ᠥᠪᠥᠷ ᠮᠣᠩᠭᠣᠯ᠎ᠤᠨ ᠲᠦᠷᠤᠬᠦᠤ ᠤᠯᠠᠷᠢᠯ᠎ᠤᠨ ᠬᠢᠯᠢ ᠵᠢᠨ ᠪᠣᠭᠣᠮᠲᠠ᠎ᠶ᠋ᠢᠨ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ 3913.2 ᠲᠦᠮᠡᠨ ᠲᠣᠨ᠎ᠳᠤ ᠬᠦᠷᠴᠠᠢ
2026-05-15 10:31:26
ᠵᠣᠬᠢᠶᠠᠭ᠍ᠴᠢ᠄
​ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠦᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠬᠡᠷ᠎ᠦᠨ ᠬᠤᠷᠠᠯᠳᠤᠭᠤᠯᠤᠭ᠍ᠰᠠᠨ ᠰᠣᠨᠢᠨ ᠮᠡᠳᠡᠭᠡ  ᠨᠡᠢᠲᠡᠯᠡᠬᠦ᠌  ᠬᠤᠷᠠᠯ᠎ᠡᠴᠠ ᠣᠢᠯᠠᠭᠠᠭ᠍ᠰᠠᠨ᠎ᠢᠶᠠᠷ᠂  ᠡᠨᠡ ᠵᠢᠯ᠎ᠦᠨ ᠲᠦᠷᠤᠬᠦᠤ ᠤᠯᠠᠷᠢᠯ᠎ᠳᠤ᠂ ᠮᠠᠨ᠎ᠤ ᠤᠷᠤᠨ᠎ᠤ ᠬᠢᠯᠢ ᠵᠢᠨ ᠪᠣᠭᠣᠮᠲᠠ ᠵᠢᠨ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ 3913.2 ᠲᠦᠮᠡᠨ ᠲᠣᠨ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 44.1% ᠎ᠪᠠᠷ ᠨᠡᠮᠡᠭᠳᠡᠵᠡᠢ᠃

ᠲᠦᠷᠤᠬᠦᠤ ᠤᠯᠠᠷᠢᠯ᠎ᠳᠤ᠂ ᠬᠥᠬᠡᠬᠣᠲᠠ ᠪᠣᠭᠣᠮᠲᠠ ᠵᠢᠨ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠪᠠᠷᠠᠭᠠᠨ᠎ᠤ ᠬᠡᠮᠵᠢᠶ᠎ᠠ 3262.6 ᠲᠦᠮᠡᠨ ᠲᠣᠨ᠎ᠳᠤ ᠬᠦᠷᠴᠦ᠍᠂ ᠪᠦᠬᠦ ᠣᠷᠣᠨ᠎ᠤ ᠶᠡᠷᠦᠩᠬᠡᠶ ᠬᠡᠮᠵᠢᠶᠡᠨ᠎ᠦ 83.4% ᠎ᠶ᠋ᠢ ᠡᠵᠡᠯᠡᠵᠦ᠍᠂ ᠠᠳᠠᠯᠢ ᠬᠤᠭᠤᠴᠠᠭᠠᠨ᠎ᠤ᠎ᠬᠢ᠎ᠡᠴᠡ 54.6%ᠪᠠᠷ ᠨᠡᠮᠡᠭ᠌ᠳᠡᠪᠡ᠃ ᠡᠭᠦᠨ᠎ᠳᠦ᠂ ᠭᠠᠳᠠᠭᠠᠳᠤ ᠣᠷᠣᠭᠤᠯᠤᠯᠲᠠ ᠵᠢᠨ ᠬᠡᠮᠵᠢᠶ᠎ᠠ 3143.7 ᠲᠦᠮᠡᠨ ᠲᠣᠨ᠎ᠳᠤ ᠬᠦᠷᠴᠦ᠍᠂ 55.3% ᠪᠠᠷ ᠨᠡᠮᠡᠭ᠌ᠳᠡᠪᠡ᠃ ᠭᠠᠳᠠᠭᠠᠳᠤ ᠭᠠᠷᠭᠠᠯᠲᠠ ᠵᠢᠨ ᠬᠡᠮᠵᠢᠶ᠎ᠠ 118.9 ᠲᠦᠮᠡᠨ ᠲᠣᠨ᠎ᠳᠤ ᠬᠦᠷᠴᠦ᠍᠂ 38.2% ᠵᠢᠡᠷ ᠨᠡᠮᠡᠭ᠌ᠳᠡᠪᠡ;ᠮᠠᠨᠵᠤᠤᠷ ᠪᠣᠭᠣᠮᠲᠠ᠎ᠶ᠋ᠢᠨ ᠭᠠᠳᠠᠭᠠᠳᠤ ᠣᠷᠣᠭᠤᠯᠤᠯᠲᠠ ᠭᠠᠷᠭᠠᠯᠲᠠ ᠵᠢᠨ ᠪᠠᠷᠠᠭᠠᠨ᠎ᠤ ᠬᠡᠮᠵᠢᠶ᠎ᠠ  650.6 ᠲᠦᠮᠡᠨ ᠲᠣᠨ ᠪᠠᠢᠵᠤ᠂ 7.7% ᠎ᠪᠠᠷ ᠨᠡᠮᠡᠭ᠌ᠳᠡᠪᠡ᠃  ᠪᠦᠬᠦ  ᠣᠷᠣᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠬᠢᠯᠢ ᠵᠢᠨ ᠪᠣᠭᠣᠮᠲᠠ᠎ᠶ᠋ᠢᠨ ᠪᠠᠷᠠᠭᠠᠨ᠎ᠤ ᠬᠡᠮᠵᠢᠶ᠎ᠠ ᠵᠢᠨ  ᠪᠠᠢᠳᠠᠯ᠎ᠠᠴᠠ ᠦᠵᠡᠪᠡᠯ᠂ ᠨᠡᠮᠡᠭ᠌ᠳᠡᠯ᠎ᠦᠨ ᠬᠤᠷᠳᠤᠴᠠ ᠪᠡᠷ ᠬᠠᠮᠤᠭ᠎ᠤᠨ ᠲᠦᠷᠭᠡᠨ᠎ᠨᠢ ᠮᠠᠨᠳᠤᠯ ᠬᠢᠯᠢ ᠵᠢᠨ ᠪᠣᠭᠣᠮᠲᠠ ᠪᠠᠢᠵᠤ᠂ 167.7% ᠪᠠᠷ ᠨᠡᠮᠡᠭ᠌ᠳᠡᠵᠡᠢ᠃ ᠳᠠᠷᠠᠭᠠᠯᠠᠪᠠᠯ  ᠴᠡᠭᠡ᠂ ᠠᠷᠤᠬᠠᠱᠢᠶᠠᠲᠤ ᠪᠣᠯᠤᠨ ᠭᠠᠭ᠍ᠴᠠᠮᠣᠳᠣ ᠬᠢᠯᠢ ᠵᠢᠨ ᠪᠣᠭᠣᠮᠲᠠ ᠪᠠᠢᠵᠦ᠂ ᠨᠡᠮᠡᠭ᠌ᠳᠡᠯ᠎ᠦᠨ ᠬᠤᠷᠳᠤᠴᠠ᠎ᠨᠢ ᠲᠣᠰ ᠲᠣᠰ 91.4%᠂ 85.5% ᠪᠠ 51% ᠪᠣᠯᠤᠨ᠎ᠠ᠃ ᠮᠠᠨᠳᠤᠯ᠎ᠬᠢᠯᠢ᠎ᠶ᠋ᠢᠨ ᠪᠣᠭᠣᠮᠲᠠ ᠲᠡᠭᠡᠭᠡᠪᠦᠷᠢ᠎ᠶ᠋ᠢᠨ ᠵᠠᠮ ᠱᠤᠭᠤᠮ ᠵᠢᠡᠨ ᠲᠡᠰ ᠳᠡᠪᠱᠢᠭᠦᠯᠵᠦ᠍᠂ ᠪᠣᠭᠣᠮᠲᠠ ᠥᠩᠭᠡᠷᠡᠬᠦ᠌ ᠴᠢᠳᠠᠪᠬᠢ ᠨᠢ ᠡᠳᠦᠷ᠎ᠲᠦ 3.7 ᠲᠦᠮᠡᠨ ᠲᠣᠨ ᠪᠠᠢᠬᠰᠠᠨ ᠡᠴᠡ ᠪᠡᠨ 10 ᠲᠦᠮᠡᠨ ᠲᠣᠨ᠎ᠪᠤᠯᠪᠠ᠃

ᠵᠠᠬ᠎ᠠ ᠳᠡᠯᠭᠡᠭᠦᠷ᠎ᠦᠨ ᠬᠡᠷᠡᠭ᠌ᠴᠡᠭᠡ ᠱᠠᠭᠠᠷᠳᠠᠯᠭ᠎ᠠ᠎ᠪᠠᠷ ᠳᠠᠢᠴᠢᠯᠠᠬᠤ᠎ᠬᠦᠴᠤᠨ ᠪᠤᠯᠭᠠᠵᠤ ᠪᠠᠢᠬᠤ ᠡᠴᠠ ᠭᠠᠳᠠᠨ᠎ᠠ᠂ ᠬᠥᠬᠡᠬᠣᠲᠠ ᠪᠣᠭᠣᠮᠲᠠ ᠨᠡᠭᠦᠷᠡᠰᠦᠨ᠎ᠦ 《ᠭᠤᠷᠪᠠᠳᠠᠬᠢ ᠡᠲᠡᠭᠡᠳ᠎ᠦᠨ ᠱᠢᠯᠭᠠᠨ ᠪᠠᠢᠴᠠᠭᠠᠭ᠍ᠰᠠᠨ ᠦᠷ᠎ᠡ ᠳ᠋ᠦᠩ᠎ᠢ ᠮᠡᠳᠡᠷᠡᠬᠦ》᠂ ᠵᠡᠰ᠎ᠦᠨ ᠨᠠᠷᠢᠯᠢᠭ ᠬᠦᠳᠡᠷ᠎ᠤᠨ 《ᠬᠢᠯᠢ ᠵᠢᠨ ᠪᠣᠭᠣᠮᠲᠠ + ᠵᠤᠷᠢᠯᠳᠠᠳᠤ ᠭᠠᠵᠠᠷ》 ᠬᠠᠮᠲᠤᠷᠠᠨ ᠱᠢᠯᠭᠠᠨ ᠪᠠᠢᠴᠠᠭᠠᠬᠤ ᠵᠡᠷᠭᠡ ᠪᠣᠭᠣᠮᠲᠠ᠎ᠪᠠᠷ ᠥᠩᠭᠡᠷᠡᠬᠦ᠌᠎ᠶ᠋ᠢ ᠲᠦᠬᠦᠮᠴᠢᠯᠡᠬᠦ ᠠᠷᠭ᠎ᠠ ᠬᠡᠮᠵᠢᠶ᠎ᠡ᠎ᠶ᠋ᠢ  ᠬᠡᠷᠡᠭ᠌ᠵᠢᠭᠦᠯᠵᠦ᠍᠂ ᠭᠠᠳᠠᠭᠠᠳᠤ  ᠡᠴᠡ ᠤᠷᠤᠭᠤᠯᠬᠤ ᠬᠡᠮᠵᠢᠶ᠎ᠠ ᠵᠢᠨ ᠨᠡᠮᠡᠭ᠌ᠳᠡᠯ᠎ᠢ ᠬᠠᠪᠰᠤᠷᠤᠨ ᠠᠬᠢᠭᠤᠯᠪᠠ᠃ ᠭᠠᠳᠠᠭᠠᠳᠤ᠎ᠳᠤ ᠭᠠᠷᠭᠠᠬᠤ ᠪᠦᠳᠤᠭᠡᠭᠳᠡᠬᠦᠨ ᠨᠢ ᠲᠠᠷᠢᠶᠠᠯᠠᠡᠭ᠎ᠤᠨ ᠪᠦᠲᠦᠭᠡᠭ᠌ᠳᠡᠬᠦᠨ᠎ᠢᠶᠡᠷ ᠭᠣᠣᠯ ᠪᠣᠯᠭᠠᠵᠤ᠂ ᠴᠢᠨᠠᠷ ᠰᠠᠢᠲᠠᠢ ᠵᠢᠮᠢᠰ᠂  ᠢᠳᠡᠰᠢᠨ  ᠨᠣᠭᠣᠭ᠎ᠠ  ᠨᠢ   ᠮᠣᠩᠭᠣᠯ ᠤᠯᠤᠰ᠎ᠤᠨ ᠭᠠᠳᠠᠭᠠᠳᠤ ᠡᠴᠡ ᠤᠷᠤᠭᠤᠯᠬᠤ  ᠪᠠᠷᠠᠭᠠᠨ᠎ᠤ  ᠬᠡᠮᠵᠢᠶ᠎ᠠ ᠵᠢᠨ 80% ᠵᠢ  ᠡᠵᠡᠯᠡᠵᠤ ᠪᠠᠢᠨ᠎ᠠ᠃

ᠬᠥᠬᠡᠬᠣᠲᠠ ᠪᠣᠭᠣᠮᠲᠠ ᠵᠢᠨ ᠪᠥᠬᠥ᠌ ᠤᠯᠤᠰ᠎ᠲᠤ ᠠᠡᠭᠬ᠎ᠠ ᠡᠬᠦᠳᠦᠭᠰᠡᠨ ᠬᠢᠯᠢ ᠠᠯᠤᠰᠯᠠᠭ᠍ᠰᠠᠨ AGV ᠲᠥᠷᠥᠯ ᠵᠦᠶ᠋ᠯ᠎ᠨᠢ ᠪᠥᠬᠥ᠌ ᠤᠯᠤᠰ᠎ᠤᠨ ᠤᠶᠤᠨᠴᠢ ᠬᠢᠯᠢ ᠵᠢᠨ ᠪᠣᠭᠣᠮᠲᠠ᠎ᠶ᠋ᠢᠨ ᠨᠡᠢᠲᠡᠯᠢᠭ ᠬᠡᠷᠡᠭ᠎ᠦᠨ ᠵᠢᠱ᠌ᠢᠶ᠎ᠡ ᠪᠡ 《 ᠪᠥᠬᠥ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠎ᠶ᠋ᠢᠨ ᠦᠷ᠎ᠡ ᠪᠦᠲᠦᠭᠡᠯ᠎ᠦᠨ ᠲᠥᠷᠥᠯ ᠵᠦᠶ᠋ᠯ᠎ᠦᠨ ᠬᠥᠮᠥᠷᠭᠡ》 ᠳ᠋ᠤ ᠰᠣᠩᠭᠣᠭ᠍ᠳᠠᠨ ᠣᠷᠣᠵᠤ᠂ WCO  ᠵᠢᠨ ᠪᠥᠬᠥ᠌  ᠪᠦᠮᠪᠤᠷᠴᠡᠭ᠎ᠤᠨ《ᠤᠶᠤᠨᠴᠢ ᠪᠣᠭᠣᠮᠲᠠ》 ᠶ᠋ᠢᠨ ᠰᠦᠯᠵᠢᠶᠡᠨ ᠳᠡᠭᠡᠷᠡᠬᠢ ᠬᠠᠮᠲᠤᠷᠠᠯᠴᠠᠭᠠᠨ᠎ᠤ ᠲᠠᠪᠴᠠᠩ᠎ᠤᠨ ᠠᠩᠬᠠᠳᠠᠭ᠍ᠴᠢ ᠪᠦᠯᠦᠭ ᠭᠠᠳᠠᠭᠠᠳᠤ᠎ᠳᠤ ᠲᠠᠨᠢᠯᠴᠠᠭᠤᠯᠤᠭ᠍ᠰᠠᠨ ᠬᠡᠷᠡᠭ᠎ᠦᠨ ᠵᠢᠱ᠌ᠢᠶ᠎ᠡ ᠪᠣᠯᠵᠠᠶ᠃  ᠭᠠᠭ᠍ᠴᠠᠮᠤᠳᠤ  ᠬᠢᠯᠢ᠎ᠶ᠋ᠢᠨ ᠪᠣᠭᠣᠮᠲᠠ ᠪᠡᠷ ᠡᠳᠦᠷ  ᠪᠦᠷᠢ  ᠳᠤᠮᠳᠠᠴᠢ᠎ᠪᠠᠷ AGV  ᠲᠡᠷᠭᠡ  216 ᠤᠳᠠᠭ᠎ᠠ᠎ᠤᠷᠤᠵᠤ ᠢᠷᠡᠨ᠂ 1.5 ᠲᠦᠮᠡᠨ ᠲᠣᠨ ᠨᠡᠭᠦᠷᠡᠰᠦ ᠣᠷᠣᠭᠤᠯᠵᠤ ᠪᠠᠢᠨ᠎ᠠ᠃

ᠬᠥᠬᠡᠬᠣᠲᠠ ᠪᠣᠭᠣᠮᠲᠠ ᠢᠮᠠᠭ᠍ᠲᠠ 《 ᠨᠢᠭᠡ ᠪᠦᠰᠡ ᠨᠢᠭᠡ ᠵᠠᠮ》 ᠎ᠢ᠋ ᠴᠢᠨᠠᠷ ᠰᠠᠢᠲᠠᠶ ᠬᠠᠮᠲᠤ᠎ᠪᠠᠷ ᠪᠥᠲᠥᠭᠡᠨ ᠪᠠᠢᠭᠤᠯᠬᠤ᠎ᠳᠤ ᠦᠶ᠋ᠯᠡᠴᠢᠯᠡᠵᠦ᠍᠂  ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠲᠠᠯ᠎ᠠ᠎ᠪᠠᠷ᠂ 11 ᠵᠦᠢᠯ᠎ᠦᠨ ᠳᠡᠮᠵᠢᠬᠦ᠌ ᠠᠷᠭ᠎ᠠ ᠬᠡᠮᠵᠢᠶ᠎ᠡ ᠲᠣᠭ᠍ᠲᠠᠭᠠᠵᠤ᠂ 24 ᠴᠠᠭ᠎ᠢᠶᠠᠷ ᠪᠣᠯᠵᠣᠨ ᠪᠣᠭᠣᠮᠲᠠ ᠥᠩᠭᠡᠷᠡᠬᠦ᠌᠎ᠶ᠋ᠢ ᠬᠡᠷᠡᠭ᠌ᠵᠢᠭᠦᠯᠵᠦ᠍᠂ ᠲᠡᠷᠢᠭᠦᠨ᠎ᠦ ᠪᠠᠢᠴᠠᠭᠠᠬᠤ ᠲᠥᠬᠥᠭᠡᠷᠦᠮᠵᠢ ᠲᠤᠬᠢᠷᠠᠭᠤᠯᠵᠤ᠂ ᠲᠡᠮᠦᠷ ᠵᠠᠮ᠎ᠤᠨ ᠲᠦᠷᠭᠡᠨ ᠨᠡᠪᠲᠡᠷᠡᠬᠦ᠌ ᠬᠡᠷᠡᠭ᠌ᠯᠡᠭᠡᠨ᠎ᠦ ᠨᠤᠷᠮ᠎ᠠ᠎ᠶ᠋ᠢ ᠳᠡᠭᠡᠭ᠌ᠰᠢᠯᠡᠭᠦᠯᠪᠡ᠃ ᠲᠦᠷᠦᠬᠦᠦ ᠤᠯᠠᠷᠢᠯ᠎ᠳᠤ 《ᠳᠤᠮᠳᠠ ᠵᠠᠮ》 ᠵᠢᠡᠷ ᠦᠡᠭᠭᠡᠷᠡᠭᠰᠡᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ 1001 ᠡᠭᠡᠯᠵᠢ᠎ᠳᠤ ᠬᠦᠷᠴᠤ᠂ ᠠᠳᠠᠯᠢ ᠬᠤᠭᠤᠴᠠᠭᠠᠨ᠎ᠤ ᠬᠢ᠎ᠡᠴᠡ 25.1% ᠪᠡᠷ ᠨᠡᠮᠡᠭ᠌ᠳᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号