ᠠᠩᠭ᠌ᠯᠢ᠎ᠶᠢᠨ ᠵᠠᠭᠤᠴᠢᠯᠠᠭᠤᠷ᠎ᠤᠨ ᠬᠢᠨ ᠡᠷᠡᠭᠦᠯ ᠬᠠᠮᠠᠭᠠᠯᠠᠯ᠎ᠤᠨ ᠰᠠᠢᠳ ᠲᠤᠰᠢᠶᠠᠯ᠎ᠡᠴᠡ᠎ᠪᠠᠨ ᠪᠠᠭᠤᠵᠤ ᠠᠵᠢᠯᠴᠢᠨ᠎ᠤ ᠨᠠᠮ᠎ᠤᠨ ᠲᠡᠷᠢᠭᠦᠨ᠎ᠤ ᠰᠤᠨᠭᠭᠤᠭᠤᠯᠢ᠎ᠳᠦ ᠤᠷᠤᠯᠴᠠᠬᠤ ᠪᠡᠷ ᠪᠠᠢᠨ᠎ᠠ ᠭᠡᠵᠤ ᠮᠡᠳᠡᠭᠡᠯᠡᠪᠡ
2026-05-15 16:48:40
ᠵᠣᠬᠢᠶᠠᠭ᠍ᠴᠢ᠄
ᠠᠯᠲᠠᠠᠠᠤᠳᠤ
ᠣᠩᠱᠢᠭ᠍ᠰᠠᠨ ᠣᠳᠠᠭ᠎ᠠ᠄
★★★☆☆

ᠠᠩᠭ᠌ᠯᠢ᠎ᠶᠢᠨ 《ᠲᠠᠢᠮᠰ ᠰᠣᠨᠢᠨ》13᠎ᠤ᠋ ᠡᠳᠦᠷ ᠠᠩᠭ᠌ᠯᠢ᠎ᠶᠢᠨ ᠡᠷᠡᠭᠦᠯ ᠬᠠᠮᠠᠭᠠᠯᠠᠯ ᠪᠣᠯᠣᠨ ᠨᠡᠢᠭᠡᠮ᠎ᠦᠨ ᠠᠰᠠᠷᠠᠮᠵᠢ᠎ᠶᠢᠨ ᠰᠠᠢᠳ ᠸᠸᠰ·ᠰᠲᠷᠢᠲ᠋ᠢᠩ᠎ᠤᠨ ᠳᠡᠷᠭᠡᠳᠡᠬᠢ ᠬᠥᠮᠥᠰ᠎ᠦᠨ ᠮᠡᠳᠡᠭᠡ᠎ᠡᠴᠡ ᠡᠰᠢ ᠲᠠᠲᠠᠵᠤ᠂ ᠰᠲᠷᠢᠲ᠋ᠢᠩ ᠣᠳᠣ᠌ ᠨᠢᠭᠡᠨᠲᠡ ᠲᠤᠰᠢᠶᠠᠯ᠎ᠡᠴᠡ᠎ᠪᠠᠨ ᠪᠠᠭᠤᠵᠤ ᠠᠵᠢᠯᠴᠢᠨ᠎ᠤ ᠨᠠᠮ᠎ᠤᠨ ᠲᠡᠷᠢᠭᠦᠨ᠎ᠦ ᠰᠣᠩᠭᠣᠭᠤᠯᠢ᠎ᠳᠤ ᠣᠷᠣᠯᠴᠠᠬᠤ᠎ᠪᠠᠷ ᠪᠠᠢᠨ᠎ᠠ ᠭᠡᠵᠤ ᠮᠡᠳᠡᠭᠡᠯᠡᠵᠡᠢ᠃ 

ᠮᠡᠳᠡᠭᠡᠯᠡᠯ᠎ᠳᠦ᠂ ᠰᠲᠷᠢᠲ᠋ᠢᠩ ᠪᠣᠯ ᠠᠩᠭ᠌ᠯᠢ᠎ᠶᠢᠨ ᠲᠡᠷᠢᠭᠦᠨ ᠰᠠᠢᠳ᠂ ᠠᠵᠢᠯᠴᠢᠨ᠎ᠤ ᠨᠠᠮ᠎ᠤᠨ ᠲᠦᠷᠦᠭᠦᠦ ᠰᠲ᠋ᠠᠮᠦᠢ᠍ᠸᠸ᠎ᠶᠢᠨ ᠥᠷᠢᠰᠦᠯᠳᠦᠭᠴᠢ ᠮᠥᠨ ᠭᠡᠵᠦ ᠥᠷᠭᠡᠨ᠎ᠢᠶᠡᠷ ᠦᠵᠡᠵᠦ ᠪᠠᠢᠨ᠎ᠠ᠃ ᠰᠲᠷᠢᠲ᠋ᠢᠩ ᠠᠵᠢᠯᠴᠢᠨ᠎ᠤ ᠨᠠᠮ᠎ᠤᠨ ᠲᠡᠷᠢᠭᠦᠨ᠎ᠦ ᠰᠣᠩᠭᠣᠭᠤᠯᠢ᠎ᠳᠤ ᠥᠷᠢᠰᠦᠯᠳᠦᠨ᠎ᠡ ᠭᠡᠵᠦ ᠥᠪᠡᠷ ᠵᠢᠡᠨ ᠲᠣᠳᠣᠷᠬᠠᠢ ᠢᠯᠡᠷᠬᠡᠢᠯᠡᠭᠰᠡᠨ ᠪᠠᠢᠨ᠎ᠠ᠃ ᠲᠡᠷᠡ ᠬᠠᠮᠤᠭ᠎ᠤᠨ ᠬᠤᠷᠳᠤᠨ᠎ᠳᠠᠭᠠᠨ 14᠎ᠤ᠋ ᠡᠳᠦᠷ ᠲᠤᠰᠢᠶᠠᠯ᠎ᠡᠴᠡ᠎ᠪᠠᠨ ᠪᠠᠭᠤᠬᠤ ᠪᠥᠭᠡᠳ ᠠᠵᠢᠯᠴᠢᠨ᠎ᠤ ᠨᠠᠮ᠎ᠤᠨ ᠳᠣᠣᠷᠠᠳᠤ ᠵᠥᠪᠯᠡᠯᠭᠡᠨ᠎ᠦ ᠭᠡᠰᠢᠭᠦᠳ᠎ᠦᠨ ᠳᠡᠮᠵᠢᠯᠭᠡ᠎ᠶᠢ ᠣᠯᠬᠤ᠎ᠪᠠᠷ ᠪᠡᠯᠡᠳᠬᠡᠵᠦ ᠡᠬᠢᠯᠡᠵᠡᠢ ᠭᠡᠪᠡ᠃ 

ᠠᠩᠭ᠌ᠯᠢ᠎ᠶᠢᠨ ᠠᠵᠢᠯᠴᠢᠨ᠎ᠤ ᠨᠠᠮ ᠣᠷᠣᠨ ᠨᠤᠲᠤᠭ᠎ᠤᠨ ᠰᠣᠩᠭᠣᠭᠤᠯᠢ᠎ᠳᠤ ᠬᠠᠷᠠᠰᠠᠯᠲᠠᠢ ᠢᠯᠠᠭᠳᠠᠭᠰᠠᠨ᠎ᠡᠴᠡ ᠪᠣᠯᠵᠤ᠂ ᠰᠲ᠋ᠠᠮᠦᠢ᠍ᠸᠸ ᠬᠡᠳᠦᠨ ᠡᠳᠦᠷ᠎ᠦᠨ ᠲᠤᠷᠰᠢ ᠲᠥᠷᠥ ᠪᠠᠷᠢᠬᠤ ᠬᠢᠮᠤᠷᠠᠯ᠎ᠳᠤ ᠤᠴᠠᠷᠠᠵᠠᠢ᠃ 12 ᠤ᠋ᠨ ᠡᠳᠦᠷ᠂ ᠬᠡᠳᠦᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠦᠨ ᠵᠠᠰᠠᠭ᠎ᠤᠨ ᠶᠠᠪᠤᠳᠠᠯ᠎ᠤᠨ ᠳᠡᠳ᠋ ᠲᠤᠰᠢᠶᠠᠯᠲᠠᠨ ᠲᠤᠰᠢᠶᠠᠯ᠎ᠡᠴᠡ᠎ᠪᠠᠨ ᠪᠠᠭᠤᠬᠤ᠎ᠪᠠᠷ 《ᠣᠷᠳᠣᠨ᠎ᠢ ᠰᠢᠬᠠᠮᠳᠠᠭᠤᠯᠤᠭᠰᠠᠨ》 ᠪᠣᠯᠪᠠᠴᠤ ᠰᠠᠢᠳ ᠨᠠᠷ᠎ᠤᠨ ᠵᠥᠪᠯᠡᠯ᠎ᠦᠨ ᠰᠠᠢᠳ ᠨᠠᠷ ᠰᠲ᠋ᠠᠮᠦᠢ᠍ᠸᠸ᠎ᠶᠢ ᠳᠡᠮᠵᠢᠬᠦ ᠣᠪᠣᠷ᠎ᠢᠶᠠᠨ ᠢᠯᠡᠳᠬᠡᠵᠡᠢ᠃ 

ᠢᠷᠡᠯᠳᠡ᠄ ᠰᠢᠨᠬᠤᠸᠠ ᠬᠤᠷᠢᠶ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号