ᠱᠢ ᠭᠤᠸᠠᠩ ᠬᠤᠢ ᠶᠠᠷᠢᠶ᠎ᠠ ᠲᠠᠯᠪᠢᠵᠤ ᠰᠦᠬᠡ ᠬᠤᠷᠠᠯ᠎ᠢ ᠡᠷᠭᠢᠯᠡᠵᠠᠢ
5 ᠰᠠᠷ᠎ᠠ᠎ᠶᠢᠨ 13᠎ᠤ᠋ ᠡᠳᠦᠷ᠂ ᠪᠦᠬᠦ ᠣᠷᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ ᠠᠵᠢᠯ ᠣᠯᠭᠣᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠨᠠᠮ᠎ᠤᠨ ᠬᠣᠷᠢᠶ᠎ᠠ᠎ᠶᠢᠨ ᠰᠤᠷᠭᠠᠨ ᠬᠥᠮᠦᠵᠢᠯ᠎ᠦᠨ ᠠᠵᠢᠯ᠎ᠤᠨ ᠤᠳᠤᠷᠢᠳᠬᠤ ᠳᠤᠭᠤᠢᠯᠠᠩ᠎ᠤᠨ ᠳᠠᠷᠤᠭ᠎ᠠ ᠱᠢ ᠭᠤᠸᠠᠩ ᠬᠤᠢ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ᠂ ᠨᠠᠮ᠎ᠤᠨ ᠬᠣᠷᠢᠶ᠎ᠠ᠎ᠶᠢᠨ ᠰᠤᠷᠭᠠᠨ ᠬᠥᠮᠦᠵᠢᠯ᠎ᠦᠨ ᠠᠵᠢᠯ᠎ᠤᠨ ᠤᠳᠤᠷᠢᠳᠬᠤ ᠳᠤᠭᠤᠢᠯᠠᠩ᠎ᠤᠨ ᠳᠡᠳ᠋ ᠳᠠᠷᠤᠭ᠎ᠠ ᠰᠦᠬᠡ ᠬᠤᠷᠠᠯ᠎ᠢ ᠡᠷᠭᠢᠯᠡᠪᠡ᠃
ᠬᠤᠷᠠᠯ᠎ᠠᠴᠠ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠠᠵᠢᠯ ᠢ᠋ ᠰᠠᠢᠲᠤᠷ ᠬᠢᠬᠦ ᠨᠢ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ ᠳ᠋ᠤ ᠬᠣᠯᠪᠣᠭᠳᠠᠵᠤ᠂ ᠴᠢᠨᠠᠷ ᠰᠠᠢᠲᠠᠢ ᠬᠥᠭᠵᠢᠯᠲᠡ᠎ᠳᠦ ᠬᠣᠯᠪᠣᠭᠳᠠᠵᠤ᠂ ᠨᠡᠢᠭᠡᠮ᠎ᠦᠨ ᠡᠶ᠎ᠡ ᠵᠣᠬᠢᠴᠠᠩᠭᠤᠢ ᠪᠠ ᠲᠣᠭᠲᠠᠭᠤᠨ ᠳ᠋ᠤ ᠬᠣᠯᠪᠣᠭᠳᠠᠵᠤ ᠪᠠᠢᠳᠠᠭ᠂ ᠶᠡᠷᠦᠩᠬᠡᠢ ᠱᠦᠵᠢ᠎ᠰᠢ᠎ᠶᠢᠨ ᠫᠢᠩ᠎ᠤᠨ ᠠᠵᠢᠯ ᠣᠯᠭᠣᠯᠲᠠ᠎ᠶᠢᠨ ᠠᠵᠢᠯ᠎ᠤᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠢᠯ᠎ᠤᠨ ᠪᠠᠢᠷᠢ᠎ᠶᠢᠨ ᠳᠠᠯᠳᠠ ᠬᠦᠴᠦᠨ᠎ᠢ ᠭᠦᠨᠵᠡᠭᠡᠢ ᠠᠭᠤᠳᠠᠯᠵᠤ᠂ ᠠᠵᠢᠯ ᠣᠯᠭᠣᠯᠲᠠ᠎ᠶᠢᠨ ᠠᠷᠭ᠎ᠠ ᠵᠠᠮ᠎ᠢ ᠥᠷᠭᠡᠳᠬᠡᠵᠦ᠂ ᠦᠢᠯᠡᠴᠢᠯᠡᠭᠡᠨ᠎ᠦ ᠴᠢᠨᠠᠷ ᠴᠢᠨᠰᠠᠭ᠎ᠠ ᠦᠷ᠎ᠡ ᠠᠰᠢᠭ᠋᠎ᠢ ᠳᠡᠭᠡᠭᠰᠢᠯᠡᠭᠦᠯᠵᠦ᠂ ᠴᠢᠳᠠᠪᠤᠷᠢᠲᠠᠨ᠎ᠤ ᠬᠠᠩᠭᠠᠯᠭ᠎ᠠ ᠬᠡᠷᠡᠭᠴᠡᠭᠡ᠎ᠶᠢ ᠵᠣᠬᠢᠴᠠᠭᠤᠯᠬᠤ᠎ᠶᠢ ᠠᠬᠢᠭᠤᠯᠵᠤ᠂ ᠵᠢᠭᠠᠨ ᠵᠢᠯᠤᠭᠣᠳᠤᠯᠭ᠎ᠠ ᠪᠣᠯᠪᠠᠰᠤᠷᠠᠯ᠎ᠢ ᠴᠢᠩᠭᠠᠳᠬᠠᠵᠤ᠂ ᠵᠠᠯᠠᠭᠤᠴᠤᠳ᠎ᠤᠨ ᠠᠵᠢᠯ ᠣᠯᠬᠤ ᠴᠢᠳᠠᠪᠤᠷᠢ᠎ᠶᠢ ᠳᠡᠬᠡᠭᠰᠢᠯᠡᠬᠦᠯᠵᠦ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ ᠬᠡᠷᠡᠭᠲᠡᠢ᠃ ᠠᠵᠢᠯ ᠣᠯᠭᠣᠯᠲᠠ᠎ᠶᠢᠨ ᠮᠡᠬᠡᠯᠡᠯ᠂ ᠵᠤᠷᠢᠭᠤᠳᠠ ᠪᠡᠷ ᠬᠡᠷ᠎ᠡ ᠪᠠᠨ ᠬᠦᠴᠦᠨ ᠦᠭᠡᠢ ᠪᠣᠯᠭᠠᠬᠤ᠂ 《ᠪᠣᠯᠪᠠᠰᠤᠷᠠᠯ᠎ᠤᠨ ᠵᠢᠭᠡᠯᠡᠯᠭᠡ》 ᠵᠢᠴᠢ ᠲᠡᠭᠦᠰᠬᠦ ᠳᠠᠳᠤᠯᠭ᠎ᠠ ᠵᠡᠷᠭᠡ ᠬᠦᠷᠢᠶᠡᠨ᠎ᠦ ᠬᠠᠤᠯᠢ ᠲᠣᠭᠲᠠᠭᠠᠯ᠎ᠠᠴᠠ ᠵᠥᠷᠢᠴᠡᠭᠰᠡᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠠᠵᠢᠯ ᠣᠯᠭᠣᠯᠲᠠ᠎ᠳᠤ ᠬᠣᠯᠪᠣᠭᠳᠠᠬᠤ ᠨᠡᠢᠭᠡᠮ᠎ᠦᠨ ᠠᠶᠤᠯ ᠲᠦᠭᠰᠢᠭᠦᠷᠢ᠎ᠶᠢ ᠰᠡᠷᠭᠡᠢᠯᠡᠨ ᠠᠷᠢᠯᠭᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠶᠡᠬᠡ ᠳᠡᠭᠡᠳᠦ ᠰᠤᠷᠭᠠᠭᠤᠯᠢ᠎ᠨᠤᠭᠤᠳ ᠵᠣᠬᠢᠶᠠᠨ ᠪᠠᠢᠭᠤᠯᠤᠯᠲᠠ᠎ᠶᠢᠨ ᠤᠳᠤᠷᠢᠳᠤᠯᠭ᠎ᠠ ᠪᠠ ᠬᠠᠷᠢᠭᠤᠴᠠᠯᠭ᠎ᠠ᠎ᠶᠢᠨ ᠨᠠᠢᠳᠠᠪᠤᠷᠢᠵᠢᠭᠤᠯᠤᠯᠲᠠ᠎ᠪᠠᠨ ᠴᠢᠩᠭᠠᠳᠬᠠᠵᠤ᠂ ᠣᠷᠣᠭᠤᠯᠤᠯᠲᠠ᠎ᠶᠢᠨ ᠪᠠᠲᠤᠯᠠᠭ᠎ᠠ᠎ᠪᠠᠨ ᠨᠡᠮᠡᠭᠳᠡᠭᠦᠯᠦᠨ᠂ ᠠᠵᠢᠯ ᠣᠯᠭᠣᠬᠤ ᠬᠠᠷᠠᠯᠲᠠ ᠡᠭᠦᠷᠭᠡ᠎ᠪᠡᠨ ᠲᠡᠭᠦᠰ ᠠᠮᠵᠢᠯᠲᠠ᠎ᠲᠠᠢ ᠪᠡᠶᠡᠯᠡᠭᠦᠯᠬᠦ᠎ᠶᠢ ᠦᠨᠡᠨᠬᠦ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号