ᠰᠢ ᠵᠢᠨ ᠫᠢᠩ ᠠᠮᠧᠷᠢᠺᠠ᠎ᠶ᠋ᠢᠨ ᠶᠡᠷᠦᠩᠬᠡᠢᠯᠡᠭ᠌ᠴᠢ ᠲᠸᠷᠠᠮᠫᠦ᠋᠎ᠲᠠᠢ ᠬᠡᠯᠡᠯᠴᠡᠭᠡ ᠬᠢᠪᠠ
2026-05-15 09:51:46
ᠵᠣᠬᠢᠶᠠᠭ᠍ᠴᠢ᠄
ᠶᠠᠩ ᠢ ᠵᠢᠶᠦ᠋ᠨ ᠵᠦ᠍ ᠵᠶ᠋ᠢ ᠴᠠᠢ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 14 ᠤ᠋ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ᠌᠎ᠪᠡᠷ ᠳᠤᠮᠳᠠᠳᠤ ᠤᠯᠤᠰ᠎ᠲᠤ ᠢᠷᠡᠭ᠌ᠰᠡᠨ ᠠᠮᠧᠷᠢᠺᠠ᠎ᠶ᠋ᠢᠨ ᠶᠡᠷᠦᠩᠬᠡᠢᠯᠡᠭ᠌ᠴᠢ ᠲᠸᠷᠠᠮᠫᠦ᠋ ᠲᠠᠢ ᠬᠡᠯᠡᠯᠴᠡᠭᠡ ᠬᠢᠪᠡ᠃



QQ20260515-094830.png


5  ᠰᠠᠷ᠎ᠠ ᠎ᠶ᠋ᠢᠨ  14  ᠤ᠋  ᠦᠳᠡ ᠎ᠶ᠋ᠢᠨ   ᠡᠮᠦᠨ᠎ᠡ᠂  ᠤᠯᠤᠰ  ᠎ᠤᠨ  ᠲᠡᠷᠢᠭᠦᠯᠡᠭ᠌ᠴᠢ    ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ᠌᠎ᠪᠡᠷ ᠳᠤᠮᠳᠠᠳᠤ ᠤᠯᠤᠰ᠎ᠲᠤ ᠢᠷᠡᠭ᠌ᠰᠡᠨ ᠠᠮᠧᠷᠢᠺᠠ᠎ᠶ᠋ᠢᠨ ᠶᠡᠷᠦᠩᠬᠡᠢᠯᠡᠭ᠌ᠴᠢ ᠲᠸᠷᠠᠮᠫᠦ᠋ ᠲᠠᠢ ᠬᠡᠯᠡᠯᠴᠡᠭᠡ ᠬᠢᠪᠡ᠃ 

   ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ   ᠳ᠋ᠢᠩ ᠯᠢᠨ ᠰᠡᠭᠦᠳᠡᠷᠯᠡᠪᠡ


ᠰᠢ ᠵᠢᠨ ᠫᠢᠩ᠂ ᠣᠳᠣᠬᠠᠨ ᠳ᠋ᠤ ᠵᠠᠭᠤᠨ ᠵᠢᠯ᠎ᠳᠤ ᠲᠤᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠰᠦᠨ ᠤᠯᠠᠷᠢᠵᠤ᠂ ᠳᠡᠯᠡᠬᠡᠢ᠎ᠶ᠋ᠢᠨ ᠪᠠᠢᠳᠠᠯ ᠳ᠋ᠤ ᠦᠢᠮᠡᠬᠡᠨ ᠲᠡᠪᠵᠢᠶᠠᠨ ᠰᠤᠯᠪᠢᠴᠠᠨ ᠤᠷᠤᠰᠢᠵᠤ᠂ ᠳᠤᠮᠳᠠᠳᠤ ᠠᠮᠧᠷᠢᠺᠠ ᠬᠣᠶᠠᠷ ᠤᠯᠤᠰ《ᠰᠦᠺᠢᠳ᠋ᠢᠳ᠋ᠸᠰ᠎ᠤᠨ ᠤᠨᠠᠭᠤᠯᠢ》 ᠵᠢ ᠳᠠᠪᠠᠵᠤ᠂ ᠲᠤᠮᠤ ᠤᠯᠤᠰ᠎ᠤᠨ ᠬᠠᠷᠢᠯᠴᠠᠭ᠎ᠠ᠎ᠶ᠋ᠢᠨ ᠱᠢᠨ᠎ᠡ ᠬᠡᠪ ᠲᠠᠭᠤᠷᠢᠶᠠᠯ᠎ᠢ ᠡᠭᠦᠳᠴᠦ᠍ ᠴᠢᠳᠠᠨ᠎ᠠ᠎ᠤᠤ ᠦᠬᠡᠢ᠎ᠤᠤ ? ᠪᠦᠬᠦ᠌ ᠪᠥᠮᠪᠥᠷᠴᠡᠭ ᠎ᠦᠨ ᠴᠢᠨᠠᠷᠲᠠᠢ ᠥᠷᠢᠰᠥᠯᠳᠦᠭᠡᠨ᠎ᠢ ᠭᠠᠷ ᠬᠣᠯᠪᠣᠯᠴᠠᠨ ᠠᠷᠭᠠᠴᠠᠭᠠᠵᠤ᠂ ᠳᠡᠯᠡᠬᠡᠢ ᠳ᠋ᠠᠬᠢᠨ᠎ᠳᠤ ᠨᠡᠩ ᠤᠯᠠᠨ ᠲᠣᠭ᠍ᠲᠠᠪᠤᠷᠢᠳᠤ ᠴᠢᠨᠠᠷ ᠨᠡᠮᠡᠷᠢᠯᠡᠵᠦ᠍ ᠴᠢᠳᠠᠨ᠎ᠠ ᠎ᠤᠤ ᠦᠬᠡᠢ᠎ᠤᠤ ? ᠬᠣᠶᠠᠷ ᠤᠯᠤᠰ᠎ᠤᠨ ᠠᠷᠠᠳ ᠲᠦᠮᠡᠨ᠎ᠦ ᠪᠤᠶᠠᠨ ᠵᠢᠷᠭᠠᠯ ᠪᠣᠯᠤᠨ ᠬᠥᠮᠦᠨ ᠲᠥᠷᠥᠯᠬᠢᠲᠡᠨ᠎ᠦ ᠢᠷᠡᠭᠡᠳᠦᠢ ᠵᠢᠨ ᠬᠤᠪᠢ ᠵᠠᠶᠠᠭ᠎ᠠ᠎ᠶ᠋ᠢ ᠪᠣᠳᠣᠯᠬᠢᠯᠠᠵᠤ᠂ ᠬᠣᠶᠠᠷ ᠤᠯᠤᠰ᠎ᠤᠨ ᠬᠠᠷᠢᠯᠴᠠᠭᠠᠨ᠎ᠤ ᠰᠠᠢ᠌ᠨ ᠰᠠᠢᠬᠠᠨ ᠢᠷᠡᠭᠡᠳᠦᠢ᠎ᠶ᠋ᠢ ᠬᠠᠮᠲᠤ᠎ᠪᠠᠷ ᠴᠣᠭ᠍ᠴᠠᠯᠠᠵᠤ ᠴᠢᠳᠠᠨ᠎ᠠ᠎ᠤᠤ ᠦᠬᠡᠢ᠎ᠤᠤ ? ᠡᠳᠡᠭᠡᠷ ᠪᠣᠯ ᠲᠡᠦᠬᠡ᠎ᠶ᠋ᠢᠨ ᠠᠰᠠᠭᠤᠯᠲᠠ᠂ ᠳᠡᠯᠡᠬᠡᠢ᠎ᠶ᠋ᠢᠨ ᠠᠰᠠᠭᠤᠯᠲᠠ᠂ ᠠᠷᠠᠳ ᠲᠦᠮᠡᠨ᠎ᠦ ᠠᠰᠠᠭᠤᠯᠲᠠ ᠮᠥᠨ᠂ ᠪᠠᠰᠠ ᠴᠤ᠌ ᠲᠤᠮᠤ ᠤᠯᠤᠰ᠎ᠤᠨ ᠤᠳᠤᠷᠢᠳᠭᠤ ᠬᠥᠮᠦᠨ᠎ᠤ ᠬᠠᠮᠲᠤ᠎ᠪᠠᠷ ᠪᠢᠴᠢᠭᠯᠡᠬᠦ᠌ ᠴᠢᠬᠤᠯᠠᠲᠠᠢ ᠴᠠᠭ ᠦᠶ᠎ᠡ᠎ᠶ᠋ᠢᠨ ᠬᠠᠷᠢᠭᠤᠯᠲᠠ᠎ᠶ᠋ᠢᠨ ᠬᠠᠭᠤᠳᠠᠰᠤ ᠮᠥᠨ᠃ ᠪᠢ ᠳᠤᠷᠠᠲᠠᠶ᠎ᠠ ᠶᠡᠷᠦᠩᠬᠡᠢᠯᠡᠭ᠌ᠴᠢ ᠲᠸᠷᠠᠮᠫᠦ᠋ ᠲᠠᠢ ᠬᠠᠮᠲᠤ᠎ᠪᠠᠷ ᠳᠤᠮᠳᠠᠳᠤ ᠠᠮᠧᠷᠢᠺᠠ᠎ᠶ᠋ᠢᠨ ᠬᠠᠷᠢᠯᠴᠠᠭᠠᠨ᠎ᠤ ᠡᠨᠡ ᠬᠦ᠌ ᠲᠤᠮᠤ ᠣᠩᠭᠣᠴᠠ᠎ᠶ᠋ᠢᠨ ᠠᠶᠠᠯᠠᠯ᠎ᠢ ᠰᠠᠢᠲᠤᠷ ᠵᠢᠯᠣᠭᠣᠳᠴᠤ᠌᠂ ᠵᠠᠯᠠᠭᠤᠷ ᠎ᠢ ᠰᠠᠢᠲᠤᠷ ᠡᠵᠡᠮᠳᠠᠵᠤ᠂ 2026 ᠣᠨ᠎ᠢ ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ᠎ᠶ᠋ᠢᠨ ᠤᠷᠢᠳᠤᠬᠢ᠎ᠶ᠋ᠢ ᠵᠠᠯᠭᠠᠮᠵᠢᠯᠠᠨ ᠬᠣᠢᠳᠤᠬᠢ᠎ᠳᠤ ᠵᠠᠮ ᠨᠡᠭᠡᠭᠡᠵᠦ᠍ ᠥᠭ᠌ᠬᠦ ᠲᠡᠦᠬᠡᠲᠦ ᠴᠢᠨᠠᠷᠲᠠᠢ᠂ ᠪᠡᠯᠭᠡ ᠳᠡᠮᠳᠡᠭ᠎ᠦᠨ ᠴᠢᠨᠠᠷᠲᠠᠢ ᠣᠨ ᠵᠢᠯ ᠪᠣᠯᠭᠠᠨ᠎ᠠ ᠭᠡᠵᠦ ᠵᠢᠭᠠᠵᠤ ᠭᠠᠷᠭᠠᠪᠠ᠃


QQ20260515-094841.png


5 ᠰᠠᠷ᠎ᠠ᠎ᠶ᠋ᠢᠨ 14 ᠤ᠋ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠬᠦ᠌᠎ᠪᠡᠷ ᠳᠤᠮᠳᠠᠳᠤ ᠤᠯᠤᠰ᠎ᠲᠤ ᠢᠷᠡᠭ᠌ᠰᠡᠨ ᠠᠮᠧᠷᠢᠺᠠ᠎ᠶ᠋ᠢᠨ ᠶᠡᠷᠦᠩᠬᠡᠢᠯᠡᠭ᠌ᠴᠢ ᠲᠸᠷᠠᠮᠫᠦ᠋ ᠲᠠᠢ ᠬᠡᠯᠡᠯᠴᠡᠭᠡ ᠬᠢᠪᠡ᠃ ᠬᠡᠯᠡᠯᠴᠡᠭᠡ ᠬᠢᠬᠦ᠌᠎ᠡᠴᠡ ᠡᠮᠦᠨ᠎ᠡ᠂ ᠰᠢ ᠵᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠵᠡᠭᠦᠨ ᠡᠭᠦᠳᠡᠨ᠎ᠦ ᠭᠠᠳᠠᠨᠠᠬᠢ ᠠᠭᠤᠳᠠᠮ ᠲᠠᠯᠠᠪᠠᠢ᠎ᠳᠤ ᠲᠸᠷᠠᠮᠫᠦ᠋ ᠵᠢ ᠤᠭ᠍ᠲᠤᠬᠤ ᠶᠣᠰᠣᠯᠠᠯ ᠶᠠᠪᠤᠭᠤᠯᠪᠠ᠃

ᠰᠢᠨᠬᠤᠸᠠ ᠬᠤᠷᠢᠶ᠎ᠠ᠎ᠨᠡᠢᠳᠡᠯᠡᠪᠡ (ᠹᠸᠡᠭ ᠶᠦᠡᠭ ᠪᠢᠨ ᠰᠡᠬᠦᠳᠡᠷᠯᠡᠪᠡ)


ᠰᠢ ᠵᠢᠨ ᠫᠢᠩ᠂ ᠳᠤᠮᠳᠠᠳᠤ ᠤᠯᠤᠰ ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ ᠵᠢᠨ ᠲᠣᠭ᠍ᠲᠠᠭᠤᠨ᠂ ᠡᠷᠡᠭᠦᠯ᠂ ᠦᠷᠭᠦᠯᠵᠢᠯᠡᠬᠦ᠌ ᠬᠥᠭ᠌ᠵᠢᠯᠲᠡ᠎ᠶ᠋ᠢᠨ ᠲᠥᠯᠥᠭᠡ ᠴᠢᠷᠮᠠᠢᠨ᠎ᠠ᠃ ᠪᠢ ᠶᠡᠷᠦᠩᠬᠡᠢᠯᠡᠭ᠌ᠴᠢ ᠲᠸᠷᠠᠮᠫᠦ᠋ ᠲᠠᠢ《ᠳᠤᠮᠳᠠᠳᠤ ᠠᠮᠧᠷᠢᠺᠠ᠎ᠶ᠋ᠢᠨ ᠪᠦᠲᠦᠭᠡᠯᠴᠢ ᠴᠢᠨᠠᠷᠲᠠᠢ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠭᠤᠨ ᠬᠠᠷᠢᠯᠴᠠᠭ᠎ᠠ》ᠵᠢ ᠪᠠᠢᠭᠤᠯᠬᠤ᠎ᠶ᠋ᠢ ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ᠎ᠶ᠋ᠢᠨ ᠱᠢᠨ᠎ᠡ ᠪᠠᠢᠷᠢ ᠲᠣᠭ᠍ᠲᠠᠭᠠᠯᠲᠠ ᠪᠣᠯᠭᠠᠬᠤ ᠵᠢ ᠵᠦᠪᠰᠢᠶᠡᠷᠡᠵᠦ᠂ ᠢᠷᠡᠭᠡᠳᠦᠢ᠎ᠶ᠋ᠢᠨ 3 ᠵᠢᠯ ᠴᠢᠨᠠᠭ᠍ᠰᠢᠯᠠᠪᠠᠯ ᠨᠡᠩ ᠤᠷᠳᠤ ᠬᠤᠭᠤᠴᠠᠭᠠᠨ᠎ᠤ ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ᠎ᠳᠤ ᠪᠠᠢᠯᠳᠤᠬᠤ ᠪᠤᠳᠤᠯᠭ᠎ᠠ᠎ᠶ᠋ᠢᠨ ᠵᠢᠯᠤᠭᠤᠳᠤᠯᠭ᠎ᠠ ᠬᠠᠩᠭᠠᠨ᠎ᠠ᠂ ᠬᠣᠶᠠᠷ ᠤᠯᠤᠰ᠎ᠤᠨ ᠠᠷᠠᠳ ᠲᠦᠮᠡᠨ ᠪᠣᠯᠤᠨ ᠳᠡᠯᠡᠬᠡᠢ ᠨᠡᠢᠭᠡᠮ᠎ᠦᠨ ᠬᠦᠷᠢᠶᠡᠯᠡᠯ᠎ᠢ ᠤᠯᠬᠤ ᠵᠢ ᠢᠲᠡᠭᠡᠵᠦ᠍ ᠪᠠᠢᠨ᠎ᠠ᠃《ᠪᠦᠲᠦᠭᠡᠯᠴᠢ ᠴᠢᠨᠠᠷᠲᠠᠢ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠭᠤᠨ》 ᠨᠢ ᠬᠠᠮᠲᠤᠷᠠᠯᠴᠠᠭ᠎ᠠ᠎ᠪᠠᠷ ᠭᠣᠣᠯ ᠪᠣᠯᠭᠠᠭ᠍ᠰᠠᠨ ᠢᠳᠡᠪᠬᠢᠲᠡᠢ ᠲᠣᠭ᠍ᠲᠠᠭᠤᠨ ᠪᠠᠢᠳᠠᠯ ᠪᠠᠢᠪᠠᠯ ᠵᠣᠬᠢᠨ᠎ᠠ᠂ ᠥᠷᠢᠰᠥᠯᠳᠦᠭᠡᠨ ᠨᠢ ᠬᠡᠮ ᠬᠡᠮᠵᠢᠢ᠎ᠡ᠎ᠲᠡᠶ ᠰᠠᠢ᠌ᠨ ᠰᠠᠢᠬᠠᠨ ᠲᠣᠭ᠍ᠲᠠᠭᠤᠨ ᠪᠠᠢᠳᠠᠯ ᠪᠠᠢᠪᠠᠯ ᠵᠣᠬᠢᠨ᠎ᠠ᠂ ᠵᠥᠷᠢᠯᠳᠦᠭᠡᠨ᠎ᠢ ᠡᠵᠡᠮᠳᠡᠵᠦ᠍ ᠪᠣᠯᠬᠤ ᠬᠡᠪ᠎ᠦᠨ ᠲᠣᠭ᠍ᠲᠠᠭᠤᠨ ᠪᠠᠢᠳᠠᠯ ᠪᠠᠢᠪᠠᠯ ᠵᠣᠬᠢᠨ᠎ᠠ᠂ ᠡᠩᠬᠡ ᠲᠠᠢᠪᠤᠩ ᠪᠠᠢᠵᠤ ᠪᠤᠯᠬᠤ ᠥᠨᠢ ᠤᠳᠠᠭᠠᠨ᠎ᠤ ᠲᠣᠭ᠍ᠲᠠᠭᠤᠨ ᠪᠠᠢᠳᠠᠯ  ᠪᠠᠢᠪᠠᠯ ᠵᠣᠬᠢᠨ᠎ᠠ᠃《ᠳᠤᠮᠳᠠᠳᠤ ᠠᠮᠧᠷᠢᠺᠠ᠎ᠶ᠋ᠢᠨ ᠪᠦᠲᠦᠭᠡᠯᠴᠢ ᠴᠢᠨᠠᠷᠲᠠᠢ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠭᠤᠨ ᠬᠠᠷᠢᠯᠴᠠᠭ᠎ᠠ》ᠭᠡᠳᠡᠭ ᠨᠢ ᠬᠤᠭᠤᠰᠤᠨ ᠤᠷᠢᠶ᠎ᠠ ᠪᠢᠰᠢ᠂ ᠬᠠᠷᠢᠨ ᠦᠭᠡᠳᠡ ᠦᠭᠡᠳᠡ ᠡᠴᠡ ᠪᠡᠨ ᠬᠠᠨᠳᠤᠨ ᠤᠷᠤᠭ᠍ᠰᠢᠯᠠᠬᠤ ᠪᠤᠳᠠᠳᠤ ᠠᠵᠢᠯᠯᠠᠭ᠎ᠠ ᠪᠠᠢᠪᠠᠯ ᠵᠤᠬᠢᠨ᠎ᠠ ᠭᠡᠵᠦ ᠴᠢᠬᠤᠯᠠᠴᠢᠯᠠᠪᠠ᠃

ᠰᠢ᠎ᠶᠢᠨ ᠫᠢᠩ᠂ ᠳᠤᠮᠳᠠᠳᠤ ᠠᠮᠧᠷᠢᠺᠠ᠎ᠶᠢᠨ ᠠᠵᠤ ᠠᠬᠤᠢ ᠠᠷᠠᠯᠵᠢᠶᠠᠨ᠎ᠤ ᠬᠠᠷᠢᠯᠴᠠᠭ᠎ᠠ᠎ᠶᠢᠨ ᠮᠥᠨ ᠴᠢᠨᠠᠷ ᠪᠣᠯ ᠬᠠᠷᠢᠯᠴᠠᠨ ᠠᠰᠢᠭ᠋ ᠣᠯᠭᠣᠵᠤ ᠬᠠᠮᠲᠤ᠎ᠪᠠᠷ ᠠᠰᠢᠭ᠋ ᠭᠥᠷᠳᠡᠬᠦ ᠶᠠᠪᠤᠳᠠᠯ ᠮᠥᠨ᠂ ᠵᠥᠷᠢᠯᠳᠦᠭᠡᠨ ᠪᠠ ᠮᠥᠷᠭᠥᠯᠳᠦᠭᠡᠨ᠎ᠦ ᠡᠮᠦᠨ᠎ᠡ᠂ ᠡᠷᠬᠡ ᠲᠡᠭᠰᠢ᠎ᠪᠡᠷ ᠵᠥᠪᠳᠡᠯᠴᠡᠬᠦ ᠪᠣᠯ ᠴᠣᠷ᠎ᠤᠨ ᠭᠠᠭᠴᠠ ᠵᠥᠪ ᠰᠣᠩᠭᠣᠯᠲᠠ ᠮᠥᠨ᠃ ᠥᠴᠥᠭᠡᠳᠦᠷ ᠬᠣᠶᠠᠷ ᠤᠯᠤᠰ᠎ᠤᠨ ᠠᠵᠤ ᠠᠬᠤᠢ ᠠᠷᠠᠯᠵᠢᠶᠠᠨ᠎ᠤ ᠪᠦᠯᠬᠦᠮ᠎ᠶᠡᠷᠦᠩᠬᠡᠢ᠎ᠳᠡᠭᠡᠨ ᠲᠡᠩᠴᠡᠭᠦᠷᠢᠲᠡᠢ ᠢᠳᠡᠪᠬᠢᠲᠡᠢ ᠦᠷ᠎ᠡ ᠪᠦᠲᠦᠮᠵᠢ ᠣᠯᠪᠠ᠂ ᠡᠨᠡ ᠨᠢ ᠬᠣᠶᠠᠷ ᠤᠯᠤᠰ᠎ᠤᠨ ᠠᠷᠠᠳ ᠲᠦᠮᠡᠨ ᠪᠣᠯᠣᠨ ᠳᠡᠯᠡᠬᠡᠢ ᠳ᠋ᠠᠬᠢᠨ᠎ᠳᠤ ᠴᠥᠮ ᠰᠠᠢᠨ ᠴᠢᠮᠡᠭᠡ ᠪᠣᠯᠬᠤ ᠶᠤᠮ᠃ ᠬᠣᠶᠠᠷ ᠲᠠᠯ᠎ᠠ᠎ᠪᠠᠷ᠎ᠢᠶᠠᠨ ᠣᠳᠣᠬᠠᠨ᠎ᠤ ᠬᠢᠯᠪᠠᠷ ᠪᠤᠰᠤ᠎ᠪᠠᠷ ᠢᠷᠡᠭᠰᠡᠨ ᠰᠠᠢᠨ ᠰᠠᠢᠬᠠᠨ ᠪᠠᠢᠳᠠᠯ᠎ᠢ ᠬᠠᠮᠲᠤ ᠪᠠᠷ ᠰᠠᠢᠲᠤᠷ ᠬᠠᠮᠠᠭᠠᠯᠠᠪᠠᠯ ᠵᠣᠬᠢᠨ᠎ᠠ᠃ ᠳᠤᠮᠳᠠᠳᠤ ᠤᠯᠤᠰ᠎ᠤᠨ ᠨᠡᠭᠡᠭᠡᠯᠲᠡ᠎ᠶᠢᠨ ᠲᠣᠮᠣ᠌ ᠡᠭᠦᠳᠡ ᠶᠠᠪᠤᠬᠤ ᠲᠤᠳᠤᠮ ᠶᠡᠬᠡ ᠨᠡᠭᠡᠭᠡᠭᠳᠡᠨ᠎ᠠ᠂ ᠠᠮᠧᠷᠢᠺᠠ᠎ᠶᠢᠨ ᠠᠵᠤ ᠠᠬᠤᠢᠯᠠᠯ ᠤᠳᠤ ᠶᠠᠭ ᠳᠤᠮᠳᠠᠳᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ᠎ᠳᠦ ᠭᠦᠨᠵᠡᠭᠡᠢ ᠣᠷᠣᠯᠴᠠᠵᠤ ᠪᠤᠢ᠂ ᠳᠤᠮᠳᠠᠳᠤ᠎ᠶᠢᠨ ᠲᠠᠯ᠎ᠠ ᠠᠮᠧᠷᠢᠺᠠ ᠎ᠶᠢᠨ ᠳᠤᠮᠳᠠᠳᠤ ᠤᠯᠤᠰ ᠯᠤᠭ᠎ᠠ᠎ᠶᠢᠨ ᠬᠠᠷᠢᠯᠴᠠᠨ ᠠᠰᠢᠭ᠍ᠲᠠᠢ ᠬᠠᠮᠲᠤᠷᠠᠯᠴᠠᠭ᠎ᠠ᠎ᠪᠠᠨ ᠴᠢᠩᠭᠠᠳᠬᠠᠬᠤ᠎ᠶᠢ ᠪᠠᠶᠠᠷᠯᠠᠨ ᠤᠭᠲᠤᠵᠤ ᠪᠠᠢᠨ᠎ᠠ ᠭᠡᠵᠤ ᠵᠢᠭᠠᠵᠤ ᠭᠠᠷᠭᠠᠪᠠ᠃

ᠰᠢ᠎ᠶᠢᠨ ᠫᠢᠩ᠂ ᠬᠣᠶᠠᠷ ᠲᠠᠯ᠎ᠠ᠎ᠪᠠᠷ᠎ᠢᠶᠠᠨ ᠪᠢᠳᠡᠨ᠎ᠦ ᠲᠣᠬᠢᠷᠠᠯᠴᠠᠭᠰᠠᠨ ᠴᠢᠬᠤᠯᠠ ᠬᠠᠮᠲᠤ᠎ᠶᠢᠨ ᠲᠠᠨᠢᠯᠲᠠ᠎ᠶᠢ ᠨᠠᠢᠳᠠᠪᠤᠷᠢᠵᠢᠭᠤᠯᠵᠤ᠂ ᠤᠯᠤᠰ ᠲᠦᠷᠦ ᠭᠠᠳᠠᠭᠠᠳᠤ ᠬᠠᠷᠢᠯᠴᠠᠭ᠎ᠠ᠂ ᠬᠣᠶᠠᠷ ᠤᠯᠤᠰ᠎ᠤᠨ ᠴᠡᠷᠢᠭ᠎ᠦᠨ ᠣᠯᠣᠯᠴᠠᠭ᠎ᠠ ᠵᠢᠨ ᠠᠷᠭ᠎ᠠ ᠵᠠᠮ᠎ᠢ ᠴᠢᠨᠠᠭᠰᠢᠳᠠ ᠰᠠᠢᠲᠤᠷ ᠠᠰᠢᠭ᠍ᠯᠠᠶ᠎ᠠ᠃ ᠠᠵᠤ ᠠᠬᠤᠢ ᠠᠷᠠᠯᠵᠢᠶ᠎ᠠ᠂ ᠡᠷᠡᠭᠦᠯ ᠬᠠᠮᠠᠭᠠᠯᠠᠯ᠂ ᠲᠠᠷᠢᠶᠠᠯᠠᠩ᠂ ᠵᠢᠭᠤᠯᠴᠢᠯᠠᠯ᠂ ᠰᠣᠶᠣᠯ ᠢᠷᠭᠡᠨᠰᠢᠯ᠂ ᠬᠠᠤᠯᠢ ᠬᠡᠷᠡᠭᠵᠢᠭᠦᠯᠬᠦ ᠵᠡᠷᠭᠡ ᠬᠦᠷᠢᠶᠡᠨ᠎ᠳᠡᠬᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠥᠷᠭᠡᠳᠬᠡᠶ᠎ᠡ ᠭᠡᠵᠤ ᠵᠢᠭᠠᠵᠤ ᠭᠠᠷᠭᠠᠪᠠ᠃

ᠰᠢ᠎ᠶᠢᠨ ᠫᠢᠩ᠂ ᠲᠠᠢᠸᠠᠨ᠎ᠤ ᠠᠰᠠᠭᠤᠳᠠᠯ ᠪᠣᠯ ᠳᠤᠮᠳᠠᠳᠤ ᠠᠮᠧᠷᠢᠺᠠ᠎ᠶᠢᠨ ᠬᠠᠷᠢᠯᠴᠠᠭᠠᠨ᠎ᠤ ᠬᠠᠮᠤᠭ᠎ᠤᠨ ᠴᠢᠬᠤᠯᠠ ᠠᠰᠠᠭᠤᠳᠠᠯ ᠮᠥᠨ᠃ ᠰᠠᠢᠲᠤᠷ ᠰᠢᠶ᠋ᠳᠪᠦᠷᠢᠯᠡᠴᠢᠬᠡᠪᠡᠯ᠂ ᠬᠣᠶᠠᠷ ᠤᠯᠤᠰ᠎ᠤᠨ ᠬᠠᠷᠢᠯᠴᠠᠭ᠎ᠠ ᠶᠡᠷᠦᠩᠬᠡᠢ᠎ᠳᠡᠭᠡᠨ ᠲᠣᠭᠲᠠᠭᠤᠨ ᠪᠠᠢᠳᠠᠯ᠎ᠢᠶᠠᠨ ᠪᠠᠲᠤᠯᠠᠵᠤ ᠴᠢᠳᠠᠨ᠎ᠠ᠃ ᠰᠠᠢᠲᠤᠷ ᠰᠢᠢᠳᠪᠦᠷᠢᠯᠡᠵᠤ ᠲᠡᠢᠯᠬᠦ ᠦᠭᠡᠢ ᠪᠣᠯ ᠬᠣᠶᠠᠷ ᠤᠯᠤᠰ ᠳᠠᠷᠤᠢ ᠬᠠᠷᠭᠤᠯᠳᠤᠬᠤ ᠪᠤᠶᠤ ᠴᠢᠨᠠᠭᠰᠢᠯᠠᠨ ᠮᠦᠷᠭᠦᠯᠳᠦᠭᠡᠨ ᠡᠭᠦᠰᠴᠦ᠂ ᠪᠦᠬᠦᠢᠯᠡ ᠳᠤᠮᠳᠠᠳᠤ ᠠᠮᠧᠷᠢᠺᠠ ᠎ᠶᠢᠨ  ᠬᠠᠷᠢᠯᠴᠠᠭ᠎ᠠ ᠎ᠶᠢ ᠲᠤᠢᠯ᠎ᠤᠨ ᠠᠶᠤᠯ ᠲᠠᠢ ᠪᠠᠢᠳᠠᠯ ᠎ᠳᠤ ᠣᠷᠣᠭᠤᠯᠬᠤ ᠪᠣᠯᠣᠨ᠎ᠠ᠃ 《ᠲᠠᠢᠸᠠᠨ᠎ᠢ ᠲᠤᠰᠠᠭᠠᠷ ᠲᠣᠭᠲᠠᠨᠢᠭᠤᠯᠬᠤ》ᠪᠣᠯᠣᠨ ᠲᠠᠢᠸᠠᠨ ᠬᠣᠭᠣᠯᠠᠢ᠎ᠶᠢᠨ ᠡᠩᠬᠡ ᠲᠠᠢᠪᠤᠩ ᠪᠤᠯ ᠡᠪᠯᠡᠷᠡᠰᠢ ᠦᠭᠡᠢ ᠶᠤᠮ᠂ ᠲᠠᠢᠸᠠᠨ ᠬᠣᠭᠣᠯᠠᠢ᠎ᠶᠢᠨ ᠡᠩᠬᠡ ᠲᠠᠢᠪᠤᠩ ᠲᠣᠭᠲᠠᠭᠤᠨ᠎ᠢ ᠬᠠᠮᠠᠭᠠᠯᠠᠬᠤ ᠪᠣᠯ ᠳᠤᠮᠳᠠᠳᠤ ᠠᠮᠧᠷᠢᠺᠠ᠎ᠶᠢᠨ ᠬᠣᠶᠠᠷ ᠲᠠᠯ᠎ᠠ᠎ᠶᠢᠨ ᠬᠠᠮᠤᠭ᠎ᠤᠨ ᠶᠡᠬᠡ ᠶᠡᠷᠦᠩᠬᠡᠢ ᠬᠤᠷᠢᠶᠠᠭ᠍ᠴᠢ ᠲᠣᠭ᠎ᠠ ᠮᠦᠨ᠂ ᠠᠮᠧᠷᠢᠺᠠ᠎ᠶᠢᠨ ᠲᠠᠯ᠎ᠠ ᠶᠠᠭᠠᠬᠢᠬᠰᠠᠨ ᠴᠤ᠌ ᠲᠠᠢᠸᠠᠨ᠎ᠤ ᠠᠰᠠᠭᠤᠳᠠᠯ᠎ᠢ ᠲᠦᠢᠯ᠎ᠤᠨ ᠬᠢᠨᠠᠭᠤᠷ ᠪᠣᠯᠭᠣᠮᠵᠢᠲᠠᠢ ᠰᠢᠢᠳᠪᠦᠷᠢᠯᠡᠬᠦ ᠬᠡᠷᠡᠭᠳᠡᠢ ᠭᠡᠵᠤ ᠴᠢᠬᠤᠯᠠᠴᠢᠯᠠᠪᠠ᠃

ᠲᠸᠷᠠᠮᠫᠦ᠋᠂ ᠳᠤᠮᠳᠠᠳᠤ ᠤᠯᠤᠰ᠎ᠲᠤ ᠲᠦᠷᠦ᠍᠎ᠶ᠋ᠢᠨ ᠶᠠᠪᠤᠳᠠᠯ᠎ᠤᠨ ᠠᠢᠯᠴᠢᠯᠠᠯᠲᠠ ᠬᠢᠭᠰᠡᠨ ᠨᠢ ᠮᠠᠰᠢ ᠠᠵᠠ ᠲᠠᠢ ᠶᠠᠪᠤᠳᠠᠯ ᠶᠤᠮ᠃ ᠠᠮᠧᠷᠢᠺᠠ ᠳᠤᠮᠳᠠᠳᠤ᠎ᠶ᠋ᠢᠨ ᠬᠠᠷᠢᠯᠴᠠᠭ᠎ᠠ ᠮᠠᠰᠢ ᠰᠠᠢ᠌ᠨ ᠪᠠᠢᠨ᠎ᠠ᠂ ᠪᠢ ᠲᠡᠷᠢᠭᠦᠯᠡᠭ᠌ᠴᠢ ᠰᠢ ᠵᠢᠨ ᠫᠢᠩ᠎ᠲᠡᠶ ᠲᠡᠦᠬᠡᠨ ᠳ᠋ᠡᠬᠢ ᠠᠮᠧᠷᠢᠺᠠ ᠳᠤᠮᠳᠠᠳᠤ᠎ᠶ᠋ᠢᠨ ᠲᠡᠷᠢᠭᠦᠨ᠎ᠦ ᠬᠣᠭᠣᠷᠣᠨᠳᠣᠬᠢ ᠬᠠᠮᠤᠭ᠎ᠤᠨ ᠤᠷᠳᠤ ᠬᠤᠭᠤᠴᠠᠭ᠎ᠠ ᠪᠠ ᠬᠠᠮᠤᠭ᠎ᠤᠨ ᠰᠠᠢ᠌ᠨ ᠰᠠᠢᠬᠠᠨ ᠬᠠᠷᠢᠯᠴᠠᠭ᠎ᠠ᠎ᠶ᠋ᠢ ᠪᠠᠢᠭᠤᠯᠵᠤ᠂ ᠨᠥᠬᠥᠷᠰᠡᠭ ᠤᠯᠤᠯᠴᠠᠭ᠎ᠠ᠎ᠪᠠᠨ ᠪᠠᠲᠤᠯᠠᠵᠤ᠂ ᠮᠠᠰᠢ ᠤᠯᠠᠨ ᠴᠢᠬᠤᠯᠠ ᠠᠰᠠᠭᠤᠳᠠᠯ᠎ᠢ ᠱᠢᠢᠳᠪᠦᠷᠢᠯᠡᠪᠡ᠃ ᠲᠡᠷᠢᠭᠦᠯᠡᠭ᠌ᠴᠢ ᠰᠢ ᠵᠢᠨ ᠫᠢᠩ ᠪᠣᠯ ᠠᠭᠤᠤ ᠶᠡᠬᠡ ᠤᠳᠤᠷᠢᠳᠭᠤ ᠬᠥᠮᠦᠨ᠂ ᠳᠤᠮᠳᠠᠳᠤ ᠤᠯᠤᠰ ᠪᠣᠯ ᠠᠭᠤᠤ ᠶᠡᠬᠡ ᠤᠯᠤᠰ ᠮᠥᠨ᠂ ᠪᠢ ᠲᠡᠷᠢᠭᠦᠯᠡᠭ᠌ᠴᠢ  ᠰᠢ ᠵᠢᠨ ᠫᠢᠩ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ᠎ᠢ ᠮᠠᠰᠢ ᠬᠦᠨᠳᠦᠳᠭᠡᠨ᠎ᠡ᠃ ᠡᠨᠡ ᠡᠳᠦᠷ ᠎ᠦᠨ ᠠᠭᠤᠯᠵᠠᠯᠲᠠ ᠪᠣᠯ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠴᠢᠬᠤᠯᠠ ᠠᠭᠤᠯᠵᠠᠯᠲᠠ ᠮᠥᠨ᠃ ᠪᠢ ᠳᠤᠷᠠᠲᠠᠶ᠎ᠠ ᠲᠡᠷᠢᠭᠦᠯᠡᠭ᠌ᠴᠢ ᠰᠢ ᠵᠢᠨ ᠫᠢᠩ᠎ᠲᠡᠶ ᠬᠠᠮᠲᠤ᠎ᠪᠠᠷ ᠤᠯᠤᠯᠴᠠᠭ᠎ᠠ ᠬᠠᠮᠲᠤᠷᠠᠯᠴᠠᠭ᠎ᠠ ᠎ᠪᠠᠨ ᠴᠢᠩᠭᠠᠳᠭᠠᠵᠤ᠂ ᠵᠥᠷᠢᠯᠳᠦᠭᠡᠨ᠎ᠢᠶᠡᠨ ᠲᠣᠬᠢᠲᠠᠢ ᠱᠢᠢᠳᠪᠦᠷᠢᠯᠡᠵᠦ᠍᠂ ᠲᠡᠦᠬᠡᠨ ᠡᠴᠡ ᠨᠠᠭᠠᠱᠢᠬᠢ ᠬᠠᠮᠤᠭ᠎ᠤᠨ ᠰᠠᠢ᠌ᠨ ᠠᠮᠧᠷᠢᠺᠠ ᠳᠤᠮᠳᠠᠳᠤ᠎ᠶ᠋ᠢᠨ ᠬᠠᠷᠢᠯᠴᠠᠭ᠎ᠠ᠎ᠶ᠋ᠢ ᠡᠬᠢᠯᠡᠬᠦᠯᠵᠦ᠂ ᠬᠣᠶᠠᠷ ᠤᠯᠤᠰ᠎ᠤᠨ ᠨᠡᠩ ᠰᠠᠢ᠌ᠨ ᠰᠠᠢᠬᠠᠨ ᠢᠷᠡᠭᠡᠳᠦᠢ᠎ᠶ᠋ᠢ ᠨᠡᠬᠡᠬᠡᠨ ᠡᠬᠦᠳᠦᠨ᠎ᠠ᠃ ᠠᠮᠧᠷᠢᠺᠠ ᠳᠤᠮᠳᠠᠳᠤ ᠪᠣᠯ ᠳᠡᠯᠡᠬᠡᠢ ᠳᠡᠭᠡᠷᠡᠬᠢ ᠬᠠᠮᠤᠭ᠎ᠤᠨ ᠴᠢᠬᠤᠯᠠ᠂ ᠬᠠᠮᠤᠭ᠎ᠤᠨ ᠬᠦᠴᠦᠷᠬᠡᠭ ᠤᠯᠤᠰ ᠪᠣᠯᠤᠨ᠎ᠠ᠂ ᠠᠮᠧᠷᠢᠺᠠ ᠳᠤᠮᠳᠠᠳᠤ᠎ᠶ᠋ᠢᠨ ᠬᠠᠮᠲᠤᠷᠠᠯᠴᠠᠭ᠎ᠠ ᠨᠢ ᠬᠣᠶᠠᠷ ᠤᠯᠤᠰ᠂ ᠳᠡᠯᠡᠬᠡᠢ ᠳ᠋ᠠᠬᠢᠨ᠎ᠳᠤ ᠮᠠᠰᠢ ᠤᠯᠠᠨ ᠶᠡᠬᠡ ᠶᠠᠪᠤᠳᠠᠯ᠂ ᠰᠠᠢ᠌ᠨ ᠶᠠᠪᠤᠳᠠᠯ ᠬᠢᠵᠦ᠍ ᠥᠭ᠌ᠴᠦ ᠪᠣᠯᠤᠨ᠎ᠠ᠃ ᠪᠢ ᠡᠨᠡ ᠤᠳᠠᠭ᠎ᠠ ᠠᠢᠯᠴᠢᠯᠠᠯᠲᠠ ᠬᠢᠬᠦ᠎ᠳᠡᠭᠡᠨ ᠠᠮᠧᠷᠢᠺᠠ᠎ᠶ᠋ᠢᠨ ᠦᠢᠯᠡᠳᠪᠦᠷᠢ ᠬᠤᠳᠠᠯᠳᠤᠭᠠᠨ᠎ᠤ ᠡᠲᠡᠭᠡᠳ᠎ᠦᠨ ᠭᠠᠷᠮᠠᠭᠠᠢ ᠲᠥᠯᠥᠭᠡᠯᠡᠭ᠌ᠴᠢ᠎ᠶ᠋ᠢ ᠲᠠᠭᠠᠭᠤᠯᠤᠨ ᠠᠪᠴᠢᠷᠠᠪᠠ᠂ ᠲᠡᠳᠡ ᠴᠥᠮ ᠳᠤᠮᠳᠠᠳᠤ ᠤᠯᠤᠰ᠎ᠢ ᠬᠦᠨᠳᠦᠳᠭᠡᠨ ᠴᠢᠬᠤᠯᠠᠴᠢᠯᠠᠵᠤ ᠪᠠᠢᠨ᠎ᠠ᠂ ᠪᠢ ᠲᠡᠳᠡᠨ ᠎ᠦ ᠳᠤᠮᠳᠠᠳᠤ ᠤᠯᠤᠰ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠥᠷᠭᠡᠳᠭᠡᠬᠦ᠌ ᠶ᠋ᠢ ᠢᠳᠡᠪᠬᠢᠲᠡᠢ ᠵᠣᠷᠢᠭ᠍ᠵᠢᠭᠤᠯᠵᠤ ᠪᠠᠢᠨ᠎ᠠ ᠭᠡᠵᠦ᠍ ᠢᠯᠡᠳᠭᠡᠪᠡ᠃

ᠬᠣᠶᠠᠷ ᠤᠯᠤᠰ᠎ᠤᠨ ᠲᠡᠷᠢᠭᠦᠨ ᠳᠤᠮᠳᠠᠳᠤ ᠳᠣᠷᠣᠨᠠᠲᠤ᠎ᠶ᠋ᠢᠨ ᠪᠠᠢᠳᠠᠯ᠂ ᠦᠺᠷᠠᠢᠨ᠎ᠤ ᠬᠢᠮᠤᠷᠠᠯ᠂ ᠰᠣᠯᠣᠩᠭᠣᠰ ᠬᠣᠢᠭ ᠵᠡᠷᠭᠡ ᠳᠡᠯᠡᠬᠡᠶ᠎ᠶ᠋ᠢᠨ ᠪᠠ ᠭᠠᠵᠠᠷ ᠣᠷᠣᠨ᠎ᠤ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠰᠠᠨᠠᠯ᠎ᠢᠶᠠᠨ ᠰᠣᠯᠢᠯᠴᠠᠪᠠ᠃

ᠬᠣᠶᠠᠷ ᠤᠯᠤᠰ᠎ᠤᠨ ᠲᠡᠷᠢᠭᠦᠨ ᠡᠨᠡ ᠵᠢᠯ᠎ᠦᠨ ᠠᠽᠢᠶ᠎ᠠ ᠲᠢᠪ ᠨᠣᠮᠣᠬᠠᠨ ᠳᠠᠯᠠᠢ᠎ᠶ᠋ᠢᠨ ᠣᠷᠣᠨ᠎ᠤ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠬᠥᠮᠦᠰ᠎ᠦᠨ ᠠᠯᠪᠠᠨ ᠶᠣᠰᠣᠨ᠎ᠤ ᠪᠤᠰᠤ ᠬᠤᠷᠠᠯ ᠪᠣᠯᠤᠨ ᠬᠣᠷᠢᠨ ᠤᠯᠤᠰ᠎ᠤᠨ ᠪᠦᠯᠦᠭ᠌ᠯᠡᠯ᠎ᠦᠨ ᠲᠦᠷᠦᠭᠦᠴᠦᠳ᠎ᠦᠨ ᠬᠤᠷᠠᠯ᠎ᠢ ᠬᠠᠷᠢᠯᠴᠠᠨ ᠳᠡᠮᠵᠢᠯᠴᠡᠵᠦ᠍ ᠰᠠᠢᠲᠤᠷ ᠡᠷᠬᠢᠯᠡᠬᠦ᠌᠎ᠶ᠋ᠢ ᠰᠠᠨᠠᠯ ᠨᠢᠭᠡᠲᠡᠢ ᠵᠥᠪᠱᠢᠶᠡᠷᠡᠪᠡ᠃

ᠬᠡᠯᠡᠯᠴᠡᠭᠡ᠎ᠬᠢᠬᠦ ᠬᠤᠭᠤᠴᠠᠭᠠᠨ᠎ᠳᠤ᠂ ᠲᠸᠷᠠᠮᠫᠦ᠋ ᠰᠢ ᠵᠢᠨ ᠫᠢᠩ᠎ᠳᠦ ᠳᠡᠭᠦᠨ᠎ᠢ ᠳᠠᠭᠠᠵᠤ ᠠᠢᠯᠴᠢᠯᠠᠯᠳᠠ ᠬᠢᠵᠦ ᠪᠠᠢᠭ᠎ᠠ ᠠᠵᠤ ᠠᠬᠤᠢᠯᠠᠯᠲᠠᠨ ᠨᠠᠷ᠎ᠢ ᠨᠢᠭᠡᠳ ᠨᠢᠭᠡ᠎ᠪᠡᠷ ᠲᠠᠨᠢᠯᠴᠠᠭᠤᠯᠪᠠ᠃

ᠬᠡᠯᠡᠯᠴᠡᠭᠡ ᠬᠢᠬᠦ᠌᠎ᠡᠴᠡ ᠡᠮᠦᠨ᠎ᠡ᠂ ᠰᠢ ᠵᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠵᠡᠭᠦᠨ ᠡᠭᠦᠳᠡᠨ᠎ᠦ ᠭᠠᠳᠠᠨᠠᠬᠢ ᠠᠭᠤᠳᠠᠮ ᠲᠠᠯᠠᠪᠠᠢ᠎ᠳᠤ ᠲᠸᠷᠠᠮᠫᠦ᠋ ᠵᠢ ᠤᠭ᠍ᠲᠤᠬᠤ ᠶᠣᠰᠣᠯᠠᠯ ᠶᠠᠪᠤᠭᠤᠯᠪᠠ᠃

ᠲᠸᠷᠠᠮᠫᠦ᠋ ᠬᠦᠷᠴᠦ ᠢᠷᠡᠬᠦ ᠦᠶ᠎ᠠ᠎ᠳᠦ ᠶᠣᠰᠣᠯᠠᠯ᠎ᠤᠨ ᠴᠡᠷᠢᠭ ᠮᠥᠷᠯᠡᠨ ᠵᠣᠭ᠍ᠰᠣᠵᠤ ᠶᠤᠰᠤᠯᠠᠪᠠ᠃ ᠬᠣᠶᠠᠷ ᠤᠯᠤᠰ᠎ᠤᠨ ᠲᠡᠷᠢᠭᠦᠨ ᠱᠢᠯᠭᠠᠨ ᠦᠵᠡᠬᠦ᠌ ᠲᠠᠢᠰᠠᠨ᠎ᠳᠤ ᠭᠠᠷᠴᠤ᠌᠂ ᠴᠡᠷᠢᠭ᠎ᠦᠨ ᠬᠥᠭ᠌ᠵᠢᠮ᠎ᠦᠨ ᠪᠦᠯᠬᠦᠮ ᠳᠤᠮᠳᠠᠳᠤ ᠠᠮᠧᠷᠢᠺᠠ ᠬᠣᠶᠠᠷ ᠤᠯᠤᠰ᠎ᠤᠨ ᠤᠯᠤᠰ᠎ᠤᠨ ᠰᠦᠯᠳᠡ ᠳᠠᠭᠤᠤ᠎ᠶ᠋ᠢ ᠬᠥᠭ᠌ᠵᠢᠮᠳᠡᠵᠦ᠍᠂ ᠲᠢᠶᠠᠨ ᠠᠨ ᠮᠸᠨ ᠲᠠᠯᠠᠪᠠᠢ᠎ᠳᠤ ᠶᠣᠰᠣᠯᠠᠯ᠎ᠤᠨ ᠫᠤᠤ ᠵᠢ 21 ᠳᠤᠤᠭᠠᠷᠭᠠᠪᠠ᠃ ᠲᠸᠷᠠᠮᠫᠦ᠋ ᠰᠢ ᠵᠢᠨ ᠫᠢᠩ᠎ᠦᠨ ᠪᠠᠷ᠎ᠠ ᠪᠤᠯᠤᠯᠭ᠎ᠠ᠎ᠲᠠᠶ᠎ᠪᠠᠷ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ ᠶᠣᠰᠣᠯᠠᠯ᠎ᠤᠨ ᠠᠩᠬᠢ᠎ᠶ᠋ᠢ ᠱᠢᠯᠭᠠᠨ ᠦᠵᠡᠭ᠌ᠰᠡᠨ ᠪᠥᠭᠡᠳ ᠵᠢᠭ᠍ᠰᠠᠭᠠᠯ᠎ᠢ ᠰᠣᠨᠢᠷᠬᠠᠪᠠ᠃

ᠼᠠᠢ ᠴᠢ᠂ ᠸᠠᠩ ᠢ᠂ ᠾᠧ ᠯᠢ ᠹᠸᠩ ᠬᠡᠯᠡᠯᠴᠡᠭᠡ ᠬᠢᠬᠦ᠎ᠳᠦ ᠣᠷᠣᠯᠴᠠᠵᠠᠢ᠃ 


ᠱᠢᠨᠬᠤᠸᠠ ᠬᠤᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 14 ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号