ᠰᠢ ᠎ᠶᠢᠨ ᠫᠢᠩ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ ᠲᠡᠢ ᠬᠠᠮᠲᠦ ᠲᠢᠶᠠᠨᠲ᠋ᠠᠨ ᠮᠠᠨᠳᠠᠯ᠎ᠢ ᠲᠣᠭᠣᠷᠢᠨ ᠦᠵᠡᠪᠡ
2026-05-15 10:01:33
ᠵᠣᠬᠢᠶᠠᠭ᠍ᠴᠢ᠄
ᠶᠠᠩ ᠢ ᠵᠢᠶᠦ᠋ᠨ ᠰᠦᠨ ᠢ
ᠣᠩᠱᠢᠭ᠍ᠰᠠᠨ ᠣᠳᠠᠭ᠎ᠠ᠄
★★★☆☆

5 ᠰᠠᠷ᠎ᠠ᠎ᠶᠢᠨ 14 ᠎ᠤ᠋ ᠡᠳᠦᠷ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠲᠦᠷᠦ ᠎ᠶᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠎ᠪᠡᠷ ᠳᠤᠮᠳᠠᠳᠤ ᠤᠯᠤᠰ᠎ᠲᠤ ᠢᠷᠡᠭᠰᠡᠨ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ ᠲᠠᠢ ᠬᠠᠮᠲᠦ ᠲᠢᠶᠠᠨᠲ᠋ᠠᠨ ᠮᠠᠨᠳᠠᠯ᠎ᠢ ᠲᠣᠭᠣᠷᠢᠨ ᠦᠵᠡᠪᠡ᠃

ᠵᠤᠨ᠎ᠤ ᠡᠬᠢᠨ᠎ᠦ ᠲᠢᠶᠠᠨᠲ᠋ᠠᠨ ᠮᠠᠨᠳᠠᠯ ᠳ᠋ᠤ᠂ ᠡᠪᠦᠭᠡᠨ ᠮᠠᠢᠯᠠᠰᠤ ᠲᠡᠥᠬᠡ ᠬᠦᠤᠷᠨᠢᠨ ᠰᠡᠬᠦᠢᠵᠤ᠂ ᠤᠷᠢᠬᠠᠨ ᠰᠠᠯᠬᠢ ᠰᠡᠩᠭᠢᠨᠡᠨ ᠦᠯᠢᠶᠡᠨ᠎ᠡ᠃ ᠰᠢ᠎ᠶᠢᠨ ᠫᠢᠩ ᠴᠢ ᠨᠢᠶᠠᠨ ᠳ᠋ᠢᠶᠠᠨ ᠬᠠᠷᠰᠢ᠎ᠳᠤ ᠲᠸᠷᠠᠮᠫᠦ᠋ ᠵᠢᠨ ᠠᠶ᠋ᠢᠯᠴᠢᠯᠠᠨ ᠢᠷᠡᠬᠦ᠎ᠶᠢ ᠤᠭᠲᠤᠪᠠ᠃


QQ20260515-100115.png


 5 ᠰᠠᠷ᠎ᠠ᠎ᠶᠢᠨ 14 ᠎ᠤ᠋ ᠡᠳᠦᠷ᠂ ᠤᠯᠤᠰ᠎ᠤᠨ ᠲᠡᠷᠢᠭᠦᠯᠡᠭᠴᠢ  ᠰᠢ᠎ᠶᠢᠨ ᠫᠢᠩ ᠲᠦᠷᠦ ᠎ᠶᠢᠨ ᠶᠠᠪᠤᠳᠠᠯ ᠎ᠤᠨ ᠠᠶ᠋ᠢᠯᠴᠢᠯᠠᠯᠲᠠ ᠬᠢᠬᠦ᠎ᠪᠡᠷ ᠳᠤᠮᠳᠠᠳᠤ ᠤᠯᠤᠰ ᠎ᠲᠤ ᠢᠷᠡᠭᠰᠡᠨ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ ᠲᠠᠢ ᠬᠠᠮᠲᠦ ᠲᠢᠶᠠᠨᠲ᠋ᠠᠨ ᠮᠠᠨᠳᠠᠯ᠎ᠢ ᠲᠣᠭᠣᠷᠢᠨ ᠦᠵᠡᠪᠡ᠃ ᠬᠤᠶᠠᠷ ᠤᠯᠤᠰ ᠎ᠦᠨ ᠲᠡᠷᠢᠭᠦᠨ ᠴᠢ ᠨᠢᠶᠠᠨ ᠳ᠋ᠢᠶᠠᠨ ᠠᠭᠤᠳᠠᠮ ᠲᠠᠯᠠᠪᠠᠢ ᠎ᠳᠦ ᠬᠠᠮᠲᠤ ᠵᠢᠨ ᠰᠡᠭᠦᠳᠡᠷ ᠲᠠᠲᠠᠭᠤᠯᠪᠠ᠃

      ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ  ᠱᠸᠨ ᠬᠤᠩ   ᠰᠡᠭᠦᠳᠡᠷᠯᠡᠪᠡ


ᠰᠢ᠎ᠶᠢᠨ ᠫᠢᠩ ᠲᠸᠷᠠᠮᠫᠦ᠋ ᠲᠡᠢ ᠬᠠᠮᠲᠦ ᠰᠠᠷᠠᠭᠤᠯ ᠠᠭᠤᠳᠠᠮ ᠴᠢ ᠨᠢᠶᠠᠨ ᠳ᠋ᠢᠶᠠᠨ ᠠᠭᠤᠳᠠᠮ ᠲᠠᠯᠠᠪᠠᠢ᠎ᠳᠤ ᠬᠠᠮᠲᠤ᠎ᠶᠢᠨ ᠰᠡᠭᠦᠳᠡᠷ ᠲᠠᠲᠠᠭᠤᠯᠪᠡ᠃

ᠴᠢ ᠨᠢᠶᠠᠨ ᠳ᠋ᠢᠶᠠᠨ ᠬᠠᠷᠰᠢ ᠰᠦᠷᠯᠢᠭ ᠶᠡᠬᠡᠮᠰᠦᠭ ᠰᠡᠬᠦᠢᠵᠤ ᠬᠠᠷᠠᠬᠳᠠᠨ᠂ ᠲᠡᠭᠲᠡᠷᠯᠡᠭᠰᠡᠨ ᠲᠠᠭᠲᠦ ᠡᠴᠡ ᠭᠡᠷᠡᠯ ᠰᠠᠴᠤᠷᠠᠨ᠎ᠠ᠃ ᠬᠣᠶᠠᠷ ᠤᠯᠤᠰ᠎ᠤᠨ ᠲᠡᠷᠢᠭᠦᠨ ᠱᠠᠲᠦ ᠪᠡᠷ ᠦᠬᠡᠳᠡ ᠪᠠᠨ ᠦᠭᠰᠦᠵᠤ᠂  ᠴᠢ ᠨᠢᠶᠠᠨ ᠳ᠋ᠢᠶᠠᠨ ᠬᠠᠷᠰᠢ ᠎ᠳᠤ ᠠᠯᠬᠤᠨ ᠣᠷᠣᠵᠤ᠂ ᠤᠭᠰᠠᠷᠠᠮᠠᠯ ᠪᠦᠲᠦᠴᠡᠲᠦ ᠨᠢᠷᠤᠭᠤ ᠲᠤᠯᠭᠠᠭᠤᠷᠢ ᠠᠮᠠ ᠰᠡᠭᠡᠷ ᠵᠤᠯᠭᠠᠵᠤ᠂ ᠣᠳᠣᠨ ᠣᠷᠣᠨ ᠵᠢᠷᠤᠬᠠᠢ ᠬᠢᠭᠡᠳ ᠣᠷᠳᠣ᠌ ᠬᠠᠷᠰᠢ᠎ᠶᠢᠨ ᠪᠦᠲᠦᠴᠡ ᠪᠦᠷᠢᠨ ᠲᠡᠭᠦᠯᠳᠡᠷ ᠠᠭᠤᠰᠤᠯᠴᠠᠭᠰᠠᠨ ᠪᠠᠷᠢᠯᠭ᠎ᠠ᠎ᠶᠢᠨ ᠣᠨᠴᠠᠯᠢᠭ᠋᠎ᠢ ᠬᠠᠮᠲᠤ᠎ᠪᠠᠷ ᠰᠣᠨᠢᠷᠬᠠᠵᠤ᠂ ᠲᠡᠭᠦᠨ᠎ᠳᠦ ᠠᠭᠤᠯᠤᠭᠳᠠᠵᠤ ᠪᠤᠢ ᠲᠦᠮᠡᠨ ᠪᠣᠳᠠᠰ ᠡᠶ᠎ᠡ ᠵᠣᠬᠢᠴᠠᠯ᠎ᠲᠠᠢ᠂ ᠲᠡᠭᠷᠢ᠎ᠶᠢ ᠡᠶᠡᠯᠳᠡᠨ ᠴᠠᠭ᠎ᠤᠨ ᠪᠠᠢᠳᠠᠯ᠎ᠢ ᠳᠠᠭᠠᠬᠤ ᠣᠢᠯᠠᠭᠠᠭᠳᠠᠬᠤᠨ᠎ᠢ ᠬᠦᠷᠳᠡᠵᠤ ᠮᠡᠳᠡᠷᠡᠪᠡ᠃

ᠰᠢ᠎ᠶᠢᠨ ᠫᠢᠩ᠂ 2017 ᠣᠨ᠎ᠳᠤ ᠪᠢᠳᠡ ᠪᠡᠭᠡᠵᠢᠩ᠎ᠦᠨ ᠳᠤᠮᠳᠠ ᠲᠡᠩᠭᠡᠯᠢᠭ ᠱᠤᠭᠤᠮ᠎ᠢ ᠳᠠᠭᠠᠵᠤ ᠬᠠᠭᠠᠨ ᠎ᠤ ᠣᠷᠳᠣᠨ᠎ᠢ ᠲᠣᠭᠣᠷᠢᠨ ᠦᠵᠡᠪᠡ᠃ ᠥᠨᠥᠳᠥᠷ᠎ᠦᠨ ᠲᠣᠭᠣᠷᠢᠨ ᠦᠵᠡᠭᠰᠡᠨ ᠲᠢᠶᠠᠨᠲ᠋ᠠᠨ ᠮᠠᠨᠳᠠᠯ ᠪᠣᠯᠣᠨ ᠬᠠᠭᠠᠨ ᠎ᠤ ᠣᠷᠳᠣᠨ ᠪᠤᠯ ᠨᠠᠰᠤ ᠰᠡᠴᠡᠭᠤ ᠪᠠᠢᠵᠤ᠂ 《ᠲᠡᠭᠷᠢ ᠵᠢᠨ ᠤᠷᠴᠢᠯ  ᠭᠠᠵᠠᠷ ᠎ᠤᠨ ᠲᠤᠭᠳᠠᠯ》 ᠢ᠋ ᠪᠡᠯᠭᠡᠳᠡᠵᠦ᠂ ᠳᠤᠮᠳᠠᠳᠤ ᠵᠢᠨ ᠬᠥᠮᠥᠨ ᠎ᠦ ᠶᠢᠷᠲᠢᠨᠴᠦ᠎ᠶᠢᠨ ᠦᠵᠡᠯᠲᠡ ᠪᠣᠯᠣᠨ ᠠᠮᠢᠳᠤᠷᠠᠬᠤᠢ ᠵᠢᠨ ᠭᠦᠨ ᠤᠬᠠᠭᠠᠨ᠎ᠢ ᠢᠯᠡᠷᠡᠭᠦᠯᠪᠡ᠃ ᠳᠤᠮᠳᠠᠳᠤ ᠤᠯᠤᠰ᠎ᠤᠨ ᠡᠷᠲᠡᠨ ᠎ᠦ ᠲᠥᠷᠥ ᠪᠠᠷᠢᠭ᠍ᠴᠢᠳ ᠲᠢᠶᠠᠨᠲ᠋ᠠᠨ ᠮᠠᠨᠳᠠᠯ᠎ᠳᠤ ᠳᠠᠬᠢᠯᠭ᠎ᠠ᠎ᠶᠢᠨ ᠶᠣᠰᠣᠯᠠᠯ ᠶᠠᠪᠤᠭᠤᠯᠵᠤ᠂ ᠲᠥᠷᠥ ᠲᠦᠪᠰᠢᠨ ᠠᠷᠠᠳ ᠠᠮᠤᠭᠤᠯᠠᠩ᠂ ᠬᠤᠷ᠎ᠠ ᠪᠣᠷᠣᠭᠠᠨ ᠲᠡᠭᠰᠢ ᠪᠠᠢᠬᠤ᠎ᠶᠢ ᠬᠦᠰᠡᠨ ᠳᠠᠭᠠᠳᠬᠠᠵᠤ᠂ ᠠᠷᠠᠳ ᠢᠷᠭᠡᠳ ᠪᠣᠯ ᠤᠯᠤᠰ᠎ᠤᠨ ᠦᠨᠳᠦᠰᠦ᠂ ᠦᠨᠳᠦᠰᠦ ᠪᠠᠲᠤ ᠪᠤᠯ ᠤᠯᠤᠰ ᠲᠤᠭᠲᠠᠭᠤᠨ ᠭᠡᠬᠦ ᠳᠤᠮᠳᠠᠳᠤ ᠤᠯᠤᠰ᠎ᠤᠨ ᠤᠯᠠᠮᠵᠢᠯᠠᠯᠲᠤ ᠦᠵᠡᠯ ᠰᠠᠨᠠᠭ᠎ᠠ᠎ᠶᠢ ᠬᠠᠷᠠᠭᠤᠯᠪᠡ᠃ ᠳᠤᠮᠳᠠᠳᠤ ᠤᠯᠤᠰ ᠎ᠤᠨ ᠡᠪ ᠬᠠᠮᠲᠤ ᠨᠠᠮ ᠳᠤᠮᠳᠠᠳᠤ᠎ᠶᠢᠨ ᠪᠣᠯᠪᠠᠰᠤᠨ᠎ᠤ ᠠᠷᠠᠳ ᠲᠦᠮᠡᠨ᠎ᠢᠶᠠᠷ ᠦᠨᠳᠦᠰᠦ ᠪᠣᠯᠭᠠᠬᠤ ᠦᠵᠡᠯ ᠰᠠᠨᠠᠭ᠎ᠠ᠎ᠶᠢ ᠤᠯᠠᠮᠵᠢᠯᠠᠨ ᠬᠥᠭᠵᠢᠭᠦᠯᠵᠦ᠂ ᠪᠦᠬᠦ ᠰᠡᠳᠬᠢᠯ ᠪᠦᠬᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠦᠨᠳᠦᠰᠦᠨ ᠵᠣᠷᠢᠯᠲᠠ ᠎ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ᠎ᠦ ᠡᠷᠡᠰ ᠪᠠᠲᠤ ᠳᠡᠮᠵᠢᠯᠭᠡ ᠪᠠ ᠴᠢᠩ ᠰᠡᠳᠬᠢᠯ ᠎ᠦᠨ ᠬᠦᠷᠢᠶᠡᠯᠡᠯ ᠎ᠢ ᠣᠯᠣᠭᠰᠠᠨ ᠶᠤᠮ ᠭᠡᠵᠦ ᠵᠢᠭᠠᠵᠤ ᠭᠠᠷᠭᠠᠪᠠ᠃

ᠲᠸᠷᠠᠮᠫᠦ᠋᠂ ᠲᠤᠬᠠᠢ᠎ᠶᠢᠨ ᠵᠢᠯ᠎ᠦᠨ ᠬᠠᠭᠠᠨ᠎ᠤ ᠣᠷᠳᠣᠨ᠎ᠳᠡᠬᠢ ᠠᠶᠠᠯᠠᠯ᠎ᠢ ᠤᠳᠤ ᠪᠣᠯᠲᠠᠯ᠎ᠠ ᠲᠤᠳᠤᠷᠬᠠᠢ ᠴᠡᠭᠡᠵᠢᠯᠡᠭᠰᠡᠭᠡᠷ᠃ ᠲᠢᠶᠠᠨᠲ᠋ᠠᠨ ᠮᠠᠨᠳᠠᠯ 600 ᠭᠠᠷᠤᠢ ᠵᠢᠯ᠎ᠢ ᠥᠩᠭᠡᠷᠡᠭᠡᠭᠡᠳ ᠮᠥᠨ ᠬᠡᠪ ᠵᠢᠡᠷ ᠵᠢᠡᠨ ᠰᠡᠬᠦᠢᠨ ᠰᠦᠨᠳᠡᠷᠯᠡᠵᠦ᠂ ᠳᠤᠮᠳᠠᠳᠤ ᠤᠯᠤᠰ᠎ᠤᠨ ᠭᠣᠢᠳᠠ ᠰᠠᠢᠬᠠᠨ ᠡᠷᠲᠡᠨ᠎ᠦ ᠪᠠᠷᠢᠯᠭ᠎ᠠ᠎ᠶᠢᠨ ᠤᠷᠠᠯᠢᠭ᠋ ᠪᠠ ᠥᠷᠭᠡᠨ ᠳᠡᠯᠭᠡᠷ ᠭᠦᠨ ᠭᠦᠨᠵᠡᠭᠡᠢ ᠤᠯᠠᠮᠵᠢᠯᠠᠯᠲᠤ ᠰᠣᠶᠣᠯ᠎ᠢ ᠬᠠᠷᠠᠭᠤᠯᠤᠭᠰᠠᠨ ᠨᠢ ᠮᠠᠭᠲᠠᠨ ᠱᠠᠭᠰᠢᠭᠤᠰᠢᠲᠠᠢ ᠶᠤᠮ᠃ ᠠᠮᠧᠷᠢᠺᠠ ᠳᠤᠮᠳᠠᠳᠤ ᠬᠣᠶᠠᠷ ᠤᠯᠤᠰ ᠪᠣᠯ ᠴᠥᠮ ᠠᠭᠤᠤ ᠶᠡᠬᠡ ᠤᠯᠤᠰ ᠮᠥᠨ᠂ ᠬᠣᠶᠠᠷ ᠤᠯᠤᠰ᠎ᠤᠨ ᠠᠷᠠᠳ ᠲᠦᠮᠡᠨ ᠪᠣᠯ ᠴᠥᠮ ᠠᠭᠤᠤ ᠶᠡᠬᠡ ᠠᠷᠠᠳ ᠲᠦᠮᠡᠨ ᠪᠠᠢᠵᠤ᠂ ᠮᠠᠰᠢ ᠶᠡᠬᠡ ᠤᠶᠤᠨ ᠤᠬᠠᠭᠠᠨ᠎ᠲᠠᠢ ᠶᠤᠮ᠃ ᠬᠣᠶᠠᠷ ᠤᠯᠤᠰ ᠎ᠢᠶᠠᠷ ᠎ᠢᠶᠠᠨ ᠬᠠᠷᠢᠯᠴᠠᠨ ᠣᠢᠯᠠᠭᠠᠯᠴᠠᠭ᠎ᠠ᠎ᠪᠠᠨ ᠭᠦᠨᠵᠡᠭᠡᠢᠷᠡᠭᠦᠯᠵᠦ᠂ ᠠᠷᠠᠳ ᠲᠦᠮᠡᠨ ᠎ᠦ ᠨᠥᠬᠥᠷᠯᠡᠯ ᠎ᠢ ᠵᠤᠵᠠᠭᠠᠳᠬᠠᠪᠠᠯ ᠵᠣᠬᠢᠨ᠎ᠠ ᠭᠡᠵᠤ ᠢᠯᠡᠳᠬᠡᠪᠡ᠃

ᠼᠠᠢ ᠴᠢ᠂ ᠸᠠᠩ ᠢ᠂ ᠶᠢᠨ ᠯᠢ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ᠃


ᠰᠢᠨᠬᠤᠸᠠ ᠬᠣᠷᠢᠶ᠎ᠡ ᠵᠢᠨ ᠪᠡᠭᠡᠵᠢᠩ᠎ᠦᠨ 5 ᠰᠠᠷ᠎ᠠ᠎ᠶᠢᠨ 14 ᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号