᠠᠵᠤ ᠦᠢᠯᠡᠰ᠎ᠤᠨ ᠲᠡᠰ ᠳᠡᠪᠰᠢᠭᠦ ᠎ᠳᠤ ᠬᠦᠴᠦᠨ ᠨᠡᠮᠡᠷᠢᠯᠡᠵᠦ᠂ ᠨᠡᠭᠡᠭᠡᠯᠲᠡ ᠵᠢᠨ ᠳᠠᠪᠠᠭᠤᠯᠢᠭ᠋᠎ᠢᠶᠠᠷ ᠤᠯᠠᠨ ᠤᠯᠤᠰ᠎ᠤᠨ ᠵᠠᠬ᠎ᠠ ᠳᠡᠯᠭᠡᠭᠦᠷ᠎ᠢ ᠨᠡᠭᠡᠭᠡᠬᠦ ᠵᠢᠷᠤᠭ ᠲᠥᠰᠥᠪ᠎ᠢ ᠲᠣᠳᠣᠷᠬᠠᠢ ᠲᠡᠯᠭᠡᠨ ᠦᠵᠡᠬᠦᠯᠦᠨ᠎ᠡ᠃

ᠥᠪᠥᠷ ᠮᠣᠩᠭᠣᠯ᠎ᠤᠨ ᠪᠠᠢ ᠪᠠᠩ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠶᠢᠨ ᠪᠦᠬᠦ ᠪᠥᠮᠪᠥᠷᠴᠡᠭ᠎ᠦᠨ ᠣᠶᠤᠨᠲᠤ ᠦᠢᠯᠡᠳᠭᠡᠯ᠎ᠤᠨ ᠵᠢᠱ᠌ᠢᠶ᠎ᠡ ᠦᠵᠡᠭᠦᠯᠬᠦ ᠦᠢᠯᠡᠳᠪᠦᠷᠢ᠎ᠶᠢᠨ ᠲᠦᠷᠦᠯ ᠵᠦᠢᠯ᠎ᠦᠨ ᠦᠢᠯᠡᠳᠪᠦᠷᠢ᠎ᠶᠢᠨ ᠲᠠᠰᠤᠭ᠎ᠲᠤ᠂ ᠨᠢᠭᠡ ᠨᠢᠭᠡ ᠮᠥᠰᠥᠯᠡᠮᠵᠢ᠎ᠶᠢᠨ ᠰᠢᠳᠠᠮ᠂ ᠨᠢᠭᠡ ᠨᠢᠭᠡ ᠮᠣᠳᠣᠨ ᠪᠦᠳᠦᠴᠡᠳᠦ ᠬᠣᠭᠣᠯᠠᠨ ᠰᠠᠪᠠ ᠬᠡᠷᠡᠭᠰᠡᠯ ᠨᠢ ᠳᠠᠮᠵᠢᠭᠤᠯᠤᠨ ᠬᠦᠷᠭᠡᠬᠦ ᠪᠦᠰᠡᠨ ᠳᠡᠭᠡᠷ᠎ᠡ ᠡᠮᠬᠢ ᠵᠢᠷᠤᠮ᠎ᠲᠠᠢ᠎ᠪᠠᠷ ᠬᠦᠷᠭᠡᠭᠲᠡᠵᠦ᠂ ᠣᠶᠤᠨᠲᠤ ᠬᠠᠷᠠᠭᠠᠨ᠎ᠰᠡᠷᠡᠯ ᠵᠢᠡᠷ ᠰᠢᠯᠢᠨ ᠰᠤᠩᠭᠤᠬᠤ ᠮᠠᠰᠢᠨ᠎ᠳᠤ ᠵᠠᠯᠭᠠᠭ᠎ᠠ᠎ᠪᠠᠷ ᠣᠷᠣᠵᠤ᠂ ᠦ ᠰᠡᠪ᠎ᠢ ᠨᠢ ᠰᠢᠯᠭᠠᠨ ᠪᠠᠢᠴᠠᠭᠠᠨ᠎ᠠ᠃

《ᠡᠨᠡ ᠪᠣᠯ ᠮᠠᠨ᠎ᠤ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭᠰᠡᠨ ᠵᠢᠷᠭᠤᠳᠤᠭᠠᠷ ᠦᠶ᠎ᠡ᠎ᠶᠢᠨ ᠣᠶᠤᠨᠲᠤ ᠬᠠᠷᠠᠭᠠᠨ ᠰᠡᠷᠡᠯ ᠵᠢᠡᠷ ᠰᠢᠯᠢᠨ ᠰᠤᠩᠭᠤᠬᠤ ᠮᠠᠰᠢᠨ ᠮᠥᠨ᠂ ᠡᠨᠡ ᠨᠢ ᠪᠢᠳᠡᠨ᠎ᠦ ᠦᠢᠯᠡᠳᠬᠦᠨ᠎ᠦ ᠶᠠᠰᠤ ᠴᠢᠨᠠᠷ᠎ᠤᠨ ᠪᠣᠭᠣᠮᠲᠠ᠎ᠶᠢ ᠪᠠᠲᠤ ᠡᠵᠡᠮᠳᠡᠬᠦ᠎ᠳᠦ ᠬᠠᠪᠰᠤᠷᠤᠮᠵᠢ ᠪᠣᠯᠪᠠ᠂ ᠦᠢᠯᠡᠳᠪᠦᠷᠢᠯᠡᠯ᠎ᠦᠨ ᠱᠤᠭᠤᠮ᠎ᠤᠨ ᠬᠢᠨ ᠲᠠᠷᠠᠭᠠᠴᠢ ᠪᠡᠷ ᠪᠠᠰᠠ AGV ᠵᠢᠵᠢᠭ ᠮᠠᠰᠢᠨ ᠲᠡᠷᠭᠡ᠎ᠵᠢ ᠪᠥᠬᠥ ᠲᠠᠯ᠎ᠠ᠎ᠪᠠᠷ ᠢᠵᠢ ᠪᠦᠷᠢᠳᠦᠭᠦᠯᠵᠦ᠂ ᠪᠦᠷᠢᠨ ᠠᠦ᠋ᠲ᠋ᠣᠴᠢᠯᠠᠭᠰᠠᠨ ᠦᠢᠯᠡᠳᠪᠦᠷᠢᠯᠡᠯ᠎ᠢ ᠪᠡᠶᠡᠯᠡᠭᠦᠯᠬᠦ ᠪᠣᠯᠣᠨ᠎ᠠ》 ᠭᠡᠵᠦ ᠲᠤᠰ ᠺᠣᠮᠫᠠᠨᠢ᠎ᠶᠢᠨ ᠶᠡᠷᠦᠩᠬᠡᠢᠯᠡᠭᠰᠡᠨ ᠬᠡᠯᠲᠡᠰ᠎ᠦᠨ ᠳᠠᠷᠤᠭ᠎ᠠ ᠢᠦᠢ ᠬᠣᠩ ᠯᠧᠢ ᠲᠠᠨᠢᠯᠴᠠᠭᠤᠯᠪᠠ᠃

ᠡᠳᠦᠷ ᠲᠤᠲᠤᠮ᠎ᠤᠨ ᠬᠡᠷᠡᠭᠯᠡᠳᠡᠭ ᠮᠣᠳᠣᠯᠢᠬ ᠪᠦᠳᠦᠴᠡᠳᠦ ᠬᠤᠭᠤᠯᠠᠨ ᠰᠠᠪᠠ ᠬᠡᠷᠡᠭᠰᠡᠯ  ᠬᠡᠰᠡᠨ ᠦᠭᠡᠢ᠂ ᠮᠥᠰᠥᠯᠡᠮᠵᠢ ᠶ᠋ᠢᠨ ᠰᠢᠳᠠᠮ ᠬᠡᠰᠡᠨ ᠦᠭᠡᠢ᠂ ᠠᠵᠤ ᠠᠬᠤᠢᠯᠠᠯ᠎ᠤᠨ ᠬᠢᠨ ᠴᠦᠮ ᠶᠠᠰᠤ ᠴᠢᠨᠠᠷ᠎ᠤᠨ ᠪᠤᠭᠤᠮᠳᠠ ᠵᠢ ᠮᠠᠰᠢ ᠴᠢᠩᠭ᠎ᠠ ᠱᠠᠭᠠᠷᠲᠠᠲᠠᠭ᠃ ᠦᠢᠯᠡᠳᠪᠦᠷᠢᠯᠡᠯ᠎ᠤᠨ ᠱᠤᠭᠤᠮ ᠳᠡᠭᠡᠷ᠎ᠡ᠂ ᠣᠶᠤᠨᠲᠤ ᠬᠠᠷᠠᠭᠠᠨ᠎ᠰᠡᠷᠡᠯ ᠵᠢᠡᠷ ᠰᠢᠯᠢᠨ ᠰᠤᠩᠭᠤᠬᠤ ᠮᠠᠰᠢᠨ ᠨᠢᠰᠬᠦ ᠮᠡᠲᠦ ᠲᠦᠷᠭᠡᠨ ᠠᠵᠢᠯᠯᠠᠵᠤ᠂ 0.1 ᠮᠢᠯᠢᠮᠧᠲᠷ᠎ᠦᠨ ᠵᠢᠵᠢᠭ ᠦ ᠰᠡᠪ᠎ᠢ ᠴᠸ᠋ ᠢᠯᠭᠠᠨ ᠲᠠᠨᠢᠵᠤ᠂ ᠠᠩ ᠴᠠᠪᠠ᠂ ᠥᠩᠭᠡ᠎ᠶᠢᠨ ᠵᠥᠷᠢᠶ᠎ᠡ ᠵᠡᠷᠭᠡ 40 ᠭᠠᠷᠤᠢ ᠵᠦᠢᠯ᠎ᠦᠨ ᠠᠰᠠᠭᠤᠳᠠᠯ᠎ᠢ 24 ᠴᠠᠭ᠎ᠤᠨ ᠳᠣᠲᠣᠷ᠎ᠠ ᠲᠠᠰᠤᠷᠠᠯᠲᠠ ᠦᠭᠡᠢ ᠰᠢᠭ᠌ᠰᠢᠨ ᠪᠠᠢᠴᠠᠭᠠᠨ᠎ᠠ᠃ ᠣᠶᠤᠨᠴᠢᠯᠠᠭᠰᠠᠨ ᠥᠭᠡᠷᠡᠴᠢᠯᠡᠯᠲᠡ ᠬᠢᠭᠰᠡᠨ᠎ᠦ ᠳᠠᠷᠠᠭ᠎ᠠ᠂ ᠢᠯᠭᠠᠨ ᠲᠤᠳᠤᠯᠠᠬᠤ ᠬᠤᠷᠳᠤᠴᠠ᠎ᠶᠢ ᠳᠠᠬᠢᠨ᠎ᠢᠶᠠᠷ ᠨᠡᠮᠡᠭᠳᠡᠭᠦᠯᠵᠦ᠂ ᠬᠥᠮᠥᠨ᠎ᠦ ᠬᠦᠴᠦᠨ᠎ᠦ ᠥᠪᠡᠷ᠎ᠦᠨ ᠥᠷᠲᠡᠭ᠎ᠢ ᠶᠡᠬᠡ᠎ᠪᠡᠷ ᠪᠠᠭᠤᠷᠠᠭᠤᠯᠤᠨ᠂ ᠦᠢᠯᠡᠳᠬᠦᠨ᠎ᠦ ᠰᠠᠢᠨ ᠪᠦᠲᠦᠭᠡᠭᠳᠡᠬᠦᠨ᠎ᠦ ᠨᠣᠷᠮ᠎ᠠ᠎ᠶᠢ 99% ᠪᠣᠯᠲᠠᠯ᠎ᠠ ᠳᠡᠭᠡᠭᠰᠢᠯᠡᠭᠦᠯᠵᠦ᠂ ᠤᠯᠠᠮᠵᠢᠯᠠᠯᠲᠤ ᠮᠣᠳᠣᠯᠢᠬ ᠡᠳ᠋ᠯᠡᠯ ᠬᠡᠷᠡᠭᠰᠡᠯ ᠪᠣᠯᠪᠠᠰᠤᠷᠠᠭᠤᠯᠬᠤ ᠦᠢᠯᠡᠳᠪᠦᠷᠢ᠎ᠶᠢᠨ ᠲᠠᠰᠤᠭ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠪᠡᠶᠡᠯᠡᠭᠦᠯᠪᠡ᠃

ᠦᠢᠯᠡᠳᠪᠦᠷᠢ᠎ᠶᠢᠨ ᠲᠠᠰᠤᠭ᠎ᠲᠤ᠂ ᠬᠤᠰᠤ ᠮᠣᠳᠣᠨ᠎ᠤ ᠲᠦᠭᠦᠬᠡᠢ ᠮᠠᠲᠧᠷᠢᠶᠠᠯ᠎ᠢ ᠤᠯᠠᠨ ᠠᠵᠢᠯ᠎ᠤᠨ ᠳᠠᠷᠠᠭᠠᠯᠠᠯ᠎ᠢᠶᠠᠷ ᠡᠳ᠋ᠰᠢᠭᠦᠯᠦᠨ ᠬᠡᠪᠰᠢᠭᠦᠯᠵᠦ᠂ ᠥᠭᠡᠳᠡᠰᠦ ᠮᠠᠲᠧᠷᠢᠶᠠᠯ᠎ᠢ ᠨᠢᠭᠡᠳᠦᠯᠲᠡᠢ ᠬᠣᠷᠢᠶᠠᠨ ᠠᠪᠴᠤ ᠲᠠᠬᠢᠨ ᠠᠰᠢᠭ᠍ᠯᠠᠵᠤ᠂ ᠪᠣᠬᠢᠷᠲᠤᠯ ᠦᠭᠡᠢ ᠬᠥᠭᠵᠢᠯᠲᠡ᠎ᠶᠢᠨ ᠣᠢᠯᠠᠭᠠᠭᠳᠠᠬᠤᠨ᠎ᠢ ᠦᠢᠯᠡᠳᠪᠦᠷᠢᠯᠡᠯ᠎ᠦᠨ ᠪᠦᠬᠦ ᠶᠠᠪᠤᠴᠠ᠎ᠳᠤ ᠲᠤᠭᠤᠰᠢᠯᠠᠭᠤᠯᠪᠠ᠃ 《ᠨᠢᠭᠡ ᠯᠡ ᠤᠳᠠᠭ᠎ᠠ ᠢ᠋ᠢᠨ ᠴᠢᠨᠠᠷᠲᠠᠢ ᠰᠦᠯᠢᠶᠥᠦ ᠮᠠᠲ᠋ᠸᠷᠢᠶᠠᠯ᠎ᠤᠨ ᠬᠣᠭᠣᠯᠠᠨ᠎ᠰᠠᠪᠠ ᠬᠡᠷᠡᠭᠰᠡᠯ ᠢ᠋ ᠵᠠᠳᠠᠷᠠᠭᠤᠯᠬᠤ᠎ᠳᠤ ᠬᠦᠴᠢᠷᠳᠡᠢ᠂ ᠪᠣᠬᠢᠷᠲᠤᠯ ᠶᠡᠬᠡ ᠵᠡᠷᠭᠡ ᠳᠤᠲᠠᠭᠤᠳᠠᠯ᠎ᠲᠠᠢ ᠬᠠᠷᠢᠴᠠᠭᠤᠯᠪᠠᠯ᠂ ᠮᠣᠳᠣᠯᠢᠬ ᠮᠠᠲ᠋ᠸᠷᠢᠶᠠᠯ᠎ᠤᠨ ᠵᠠᠳᠠᠷᠠᠭᠤᠯᠵᠤ ᠪᠣᠯᠬᠤ ᠰᠡᠪᠠ ᠬᠡᠷᠡᠭᠰᠡᠯ ᠨᠢ ᠣᠳᠣᠬᠠᠨ᠎ᠤ  ᠪᠠᠭ᠎ᠠ ᠨᠡᠭᠦᠷᠡᠰᠦᠲᠥ᠋ᠷᠥᠭᠴᠢᠳᠦ ᠠᠮᠢᠳᠤᠷᠠᠯ᠂ ᠪᠣᠬᠢᠷᠲᠤᠯ ᠦᠭᠡᠢ ᠬᠡᠷᠡᠭᠯᠡᠭᠡᠨ᠎ᠦ ᠬᠠᠨᠳᠤᠰᠢ᠎ᠳᠤ ᠨᠡᠩ ᠢᠯᠡᠭᠦᠦ ᠨᠡᠢᠴᠡᠵᠦ ᠪᠠᠢᠨ᠎ᠠ》 ᠭᠡᠵᠦ ᠢᠦᠢ ᠬᠣᠩ ᠯᠧᠢ ᠬᠡᠯᠡᠬᠦ᠎ᠳᠡᠭᠡᠨ᠂ ᠬᠥᠬᠡᠬᠣᠲᠠ᠎ᠶᠢᠨ ᠶᠡᠷᠦᠩᠬᠡᠢᠯᠡᠭᠰᠡᠨ ᠭᠠᠢᠯᠢ ᠪᠠᠲᠤᠯᠠᠬᠤ ᠣᠷᠣᠨ᠎ᠤ ᠭᠠᠳᠠᠭᠠᠳᠤ ᠠᠷᠠᠯᠵᠢᠶᠠᠨ᠎ᠤ ᠪᠣᠭᠣᠮᠲᠠ᠎ᠪᠠᠷ ᠥᠩᠭᠡᠷᠡᠬᠦ᠎ᠳᠦ ᠲᠥᠬᠥᠮ ᠨᠦᠬᠦᠴᠡᠯ᠎ᠳᠤ ᠲᠦᠰᠢᠭᠯᠡᠨ᠂ ᠦᠢᠯᠡᠳᠬᠦᠨ ᠨᠢ ᠪᠥᠬᠥ ᠳᠡᠯᠡᠬᠡᠢ᠎ᠶᠢᠨ 40 ᠭᠠᠷᠤᠢ ᠤᠯᠤᠰ ᠪᠠ ᠭᠠᠵᠠᠷ ᠣᠷᠣᠨ᠎ᠳᠤ ᠪᠣᠷᠣᠯᠠᠭᠤᠯᠤᠭᠳᠠᠵᠤ᠂ ᠢᠯᠢ᠂ ᠮᠧᠩ ᠨᠢᠦ᠂ ᠮᠠᠢ ᠳ᠋ᠠᠩ ᠯᠣᠸ᠋᠂ ᠯᠢᠶᠠᠨ ᠾᠧ ᠯᠢ ᠬᠤᠸᠡ ᠵᠡᠷᠭᠡ ᠨᠠᠷᠠᠲᠤ ᠲᠥᠷᠥᠯ ᠲᠡᠮᠳᠡᠭᠲᠦ᠎ᠶᠢᠨ ᠠᠵᠤ ᠠᠬᠤᠢᠯᠠᠯ᠎ᠲᠠᠢ ᠣᠷᠳᠣ᠌ ᠬᠤᠭᠤᠴᠠᠭᠠᠨ᠎ᠤ ᠬᠠᠮᠲᠤᠷᠠᠯᠴᠠᠭ᠎ᠠ᠎ᠶᠢ ᠪᠠᠢᠭᠤᠯᠪᠠ ᠬᠡᠵᠡᠢ᠃

《ᠲᠦᠷᠦᠯ ᠵᠦᠢᠯ᠎ᠢ ᠪᠦᠬᠦᠨ᠎ᠢ ᠠᠰᠢᠭ᠍ᠯᠠᠯᠲᠠ᠎ᠳᠤ ᠣᠷᠣᠭᠤᠯᠤᠭᠰᠠᠨ᠎ᠤ ᠳᠠᠷᠠᠭ᠎ᠠ᠂ ᠵᠢᠱ᠌ᠢᠯᠲᠡ᠎ᠪᠡᠷ ᠵᠢᠯ᠎ᠦᠨ ᠦᠢᠯᠡᠳᠬᠦᠨ᠎ᠦ ᠦᠷᠳᠡᠭ᠎ᠢ 4 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠬᠥᠬᠡᠬᠣᠲᠠ᠎ᠶᠢᠨ ᠶᠡᠷᠦᠩᠬᠡᠢᠯᠡᠭᠰᠡᠨ ᠭᠠᠢᠯᠢ ᠪᠠᠲᠤᠯᠠᠬᠤ ᠣᠷᠣᠨ᠎ᠤ ᠦᠢᠯᠡᠳᠬᠦ ᠦᠢᠯᠡᠰ᠎ᠦᠨ ᠬᠡᠯᠪᠡᠷᠢ᠎ᠶᠢ ᠬᠤᠪᠢᠷᠠᠭᠤᠯᠤᠨ ᠳᠡᠰ ᠳᠡᠪᠰᠢᠭᠦᠯᠬᠦ᠎ᠳᠤ ᠴᠢᠨᠠᠬᠰᠢᠲᠠ ᠬᠦᠴᠦᠨ ᠨᠡᠮᠡᠷᠢᠯᠡᠵᠦ᠂ ᠪᠦᠬᠦ ᠬᠤᠳᠠ᠎ᠶᠢᠨ ᠪᠣᠬᠢᠷᠲᠤᠯ ᠦᠭᠡᠢ ᠬᠥᠩᠭᠡᠨ ᠠᠵᠤ ᠦᠢᠯᠡᠳᠪᠦᠷᠢ᠂ ᠭᠠᠳᠠᠭᠠᠳᠤ ᠠᠷᠠᠯᠵᠢᠶᠠᠨ᠎ᠤ ᠭᠠᠳᠠᠭᠠᠳᠤ ᠭᠠᠷᠭᠠᠯᠲᠠ ᠪᠣᠯᠣᠨ ᠪᠣᠳᠠᠲᠤ ᠴᠣᠭᠴᠠ᠎ᠶᠢᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ》 ᠭᠡᠵᠦ ᠥᠪᠥᠷ ᠮᠣᠩᠭᠣᠯ᠎ᠤᠨ ᠪᠠᠢ ᠪᠠᠩ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠳᠠᠷᠤᠭ᠎ᠠ ᠴᠧᠨ ᠲᠤᠤ ᠢᠯᠡᠳᠬᠡᠪᠡ᠃

ᠬᠡᠷᠪᠡ ᠪᠠᠢ ᠪᠠᠩ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ ᠨᠢ ᠤᠶᠤᠨᠳᠤ ᠦᠢᠯᠡᠳᠬᠡᠯ᠎ᠦᠨ ᠶᠠᠰᠤ ᠴᠢᠨᠠᠷ᠎ᠲᠤ ᠲᠦᠰᠢᠭᠯᠡᠨ ᠤᠯᠠᠨ ᠤᠯᠤᠰ᠎ᠤᠨ ᠵᠠᠬ᠎ᠠ ᠲᠡᠯᠭᠡᠭᠦᠷ᠎ᠤᠨ ᠡᠭᠦᠳᠡ᠎ᠶᠢ ᠨᠡᠭᠡᠭᠡᠬᠰᠡᠨ ᠪᠤᠯ᠂ ᠱᠠᠩ ᠮᠢᠩ (ᠥᠪᠥᠷ ᠮᠣᠩᠭᠣᠯ) ᠮᠠᠰᠢᠨ ᠲᠡᠷᠭᠡᠨ᠎ᠦ ᠬᠢᠵᠠᠭᠠᠷᠲᠤ ᠺᠣᠮᠫᠠᠨᠢ ᠨᠢ ᠬᠦᠷᠢᠶᠡᠯᠡᠩ ᠲᠣᠭᠣᠷᠢᠭ᠋᠎ᠤᠨ ᠨᠡᠪᠳᠡᠷᠡᠯ ᠵᠠᠮ᠎ᠤᠨ ᠨᠡᠭᠡᠭᠡᠯᠳᠡ ᠎ᠳᠤ ᠲᠦᠰᠢᠭᠯᠡᠵᠦ᠂ ᠵᠠᠬᠢᠶᠠᠯᠠᠭ᠎ᠠ ᠪᠡᠷ ᠥᠭᠡᠷᠡᠴᠢᠯᠡᠨ ᠲᠣᠨᠣᠭᠯᠠᠬᠤ᠎ᠪᠠᠷ ᠭᠠᠷᠳᠠᠴᠠ ᠪᠤᠯᠭᠠᠨ ᠭᠠᠳᠠᠭᠠᠳᠤ ᠠᠷᠠᠯᠵᠢᠶᠠᠨ᠎ᠤ ᠰᠢᠨ᠎ᠡ ᠵᠠᠮ᠎ᠢ ᠨᠡᠭᠡᠭᠡᠵᠡᠢ᠃ ᠠᠵᠤ ᠠᠬᠤᠢᠯᠠᠯ᠎ᠤᠨ ᠦᠢᠯᠡᠳᠪᠦᠷᠢ᠎ᠶᠢᠨ ᠲᠠᠰᠤᠭ᠎ᠲᠤ ᠣᠷᠣᠬᠤ᠎ᠳᠤ᠂ ᠥᠭᠡᠷᠡᠴᠢᠯᠡᠨ ᠤᠭᠰᠠᠷᠠᠭᠰᠠᠨ ᠮᠠᠰᠢᠨ ᠲᠡᠷᠭᠡ᠎ᠶᠢ ᠲᠡᠷᠢ ᠲᠡᠭᠰᠢ ᠵᠣᠭᠰᠣᠭᠠᠵᠤ᠂ ᠮᠠᠰᠢᠨ ᠪᠠ ᠪᠠᠭᠠᠵᠢ ᠬᠡᠷᠡᠭᠰᠡᠯ᠎ᠦᠨ ᠠᠵᠢᠯᠯᠠᠬᠤ ᠲᠠᠭᠤᠨ ᠰᠣᠯᠪᠢᠴᠠᠵᠤ᠂ ᠦᠢᠯᠡᠳᠪᠦᠷᠢᠯᠡᠯ  ᠶᠠᠭᠠᠷᠠᠯᠲᠠᠢ ᠪᠥᠭᠡᠳ ᠡᠮᠬᠢ ᠳᠢᠭ᠌ᠯᠢᠮ᠎ᠲᠠᠢ ᠪᠠᠢᠪᠠ᠃

ᠪᠤᠭᠤᠲᠤ ᠬᠤᠳᠠ ᠵᠢᠨ ᠵᠠᠩ ᠶᠦ᠋ᠩ ᠠᠪᠤᠭᠠᠢ ᠮᠠᠰᠢᠨ ᠲᠡᠷᠭᠡ᠎ᠪᠡᠨ ᠥᠭᠡᠷᠡᠴᠢᠯᠡᠨ ᠤᠭ᠍ᠰᠠᠷᠠᠭᠤᠯᠬᠤ᠎ᠪᠠᠷ ᠲᠤᠰᠬᠠᠢᠯᠠᠨ ᠢᠷᠡᠪᠡ᠃ ᠲᠡᠷᠡ᠄ 《ᠪᠢ ᠨᠢᠭᠡ ᠮᠠᠰᠢᠨ ᠲᠡᠷᠭᠡ ᠬᠤᠳᠠᠯᠳᠤᠨ ᠠᠪᠤᠭᠠᠳ ᠡᠨᠳᠡ ᠳᠡᠰ ᠳᠡᠪᠱᠢᠭᠦᠯᠦᠨ ᠤᠭ᠍ᠰᠠᠷᠠᠭᠤᠯᠬᠤ ᠪᠡᠷ ᠢᠷᠡᠵᠡᠢ᠂ ᠬᠥᠬᠡᠬᠣᠲᠠ᠎ᠳᠤ ᠨᠢᠭᠡ ᠥᠷᠲᠡᠭᠡᠴᠢᠯᠡᠭᠰᠡᠨ ᠮᠠᠶᠢᠬ ᠵᠢᠡᠷ ᠬᠢᠵᠦ᠍ ᠳᠡᠢᠯᠦᠨ᠎ᠡ᠂ ᠦᠨᠡᠬᠡᠷ ᠳᠥᠭᠥᠮ ᠪᠣᠯᠵᠠᠢ》 ᠭᠡᠯ᠎ᠡ᠃ ᠥᠭᠡᠷᠡᠴᠢᠯᠡᠨ ᠤᠭ᠍ᠰᠠᠷᠠᠬᠤ᠎ᠪᠠᠷ ᠳᠡᠮᠵᠢᠨ ᠮᠠᠰᠢᠨ ᠲᠡᠷᠭᠡ ᠳ᠋ᠦ ᠪᠠᠨ ᠰᠠᠯᠬᠢ ᠨᠡᠪᠲᠡᠷᠡᠭᠦᠯᠬᠦ ᠬᠠᠯᠠᠭᠠᠬᠤ ᠢᠯᠢᠵᠦ᠍ ᠨᠤᠬᠤᠯᠠᠬᠤ ᠠᠭᠠᠷ᠎ᠤᠨ ᠠᠶᠠᠯᠠᠯ᠎ᠤᠨ ᠰᠠᠭᠤᠳᠠᠯ᠂ ᠲᠡᠷᠭᠡᠨ ᠳᠡᠭᠡᠷᠡᠬᠢ ᠴᠠᠬᠢᠯᠭᠠᠨ ᠰᠣᠷᠢᠨᠵᠢᠨ ᠵᠤᠤᠬ᠎ᠠ᠂ ᠣᠳᠣᠨ ᠣᠭ᠍ᠲᠠᠷᠭᠤᠶ᠎ᠶ᠋ᠢᠨ ᠳ᠋ᠧᠩ ᠵᠡᠷᠭᠡ ᠵᠢ ᠢᠵᠢ ᠪᠦᠷᠢᠳᠦᠬᠦᠯᠵᠦ᠂ ᠬᠣᠯᠠ ᠵᠠᠮ ᠶᠠᠪᠤᠵᠤ ᠰᠠᠭᠤᠬᠤ ᠬᠡᠷᠡᠭ᠌ᠴᠡᠭᠡ ᠱᠠᠭᠠᠷᠳᠠᠯᠭ᠎ᠠ᠎ᠳᠤ ᠵᠣᠬᠢᠴᠠᠭᠤᠯᠪᠠ᠃ 《ᠣᠳᠣᠬᠠᠨ᠎ᠳᠤ᠂ ᠥᠪᠥᠷ ᠮᠣᠩᠭᠣᠯ᠎ᠤᠨ ᠮᠠᠱᠢᠨ ᠲᠡᠷᠭᠡ ᠥᠭᠡᠷᠡᠴᠢᠯᠡᠨ ᠤᠬᠰᠠᠷᠠᠬᠤ ᠠᠵᠢᠯ ᠲᠥᠷᠥᠯ᠎ᠦᠨ᠎ᠬᠢᠨ ᠴᠢᠨᠠᠷ᠎ᠤᠨ ᠦᠰᠦᠷᠦᠯᠲᠡ᠎ᠶ᠋ᠢ ᠪᠡᠶᠡᠯᠡᠭᠦᠯᠵᠦ᠍᠂ ᠥᠪᠡᠷᠮᠢᠴᠡ ᠣᠨᠴᠠᠯᠢᠭᠳᠤ ᠵᠠᠬᠢᠶᠠᠯᠠᠭ᠎ᠠ ᠪᠡᠷ ᠥᠭᠡᠷᠡᠴᠢᠯᠡᠨ ᠤᠬᠰᠠᠷᠠᠬᠤ᠎ᠠᠵᠤ ᠦᠢᠯᠡᠰ ᠵᠢᠡᠷ ᠲᠣᠰ ᠭᠠᠵᠠᠷ᠎ᠤᠨ ᠵᠢᠭᠤᠯᠴᠢᠯᠠᠯ᠎ᠤᠨ ᠦᠶ᠋ᠯᠡᠰ᠎ᠲᠦ ᠬᠦᠴᠦᠨ ᠨᠡᠮᠡᠷᠢᠯᠡᠵᠦ᠍ ᠪᠠᠢᠨ᠎ᠠ》 ᠭᠡᠵᠦ᠍ ᠵᠠᠩ ᠶᠦᠩ ᠬᠡᠯᠡᠪᠡ᠃

ᠠᠵᠤ ᠠᠬᠤᠢᠯᠠᠯ᠎ᠤᠨ ᠬᠢᠨ ᠨᠢᠭᠡᠨᠲᠡ  ᠮᠠᠱᠢᠨ ᠲᠡᠷᠭᠡ ᠥᠭᠡᠷᠡᠴᠢᠯᠡᠨ ᠤᠭ᠍ᠰᠠᠷᠠᠬᠤ ᠪᠦᠷᠢᠨ ᠪᠦᠲᠦᠨ ᠠᠵᠤ ᠦᠶ᠋ᠯᠡᠰ᠎ᠦᠨ ᠬᠡᠯᠬᠢᠶ᠎ᠡ᠎ᠶ᠋ᠢ ᠪᠦᠷᠢᠯᠳᠦᠭᠦᠯᠵᠦ᠍᠂ ᠵᠢᠯ᠎ᠳᠦ 200 ᠬᠤᠳᠠᠯᠳᠤᠭᠠᠨ᠎ᠤ ᠶᠠᠪᠤᠳᠠᠯ᠎ᠤᠨ ᠮᠠᠰᠢᠨ ᠲᠡᠷᠭᠡ᠂ 100 ᠭᠠᠷᠤᠶ ᠣᠨᠴᠠ ᠲᠥᠷᠥᠯ᠎ᠦᠨ ᠮᠠᠰᠢᠨ ᠲᠡᠷᠭᠡ᠂ 100 ᠭᠠᠷᠤᠶ ᠰᠠᠨᠰᠠᠷ᠎ᠤᠨ ᠥᠷᠥᠭᠡ᠎ᠵᠢ ᠦᠭᠡᠷᠡᠴᠢᠯᠡᠨ ᠤᠬᠰᠠᠷᠠᠵᠤ᠂ ᠵᠢᠯ᠎ᠳᠦ 420 ᠮᠠᠰᠢᠨ ᠲᠡᠷᠭᠡ ᠦᠶ᠋ᠯᠡᠳᠪᠦᠷᠢᠯᠡᠵᠦ᠍᠂ ᠵᠢᠯ᠎ᠦᠨ ᠦᠶ᠋ᠯᠡᠳᠬᠦᠨ᠎ᠦ ᠥᠷᠲᠡᠭ᠎ᠨᠢ 2.8 ᠳ᠋ᠦᠩᠱᠢᠭᠤᠷ ᠲᠥᠭᠥᠷᠢᠭ᠎ᠲᠦ ᠬᠦᠷᠴᠦ᠍᠂ ᠵᠢᠯ᠎ᠦᠨ ᠭᠠᠳᠠᠭᠠᠳᠤ ᠭᠠᠷᠭᠠᠯᠲᠠ᠎ᠶ᠋ᠢᠨ ᠬᠡᠮᠵᠢᠶ᠎ᠡ᠎ᠨᠢ 1.2 ᠳ᠋ᠦᠩᠱᠢᠭᠤᠷ ᠲᠥᠭᠥᠷᠢᠭ᠎ᠲᠦ ᠬᠦᠷᠴᠦ ᠪᠠᠢᠨ᠎ᠠ᠃ ᠳᠤᠮᠳᠠᠳᠤ ᠳᠣᠷᠣᠨᠠᠲᠤ᠎ᠶ᠋ᠢᠨ ᠵᠠᠬ᠎ᠠ ᠳᠡᠯᠭᠡᠭᠦᠷ᠎ᠲᠦ ᠲᠤᠰᠭᠠᠶ ᠪᠠᠢᠭᠤᠯᠤᠭ᠍ᠰᠠᠨ ᠬᠤᠳᠠᠯᠳᠤᠭᠠᠨ᠎ᠤ ᠶᠠᠪᠤᠳᠠᠯ᠎ᠤᠨ ᠮᠠᠰᠢᠨ ᠲᠡᠷᠭᠡᠨ᠎ᠦ ᠬᠡᠪ᠎ᠢ ᠨᠢᠭᠡᠨᠲᠡ ᠨᠡᠭᠡᠭᠡᠨ ᠠᠱᠢᠭ᠍ᠯᠠᠵᠤ᠂ ᠤᠳᠠᠯ ᠦᠭᠡᠢ ᠠᠱᠢᠭ᠍ᠯᠠᠯᠲᠠ᠎ᠳᠤ ᠣᠷᠣᠭᠤᠯᠬᠤ ᠪᠡᠷ ᠪᠠᠢᠨ᠎ᠠ᠃

《ᠠᠵᠤ ᠠᠬᠤᠢᠯᠠᠯ᠎ᠤᠨ ᠬᠢᠨ ᠬᠥᠬᠡᠬᠣᠲᠠ᠎ᠶ᠋ᠢᠨ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠲᠣᠭᠣᠷᠢᠭ᠎ᠲᠤ ᠨᠤᠲᠤᠭ᠍ᠰᠢᠭᠰᠠᠨ ᠡᠴᠡ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠂ ᠬᠠᠭᠤᠷᠠᠶ ᠵᠠᠮ᠎ᠤᠨ ᠲᠡᠭᠡᠭᠡᠪᠦᠷᠢ᠎ᠶ᠋ᠢᠨ ᠡᠬᠡᠯᠵᠢ ᠳ᠋ᠦ ᠲᠦᠱᠢᠭ᠌ᠯᠡᠨ᠂ ᠮᠣᠩᠭᠣᠯ ᠤᠯᠤᠰ᠂ ᠣᠷᠣᠰ᠂ ᠳᠤᠮᠳᠠᠳᠤ ᠠᠽᠢᠶ᠎ᠠ ᠵᠡᠷᠭᠡ ᠭᠠᠵᠠᠷ ᠣᠷᠣᠨ᠎ᠳᠤ ᠭᠠᠷᠭᠠᠬᠤ ᠳ᠋ᠦ ᠨᠠᠩ ᠥᠨᠳᠥᠷ ᠪᠦᠲᠦᠮᠵᠢᠲᠡᠶ ᠪᠣᠯᠪᠠ》 ᠭᠡᠵᠦ᠍ ᠺᠣᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ ᠯᠢ ᠮᠸᠩ ᠲᠠᠨᠢᠯᠴᠠᠭᠤᠯᠪᠠ᠃

2024 ᠣᠨ᠎ᠳᠤ᠂ ᠬᠦᠷᠢᠶᠡᠯᠡᠩ ᠲᠣᠭᠣᠷᠢᠭ᠎ᠤᠨ ᠭᠠᠷ ᠳᠠᠮᠵᠢᠭ᠍ᠰᠠᠨ ᠮᠠᠱᠢᠨ ᠲᠡᠷᠭᠡᠨ᠎ᠦ ᠭᠠᠳᠠᠭᠠᠳᠤ ᠭᠠᠷᠭᠠᠯᠲᠠ᠎ᠶ᠋ᠢᠨ ᠬᠡᠮᠵᠢᠶ᠎ᠡ᠂ ᠶᠡᠷᠦᠩᠬᠡᠶ ᠦᠷᠳᠡᠭ 《ᠪᠥᠬᠥ᠌ ᠣᠷᠣᠨ᠎ᠤ ᠬᠤᠤᠰ ᠨᠢᠭᠡᠳᠦᠭᠡᠷ》 ᠢ᠋ ᠪᠡᠶᠡᠯᠡᠭᠦᠯᠵᠦ᠍᠂ ᠠᠵᠤ ᠠᠬᠤᠢᠯᠠᠯ᠎ᠤᠨ ᠬᠢᠨ 《ᠥᠭᠡᠷᠡᠴᠢᠯᠡᠨ ᠤᠬᠰᠠᠷᠠᠬᠤ ᠵᠢ ᠵᠤᠷᠰᠢᠯᠵᠢᠭᠤᠯᠬᠤ᠂ ᠲᠡᠷᠭᠡᠨ᠎ᠦ ᠢᠷᠡᠯᠲᠡ᠎ᠶ᠋ᠢ ᠳᠡᠯᠡᠬᠡᠢᠵᠢᠭᠦᠯᠬᠦ᠌᠂ ᠦᠶ᠋ᠯᠡᠴᠢᠯᠡᠭᠡ᠎ᠶ᠋ᠢ ᠠᠮᠢ ᠠᠬᠤᠢᠵᠢᠭᠤᠯᠬᠤ》 ᠭᠠᠳᠠᠭᠠᠳᠤ ᠭᠠᠷᠭᠠᠯᠲᠠ᠎ᠶ᠋ᠢᠨ ᠪᠠᠢᠷᠢᠱᠢᠯ᠎ᠢ ᠪᠠᠢᠭᠤᠯᠪᠠ᠃

《ᠪᠢᠳᠡ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠬᠥᠬᠡᠬᠣᠲᠠ᠎ᠶ᠋ᠢᠨ ᠬᠡᠰᠡᠭ᠎ᠤᠨ ᠭᠣᠣᠯ ᠣᠷᠣᠨ ᠪᠦᠰᠡ᠎ᠳᠦ ᠪᠠᠢᠷᠢᠯᠠᠵᠤ ᠪᠤᠢ᠂ ᠴᠢᠯᠥᠭᠡᠲᠦ ᠠᠷᠠᠯᠵᠢᠶᠠᠨ᠎ᠤ ᠣᠷᠣᠨ ᠭᠠᠳᠠᠭᠠᠳᠤ᠎ᠳᠤ ᠭᠠᠷᠭᠠᠬᠤ ᠭᠠᠷᠳᠠᠮ᠎ᠢ ᠳᠥᠭᠥᠮᠴᠢᠯᠡᠵᠦ᠍᠂ ᠠᠵᠤ ᠠᠬᠤᠢᠯᠠᠯ᠎ᠤᠨ ᠬᠥᠭ᠌ᠵᠢᠯᠲᠡ ᠳ᠋ᠤ ᠨᠡᠩ ᠢᠲᠡᠭᠡᠯ᠎ᠤᠯᠭᠤᠵᠠᠢ》 ᠬᠡᠵᠦ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠯᠢ ᠬᠣᠶ ᠬᠡᠯᠡᠪᠡ᠃ ᠣᠳᠣᠬᠠᠨ᠎ᠳᠤ ᠠᠵᠤ ᠠᠬᠤᠢᠯᠠᠯ᠎ᠤᠨ ᠬᠢᠨ ᠶᠠᠭ ᠤᠯᠤᠰ᠎ᠤᠨ ᠲᠠᠰ᠎ᠤᠨ ᠮᠠᠱᠢᠨ ᠲᠡᠷᠭᠡ᠎ᠶ᠋ᠢ ᠥᠭᠡᠷᠡᠴᠢᠯᠡᠨ ᠤᠭ᠍ᠰᠠᠷᠠᠬᠤ ᠬᠢᠷᠢ ᠬᠡᠮ᠎ᠢ ᠭᠤᠶᠤᠴᠢᠯᠠᠵᠤ᠂ ᠠᠵᠢᠯ ᠲᠥᠷᠥᠯ᠎ᠦᠨ ᠥᠷᠢᠰᠥᠯᠳᠦᠬᠦ᠌ ᠬᠦᠴᠦᠨ᠎ᠢᠶᠡᠨ ᠳᠡᠭᠡᠭ᠌ᠰᠢᠯᠡᠭᠦᠯᠵᠦ᠍ ᠪᠠᠢᠨ᠎ᠠ᠃

ᠨᠡᠭᠡᠭᠡᠯᠲᠡ ᠬᠢᠵᠦ᠍ ᠵᠠᠬ᠎ᠠ ᠳᠡᠯᠭᠡᠭᠦᠷ᠎ᠢ ᠥᠷᠭᠡᠳᠭᠡᠬᠦ᠌᠎ᠶ᠋ᠢᠨ ᠬᠠᠮᠲᠤ᠂ ᠬᠥᠬᠡᠬᠣᠲᠠ᠎ᠶ᠋ᠢᠨ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ ᠨᠤᠲᠤᠭ᠎ᠤᠨ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠦ ᠭᠠᠷ ᠤᠷᠠᠯᠠᠯ᠎ᠤᠨ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠨ ᠶᠠᠰᠤ ᠴᠢᠨᠠᠷ᠎ᠢᠶᠠᠨ ᠳᠡᠭᠡᠭ᠌ᠰᠢᠯᠡᠭᠦᠯᠵᠦ᠍ ᠲᠠᠰ ᠳᠡᠪᠱᠢᠬᠦ᠌᠎ᠶ᠋ᠢ ᠠᠬᠢᠭᠤᠯᠪᠠ᠃ ᠥᠪᠥᠷ ᠮᠣᠩᠭᠣᠯ᠎ᠤᠨ ᠹᠠᠩ ᠨᠢᠦ ᠲᠦ᠋ᠩ ᠢᠳᠡᠭᠡᠨ᠎ᠦ ᠬᠢᠵᠠᠭᠠᠷᠲᠤ ᠺᠣᠮᠫᠠᠨᠢ᠎ᠶ᠋ᠢᠨ ᠦᠶ᠋ᠯᠡᠳᠪᠦᠷᠢ᠎ᠶ᠋ᠢᠨ ᠲᠠᠰᠤᠭ᠎ᠲᠤ᠂ ᠨᠢᠮᠭᠡᠨ ᠬᠡᠸ᠋ᠷᠡᠭ ᠦᠭᠡᠷ᠎ᠤᠨ ᠮᠢᠬᠠᠨ᠎ᠤ ᠦᠶ᠋ᠯᠡᠳᠪᠦᠷᠢᠯᠡᠯ᠎ᠦᠨ ᠱᠤᠭᠤᠮ᠎ᠨᠢ ᠳᠡᠭᠡᠳᠦ ᠬᠤᠷᠳᠤᠴᠠ᠎ᠪᠠᠷ ᠡᠷᠭᠢᠯᠳᠦᠵᠦ᠍᠂ ᠲᠦᠭᠦᠬᠡᠶ᠎ᠪᠡᠷ ᠦᠶ᠋ᠯᠡᠳᠬᠦ᠌᠂ ᠪᠤᠯᠭᠤᠭᠠᠨ ᠦᠢᠯᠡᠳᠭᠦ ᠡᠴᠡ ᠪᠢᠲᠡᠭᠦᠮᠵᠢᠯᠡᠨ ᠰᠠᠪᠠᠯᠠᠬᠤ ᠪᠥᠬᠥ᠌ ᠶᠠᠪᠤᠴᠠ᠎ᠶ᠋ᠢᠨ ᠠᠦ᠋ᠲ᠋ᠣᠴᠢᠯᠠᠯᠳᠠ ᠵᠢ ᠪᠡᠶᠡᠯᠡᠭᠦᠯᠪᠡ᠃

《ᠪᠢᠳᠡ ᠤᠯᠠᠮᠵᠢᠯᠠᠯᠲᠤ ᠪᠣᠷᠴᠠ᠎ᠶ᠋ᠢᠨ ᠵᠤᠵᠠᠭᠠᠨ ᠬᠠᠲᠠᠭᠤ ᠪᠠᠢᠳᠠᠭ ᠬᠢᠵᠠᠭᠠᠷᠯᠠᠯ᠎ᠢ ᠢᠯᠠᠨ ᠲᠠᠪᠠᠵᠤ᠂ ᠲᠥᠮᠥᠰᠥᠨ ᠵᠦᠰᠦᠮ᠎ᠦᠨ ᠭᠠᠷ ᠤᠷᠠᠯᠠᠯ᠎ᠢᠶᠠᠷ ᠲᠣᠯᠢ ᠪᠣᠯᠭᠠᠵᠤ᠂ ᠨᠢᠮᠭᠡᠨ ᠬᠡᠸ᠋ᠷᠡᠭ ᠪᠣᠯᠭᠠᠪᠠ》 ᠭᠡᠵᠦ᠍ ᠺᠣᠮᠫᠠᠨᠢ᠎ᠶ᠋ᠢᠨ ᠦᠶ᠋ᠯᠡᠳᠪᠦᠷᠢᠯᠡᠯ᠎ᠦᠨ ᠬᠡᠯᠲᠡᠰ᠎ᠦᠨ ᠳᠠᠭᠠᠭᠠᠮᠠᠯ ᠦ᠋ ᠹᠸᠢ ᠲᠠᠨᠢᠯᠴᠠᠭᠤᠯᠪᠠ᠃

《ᠳᠤᠤᠷ᠎ᠠ ᠳᠤᠯᠠᠭᠠᠨ᠎ᠳ᠋ᠤ ᠡᠷᠬᠢᠯᠳᠡᠳᠦ ᠬᠠᠯᠠᠭᠤᠨ ᠰᠠᠯᠬᠢᠨ ᠵᠢᠡᠷ ᠬᠠᠭᠰᠠᠭᠠᠬᠤ ᠮᠡᠷᠭᠡᠵᠢᠯ᠎ᠨᠢ ᠦᠬᠡᠷ᠎ᠦᠨ ᠮᠢᠬ᠎ᠠ᠎ᠶ᠋ᠢ ᠨᠠᠩ ᠵᠢᠭ᠌ᠳᠡ ᠬᠠᠯᠠᠭᠠᠵᠤ᠂ ᠮᠢᠬᠠᠨ᠎ᠤ ᠠᠩᠬᠢᠯᠤᠮ᠎ᠠ ᠦᠨᠦᠷ᠎ᠢ ᠬᠠᠳᠠᠭᠠᠯᠠᠵᠤ᠂ ᠠᠮᠲᠠ ᠵᠢ ᠨᠠᠩ ᠲᠣᠭ᠍ᠲᠠᠪᠤᠷᠢᠲᠠᠶ ᠪᠣᠯᠭᠠᠪᠠ》 ᠭᠡᠵᠦ᠍ ᠠᠵᠢᠯᠲᠠᠨ ᠰᠦᠩ ᠲᠢᠩ ᠲᠢᠩ ᠨᠥᠬᠥᠪᠥᠷᠢᠯᠡᠨ ᠬᠡᠯᠡᠪᠡ᠃

ᠱᠢᠨ᠎ᠡ᠎ᠶ᠋ᠢ ᠡᠭᠦᠳᠬᠦ᠌ ᠤᠷ᠎ᠠ ᠮᠡᠷᠭᠡᠵᠢᠯ ᠪᠠ ᠥᠪᠡᠷᠮᠢᠴᠡ ᠦᠨᠦᠷ ᠠᠮᠲᠠ ᠳ᠋ᠤ ᠲᠦᠱᠢᠭ᠌ᠯᠡᠨ᠂ ᠲᠣᠰ ᠬᠡᠯᠪᠡᠷᠢ᠎ᠶ᠋ᠢᠨ ᠦᠬᠡᠷ᠎ᠦᠨ ᠮᠢᠬ᠎ᠠ᠎ᠶ᠋ᠢᠨ ᠨᠢᠮᠭᠡᠨ ᠬᠡᠸ᠋ᠷᠡᠭ᠎ᠨᠢ ᠠᠵᠤ ᠠᠬᠤᠢᠯᠠᠯ᠎ᠤᠨ ᠭᠤᠤᠯ ᠪᠦᠲᠦᠭᠡᠭᠳᠡᠭᠦᠨ ᠪᠣᠯᠵᠣ᠂ ᠪᠣᠷᠣᠯᠠᠭᠤᠯᠤᠯᠲᠠ᠎ᠶ᠋ᠢᠨ ᠬᠡᠮᠵᠢᠶ᠎ᠡ᠎ᠨᠢ ᠶᠡᠷᠦᠩᠬᠡᠶ ᠡᠵᠡᠩᠨᠡᠯᠲᠡ᠎ᠶ᠋ᠢᠨ ᠣᠷᠣᠯᠭ᠎ᠠ᠎ᠶ᠋ᠢᠨ 80%᠎ᠶ᠋ᠢ ᠡᠵᠡᠯᠡᠪᠡ᠃ ᠠᠵᠤ ᠠᠬᠤᠢᠯᠠᠯ ᠳ᠋ᠤ ᠣᠲᠣ 5 ᠵᠤᠷᠪᠤᠰ ᠨᠢᠮᠭᠡᠨ ᠬᠡᠸ᠋ᠷᠡᠭ  ᠦᠬᠡᠷ᠎ᠦᠨ ᠮᠢᠬᠠᠨ᠎ᠤ ᠦᠶ᠋ᠯᠡᠳᠪᠦᠷᠢᠯᠡᠯ᠎ᠦᠨ ᠱᠤᠭᠤᠮ ᠪᠤᠢ᠂ ᠬᠣᠶᠠᠷ ᠵᠤᠷᠪᠤᠰ ᠪᠣᠷᠴᠠ᠎ᠶ᠋ᠢᠨ ᠦᠶ᠋ᠯᠡᠳᠪᠦᠷᠢᠯᠡᠯ᠎ᠦᠨ ᠱᠤᠭᠤᠮ᠎ᠨᠢ ᠶᠠᠭ ᠲᠤᠷᠱᠢᠨ ᠦᠶ᠋ᠯᠡᠳᠪᠦᠷᠢᠯᠡᠬᠦ᠌ ᠱᠠᠲᠤᠨ᠎ᠳᠤ ᠪᠠᠢᠵᠤ᠂ ᠪᠦᠬᠦᠨ᠎ᠢ ᠠᠱᠢᠭ᠍ᠯᠠᠯᠲᠠ᠎ᠳᠤ ᠣᠷᠣᠭᠤᠯᠤᠭ᠍ᠰᠠᠨ᠎ᠤ ᠳᠠᠷᠠᠭ᠎ᠠ ᠡᠳᠦᠷ᠎ᠲᠦ 4 ᠲᠦᠮᠡᠨ ᠬᠠᠢᠷᠴᠠᠬ ᠦᠬᠡᠷ᠎ᠦᠨ ᠮᠢᠬ᠎ᠠ ᠦᠶ᠋ᠯᠡᠳᠪᠦᠷᠢᠯᠡᠵᠦ᠍᠂ ᠵᠢᠯ᠎ᠳᠦ 1600 ᠲᠣᠨ ᠦᠬᠡᠷ᠎ᠦᠨ ᠮᠢᠬ᠎ᠠ ᠪᠣᠯᠪᠠᠰᠤᠷᠠᠭᠤᠯᠵᠤ᠂ ᠵᠢᠱ᠌ᠢᠯᠲᠡ᠎ᠪᠡᠷ ᠵᠢᠯ᠎ᠦᠨ ᠦᠶ᠋ᠯᠡᠳᠬᠦᠨ᠎ᠦ ᠥᠷᠲᠡᠭ᠎ᠨᠢ 2.4 ᠳ᠋ᠦᠩᠱᠢᠭᠤᠷ ᠲᠥᠭᠥᠷᠢᠭ᠎ᠲᠦ ᠬᠥᠷᠬᠥ᠌ ᠪᠣᠯᠤᠨ᠎ᠠ᠃

ᠲᠠᠯ᠎ᠠ ᠨᠤᠲᠤᠭ᠎ᠤᠨ ᠴᠢᠨᠠᠷ ᠰᠠᠢᠲᠠᠶ ᠢᠳᠡᠭᠡᠨ᠎ᠦ ᠮᠠᠲ᠋ᠧᠷᠢᠶᠠᠯ ᠳ᠋ᠦ ᠰᠠᠭᠤᠷᠢᠯᠠᠨ᠂ ᠠᠵᠤ ᠠᠬᠤᠢᠯᠠᠯ᠎ᠤᠨ ᠬᠢᠨ ᠦᠷᠭᠦᠯᠵᠢᠯᠡᠨ ᠤᠷ᠎ᠠ ᠮᠡᠷᠭᠡᠱᠢᠯ᠎ᠢ ᠰᠤᠳᠤᠯᠤᠨ ᠨᠡᠭᠡᠭᠡᠵᠦ᠍᠂ ᠥᠭᠡᠬᠦ᠌ ᠪᠠᠭ᠎ᠠ ᠳᠠᠪᠤᠰᠤ ᠪᠠᠭ᠎ᠠ ᠨᠠᠢᠷᠠᠯᠭ᠎ᠠ᠎ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠦᠨ᠂ ᠱᠢᠨ᠎ᠡ᠎ᠶ᠋ᠢ ᠡᠭᠦᠳᠬᠦ᠌ ᠦᠶ᠋ᠯᠡᠳᠬᠦᠨ᠎ᠢᠶᠡᠷ ᠪᠣᠷᠣᠯᠠᠭᠤᠯᠭ᠎ᠠ᠎ᠶ᠋ᠢ ᠥᠷᠭᠡᠳᠭᠡᠵᠦ᠍᠂ ᠲᠣᠰ ᠭᠠᠵᠠᠷ᠎ᠤᠨ ᠮᠢᠬᠠᠨ᠎ᠤ ᠪᠦᠲᠦᠭᠡᠭ᠌ᠳᠡᠬᠦᠨ᠎ᠦ ᠱᠢᠨ᠎ᠡ ᠠᠮᠢᠵᠢᠷᠠᠯ᠎ᠤᠨ ᠬᠦᠴᠦᠨ᠎ᠢ ᠪᠠᠳᠠᠷᠠᠭᠤᠯᠤᠨ᠎ᠠ᠃


ᠰᠤᠷᠪᠤᠯᠵᠢᠯᠠᠭ᠍ᠴᠢ᠎ᠶ᠋ᠢᠨ ᠡᠪᠦᠷ ᠲᠡᠮᠳᠡᠭ᠌ᠯᠡᠯ᠄

ᠬᠥᠬᠡᠬᠣᠲᠠ᠎ᠶ᠋ᠢᠨ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠎ᠤ ᠦᠢᠯᠡᠳᠪᠦᠷᠢᠯᠡᠯ᠎ᠦᠨ ᠡᠮᠦᠨ᠎ᠡ ᠹᠷᠣᠨᠲ᠂ ᠭᠤᠷᠪᠠᠨ ᠠᠵᠤ ᠠᠬᠤᠢᠯᠠᠯ᠎ᠤᠨ ᠪᠣᠳᠠᠲᠠᠢ ᠠᠵᠢᠯᠯᠠᠭᠠᠨ᠎ᠤ ᠪᠠᠢᠳᠠᠯ ᠨᠢ ᠬᠦᠷᠢᠶᠡᠯᠡᠩ ᠲᠣᠭᠣᠷᠢᠭ᠎ᠤᠨ ᠠᠵᠤ ᠦᠢᠯᠡᠰ᠎ᠢ ᠲᠣᠭ᠍ᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ᠎ᠶ᠋ᠢ ᠥᠷᠭᠡᠳᠭᠡᠬᠦ᠌᠂ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠬᠥᠭ᠌ᠵᠢᠯᠲᠡ᠎ᠶ᠋ᠢᠨ ᠲᠣᠳᠣᠷᠬᠠᠢ ᠰᠤᠳᠠᠰᠤ᠎ᠶ᠋ᠢ ᠵᠢᠷᠤᠭ᠍ᠯᠠᠨ᠎ᠡ᠃

ᠮᠣᠳᠣᠨ ᠬᠡᠷᠡᠭ᠌ᠰᠡᠯ ᠨᠢ ᠤᠶᠤᠨᠲᠤ ᠲᠥᠬᠥᠭᠡᠷᠦᠮᠵᠢ ᠨᠠᠷᠢᠯᠢᠭ ᠡᠵᠡᠮᠳᠡᠯ ᠵᠢᠡᠷ ᠣᠯᠠᠨ ᠤᠯᠤᠰ᠎ᠤᠨ ᠵᠠᠬ᠎ᠠ ᠳᠡᠯᠭᠡᠭᠦᠷ᠎ᠦᠨ ᠡᠭᠦᠳᠡ᠎ᠶ᠋ᠢ ᠨᠡᠭᠡᠭᠡᠪᠡ; ᠥᠭᠡᠷᠡᠴᠢᠯᠡᠨ ᠤᠭ᠍ᠰᠠᠷᠠᠬᠰᠠᠨ ᠮᠠᠰᠢᠨ ᠲᠡᠷᠭᠡ ᠨᠢ ᠨᠡᠪᠳᠡᠷᠡᠯ᠎ᠤᠨ ᠵᠠᠮ᠎ᠤᠨ ᠨᠡᠭᠡᠭᠡᠯᠳᠡ᠎ᠳᠤ ᠲᠦᠱᠢᠭ᠌ᠯᠡᠨ ᠣᠯᠠᠨ ᠤᠯᠤᠰ᠎ᠤᠨ ᠪᠣᠷᠣᠯᠠᠭᠤᠯᠭ᠎ᠠ ᠵᠢ ᠦᠷᠭᠡᠳᠭᠡᠪᠡ; ᠲᠠᠯ᠎ᠠ ᠨᠤᠲᠤᠭ᠎ᠤᠨ ᠮᠢᠬᠠᠨ᠎ᠤ ᠪᠦᠲᠦᠭᠡᠭ᠌ᠳᠡᠬᠦᠨ ᠨᠢ ᠭᠠᠷ ᠤᠷᠠᠯᠠᠯ᠎ᠤᠨ ᠱᠢᠨ᠎ᠡ᠎ᠶ᠋ᠢ ᠡᠭᠦᠳᠬᠦ᠌᠎ᠪᠡᠷ ᠳᠠᠮᠵᠢᠨ ᠪᠦᠳᠦᠬᠦᠯᠢᠭ ᠪᠣᠯᠪᠠᠰᠤᠷᠠᠭᠤᠯᠤᠯᠲᠠ᠎ᠠᠴᠠ ᠥᠷᠲᠡᠭ ᠨᠡᠮᠡᠭ᠌ᠳᠡᠬᠦ᠌᠎ᠶ᠋ᠢ ᠪᠡᠶᠡᠯᠡᠭᠦᠯᠪᠡ᠃

ᠤᠶᠤᠨᠲᠤ ᠦᠢᠯᠡᠳᠭᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠨᠡᠬᠡᠬᠡᠯᠳᠡ ᠬᠢᠵᠦ᠍ ᠵᠠᠬ᠎ᠠ ᠳᠡᠯᠭᠡᠭᠦᠷ᠎ᠢ ᠥᠷᠭᠡᠳᠭᠡᠬᠦ᠂ ᠱᠢᠨ᠎ᠡ᠎ᠶ᠋ᠢ ᠡᠭᠦᠳᠴᠦ᠍ ᠡᠨᠧᠷᠭᠢ ᠣᠯᠭᠣᠭ᠍ᠰᠠᠨ ᠴᠤ᠌ ᠲᠡᠷᠡ᠂ ᠬᠦᠷᠢᠶᠡᠯᠡᠩ ᠲᠣᠭᠣᠷᠢᠭ᠎ᠤᠨ ᠠᠵᠤ ᠠᠬᠤᠢᠯᠠᠯ᠎ᠤᠨ ᠬᠢᠨ ᠪᠦᠷ ᠪᠣᠳᠠᠲᠠᠢ ᠠᠵᠢᠯᠯᠠᠬᠤ᠎ᠳᠤ ᠰᠠᠭᠤᠷᠢᠯᠠᠵᠤ᠂ ᠠᠯᠬᠤᠮ ᠠᠯᠬᠤᠮ᠎ᠢᠶᠠᠷ ᠬᠥᠭ᠌ᠵᠢᠯᠲᠡ᠎ᠶ᠋ᠢ ᠰᠦᠪᠡᠭ᠌ᠴᠢᠯᠡᠵᠦ᠍ ᠪᠤᠢ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠳᠤᠷᠤᠨ᠎ᠠ᠎ᠶ᠋ᠢᠨ ᠰᠠᠯᠬᠢᠨ᠎ᠤ ᠡᠷᠴᠢᠨ ᠳᠡᠭᠡᠷ᠎ᠡ᠂ ᠡᠨᠡ ᠬᠦ᠌ ᠦᠢᠯᠡᠳᠪᠦᠷᠢᠯᠡᠯ᠎ᠦᠨ ᠡᠮᠦᠨ᠎ᠡ ᠹᠷᠣᠨᠲ᠎ᠲᠤ ᠦᠨᠳᠦᠰᠦᠯᠡᠵᠦ ᠦᠨᠡᠨ ᠪᠣᠳᠠᠲᠠᠢ᠎ᠶ᠋ᠢ ᠡᠷᠬᠢᠮᠯᠡᠵᠦ ᠤᠷᠤᠭᠰᠢᠯᠠᠨ ᠲᠠᠪᠰᠢᠬᠤ ᠤᠪᠤᠷ ᠪᠠᠢᠳᠠᠯ ᠨᠢ ᠣᠷᠣᠨ᠎ᠤ ᠲᠥᠪ᠎ᠦᠨ ᠤᠮᠠᠷᠠᠰᠢ ᠨᠡᠬᠡᠬᠡᠯᠳᠡ ᠬᠢᠬᠦ᠌ ᠬᠠᠮᠤᠭ᠎ᠤᠨ ᠪᠠᠲᠤ ᠪᠡᠬᠢ ᠲᠤᠯᠭᠠᠭᠤᠷᠢᠯᠠᠯ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号