《ᠪᠦᠬᠦ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ᠎ᠤᠳ》 ᠵᠠᠭᠤᠴᠢᠯᠠᠭᠤᠷ᠎ᠤᠨ ᠤᠶᠤᠨ᠎ᠤ ᠬᠥᠮᠥᠷᠭᠡ᠎ᠶᠢᠨ ᠳᠡᠭᠡᠳᠦ ᠲᠡᠰ᠎ᠤᠨ ᠶᠠᠷᠢᠶᠠᠨ᠎ᠤ ᠲᠠᠪᠴᠠᠩ᠎ᠤᠨ ᠳᠤᠮᠳᠠᠳᠤ ᠠᠷᠠᠪ᠎ᠤᠨ ᠬᠠᠨᠢᠲᠠᠨ᠎ᠤ ᠶᠡᠬᠡ ᠬᠤᠷᠠᠯ13 ᠤ᠋ ᠡᠳᠦᠷ ᠶᠧᠵᠢᠫᠲ᠎ᠦᠨ ᠨᠡᠢᠰᠯᠡᠯ ᠺᠠᠢᠷᠤ᠋ ᠳ᠋ᠤ᠌ ᠦᠨᠳᠦᠷᠯᠡᠵᠤ᠂ ᠶᠡᠬᠡ ᠬᠤᠷᠠᠯ᠎ᠡᠴᠡ ᠳᠤᠮᠳᠠᠳᠤ ᠠᠷᠠᠪ᠎ᠤᠨ ᠵᠠᠭᠤᠴᠢᠯᠠᠭᠤᠷ᠎ᠤᠨ ᠬᠠᠮᠲᠤᠷᠠᠯᠴᠠᠭᠠᠨ᠎ᠤ ᠬᠥᠭᠵᠢᠯᠲᠡ᠎ᠶᠢ ᠳᠡᠮᠵᠢᠬᠦ ᠪᠠ ᠠᠬᠢᠭᠤᠯᠬᠤ᠎ᠪᠠᠷ ᠵᠣᠷᠢᠯᠭ᠎ᠠ ᠪᠣᠯᠭᠠᠭᠰᠠᠨ ᠦᠷ᠎ᠡ ᠪᠦᠲᠦᠭᠡᠯ᠎ᠦᠨ ᠪᠢᠴᠢᠭ ᠮᠠᠲᠧᠷᠢᠶᠠᠯ᠎ᠢ ᠨᠡᠢᠲᠡᠯᠡᠪᠡ᠃
ᠦᠷ᠎ᠡ ᠪᠦᠲᠦᠭᠡᠯ᠎ᠦᠨ ᠪᠢᠴᠢᠭ ᠮᠠᠲᠧᠷᠢᠶᠠᠯ᠎ᠳᠤ᠂ ᠬᠤᠷᠠᠯ᠎ᠳᠤ ᠣᠷᠣᠯᠴᠠᠭᠰᠠᠨ ᠡᠯ᠎ᠡ ᠲᠠᠯ᠎ᠠ᠎ᠶᠢᠨ ᠬᠢᠨ ᠳᠤᠮᠳᠠᠳᠤ ᠤᠯᠤᠰ ᠪᠣᠯᠣᠨ ᠠᠷᠠᠪ᠎ᠤᠨ ᠤᠯᠤᠰ᠎ᠤᠳ᠎ᠤᠨ ᠵᠠᠭᠤᠴᠢᠯᠠᠭᠤᠷ ᠪᠣᠯᠣᠨ ᠤᠶᠤᠨ᠎ᠤ ᠬᠥᠮᠥᠷᠭᠡ᠎ᠶᠢᠨ ᠬᠣᠭᠣᠷᠣᠨᠳᠣᠬᠢ ᠬᠠᠮᠲᠤᠷᠠᠯᠴᠠᠭ᠎ᠠ᠎ᠶᠢ ᠴᠢᠩᠭᠠᠳᠬᠠᠵᠤ᠂ ᠵᠠᠭᠤᠴᠢᠯᠠᠭᠤᠷ᠎ᠤᠨ ᠬᠢᠨ᠎ᠦ ᠡᠩᠬᠡ ᠲᠠᠢᠪᠤᠩ᠎ᠢ ᠬᠠᠮᠠᠭᠠᠯᠠᠬᠤ ᠲᠠᠯ᠎ᠠ᠎ᠪᠠᠷ ᠵᠠᠩᠭᠢᠯᠠᠭ᠎ᠠ᠎ᠶᠢᠨ ᠦᠢᠯᠡᠳᠦᠯ ᠦᠵᠡᠭᠦᠯᠬᠦ᠎ᠶᠢ ᠠᠬᠢᠭᠤᠯᠵᠤ᠂ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭᠠᠨ᠎ᠤ ᠬᠦᠷᠢᠶ᠎ᠡ᠎ᠶᠢ ᠥᠷᠭᠡᠳᠬᠡᠵᠦ᠂ ᠬᠠᠮᠲᠤ᠎ᠶᠢᠨ ᠵᠠᠭᠤᠴᠢᠯᠠᠭᠤᠷ᠎ᠤᠨ ᠬᠦᠦᠷᠨᠢᠯ᠎ᠢ ᠴᠤᠭᠴᠠᠯᠠᠵᠤ᠂ ᠵᠠᠭᠤᠴᠢᠯᠠᠭᠤᠷ᠎ᠤᠨ ᠮᠡᠷᠭᠡᠵᠢᠯ ᠪᠣᠯᠣᠨ ᠲᠣᠭᠠᠴᠢᠯᠠᠯᠳᠠ ᠲᠡᠢᠰᠢ ᠬᠡᠯᠪᠡᠷᠢ᠎ᠪᠠᠨ ᠬᠤᠪᠢᠷᠠᠭᠤᠯᠬᠤ ᠬᠦᠷᠢᠶᠡᠨ᠎ᠦ ᠬᠠᠮᠲᠤᠷᠠᠯᠴᠠᠭ᠎ᠠ᠎ᠶᠢ ᠥᠷᠭᠡᠳᠬᠡᠬᠦ᠎ᠶᠢ ᠴᠢᠬᠤᠯᠠᠴᠢᠯᠠᠨ᠎ᠠ ᠭᠡᠵᠦ ᠵᠢᠭᠠᠵᠤ ᠭᠠᠷᠭᠠᠪᠠ᠃ ᠦᠷ᠎ᠡ ᠪᠦᠲᠦᠭᠡᠯ᠎ᠦᠨ ᠪᠢᠴᠢᠭ ᠮᠠᠲᠧᠷᠢᠶᠠᠯ ᠨᠢ ᠤᠯᠠᠨ ᠵᠦᠢᠯ᠎ᠦᠨ ᠪᠣᠳᠠᠲᠠᠢ ᠬᠠᠮᠲᠤᠷᠠᠯᠴᠠᠭᠠᠨ᠎ᠤ ᠠᠭᠤᠯᠭ᠎ᠠ᠎ᠶᠢ ᠨᠡᠢᠲᠡᠯᠡᠪᠡ᠃
2024 ᠣᠨ᠎ᠳᠤ᠂ ᠰᠢᠨᠬᠤᠸᠠ ᠬᠣᠷᠢᠶ᠎ᠠ ᠪᠦᠬᠦ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ᠎ᠤᠳ᠎ᠤᠨ ᠵᠠᠭᠤᠴᠢᠯᠠᠭᠤᠷ᠎ᠤᠨ ᠤᠶᠤᠨ᠎ᠤ ᠬᠥᠮᠥᠷᠭᠡ᠎ᠶᠢᠨ ᠬᠠᠮᠲᠤᠷᠠᠯᠴᠠᠭᠠᠨ᠎ᠤ ᠳᠠᠮᠵᠢᠭᠤᠯᠭ᠎ᠠ᠎ᠶᠢᠨ ᠬᠠᠨᠢᠲᠠᠨ᠎ᠤ ᠰᠦᠯᠵᠢᠶ᠎ᠡ᠎ᠶᠢ ᠪᠠᠶ᠋ᠢᠭᠤᠯᠬᠤ᠎ᠪᠠᠷ ᠰᠠᠨᠠᠭᠠᠴᠢᠯᠠᠵᠤ᠂ ᠣᠳᠣᠬᠠᠨ᠎ᠳᠤ ᠨᠢᠭᠡᠨᠲᠡ 1000 ᠭᠠᠷᠤᠢ ᠵᠠᠭᠤᠴᠢᠯᠠᠭᠤᠷ᠂ ᠤᠶᠤᠨ᠎ᠤ ᠬᠥᠮᠥᠷᠭᠡ᠂ ᠵᠠᠰᠠᠭ᠎ᠤᠨ ᠣᠷᠳᠣᠨ᠎ᠤ ᠪᠠᠢᠭᠤᠯᠤᠮᠵᠢ᠂ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶᠢ ᠣᠷᠣᠯᠴᠠᠭᠤᠯᠵᠤ᠂ ᠪᠦᠬᠦ ᠪᠥᠮᠪᠥᠷᠴᠡᠭ᠎ᠦᠨ 95 ᠤᠯᠤᠰ ᠪᠠ ᠭᠠᠵᠠᠷ ᠣᠷᠣᠨ᠎ᠢ ᠬᠠᠮᠤᠷᠪᠡ᠃
ᠲᠤᠰ ᠤᠳᠠᠭ᠎ᠠ᠎ᠶᠢᠨ ᠶᠡᠬᠡ ᠬᠤᠷᠠᠯ᠎ᠢ ᠰᠢᠨᠬᠤᠸᠠ ᠬᠣᠷᠢᠶ᠎ᠠ ᠪᠣᠯᠣᠨ ᠠᠷᠠᠪ᠎ᠤᠨ ᠤᠯᠤᠰ᠎ᠤᠳ᠎ᠤᠨ ᠬᠣᠯᠪᠣᠭ᠎ᠠ ᠬᠠᠮᠲᠤ ᠪᠠᠷ ᠡᠷᠬᠢᠯᠡᠵᠦ᠂ ᠳᠤᠮᠳᠠᠳᠤ ᠠᠷᠠᠪ᠎ᠤᠨ ᠰᠣᠯᠢᠯᠴᠠᠭ᠎ᠠ ᠲᠣᠯᠢᠳᠠᠯ᠎ᠢ ᠴᠢᠨᠠᠭᠰᠢᠳᠠ ᠭᠦᠨᠵᠡᠭᠡᠢᠷᠡᠭᠦᠯᠵᠦ᠂ ᠬᠥᠭᠵᠢᠯᠲᠡ᠎ᠶᠢᠨ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠨᠡᠩ ᠥᠨᠳᠥᠷ ᠲᠦᠪᠰᠢᠨ ᠪᠦᠬᠦᠢ ᠳᠤᠮᠳᠠᠳᠤ ᠠᠷᠠᠪ᠎ᠤᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠳᠤ ᠬᠦᠴᠦᠨ ᠨᠡᠮᠡᠷᠢᠯᠡᠬᠦ᠎ᠪᠡᠷ ᠵᠣᠷᠢᠯᠭ᠎ᠠ᠎ᠪᠠᠨ ᠪᠣᠯᠭᠠᠵᠠᠢ᠃ ᠳᠤᠮᠳᠠᠳᠤ ᠤᠯᠤᠰ ᠪᠣᠯᠣᠨ ᠠᠷᠠᠪ᠎ᠤᠨ ᠤᠯᠤᠰ᠎ᠤᠳ᠎ᠤᠨ 110 ᠰᠢᠬᠠᠮ ᠵᠠᠭᠤᠴᠢᠯᠠᠭᠤᠷ᠂ ᠤᠶᠤᠨ᠎ᠤ ᠬᠥᠮᠥᠷᠭᠡ᠂ ᠵᠠᠰᠠᠭ᠎ᠤᠨ ᠣᠷᠳᠣᠨ᠎ᠤ ᠪᠠᠢᠭᠤᠯᠤᠮᠵᠢ᠂ ᠠᠵᠤ ᠠᠬᠤᠢᠯᠠᠯ ᠵᠢᠴᠢ ᠳᠡᠯᠡᠬᠡᠢ᠎ᠶᠢᠨ ᠪᠠ ᠭᠠᠵᠠᠷ ᠣᠷᠣᠨ᠎ᠤ ᠵᠣᠬᠢᠶᠠᠨ ᠪᠠᠢᠭᠤᠯᠤᠯᠲᠠ᠎ᠶᠢᠨ 250 ᠰᠢᠬᠠᠮ ᠲᠥᠯᠥᠭᠡᠯᠡᠭᠴᠢ ᠬᠤᠷᠠᠯ᠎ᠳᠤ ᠣᠷᠣᠯᠴᠠᠵᠠᠢ᠃
ᠢᠷᠡᠯᠳᠡ᠄ ᠰᠢᠨᠬᠤᠸᠠ ᠬᠤᠷᠢᠶ᠎ᠠ