ᠲᠦᠷᠤᠬᠦᠤ ᠤᠯᠠᠷᠢᠯ᠎ᠳᠤ ᠥᠪᠥᠷ ᠮᠣᠩᠭᠣᠯ᠎ᠤᠨ ᠭᠠᠳᠠᠭᠠᠳᠤ ᠠᠷᠠᠯᠵᠢᠶ᠎ᠠ ᠵᠢᠨ ᠬᠦᠭᠵᠢᠯᠳᠡ ᠢᠯᠡᠳᠳᠡ ᠦᠷ᠎ᠡ ᠪᠦᠲᠦᠮᠵᠢ ᠪᠤᠯᠪᠠ
2026-05-15 10:05:26
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

ᠲᠦᠷᠤᠬᠦᠤ ᠤᠯᠠᠷᠢᠯ᠎ᠳᠤ᠂ ᠥᠪᠥᠷ ᠮᠣᠩᠭᠣᠯ᠎ᠤᠨ ᠭᠠᠳᠠᠭᠠᠳᠤ ᠭᠠᠷᠭᠠᠯᠲᠠ ᠭᠤᠤᠯᠳᠠᠭᠤ ᠮᠠᠱᠢᠨ ᠴᠠᠬᠢᠯᠭᠠᠨ᠎ᠤ ᠦᠶ᠋ᠯᠡᠳᠬᠦᠨ᠂ ᠲᠠᠷᠢᠶᠠᠯᠠᠩ᠎ᠤᠨ ᠪᠦᠲᠦᠭᠡᠭ᠌ᠳᠡᠬᠦᠨ᠂ ᠦᠨᠳᠦᠰᠦᠨ ᠣᠷᠭᠠᠨᠢᠭ ᠬᠢᠮᠢ᠎ᠶ᠋ᠢᠨ ᠦᠶ᠋ᠯᠡᠳᠬᠦᠨ᠎ᠢᠶᠡᠷ ᠭᠤᠤᠯᠯᠠᠵᠠᠶ; ᠭᠠᠳᠠᠭᠠᠳᠤ ᠣᠷᠣᠭᠤᠯᠤᠯᠳᠠ ᠭᠤᠤᠯᠳᠠᠭᠤ ᠵᠡᠰ᠎ᠦᠨ ᠬᠦᠳᠡᠷ᠂ ᠨᠡᠭᠦᠷᠡᠰᠦ᠂ ᠲᠡᠮᠦᠷ᠎ᠦᠨ ᠬᠦᠳᠡᠷ᠎ᠢᠶᠡᠷ ᠭᠤᠤᠯ ᠪᠣᠯᠭᠠᠬᠰᠠᠨ ᠪᠠᠢᠨ᠎ᠠ᠃  

ᠲᠦᠷᠤᠬᠦᠤ ᠤᠯᠠᠷᠢᠯ᠎ᠳᠤ᠂ ᠮᠠᠱᠢᠨ ᠴᠠᠬᠢᠯᠭᠠᠨ᠎ᠤ ᠦᠶ᠋ᠯᠡᠳᠬᠦᠨ᠎ᠦ ᠲᠥᠷᠥᠯ ᠵᠦᠶ᠋ᠯ᠎ᠦᠨ 8 ᠰᠠᠭᠤᠳᠠᠯ ᠡᠴᠡ ᠪᠠᠭ᠎ᠠ᠎ᠮᠠᠱᠢᠨ ᠲᠡᠷᠭᠡᠨ᠎ᠦ ᠭᠠᠳᠠᠭᠠᠳᠤ ᠭᠠᠷᠭᠠᠯᠲᠠ 3.7 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 15.5% ᠪᠠᠷ ᠨᠡᠮᠡᠭ᠌ᠳᠡᠪᠡ; ᠺᠣᠮᠫᠢᠦ᠋ᠲ᠋ᠧᠷ ᠵᠢᠴᠢ ᠰᠡᠯᠪᠢᠭ ᠲᠣᠨᠣᠭ᠎ᠤᠨ ᠭᠠᠳᠠᠭᠠᠳᠤ ᠭᠠᠷᠭᠠᠯᠲᠠ 8 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ ᠬᠢ᠎ᠡᠴᠡ 2.2 ᠳᠠᠬᠢᠨ ᠨᠡᠮᠡᠭ᠌ᠳᠡᠪᠡ; ᠬᠦᠴᠦᠳᠡᠯ ᠥᠭᠡᠷᠡᠴᠢᠯᠡᠭ᠌ᠴᠢ᠎ᠶ᠋ᠢᠨ ᠭᠠᠷᠭᠠᠯᠲᠠ 1121 ᠲᠦᠮᠡᠨ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ ᠬᠢ᠎ᠡᠴᠡ 8.2 ᠳᠠᠬᠢᠨ ᠨᠡᠮᠡᠭ᠌ᠳᠡᠪᠡ᠃ ᠲᠡᠮᠦᠷᠯᠢᠭ ᠬᠦᠳᠡᠷ᠎ᠤᠨ ᠲᠦᠷᠤᠯ ᠵᠦᠢᠯ ᠎ᠤᠨ ᠲᠤᠤᠷᠠᠬᠢ ᠵᠡᠰ᠎ᠤᠨ ᠬᠦᠳᠡᠷ᠎ᠤᠨ ᠭᠠᠳᠠᠭᠠᠳᠤ ᠣᠷᠣᠭᠤᠯᠤᠯᠲᠠ 203.9 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 77.3% ᠪᠠᠷ ᠨᠡᠮᠡᠭ᠌ᠳᠡᠵᠦ᠍᠂ ᠲᠡᠮᠦᠷ᠎ᠦᠨ ᠬᠦᠳᠡᠷ᠎ᠤᠨ ᠭᠠᠳᠠᠭᠠᠳᠤ ᠣᠷᠣᠭᠤᠯᠤᠯᠲᠠ 21.7 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ ᠬᠢ᠎ᠡᠴᠡ 10.3% ᠪᠠᠷ ᠨᠡᠮᠡᠭ᠌ᠳᠡᠪᠡ; ᠨᠡᠭᠦᠷᠡᠰᠦᠨ᠎ᠦ ᠲᠥᠷᠥᠯ ᠵᠦᠶ᠋ᠯ ᠳᠤᠤᠷᠠᠬᠢ ᠬᠡᠸ᠋ᠷᠡᠰᠦ ᠪᠣᠯᠪᠠᠰᠤᠷᠠᠭᠤᠯᠬᠤ ᠨᠡᠭᠦᠷᠡᠰᠦᠨ᠎ᠦ ᠭᠠᠳᠠᠭᠠᠳᠤ ᠣᠷᠣᠭᠤᠯᠤᠯᠲᠠ 72.8 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 36.7% ᠪᠠᠷ ᠨᠡᠮᠡᠭ᠌ᠳᠡᠪᠡ᠃ ᠭᠠᠳᠠᠭᠠᠳᠤ᠎ᠳᠤ ᠭᠠᠷᠭᠠᠭ᠍ᠰᠠᠨ ᠨᠡᠷᠡᠨ ᠬᠤᠸᠠᠷ᠂ ᠵᠢᠮᠢᠰ ᠢᠳᠡᠱᠢᠨ ᠨᠣᠭᠣᠭ᠎ᠠ ᠲᠣᠰ ᠲᠣᠰ 15.3 ᠳ᠋ᠦᠩᠱᠢᠭᠤᠷ ᠲᠥᠭᠥᠷᠢᠭ ᠪᠠ 10.2 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 25.6% ᠪᠠ 12%᠎ᠵᠢᠡᠷ ᠨᠡᠮᠡᠭ᠌ᠳᠡᠪᠡ᠃ ᠠᠳᠠᠯᠢ ᠬᠤᠭᠤᠴᠠᠭᠠᠨ᠎ᠳᠤ᠂ ᠭᠠᠳᠠᠭᠠᠳᠤ᠎ᠠᠴᠠ ᠣᠷᠣᠭᠤᠯᠤᠭ᠍ᠰᠠᠨ ᠴᠠᠭᠠᠨ ᠢᠳᠡᠭᠡᠨ 5.4 ᠳ᠋ᠦᠩᠱᠢᠭᠤᠷ ᠲᠥᠭᠥᠷᠢᠭ᠎ᠲᠦ ᠬᠦᠷᠴᠡᠶ᠃

ᠭᠠᠳᠠᠭᠠᠳᠤ᠎ᠠᠴᠠ ᠣᠷᠣᠭᠤᠯᠤᠭ᠍ᠰᠠᠨ ᠪᠣᠷᠲᠣᠭᠣᠷ 8.6 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 55.8% ᠪᠠᠷ ᠨᠡᠮᠡᠭ᠌ᠳᠡᠪᠡ; ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌᠂ ᠱᠢᠨ᠎ᠡ ᠬᠥᠳᠡᠯᠭᠡᠭ᠌ᠴᠢ ᠡᠨᠧᠷᠭᠢ᠎ᠶ᠋ᠢ ᠪᠣᠢᠵᠢᠭᠤᠯᠤᠨ ᠪᠤᠵᠠᠭᠠᠢᠷᠠᠭᠤᠯᠬᠤ᠎ᠶ᠋ᠢ ᠳᠠᠭᠠᠯᠳᠤᠨ᠂ ᠳᠡᠭᠡᠳᠦ ᠮᠡᠷᠭᠡᠵᠢᠯ᠎ᠦᠨ ᠦᠶ᠋ᠯᠡᠳᠬᠦᠨ᠎ᠦ ᠭᠠᠳᠠᠭᠠᠳᠤ ᠣᠷᠣᠭᠤᠯᠤᠯᠲᠠ 3.2 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 17% ᠪᠠᠷ ᠨᠡᠮᠡᠭ᠌ᠳᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号