ᠰᠢ ᠵᠢᠨ ᠫᠢᠩ ᠠᠮᠧᠷᠢᠺᠠ᠎ᠶ᠋ᠢᠨ ᠶᠡᠷᠦᠩᠬᠡᠢᠯᠡᠭ᠌ᠴᠢ ᠲᠸᠷᠠᠮᠫᠦ᠋ ᠵᠢ ᠤᠭ᠍ᠲᠤᠬᠤ ᠳᠠᠢᠯᠠᠯᠭ᠎ᠠ ᠬᠢᠪᠡ
2026-05-15 10:08:01
ᠵᠣᠬᠢᠶᠠᠭ᠍ᠴᠢ᠄
ᠸᠸᠨ ᠱᠢᠨ ᠹᠸᠩ ᠱᠢᠨ ᠷᠠᠨ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 14 ᠤ᠋ ᠤᠷᠤᠢ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠠᠢᠯᠠᠯᠭ᠎ᠠ ᠬᠢᠵᠦ᠍᠂ ᠠᠮᠧᠷᠢᠺᠠ᠎ᠶ᠋ᠢᠨ ᠶᠡᠷᠦᠩᠬᠡᠢᠯᠡᠭ᠌ᠴᠢ ᠲᠸᠷᠠᠮᠫᠦ᠋ ᠵᠢᠨ ᠳᠤᠮᠳᠠᠳᠤ ᠤᠯᠤᠰ᠎ᠲᠤ ᠠᠢᠯᠴᠢᠯᠠᠬᠤ ᠪᠡᠷ ᠢᠷᠡᠭᠰᠡᠨ᠎ᠢ ᠤᠭ᠍ᠲᠤᠪᠠ᠃

ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠰᠢᠵᠢᠷ ᠠᠯᠳᠠᠨ ᠶᠡᠬᠡ ᠲᠢᠩᠬᠢᠮ᠎ᠳᠦ ᠥᠩᠭᠡᠲᠦ ᠳ᠋ᠧᠩ ᠳᠤᠸᠠᠯᠠᠵᠤ᠂ ᠬᠣᠶᠠᠷ ᠤᠯᠤᠰ᠎ᠤᠨ ᠲᠡᠷᠢᠭᠦᠨ ᠤᠷᠢᠳ ᠬᠣᠵᠢᠳ ᠪᠠᠶᠠᠷ᠎ᠤᠨ ᠦᠭᠡ ᠬᠡᠯᠡᠪᠡ᠃

ᠰᠢ ᠵᠢᠨ ᠫᠢᠩ᠂ ᠡᠨᠡ ᠵᠢᠯ ᠪᠣᠯ ᠳᠤᠮᠳᠠᠳᠤ ᠤᠯᠤᠰ᠎ᠤᠨ《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠂ 14 ᠳ᠋ᠦᠩᠱᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ 5000 ᠭᠠᠷᠤᠢ ᠵᠢᠯ᠎ᠦᠨ ᠳᠤᠮᠳᠠᠳᠤ᠎ᠶ᠋ᠢᠨ ᠪᠣᠯᠪᠠᠰᠤᠨ᠎ᠤ ᠭᠦᠨ ᠵᠤᠵᠠᠭᠠᠨ ᠰᠠᠭᠤᠷᠢ᠎ᠳᠤ ᠰᠠᠭᠤᠷᠢᠯᠠᠵᠤ᠂ ᠤᠳᠤ ᠶᠠᠭ ᠴᠢᠨᠠᠷ ᠰᠠᠢᠲᠠᠢ ᠬᠥᠭ᠌ᠵᠢᠯᠲᠡ᠎ᠪᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ ᠪᠤᠢ᠃ ᠡᠨᠡ ᠵᠢᠯ ᠪᠣᠯ ᠪᠠᠰᠠ ᠴᠤ᠌ ᠠᠮᠧᠷᠢᠺᠠ᠎ᠶ᠋ᠢᠨ ᠲᠤᠰᠠᠭᠠᠷ ᠲᠣᠭ᠍ᠲᠠᠨᠢᠭ᠍ᠰᠠᠨ 250 ᠵᠢᠯ᠎ᠦᠨ ᠤᠢ ᠪᠣᠯᠤᠨ᠎ᠠ᠂ 3 ᠳ᠋ᠦᠩᠱᠢᠭᠤᠷ ᠭᠠᠷᠤᠢ ᠠᠮᠧᠷᠢᠺᠠ᠎ᠶ᠋ᠢᠨ ᠠᠷᠠᠳ ᠲᠦᠮᠡᠨ ᠶᠠᠭ ᠤᠯᠤᠰ᠎ᠢᠶᠠᠨ ᠬᠠᠢᠷᠠᠯᠠᠬᠤ᠂ ᠱᠢᠨ᠎ᠡ᠎ᠶ᠋ᠢ ᠡᠭᠦᠳᠬᠦ᠌᠂ ᠵᠠᠮ ᠨᠡᠭᠡᠭᠡᠨ ᠤᠷᠤᠭ᠍ᠰᠢᠯᠠᠬᠤ ᠵᠣᠷᠢᠭ ᠰᠠᠨᠠᠭ᠎ᠠ ᠎ᠪᠠᠨ ᠲᠠᠬᠢᠨ ᠰᠡᠷᠭᠦᠭᠡᠨ ᠪᠠᠳᠠᠷᠠᠭᠤᠯᠵᠤ᠂ ᠠᠮᠧᠷᠢᠺᠠ ᠎ᠶ᠋ᠢᠨ ᠬᠥᠭ᠌ᠵᠢᠯᠲᠡ ᠱᠢᠨ᠎ᠡ ᠠᠶᠠᠨ ᠎ᠳᠤ ᠲᠠᠪᠰᠢᠨ ᠣᠷᠣᠬᠤ ᠵᠢ ᠠᠬᠢᠭᠤᠯᠵᠤ ᠪᠠᠢᠨ᠎ᠠ᠃ ᠳᠤᠮᠳᠠᠳᠤ ᠠᠮᠧᠷᠢᠺᠠ ᠬᠣᠶᠠᠷ ᠤᠯᠤᠰ᠎ᠤᠨ ᠠᠷᠠᠳ ᠲᠦᠮᠡᠨ ᠪᠣᠯ ᠴᠥᠮ ᠠᠭᠤᠤ ᠶᠡᠬᠡ ᠠᠷᠠᠳ ᠲᠦᠮᠡᠨ ᠮᠥᠨ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠪᠠ ᠠᠮᠧᠷᠢᠺᠠ᠎ᠶ᠋ᠢ ᠳᠠᠬᠢᠨᠲᠠ ᠠᠭᠤᠤ ᠶᠡᠬᠡ ᠪᠣᠯᠭᠠᠬᠤ ᠨᠢ ᠬᠠᠷᠱᠢᠯᠳᠤᠬᠤ ᠦᠭᠡᠢ᠎ᠪᠡᠷ ᠵᠡᠷᠭᠡ᠎ᠪᠡᠷ ᠶᠠᠪᠤᠭᠳᠠᠵᠤ᠂ ᠪᠦᠷᠢᠮᠦᠰᠦᠨ ᠬᠠᠷᠢᠯᠴᠠᠨ ᠠᠮᠵᠢᠯᠲᠠ ᠪᠦᠲᠦᠮᠵᠢ ᠭᠠᠷᠭᠠᠵᠤ᠂ ᠳᠡᠯᠡᠬᠡᠢ ᠳ᠋ᠠᠬᠢᠨ᠎ᠳᠤ ᠪᠤᠶᠠᠨ ᠦᠢᠯᠡᠳᠴᠦ᠍ ᠪᠣᠯᠬᠤ ᠶᠤᠮ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ 55 ᠵᠢᠯ᠎ᠦᠨ ᠡᠮᠦᠨ᠎ᠡ᠂ ᠳᠤᠮᠳᠠᠳᠤ ᠠᠮᠧᠷᠢᠺᠠ 《ᠫᠢᠩᠫᠠᠩ ᠪᠥᠮᠪᠥᠭᠡ᠎ᠶ᠋ᠢᠨ ᠭᠠᠳᠠᠭᠠᠳᠤ ᠬᠠᠷᠢᠯᠴᠠᠭ᠎ᠠ 》 ᠵᠢ ᠥᠷᠨᠢᠭᠦᠯᠵᠦ᠍᠂  ᠳᠤᠮᠳᠠᠳᠤ ᠠᠮᠧᠷᠢᠺᠠ᠎ᠶ᠋ᠢᠨ 20 ᠭᠠᠷᠤᠢ ᠵᠢᠯ ᠲᠦᠭᠵᠢᠭᠰᠡᠨ ᠡᠭᠦᠳᠡ ᠵᠢ ᠨᠡᠭᠡᠭᠡᠭ᠌ᠰᠡᠨ ᠨᠢ ᠤᠳᠤ ᠦᠶ᠎ᠡ᠎ᠶ᠋ᠢᠨ ᠤᠯᠠᠨ ᠤᠯᠤᠰ᠎ᠤᠨ ᠬᠠᠷᠢᠯᠴᠠᠭᠠᠨ᠎ᠤ ᠲᠡᠦᠬᠡᠨ ᠳᠡᠭᠡᠷᠡᠬᠢ ᠴᠢᠬᠤᠯᠠ ᠶᠡᠬᠡ ᠬᠡᠷᠡᠭ ᠶᠠᠪᠤᠳᠠᠯ ᠪᠣᠯᠵᠠᠢ᠃ ᠲᠡᠭᠦᠨ᠎ᠡᠴᠡ ᠬᠣᠢᠰᠢ᠂ ᠳᠤᠮᠳᠠᠳᠤ ᠠᠮᠧᠷᠢᠺᠠ ᠬᠣᠭᠣᠷᠣᠨᠳᠣ ᠪᠠᠨ ᠮᠠᠰᠢ ᠤᠯᠠᠨ ᠨᠡᠭᠡᠭᠡᠯᠲᠡᠲᠦ ᠬᠠᠮᠲᠤᠷᠠᠯᠴᠠᠭᠠᠨ᠎ᠤ ᠦᠯᠢᠬᠡᠷ᠎ᠢᠶᠡᠷ ᠨᠥᠬᠥᠷᠯᠡᠯ᠎ᠦᠨ ᠢᠷᠠᠭᠤ ᠲᠤᠤᠯᠢᠰ᠎ᠢ ᠲᠠᠰᠤᠷᠠᠯᠳᠡ ᠦᠭᠡᠢ ᠪᠢᠴᠢᠭ᠌ᠯᠡᠪᠡ᠃ ᠱᠢᠨ᠎ᠡ ᠪᠠᠢᠳᠠᠯ ᠳᠣᠣᠷ᠎ᠠ᠂ ᠪᠢ ᠶᠡᠷᠦᠩᠬᠡᠢᠯᠡᠭ᠌ᠴᠢ ᠲᠸᠷᠠᠮᠫᠦ᠋ ᠲᠠᠢ ᠤᠯᠠᠨ ᠤᠳᠠᠭ᠎ᠠ ᠠᠭᠤᠯᠵᠠᠯᠲᠠ ᠬᠢᠵᠦ᠍ ᠤᠲᠠᠰᠤ᠎ᠪᠠᠷ ᠶᠠᠷᠢᠯᠴᠠᠵᠤ᠂ ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ᠎ᠶ᠋ᠢᠨ ᠶᠡᠷᠦᠩᠬᠡᠢ᠎ᠳᠡᠭᠡᠨ ᠲᠣᠭ᠍ᠲᠠᠭᠤᠨ ᠪᠠᠢᠬᠤ ᠎ᠶ᠋ᠢ ᠠᠬᠢᠭᠤᠯᠪᠠ᠃ ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ ᠪᠣᠯ ᠣᠳᠣᠬᠠᠨ᠎ᠤ ᠳᠡᠯᠡᠬᠡᠢ ᠳᠡᠭᠡᠷᠡᠬᠢ ᠬᠠᠮᠤᠭ᠎ᠤᠨ ᠴᠢᠬᠤᠯᠠ ᠬᠣᠶᠠᠷ ᠲᠠᠯ᠎ᠠ᠎ᠶ᠋ᠢᠨ ᠬᠠᠷᠢᠯᠴᠠᠭ᠎ᠠ ᠮᠥᠨ᠂ ᠰᠠᠢ᠌ᠨ ᠪᠤᠯᠭᠠᠬᠤ᠎ᠡᠴᠡ ᠪᠢᠰᠢ ᠮᠠᠭᠤᠳᠠᠭᠤᠯᠵᠤ ᠪᠣᠯᠬᠤ ᠦᠭᠡᠢ ᠭᠡᠵᠦ᠍ ᠪᠢᠳᠡ ᠰᠠᠨᠠᠯ ᠨᠢᠭᠡᠲᠡᠢ ᠦᠵᠡᠵᠦ᠍ ᠪᠠᠢᠨ᠎ᠠ᠃ ᠬᠣᠶᠠᠷ ᠤᠯᠤᠰ ᠬᠠᠮᠲᠤᠷᠠᠯᠴᠠᠪᠠᠯ ᠬᠣᠶᠠᠭᠤᠯᠠ᠎ᠳᠤ ᠠᠱᠢᠭ᠍ᠲᠠᠢ᠂ ᠲᠡᠮᠡᠴᠡᠯᠳᠦᠪᠡᠯ ᠬᠠᠷᠢᠨ ᠪᠦᠬᠦᠳᠡ ᠬᠣᠬᠢᠷᠠᠨ᠎ᠠ᠂ ᠬᠠᠨᠢᠲᠠᠨ ᠪᠣᠯᠬᠤ ᠡᠴᠡ ᠪᠢᠰᠢ᠂ ᠬᠠᠷᠢᠨ ᠥᠷᠢᠰᠥᠯᠳᠦᠭ᠌ᠴᠢ ᠪᠣᠯᠬᠤ ᠦᠭᠡᠢ ᠪᠠᠢᠪᠠᠯ ᠵᠤᠬᠢᠨ᠎ᠠ᠃ ᠪᠢᠳᠡ ᠳᠤᠮᠳᠠᠳᠤ ᠠᠮᠧᠷᠢᠺᠠ᠎ᠶ᠋ᠢᠨ ᠪᠦᠲᠦᠭᠡᠯᠴᠢ ᠴᠢᠨᠠᠷᠲᠠᠢ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠭᠤᠨ ᠬᠠᠷᠢᠯᠴᠠᠭ᠎ᠠ᠎ᠶ᠋ᠢ ᠪᠠᠢᠭᠤᠯᠵᠤ᠂ ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ᠎ᠶ᠋ᠢᠨ ᠲᠣᠭ᠍ᠲᠠᠭᠤᠨ᠂ ᠡᠷᠡᠭᠦᠯ᠂ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠵᠤ᠂ ᠳᠡᠯᠡᠬᠡᠢ ᠳ᠋ᠠᠬᠢᠨ᠎ᠳᠤ ᠨᠡᠩ ᠤᠯᠠᠨ ᠡᠩᠬᠡ ᠲᠠᠢᠪᠤᠩ᠂ ᠬᠥᠭ᠌ᠵᠢᠯ ᠴᠡᠴᠡᠭ᠌ᠯᠡᠯ᠂ ᠲᠠᠪᠱᠢᠯᠳᠠ᠎ᠶ᠋ᠢ ᠠᠪᠴᠢᠷᠠᠬᠤ᠎ᠶ᠋ᠢ ᠵᠥᠪᠱᠢᠶᠡᠷᠡᠪᠡᠯ ᠵᠤᠬᠢᠨ᠎ᠠ ᠭᠡᠵᠦ ᠴᠢᠬᠤᠯᠠᠴᠢᠯᠠᠪᠠ᠃

ᠰᠢ ᠵᠢᠨ ᠫᠢᠩ᠂ ᠳᠤᠮᠳᠠᠳᠤ ᠠᠮᠧᠷᠢᠺᠠ᠎ᠶ᠋ᠢᠨ ᠬᠠᠷᠢᠯᠴᠠᠭᠠᠨ᠎ᠤ ᠬᠥᠭ᠌ᠵᠢᠯᠲᠡ᠎ᠶ᠋ᠢᠨ ᠶᠠᠪᠤᠴᠠ᠎ᠶ᠋ᠢ ᠶᠡᠷᠦᠩᠬᠡᠢ ᠎ᠳᠦᠨᠢ ᠠᠵᠢᠭ᠍ᠯᠠᠪᠠᠯ᠂ ᠬᠠᠷᠢᠯᠴᠠᠨ ᠬᠦᠨᠳᠦᠳᠭᠡᠬᠦ᠌᠂ ᠨᠠᠢᠷᠠᠮᠳᠠᠯ᠎ᠢᠶᠠᠷ ᠵᠡᠷᠭᠡᠴᠡᠨ ᠣᠷᠣᠱᠢᠬᠤ᠂ ᠬᠠᠮᠲᠤᠷᠠᠯᠴᠠᠵᠦ᠍ ᠬᠠᠮᠲᠤ᠎ᠪᠠᠷ ᠠᠱᠢᠭ ᠬᠦᠷᠳᠡᠬᠦ᠌ ᠶ᠋ᠢ ᠪᠡᠶᠡᠯᠡᠭᠦᠯᠵᠦ᠍ ᠳᠡᠢᠯᠬᠦ᠌ ᠡᠰᠡᠬᠦ᠌ ᠪᠣᠯ ᠬᠣᠶᠠᠷ ᠲᠠᠯ᠎ᠠ᠎ᠶ᠋ᠢᠨ ᠬᠠᠷᠢᠯᠴᠠᠭ᠎ᠠ ᠲᠣᠭ᠍ᠲᠠᠭᠤᠨ᠎ᠢᠶᠠᠷ ᠬᠥᠭ᠌ᠵᠢᠵᠦ᠍ ᠳᠡᠢᠯᠬᠦ᠌ ᠡᠰᠡᠬᠦ᠌᠎ᠶ᠋ᠢᠨ ᠵᠠᠩᠭᠢᠯᠠᠭ᠎ᠠ ᠪᠣᠯᠤᠨ᠎ᠠ᠃ ᠳᠤᠮᠳᠠᠳᠤ ᠠᠮᠧᠷᠢᠺᠠ᠎ᠶ᠋ᠢᠨ ᠬᠠᠷᠢᠯᠴᠠᠭ᠎ᠠ ᠨᠢ ᠬᠣᠶᠠᠷ ᠤᠯᠤᠰ᠎ᠤᠨ 17 ᠳ᠋ᠦᠩᠱᠢᠭᠤᠷ ᠭᠠᠷᠤᠢ ᠠᠷᠠᠳ ᠲᠦᠮᠡᠨ᠎ᠦ ᠪᠤᠶᠠᠨ ᠵᠢᠷᠭᠠᠯ᠎ᠢ ᠠᠴᠢᠶᠠᠯᠠᠵᠤ᠂ ᠳᠡᠯᠡᠬᠡᠢ᠎ᠶ᠋ᠢᠨ 80 ᠭᠠᠷᠤᠢ ᠳ᠋ᠦᠩᠱᠢᠭᠤᠷ ᠠᠷᠠᠳ ᠲᠦᠮᠡᠨ᠎ᠦ ᠠᠱᠢᠭ ᠲᠤᠰᠠ᠎ᠲᠠᠶ ᠬᠣᠯᠪᠣᠭ᠍ᠳᠠᠵᠤ ᠪᠤᠢ᠃ ᠪᠢᠳᠡ ᠡᠨᠡ ᠬᠦ᠌ ᠲᠡᠦᠬᠡᠨ ᠬᠦᠨᠳᠦ ᠡᠭᠦᠷᠭᠡ ᠎ᠶ᠋ᠢ ᠬᠠᠮᠲᠤ᠎ᠪᠠᠷ ᠡᠭᠦᠷᠭᠡᠯᠡᠵᠦ᠍᠂ ᠳᠤᠮᠳᠠᠳᠤ ᠠᠮᠧᠷᠢᠺᠠ᠎ᠶ᠋ᠢᠨ ᠬᠠᠷᠢᠯᠴᠠᠭᠠᠨ᠎ᠤ ᠡᠨᠡ ᠬᠦ᠌ ᠲᠤᠮᠤ ᠬᠥᠯᠭᠡ ᠣᠩᠭᠣᠴᠠ᠎ᠶ᠋ᠢᠨ ᠵᠥᠪ ᠠᠶᠠᠯᠠᠯ ᠎ᠤᠨ ᠵᠠᠮ᠎ᠢᠶᠠᠷ ᠲᠣᠭ᠍ᠲᠠᠭᠤᠨ᠎ᠢᠶᠠᠷ ᠤᠷᠤᠭ᠍ᠰᠢᠯᠠᠬᠤ᠎ᠶ᠋ᠢ ᠲᠦᠯᠬᠢᠨ ᠠᠬᠢᠭᠤᠯᠪᠠᠯ ᠵᠤᠬᠢᠨ᠎ᠠ ᠭᠡᠵᠦ ᠵᠢᠭᠠᠵᠤ ᠭᠠᠷᠭᠠᠪᠠ᠃

ᠲᠸᠷᠠᠮᠫᠦ᠋᠂ ᠲᠡᠷᠢᠭᠦᠯᠡᠭ᠌ᠴᠢ ᠰᠢ ᠵᠢᠨ ᠫᠢᠩ ᠡᠴᠡ ᠮᠢᠨᠦ ᠳᠤᠮᠳᠠᠳᠤ ᠤᠯᠤᠰ᠎ᠲᠠᠬᠢ ᠠᠢᠯᠴᠢᠯᠠᠯᠲᠠ᠎ᠶ᠋ᠢ ᠬᠠᠯᠠᠭᠤᠨ᠎ᠢᠶᠠᠷ ᠤᠬᠳᠤᠵᠤ ᠵᠣᠴᠢᠯᠠᠭ᠍ᠰᠠᠨ᠎ᠳᠤ ᠮᠠᠰᠢ ᠲᠠᠯᠠᠷᠬᠠᠵᠤ ᠪᠠᠢᠨ᠎ᠠ᠃ ᠥᠨᠥᠳᠦᠷ ᠪᠣᠯ ᠰᠠᠢᠨ ᠰᠠᠢᠬᠠᠨ ᠨᠢᠭᠡ ᠡᠳᠦᠷ᠂ ᠡᠨᠡ ᠪᠣᠯ ᠨᠢᠭᠡ ᠤᠳᠠᠭᠠᠨ᠎ᠤ ᠴᠢᠬᠤᠯᠠ ᠠᠢᠯᠴᠢᠯᠠᠯᠲᠠ᠂ ᠬᠣᠶᠠᠷ ᠲᠠᠯ᠎ᠠ᠎ᠪᠠᠷ᠎ᠢᠶᠠᠨ ᠢᠳᠡᠪᠬᠢᠲᠡᠶ ᠪᠦᠲᠦᠭᠡᠯᠴᠢ ᠴᠢᠨᠠᠷᠲᠠᠶ ᠶᠠᠷᠢᠯᠴᠠᠭ᠎ᠠ ᠬᠢᠵᠡᠶ᠃ ᠠᠮᠧᠷᠢᠺᠠ᠎ᠶ᠋ᠢᠨ ᠠᠷᠠᠳ ᠲᠦᠮᠡᠨ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ ᠬᠠᠷᠢᠯᠴᠠᠨ ᠪᠠᠬᠠᠷᠬᠠᠵᠤ᠂ ᠬᠠᠷᠢᠯᠴᠠᠨ ᠬᠦᠨᠳᠦᠳᠭᠡᠵᠦ᠍᠂ ᠥᠨᠢ ᠤᠳᠠᠭᠠᠨ ᠨᠥᠬᠥᠷᠯᠡᠯ᠎ᠲᠡᠶ ᠶᠤᠮ᠃ ᠠᠮᠧᠷᠢᠺᠠ ᠳᠤᠮᠳᠠᠳᠤ᠎ᠶ᠋ᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ᠎ᠤᠨ ᠴᠢᠬᠤᠯᠠ ᠬᠣᠶᠠᠷ ᠲᠠᠯ᠎ᠠ᠎ᠶ᠋ᠢᠨ ᠬᠠᠷᠢᠯᠴᠠᠭ᠎ᠠ ᠪᠣᠯᠤᠨ᠎ᠠ᠂ ᠬᠣᠶᠠᠷ ᠤᠯᠤᠰ᠎ᠢᠶᠠᠷ᠎ᠢᠶᠠᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠳᠡᠯᠡᠬᠡᠢ ᠳ᠋ᠠᠬᠢᠨ᠎ᠳᠤ ᠰᠠᠢ᠌ᠨ ᠰᠠᠢᠬᠠᠨ ᠢᠷᠡᠭᠡᠳᠦᠢ᠎ᠶ᠋ᠢ ᠡᠭᠦᠳᠴᠦ᠍ ᠥᠭ᠌ᠪᠡᠯ ᠵᠤᠬᠢᠨ᠎ᠠ ᠭᠡᠵᠦ ᠢᠯᠡᠳᠬᠡᠪᠡ᠃

 ᠯᠢ ᠴᠢᠶᠠᠩ᠂ ᠼᠠᠢ ᠴᠢ᠂ ᠸᠠᠩ ᠢ᠂ ᠾᠧ ᠯᠢ ᠹᠸᠩ ᠨᠠᠷ ᠳᠠᠢᠯᠠᠯᠭ᠎ᠠ᠎ᠳᠤ ᠣᠷᠣᠯᠴᠠᠵᠡᠢ᠃

ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 5 ᠰᠠᠷ᠎ᠠ᠎ᠶ᠋ᠢᠨ 14 ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号