2026 ᠤᠨ᠎ᠤ ᠠᠹᠷᠢᠺᠠ ᠲᠢᠪ᠎ᠦᠨ ᠵᠢᠭᠤᠯᠴᠢᠯᠠᠯ᠎ᠤᠨ ᠶᠡᠬᠡ ᠬᠤᠷᠠᠯ 12 ᠤ᠋ᠨ ᠡᠳᠦᠷ ᠡᠮᠦᠨᠡᠲᠦ ᠠᠹᠷᠢᠺᠠ᠎ᠶ᠋ᠢᠨ ᠲᠡᠯᠡᠶ᠎ᠶ᠋ᠢᠨ ᠬᠥᠪᠡᠭᠡᠨ᠎ᠦ ᠬᠣᠲᠠ ᠳ᠋ᠸᠷᠪᠠᠨᠳ᠋ᠤ ᠡᠬᠢᠯᠡᠪᠡ᠃ ᠡᠮᠦᠨᠡᠲᠦ ᠠᠹᠷᠢᠺᠠ᠎ᠶ᠋ᠢᠨ ᠶᠡᠷᠦᠩᠬᠡᠢᠯᠡᠭ᠌ᠴᠢ ᠯᠠᠮᠠᠹᠥ᠋ᠰᠠ ᠡᠬᠢᠯᠡᠯᠲᠡ᠎ᠶ᠋ᠢᠨ ᠶᠣᠰᠣᠯᠠᠯ ᠳᠡᠭᠡᠷ᠎ᠡ ᠠᠹᠷᠢᠺᠠ ᠲᠢᠪ᠎ᠦᠨ ᠡᠯ᠎ᠡ ᠤᠯᠤᠰ᠎ᠢ ᠠᠹᠷᠢᠺᠠ ᠲᠢᠪ᠎ᠦᠨ ᠡᠬᠡ ᠬᠠᠭᠤᠷᠠᠢ᠎ᠶ᠋ᠢᠨ ᠳᠣᠲᠣᠭᠠᠳᠤ᠎ᠳᠡᠬᠢ ᠵᠢᠭᠤᠯᠴᠢᠯᠠᠯ᠎ᠳᠦ ᠳᠥᠭᠥᠮ ᠦᠵᠡᠬᠦᠯᠬᠦ᠎ᠶ᠋ᠢ ᠠᠬᠢᠭᠤᠯᠵᠤ᠂ ᠳᠤᠮᠳᠠᠳᠤ ᠤᠯᠤᠰ ᠵᠡᠷᠭᠡ ᠤᠯᠠᠨ ᠡᠱᠢᠵᠢᠭᠰᠡᠨ ᠵᠣᠴᠢᠳ᠎ᠤᠨ ᠢᠷᠡᠯᠲᠡ ᠲᠠᠢ ᠵᠠᠬ᠎ᠠ ᠳᠡᠯᠭᠡᠭᠦᠷ᠎ᠢ ᠢᠳᠡᠪᠬᠢᠲᠡᠢ ᠥᠷᠭᠡᠳᠭᠡᠵᠦ᠍᠂ ᠵᠢᠭᠤᠯᠴᠢᠯᠠᠯ᠎ᠤᠨ ᠦᠢᠯᠡᠰ᠎ᠦᠨ ᠠᠹᠷᠢᠺᠠ ᠲᠢᠪ᠎ᠦᠨ ᠠᠵᠤ ᠠᠬᠤᠢ᠎ᠶ᠋ᠢᠨ ᠬᠥᠭ᠌ᠵᠢᠯᠲᠡ᠎ᠳᠦ ᠦᠵᠡᠭᠦᠯᠬᠦ᠌ ᠠᠬᠢᠭᠤᠯᠬᠤ ᠦᠢᠯᠡᠳᠦᠯ᠎ᠢ ᠨᠡᠩ ᠰᠠᠢᠲᠤᠷ ᠪᠠᠳᠠᠷᠠᠭᠤᠯᠬᠤ ᠵᠢ ᠤᠷᠢᠶᠠᠯᠠᠪᠠ᠃
ᠯᠠᠮᠠᠹᠥ᠋ᠰᠠ ᠠᠹᠷᠢᠺᠠ ᠲᠢᠪ᠎ᠦᠨ ᠡᠬᠡ ᠬᠠᠭᠤᠷᠠᠢ᠎ᠶ᠋ᠢᠨ ᠳᠣᠲᠣᠭᠠᠳᠤ᠎ᠳᠡᠬᠢ ᠵᠢᠭᠤᠯᠴᠢᠯᠠᠯ᠎ᠳᠦ ᠳᠥᠭᠥᠮ ᠦᠵᠡᠬᠦᠯᠬᠦ ᠵᠢ ᠴᠢᠩᠭᠠᠳᠭᠠᠪᠠᠯ ᠵᠣᠬᠢᠨ᠎ᠠ ᠭᠡᠵᠦ᠍ ᠴᠢᠬᠤᠯᠠᠴᠢᠯᠠᠪᠠ᠃ ᠲᠡᠷᠡ᠂ ᠡᠮᠦᠨᠡᠲᠦ ᠠᠹᠷᠢᠺᠠ ᠬᠥᠷᠰᠢ ᠤᠯᠤᠰ᠎ᠯᠤᠭ᠎ᠠ ᠡᠮᠦᠨᠡᠲᠦ ᠠᠹᠷᠢᠺᠠ᠎ᠶ᠋ᠢᠨ ᠬᠠᠮᠲᠤ᠎ᠶ᠋ᠢᠨ ᠴᠣᠭ᠍ᠴᠠ᠎ᠶ᠋ᠢᠨ ᠵᠢᠭᠤᠯᠴᠢᠯᠠᠯ᠎ᠤᠨ ᠸᠢᠰᠠ᠎ᠶ᠋ᠢ ᠠᠬᠢᠭᠤᠯᠵᠤ ᠪᠠᠢᠬᠤ ᠪᠥᠭᠡᠳ ᠠᠹᠷᠢᠺᠠ ᠲᠢᠪ᠎ᠦᠨ ᠡᠯ᠎ᠡ ᠤᠯᠤᠰ᠎ᠢ ᠠᠹᠷᠢᠺᠠ ᠲᠢᠪ᠎ᠦᠨ ᠤᠯᠤᠰ᠎ᠤᠳ᠎ᠤᠨ ᠬᠣᠯᠪᠣᠭ᠎ᠠ᠎ᠶ᠋ᠢᠨ 《2063 ᠣᠨ᠎ᠤ ᠵᠥᠪᠯᠡᠬᠦ᠌ ᠵᠦᠢᠯ》 ᠪᠣᠯᠤᠨ ᠠᠹᠷᠢᠺᠠ ᠲᠢᠪ᠎ᠦᠨ ᠡᠬᠡ ᠬᠠᠭᠤᠷᠠᠢ᠎ᠶ᠋ᠢᠨ ᠴᠢᠯᠥᠭᠡᠲᠦ ᠠᠷᠠᠯᠵᠢᠶᠠᠨ᠎ᠤ ᠣᠷᠣᠨ᠎ᠤ ᠪᠣᠷᠣ ᠲᠥᠯᠥᠪ᠎ᠦᠨ ᠳᠣᠣᠷ᠎ᠠ᠂ ᠬᠥᠮᠦᠰ᠎ᠦᠨ ᠴᠢᠯᠥᠭᠡᠲᠡᠢ ᠳᠥᠭᠥᠮ ᠳᠥᠲᠡ ᠱᠢᠯᠵᠢᠯᠲᠡ᠎ᠪᠡᠷ ᠳᠠᠮᠵᠢᠨ ᠠᠹᠷᠢᠺᠠ ᠲᠢᠪ᠎ᠦᠨ ᠤᠯᠤᠰ᠎ᠤᠳ᠎ᠤᠨ ᠬᠣᠭᠣᠷᠣᠨᠳᠣᠬᠢ ᠬᠤᠳᠠᠯᠳᠤᠭ᠎ᠠ᠂ ᠪᠡᠯᠡ ᠣᠷᠣᠭᠤᠯᠤᠯᠲᠠ ᠪᠣᠯᠤᠨ ᠠᠷᠠᠯᠵᠢᠶᠠᠨ᠎ᠤ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠠᠬᠢᠭᠤᠯᠬᠤ᠎ᠶ᠋ᠢ ᠤᠷᠢᠶᠠᠯᠠᠵᠤ ᠪᠠᠢᠨ᠎ᠠ ᠭᠡᠵᠦ᠍ ᠢᠯᠡᠳᠭᠡᠪᠡ᠃
ᠯᠠᠮᠠᠹᠥ᠋ᠰᠠ᠂ ᠤᠯᠠᠨ ᠡᠱᠢᠵᠢᠭ᠌ᠰᠡᠨ ᠵᠣᠴᠢᠳ᠎ᠤᠨ ᠢᠷᠡᠯᠲᠡ ᠲᠠᠢ ᠵᠠᠬ᠎ᠠ ᠳᠡᠯᠭᠡᠭᠦᠷ᠎ᠢ ᠥᠷᠭᠡᠳᠭᠡᠬᠦ᠌ ᠨᠢ ᠠᠳᠠᠯᠢᠬᠠᠨ ᠴᠢᠬᠤᠯᠠ ᠶᠤᠮ ᠭᠡᠵᠦ ᠦᠵᠡᠪᠡ᠃ ᠡᠮᠦᠨᠡᠲᠦ ᠠᠹᠷᠢᠺᠠ ᠣᠲᠣ ᠶᠠᠭ ᠵᠢᠭᠤᠯᠴᠢᠯᠠᠯ᠎ᠤᠨ ᠵᠥᠪᠱᠢᠶᠡᠷᠡᠯ᠎ᠦᠨ ᠡᠯᠧᠺᠲ᠋ᠷᠣᠨ ᠱᠢᠰᠲ᠋ᠧᠮ ᠵᠡᠷᠭᠡ ᠳᠥᠭᠥᠮᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠬᠦ᠌᠎ᠪᠡᠷ ᠳᠠᠮᠵᠢᠨ᠂ ᠳᠤᠮᠳᠠᠳᠤ ᠤᠯᠤᠰ᠂ ᠡᠨᠡᠳᠭᠡᠭ᠂ ᠵᠡᠭᠦᠨ ᠡᠮᠦᠨᠡᠲᠦ ᠠᠽᠢᠶ᠎ᠠ᠂ ᠮᠧᠺᠱᠢᠺᠣ ᠪᠣᠯᠤᠨ ᠪᠷᠠᠽᠢᠯ ᠵᠡᠷᠭᠡ ᠨᠡᠮᠡᠭ᠌ᠳᠡᠯ᠎ᠦᠨ ᠳᠠᠯᠳᠠ ᠬᠦᠴᠦᠨ ᠪᠥᠬᠥᠶ ᠣᠯᠠᠨ ᠤᠯᠤᠰ᠎ᠤᠨ ᠵᠠᠬ᠎ᠠ ᠳᠡᠯᠭᠡᠭᠦᠷ᠎ᠢ ᠲᠦᠷᠭᠡᠪᠴᠢᠯᠡᠨ ᠥᠷᠭᠡᠳᠭᠡᠵᠦ᠍ ᠪᠠᠢᠨ᠎ᠠ᠃
ᠠᠹᠷᠢᠺᠠ ᠲᠢᠪ᠎ᠦᠨ ᠵᠢᠭᠤᠯᠴᠢᠯᠠᠯ᠎ᠤᠨ ᠶᠡᠬᠡ ᠬᠤᠷᠠᠯ ᠪᠣᠯ ᠠᠹᠷᠢᠺᠠ ᠲᠢᠪ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ ᠵᠢᠭᠤᠯᠴᠢᠯᠠᠯ᠎ᠤᠨ ᠦᠵᠡᠰᠭᠦᠯᠡᠩ᠎ᠦᠨ ᠨᠢᠭᠡ ᠪᠣᠯᠤᠨ᠎ᠠ᠃ ᠲᠣᠰ ᠬᠤᠭᠤᠴᠠᠭᠠᠨ᠎ᠤ ᠶᠡᠬᠡ ᠬᠤᠷᠠᠯ᠎ᠨᠢ 《ᠬᠢᠵᠠᠭᠠᠷ ᠥᠬᠡᠶ ᠪᠤᠯᠤᠮᠵᠢᠳᠤ ᠠᠹᠷᠢᠺᠠ ᠲᠢᠪ᠄ ᠠᠹᠷᠢᠺᠠ ᠲᠢᠪ᠎ᠦᠨ ᠵᠢᠭᠤᠯᠴᠢᠯᠠᠯ᠎ᠤᠨ ᠠᠵᠤ ᠠᠬᠤᠶ᠎ᠶ᠋ᠢ ᠪᠤᠵᠠᠭᠠᠢᠷᠠᠭᠤᠯᠤᠶᠠ》 ᠪᠠᠷ ᠭᠤᠤᠯ ᠰᠡᠳᠦᠪ ᠪᠣᠯᠭᠠᠵᠤ᠂ 14 ᠤ᠋ ᠡᠳᠦᠷ ᠪᠣᠯᠲᠠᠯ᠎ᠠ ᠦᠷᠭᠦᠯᠵᠢᠯᠡᠪᠡ᠃
ᠢᠷᠡᠯᠳᠡ᠄ ᠰᠢᠨᠬᠤᠸᠠ ᠬᠤᠷᠢᠶ᠎ᠠ