ᠳᠤᠮᠳᠠᠳᠤ ᠤᠯᠤᠰ (ᠥᠪᠥᠷ ᠮᠣᠩᠭᠣᠯ) ᠠᠮᠧᠷᠢᠺᠠ (ᠤᠷᠸᠭᠠᠨ) ᠶ᠋ᠢᠨ ᠠᠵᠤ ᠠᠬᠤᠶ ᠠᠷᠠᠯᠵᠢᠶ᠎ᠠ ᠰᠣᠶᠣᠯ ᠵᠢᠭᠤᠯᠴᠢᠯᠠᠯ᠎ᠤᠨ ᠲᠠᠨᠢᠯᠴᠠᠭᠤᠯᠭ᠎ᠠ ᠵᠢᠨ ᠬᠤᠷᠠᠯ ᠫᠤᠷᠲ᠋ᠯᠠᠨᠳ᠋ ᠲᠤ᠌ ᠶᠠᠪᠤᠭ᠍ᠳᠠᠪᠠ
2026-05-15 09:57:58
ᠵᠣᠬᠢᠶᠠᠭ᠍ᠴᠢ᠄
ᠼᠦᠶ ᠨᠠᠨ
ᠣᠩᠱᠢᠭ᠍ᠰᠠᠨ ᠣᠳᠠᠭ᠎ᠠ᠄
★★★☆☆

ᠣᠯᠠᠨ ᠬᠦᠷᠢᠶᠡᠨ᠎ᠳᠦ ᠲᠠᠨᠢᠯᠴᠠᠭᠤᠯᠵᠤ ᠣᠯᠠᠨ ᠲᠠᠯ᠎ᠠ ᠪᠡᠷ ᠰᠣᠯᠢᠯᠴᠠᠭ᠎ᠠ ᠬᠢᠪᠡ


ᠠᠯᠤᠰ ᠲᠠᠯᠠᠢ ᠵᠢ ᠳᠠᠪᠠᠵᠤ ᠪᠤᠯᠵᠤᠭ᠎ᠠ ᠶᠤᠰᠤᠭᠠᠷ ᠵᠤᠨ᠎ᠤ ᠡᠬᠢ᠎ᠪᠡᠷ ᠠᠭᠤᠯᠵᠠᠨ ᠵᠤᠯᠭᠠᠯ᠎ᠠ᠃ ᠲᠤᠬᠠᠶ᠎ᠶ᠋ᠢᠨ ᠭᠠᠵᠠᠷ᠎ᠤᠨ ᠴᠠᠭ᠎ᠢᠶᠠᠷ 5 ᠰᠠᠷ᠎ᠠ᠎ᠶ᠋ᠢᠨ 13 ᠎ᠤ᠋ ᠡᠳᠦᠷ᠎ᠦᠨ ᠦᠳᠡ᠎ᠶ᠋ᠢᠨ ᠡᠮᠦᠨ᠎ᠡ᠂ ᠳᠤᠮᠳᠠᠳᠤ ᠤᠯᠤᠰ (ᠥᠪᠥᠷ ᠮᠣᠩᠭᠣᠯ) ᠠᠮᠧᠷᠢᠺᠠ (ᠤᠷᠸᠭᠠᠨ)᠎ᠶ᠋ᠢᠨ ᠠᠵᠤ ᠠᠬᠤᠶ ᠠᠷᠠᠯᠵᠢᠶ᠎ᠠ ᠰᠣᠶᠣᠯ ᠵᠢᠭᠤᠯᠴᠢᠯᠠᠯ᠎ᠤᠨ ᠲᠠᠨᠢᠯᠴᠠᠭᠤᠯᠭ᠎ᠠ ᠵᠢᠨ ᠬᠤᠷᠠᠯ ᠠᠮᠧᠷᠢᠺᠠ᠎ᠶ᠋ᠢᠨ ᠤᠷᠸᠭᠠᠨ ᠵᠧᠣ᠎ᠶ᠋ᠢᠨ ᠫᠤᠷᠲ᠋ᠯᠠᠨᠳ᠋᠎ᠬᠣᠲᠠ᠎ᠳᠤ ᠶᠠᠪᠤᠭ᠍ᠳᠠᠪᠠ᠃ ᠬᠣᠶᠠᠷ ᠭᠠᠵᠠᠷ᠎ᠤᠨ ᠵᠠᠰᠠᠭ ᠠᠵᠤ ᠠᠬᠤᠢᠯᠠᠯ᠎ᠤᠨ ᠲᠥᠯᠥᠭᠡᠯᠡᠭ᠌ᠴᠢ ᠪᠠᠷᠤᠭ 80 ᠬᠥᠮᠦᠨ ᠬᠤᠷᠠᠯ᠎ᠳᠤ ᠣᠷᠣᠯᠴᠠᠵᠤ᠂ ᠬᠠᠮᠲᠤᠷᠠᠯᠴᠠᠭ᠎ᠠ ᠵᠢ ᠬᠠᠮᠲᠤ ᠪᠡᠷ ᠵᠦᠪᠳᠡᠯᠴᠡᠵᠦ᠂ ᠬᠥᠭ᠌ᠵᠢᠯᠲᠡ᠎ᠶ᠋ᠢ ᠬᠠᠮᠲᠤ᠎ᠪᠠᠷ ᠰᠦᠪᠡᠭᠴᠢᠯᠡᠪᠡ᠃

ᠲᠠᠨᠢᠯᠴᠠᠭᠤᠯᠭ᠎ᠠ ᠵᠢᠨ ᠬᠤᠷᠠᠯ ᠳᠡᠭᠡᠷ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ ᠪᠠ ᠠᠮᠧᠷᠢᠺᠠ᠎ᠶ᠋ᠢᠨ ᠤᠷᠸᠭᠠᠨ ᠵᠧᠣ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠲᠣᠰ ᠲᠣᠰ ᠥᠪᠡᠷ ᠥᠪᠡᠷ᠎ᠦᠨ ᠭᠠᠵᠠᠷ ᠣᠷᠣᠨ᠎ᠤ᠎ᠪᠠᠨ ᠬᠥᠭ᠌ᠵᠢᠯᠲᠡ᠎ᠶ᠋ᠢᠨ ᠳᠠᠪᠠᠭᠤᠯᠢᠭ ᠪᠠ ᠳᠠᠯᠳᠠ ᠬᠦᠴᠦᠨ᠎ᠢ ᠲᠠᠨᠢᠯᠴᠠᠭᠤᠯᠵᠦ᠂ ᠢᠯᠢ ᠪᠦᠯᠦᠭ᠌ᠯᠡᠯ᠂ ᠤᠷᠸᠭᠠᠨ ᠵᠧᠣ᠎ᠶ᠋ᠢᠨ ᠪᠣᠭᠣᠳᠠᠶ᠎ᠶ᠋ᠢᠨ ᠦᠢᠯᠡᠰ᠎ᠤᠨ ᠵᠥᠪᠯᠡᠯ ᠪᠣᠯᠤᠨ ᠤᠷᠸᠭᠠᠨ ᠵᠧᠣ᠎ᠶ᠋ᠢᠨ ᠪᠣᠭᠣᠳᠠᠶ᠎ᠶ᠋ᠢᠨ ᠦᠢᠯᠡᠰ᠎ᠤᠨ ᠬᠣᠯᠪᠣᠭ᠎ᠠ᠂ ᠮᠸᠩ ᠨᠢᠤ ᠪᠦᠯᠦᠭ᠌ᠯᠡᠯ᠂ ᠤᠷᠸᠭᠠᠨ ᠵᠧᠦ᠍᠎ᠶ᠋ᠢᠨ ᠡᠪᠡᠰᠦᠨ ᠦᠷ᠎ᠡ᠎ᠶ᠋ᠢᠨ ᠨᠡᠢᠭᠡᠮᠯᠢᠭ᠂ ᠣᠷᠳᠣᠰ ᠪᠦᠯᠦᠭ᠌ᠯᠡᠯ᠂ ᠤᠷᠸᠭᠠᠨ ᠵᠧᠣ᠎ᠶ᠋ᠢᠨ ᠠᠯᠮᠤᠷᠠᠳ᠎ᠢᠶᠡᠷ ᠠᠷᠢᠬᠢ ᠨᠡᠷᠡᠬᠦ ᠲᠦᠷᠦᠯ ᠲᠡᠮᠳᠡᠭ ᠪᠤᠯᠬᠤ 19Acres ᠵᠡᠷᠭᠡ ᠬᠣᠶᠠᠷ ᠭᠠᠵᠠᠷ᠎ᠤᠨ ᠲᠦᠯᠦᠭᠡᠯᠡᠭᠴᠢ ᠲᠣᠰ ᠲᠣᠰ᠎ᠤᠨ ᠡᠬᠢ ᠪᠠᠶᠠᠯᠢᠭ᠎ᠤᠨ᠎ᠲᠠᠪᠠᠭᠤᠯᠢᠭ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠵᠢᠴᠢ ᠭᠤᠤᠯᠳᠠᠯᠭ᠎ᠠ᠎ᠲᠠᠶ ᠬᠠᠮᠲᠤᠷᠠᠯᠴᠠᠭᠠᠨ᠎ᠤ ᠬᠦᠷᠢᠶ᠎ᠡ ᠴᠠᠷᠠᠭ᠎ᠠ᠂ ᠣᠨᠴᠠᠭᠠᠢᠯᠠᠨ ᠰᠦ ᠵᠢᠨ ᠦᠶ᠋ᠯᠡᠰ᠂ ᠨᠤᠤᠯᠤᠭᠤᠷ᠂ ᠡᠪᠡᠰᠦᠨ ᠦᠷ᠎ᠡ ᠵᠡᠷᠭᠡ ᠬᠦᠷᠢᠶᠡᠨ᠎ᠤ ᠲᠤᠭᠤᠷᠢᠨ᠎ᠳᠦ ᠲᠥᠷᠥᠯ ᠵᠦᠶ᠋ᠯ᠎ᠦᠨ ᠲᠠᠨᠢᠯᠴᠠᠭᠤᠯᠭ᠎ᠠ ᠬᠢᠵᠦ᠂ ᠬᠣᠶᠠᠷ ᠲᠠᠯ᠎ᠠ᠎ᠶ᠋ᠢᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠂ ᠰᠣᠶᠣᠯ ᠵᠢᠭᠤᠯᠴᠢᠯᠠᠯ᠎ᠤᠨ ᠰᠣᠯᠢᠯᠴᠠᠭ᠎ᠠ᠎ᠶ᠋ᠢ ᠠᠬᠢᠭᠤᠯᠬᠤ᠎ᠳᠤ ᠴᠢᠬᠤᠯᠠ ᠬᠥᠭᠥᠷᠭᠡ ᠲᠠᠯᠪᠢᠭᠰᠠᠨ ᠪᠠᠢᠨ᠎ᠠ᠃ ᠥᠪᠥᠷ ᠮᠣᠩᠭᠣᠯ᠎ᠤᠨ ᠮᠸᠩ ᠨᠢᠤ ᠰᠦ᠎ᠶᠢᠨ ᠦᠶ᠋ᠯᠡᠰ (ᠪᠦᠯᠦᠭ᠌ᠯᠡᠯ) ᠤ᠋ᠨ ᠬᠤᠪᠢᠴᠠᠭᠠᠳᠤ ᠬᠢᠵᠠᠭᠠᠷᠲᠤ ᠺᠣᠮᠫᠠᠨᠢ ᠪᠣᠯᠤᠨ ᠤᠷᠸᠭᠠᠨ ᠵᠧᠸ᠋ ᠴᠠᠷᠭᠠᠰᠤ᠎ᠶ᠋ᠢᠨ ᠠᠷᠠᠯᠵᠢᠶᠠᠨ᠎ᠤ ᠬᠠᠮᠲᠤᠷᠠᠯᠴᠠᠭ᠎ᠠ ᠳᠤᠬᠢᠷᠠᠯᠴᠠᠭᠰᠠᠨ ᠨᠢ ᠬᠣᠶᠠᠷ ᠭᠠᠵᠠᠷ᠎ᠤᠨ ᠮᠠᠯ ᠠᠵᠤ ᠠᠬᠤᠶ ᠲᠠᠷᠢᠶᠠᠯᠠᠩ᠎ᠤᠨ ᠬᠠᠮᠲᠤᠷᠠᠯᠴᠠᠭᠠᠨ᠎ᠤ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠭᠦᠶ᠋ᠴᠡᠳ ᠢᠯᠡᠷᠡᠭᠦᠯᠦᠭ᠌ᠰᠡᠨ ᠪᠥᠭᠡᠳ ᠬᠣᠢᠱᠢᠳᠠ᠎ᠶ᠋ᠢᠨ ᠨᠠᠩ ᠥᠷᠭᠡᠨ ᠬᠦᠷᠢᠶ᠎ᠡ ᠴᠠᠷᠠᠭ᠎ᠠ᠂ ᠨᠠᠩ ᠭᠦᠨ ᠳᠠᠪᠬᠤᠷᠭ᠎ᠠ᠎ᠶ᠋ᠢᠨ ᠠᠵᠤ ᠦᠶ᠋ᠯᠡᠰ᠎ᠦᠨ ᠵᠣᠯᠭᠠᠯᠴᠠᠭ᠎ᠠ ᠬᠢᠬᠦ᠎ᠳᠤ ᠢᠲᠡᠭᠡᠯ ᠣᠯᠭᠣᠭ᠍ᠰᠠᠨ ᠪᠠᠢᠨ᠎ᠠ᠃ ᠶᠢᠦ ᠷᠠᠨ ᠮᠠᠯ ᠠᠵᠤ ᠠᠬᠤᠶ᠎ᠶᠢᠨ ᠺᠤᠮᠫᠠᠨᠢ ᠪᠣᠯᠤᠨ ᠠᠮᠧᠷᠢᠺᠠ᠎ᠶ᠋ᠢᠨ ᠯᠠᠨ ᠱᠠᠨ ᠺᠣᠮᠫᠠᠨᠢ ᠪᠠᠢᠯᠳᠤᠬᠤ ᠪᠣᠳᠣᠯᠭ᠎ᠠ᠎ᠶ᠋ᠢᠨ ᠵᠥᠪᠯᠡᠯᠴᠡᠭᠡᠷ ᠲᠣᠭ᠍ᠲᠠᠵᠤ᠂ ᠬᠣᠶᠠᠷ ᠲᠠᠯ᠎ᠠ᠎ᠪᠠᠷ᠎ᠢᠶᠠᠨ ᠥᠪᠥᠷ ᠮᠣᠩᠭᠣᠯ᠎ᠤᠨ ᠰᠦ᠎ᠶᠢᠨ ᠦᠶ᠋ᠯᠡᠰ᠎ᠦᠨ ᠳᠠᠪᠠᠭᠤᠯᠢᠭ ᠪᠣᠯᠤᠨ ᠤᠷᠸᠭᠠᠨ ᠵᠧᠦ᠎ᠶ᠋ᠢᠨ ᠳᠠᠪᠠᠭᠤᠯᠢᠭ ᠨᠤᠲᠤᠭ ᠪᠡᠯᠴᠢᠭᠡᠷ᠎ᠦᠨ ᠡᠬᠢ ᠪᠠᠶᠠᠯᠢᠭ᠎ᠢ ᠭᠦᠶ᠋ᠴᠡᠳ ᠠᠱᠢᠭ᠍ᠯᠠᠨ ᠬᠠᠷᠢᠯᠴᠠᠨ ᠨᠥᠬᠥᠪᠥᠷᠢᠯᠡᠵᠦ᠍᠂ ᠬᠣᠶᠠᠷ ᠭᠠᠵᠠᠷ᠎ᠤᠨ ᠠᠵᠤ ᠦᠶ᠋ᠯᠡᠰ᠎ᠦᠨ ᠬᠥᠭ᠌ᠵᠢᠯᠲᠡ᠎ᠳᠦ ᠨᠠᠩ ᠶᠡᠬᠡ ᠣᠷᠣᠨ ᠵᠠᠶ ᠬᠠᠩᠭᠠᠪᠠ᠃

ᠤᠷᠸᠭᠠᠨ ᠵᠧᠦ᠎ᠶ᠋ᠢᠨ ᠠᠵᠤ ᠠᠬᠤᠢᠯᠠᠯ᠎ᠤᠨ ᠲᠥᠯᠥᠭᠡᠯᠡᠭ᠌ᠴᠢ᠂ ᠲᠣᠰ ᠤᠳᠠᠭ᠎ᠠ᠎ᠶ᠋ᠢᠨ ᠠᠢᠯᠴᠢᠯᠠᠯᠲᠠ᠎ᠨᠢ ᠬᠣᠶᠠᠷ ᠭᠠᠵᠠᠷ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠬᠦᠴᠦᠲᠡᠶ ᠠᠬᠢᠭᠤᠯᠵᠠᠢ ᠭᠡᠵᠦ ᠦᠵᠡᠭᠰᠡᠨ ᠪᠥᠭᠡᠳ ᠠᠵᠠ ᠲᠣᠬᠢᠶᠠᠯ᠎ᠢ ᠠᠮᠵᠢᠵᠤ᠂ ᠥᠪᠥᠷ ᠮᠣᠩᠭᠣᠯ᠎ᠤᠨ ᠠᠵᠤ ᠠᠬᠤᠢᠯᠠᠯ᠎ᠯᠤᠭ᠎ᠠ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠨᠠᠩ ᠣᠯᠠᠨ ᠬᠠᠮᠲᠤ᠎ᠶ᠋ᠢᠨ ᠲᠠᠨᠢᠯᠲᠠ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠤᠨ᠎ᠠ ᠭᠡᠵᠦ ᠢᠯᠡᠳᠬᠡᠪᠡ᠃

ᠲᠠᠨᠢᠯᠴᠠᠭᠤᠯᠭ᠎ᠠ ᠵᠢᠨ ᠬᠤᠷᠠᠯ᠎ᠤᠨ ᠳᠠᠷᠠᠭ᠎ᠠ᠂ ᠥᠪᠥᠷ ᠮᠣᠩᠭᠣᠯ᠎ᠤᠨ ᠰᠣᠶᠣᠯ᠎ᠤᠨ ᠲᠥᠯᠥᠭᠡᠯᠡᠭ᠌ᠴᠢᠳ᠎ᠦᠨ ᠪᠦᠯᠬᠦᠮ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ᠎ᠲᠦ ᠭᠣᠢᠳᠠ ᠰᠠᠢᠬᠠᠨ ᠤᠷᠠᠨ ᠰᠠᠢᠬᠠᠨ᠎ᠤ ᠲᠣᠭ᠍ᠯᠠᠯᠲᠠ ᠪᠠ ᠤᠷᠠᠨ ᠪᠢᠴᠢᠯᠭᠡ᠎ᠶ᠋ᠢᠨ ᠦᠵᠡᠭᠦᠯᠭᠡ ᠵᠢ ᠡᠷᠬᠦᠨ ᠳᠡᠪᠰᠢᠬᠦᠯᠪᠡ᠃ ᠲᠣᠭ᠍ᠯᠠᠯᠲᠠ᠎ᠳᠤ ᠮᠣᠩᠭᠣᠯ ᠦᠨᠳᠦᠰᠦᠲᠡᠨ᠎ᠦ ᠤᠷᠳᠤ᠎ᠶ᠋ᠢᠨ ᠳᠠᠭᠤᠤ᠂ ᠬᠥᠭᠡᠮᠡᠢ᠂ ᠮᠤᠷᠢᠨ ᠬᠤᠭᠤᠷ᠂ ᠬᠤᠪᠢᠰ᠂ ᠦᠨᠳᠦᠰᠦᠲᠡᠨ᠎ᠦ ᠪᠥᠵᠢᠭ ᠵᠡᠷᠭᠡ᠎ᠶ᠋ᠢ ᠪᠠᠭᠳᠠᠭᠠᠵᠤ᠂ ᠤᠷᠠᠯᠢᠭ᠎ᠢᠶᠠᠷ ᠵᠠᠭᠤᠴᠢ ᠪᠣᠯᠭᠠᠵᠤ᠂ ᠰᠣᠶᠣᠯ᠎ᠤᠨ ᠬᠥᠭᠥᠷᠭᠡ᠎ᠶ᠋ᠢ ᠪᠠᠢᠭᠤᠯᠵᠤ᠂ ᠳᠤᠮᠳᠠᠳᠤ ᠠᠮᠧᠷᠢᠺᠠ ᠬᠣᠶᠠᠷ ᠤᠯᠤᠰ᠎ᠤᠨ ᠠᠷᠠᠳ ᠲᠦᠮᠡᠨ᠎ᠦ ᠭᠦᠨᠵᠡᠭᠡᠢ ᠰᠣᠯᠢᠯᠴᠠᠭ᠎ᠠ᠎ᠶ᠋ᠢ ᠪᠦᠲᠦᠮᠵᠢᠲᠡᠢ ᠭᠦᠨᠵᠡᠭᠡᠢᠷᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号