ᠲᠦᠷᠦᠬᠦᠬᠡᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠪᠡᠭᠡᠵᠢᠩ ᠬᠣᠲᠠ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ᠎ᠶ᠋ᠢᠨ ᠰᠠᠷ᠎ᠠ᠎ᠶ᠋ᠢᠨ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠭ᠍ᠰᠠᠨ ᠪᠥᠭᠡᠳ ᠬᠠᠮᠢᠶ᠎ᠠ ᠪᠥᠬᠥᠶ ᠠᠵᠤ ᠠᠬᠤᠢᠯᠠᠯ᠎ᠢ ᠵᠣᠬᠢᠶᠠᠨ ᠪᠠᠢᠭᠤᠯᠵᠤ ᠣᠨᠴᠠᠯᠢᠭ᠍ᠲᠤ ᠦᠶ᠋ᠯᠡᠳᠬᠦᠨ᠎ᠢ ᠳᠡᠯᠭᠡᠨ ᠪᠣᠷᠣᠯᠠᠭᠤᠯᠬᠤ ᠠᠵᠢᠯᠯᠠᠭ᠎ᠠ᠎ᠳᠤ ᠣᠷᠣᠯᠴᠠᠭᠤᠯᠵᠤ᠂ ᠬᠢᠯᠢ ᠬᠢᠵᠠᠭᠠᠷ᠎ᠤᠨ ᠣᠨᠴᠠ ᠭᠠᠷᠤᠯᠲᠠ᠎ᠶ᠋ᠢ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠲᠦ ᠠᠭᠤᠰᠤᠯᠴᠠᠭᠤᠯᠬᠤ᠎ᠶ᠋ᠢ ᠠᠬᠢᠭᠤᠯᠪᠠ᠃
ᠲᠣᠰ ᠤᠳᠠᠭ᠎ᠠ ᠵᠢᠨ ᠦᠵᠡᠬᠦᠯᠬᠡ᠎ᠳᠦ ᠣᠷᠣᠯᠴᠠᠭ᠍ᠰᠠᠨ ᠠᠵᠤ ᠠᠬᠤᠢᠯᠠᠯ᠎ᠨᠢ ᠤᠨᠴᠠᠯᠢᠬ᠍ᠳᠤ ᠲᠠᠷᠢᠶᠠᠯᠠᠩ᠎ᠤᠨ ᠲᠤᠰᠠᠯᠠᠬᠤ ᠠᠵᠤ ᠠᠬᠤᠶ᠎ᠶ᠋ᠢᠨ ᠪᠦᠲᠦᠭᠡᠭ᠌ᠳᠡᠬᠦᠨ᠎ᠢ ᠡᠳ᠋ᠰᠢᠬᠦᠯᠬᠦ᠂ ᠦᠨᠳᠦᠰᠦᠲᠡᠨ᠎ᠦ ᠭᠠᠷ ᠤᠷᠠᠯᠠᠯ᠎ᠤᠨ ᠪᠦᠲᠦᠭᠡᠭ᠌ᠳᠡᠬᠦᠨ ᠦᠶ᠋ᠯᠡᠳᠬᠦ᠌ ᠵᠡᠷᠭᠡ ᠣᠯᠠᠨ ᠬᠦᠷᠢᠶ᠎ᠡ᠎ᠶ᠋ᠢ ᠬᠠᠮᠤᠷᠴᠦ᠂ ᠠᠵᠢᠯᠯᠠᠭ᠎ᠠ᠎ᠶ᠋ᠢᠨ ᠭᠤᠤᠯ ᠰᠡᠳᠦᠪ᠎ᠦᠨ ᠲᠣᠭᠣᠷᠢᠨ᠎ᠳᠤ᠂ ᠦᠵᠡᠭᠦᠯᠭᠡ᠎ᠶ᠋ᠢᠨ ᠪᠠᠢᠷᠢ᠎ᠪᠠᠨ ᠨᠠᠷᠢᠨ ᠨᠢᠮᠪᠠᠶ ᠪᠠᠢᠷᠢᠯᠠᠭᠤᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠡᠯᠧᠮᠧᠨ᠋ᠲ᠎ᠢ ᠠᠭᠤᠰᠤᠯᠴᠠᠭᠤᠯᠤᠭ᠍ᠰᠠᠨ ᠤᠨᠴᠠᠯᠢᠬ᠍ᠳᠤ ᠪᠦᠲᠦᠭᠡᠭ᠌ᠳᠡᠬᠦᠨ᠎ᠢ ᠲᠥᠪᠯᠡᠷᠡᠭᠦᠯᠦᠨ ᠳᠡᠯᠭᠡᠨ ᠦᠵᠡᠭᠦᠯᠵᠦ᠍᠂ ᠪᠣᠳᠠᠲᠤ ᠪᠣᠳᠠᠰ᠎ᠤᠨ ᠦᠵᠡᠭᠦᠯᠭᠡ᠂ ᠲᠤᠬᠠᠶ᠎ᠶ᠋ᠢᠨ ᠲᠠᠯᠠᠪᠠᠶ᠎ᠳᠤ ᠪᠡᠶᠡᠴᠢᠯᠡᠨ ᠣᠢᠯᠠᠭᠠᠬᠤ᠂ ᠬᠤᠷᠱᠢᠯᠴᠠᠨ ᠲᠠᠢᠯᠪᠤᠷᠢᠯᠠᠬᠤ ᠵᠡᠷᠭᠡ ᠣᠯᠠᠨ ᠵᠦᠶ᠋ᠯ᠎ᠦᠨ ᠬᠡᠯᠪᠡᠷᠢ᠎ᠪᠡᠷ ᠱᠢᠯᠢᠳᠡᠭ ᠤᠯᠠᠮᠵᠢᠯᠠᠯᠲᠤ ᠰᠣᠶᠣᠯ᠎ᠤᠨ ᠥᠪᠡᠷᠮᠢᠴᠡ ᠷᠢᠳᠢ ᠱᠢᠳᠢ ᠪᠣᠯᠤᠨ ᠤᠨᠴᠠᠯᠢᠬᠳᠦ ᠦᠶ᠋ᠯᠡᠳᠬᠦᠨ᠎ᠦ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠱᠢᠭᠤᠳ ᠦᠵᠡᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠢᠷ᠎ᠠ ᠰᠡᠳᠭᠢᠯᠭᠡ᠎ᠶ᠋ᠢᠨ ᠵᠠᠶ᠎ᠶ᠋ᠢ ᠤᠯᠠᠮ ᠴᠢᠨᠠᠭ᠍ᠰᠢᠳᠠ ᠣᠢᠷᠠᠲᠤᠭᠤᠯᠪᠠ᠃
ᠠᠵᠢᠯᠯᠠᠭ᠎ᠠ᠎ᠶ᠋ᠢᠨ ᠠᠬᠤᠢ ᠲᠠᠯᠠᠪᠠᠢ᠎ᠳᠦ᠂ ᠦᠵᠡᠭᠦᠯᠭᠡ᠎ᠳᠦ ᠣᠷᠣᠯᠴᠠᠭ᠍ᠰᠠᠨ ᠠᠵᠤ ᠠᠬᠤᠢᠯᠠᠯ ᠪᠤᠰᠤᠳ ᠭᠠᠵᠠᠷ ᠣᠷᠣᠨ᠎ᠤ ᠦᠵᠡᠭᠦᠯᠭᠡ᠎ᠳᠦ ᠣᠷᠣᠯᠴᠠᠭ᠍ᠰᠠᠨ ᠨᠢᠭᠡᠴᠢ᠂ ᠲᠣᠭᠣᠷᠢᠨ ᠦᠵᠡᠭ᠌ᠰᠡᠨ ᠤᠯᠠᠨ ᠲᠦᠮᠡᠨ᠎ᠲᠡᠶ ᠤᠯᠤᠯᠴᠠᠨ ᠰᠣᠯᠢᠯᠴᠠᠵᠤ᠂ ᠦᠢᠯᠡᠳᠬᠦᠨ᠎ᠢ ᠳᠡᠯᠭᠡᠷᠡᠭᠦᠯᠬᠦ᠌ ᠠᠷᠭ᠎ᠠ ᠵᠠᠮ᠎ᠢᠶᠠᠨ ᠤᠯᠠᠮ ᠴᠢᠨᠠᠭ᠍ᠰᠢᠳᠠ ᠥᠷᠭᠡᠳᠭᠡᠵᠦ᠍᠂ ᠬᠠᠮᠲᠤᠷᠠᠯᠴᠠᠭᠠᠨ᠎ᠤ ᠬᠥᠭᠥᠷᠭᠡ ᠬᠤᠯᠪᠤᠭᠠᠰᠦ᠎ᠶ᠋ᠢ ᠪᠠᠢᠭᠤᠯᠵᠠᠢ᠃ ᠦᠵᠡᠬᠦᠯᠬᠡ᠎ᠳᠦ ᠣᠷᠣᠯᠴᠠᠭ᠍ᠰᠠᠨ ᠠᠵᠤ ᠠᠬᠤᠢᠯᠠᠯ ᠤ᠋ᠨ ᠬᠠᠷᠢᠭᠤᠴᠠᠯᠭᠠᠲᠠᠨ ᠢᠯᠡᠳᠬᠡᠬᠦ᠌᠎ᠳᠡᠭᠡᠨ᠂ ᠲᠣᠰ ᠤᠳᠠᠭᠠᠨ᠎ᠤ ᠦᠵᠡᠬᠦᠯᠬᠡ᠎ᠳᠦ ᠤᠷᠤᠯᠴᠠᠭᠠᠳ ᠲᠣᠰ ᠪᠡᠶ᠎ᠡ᠎ᠶ᠋ᠢᠨ ᠲᠦᠷᠦᠯ ᠲᠡᠮᠳᠡᠭ᠎ᠦᠨ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠤᠨᠴᠠᠯᠢᠬᠳᠦ ᠦᠶ᠋ᠯᠡᠳᠬᠦᠨ᠎ᠦ ᠠᠵᠤ ᠠᠬᠤᠢᠯᠠᠯ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠳᠤᠮᠳᠠᠬᠢ ᠬᠠᠷᠢᠭᠤᠴᠠᠯᠭ᠎ᠠ ᠪᠠ ᠡᠭᠦᠷᠭᠡᠯᠡᠯ᠎ᠢ ᠭᠦᠨᠵᠡᠭᠡᠶ ᠲᠠᠨᠢᠵᠤ᠂ ᠬᠣᠢᠱᠢᠳᠠ ᠣᠨᠴᠠᠯᠢᠭ ᠪᠥᠬᠥᠶ ᠡᠬᠢ ᠪᠠᠶᠠᠯᠢᠭ᠎ᠲᠤ ᠦᠷᠭᠦᠯᠵᠢᠯᠡᠨ ᠰᠠᠭᠤᠷᠢᠯᠠᠠ᠂ 《ᠭᠤᠷᠪᠠᠨ ᠠᠴᠢ ᠬᠣᠯᠪᠣᠭ᠍ᠳᠠᠯ》 ᠤ᠋ᠨ ᠣᠢᠯᠠᠭᠠᠭ᠍ᠳᠠᠬᠤᠨ᠎ᠢ ᠠᠵᠤ ᠠᠬᠤᠢᠯᠠᠯ᠎ᠤᠨ ᠦᠶ᠋ᠯᠡᠳᠪᠦᠷᠢᠯᠡᠯ ᠡᠵᠡᠩᠨᠡᠯᠲᠡ᠎ᠶ᠋ᠢᠨ ᠪᠥᠬᠥ᠌ ᠶᠠᠪᠤᠴᠠ᠎ᠳᠤ ᠠᠭᠤᠰᠭᠠᠨ ᠣᠷᠣᠭᠤᠯᠵᠤ᠂ ᠨᠡᠢᠭᠡᠮ᠎ᠦᠨ ᠬᠠᠷᠢᠭᠤᠴᠠᠯᠭ᠎ᠠ᠎ᠶ᠋ᠢ ᠰᠠᠨᠠᠭᠠᠴᠢᠯᠠᠭ᠎ᠠ᠎ᠠᠴᠠ᠎ᠪᠠᠨ ᠡᠭᠦᠷᠭᠡᠯᠡᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠴᠢᠨᠡᠭᠡᠯᠢᠭ᠌ᠵᠢᠬᠦ᠌᠎ᠳᠦ ᠬᠦᠴᠦᠨ ᠨᠡᠮᠡᠷᠢᠯᠡᠨ᠎ᠡ ᠭᠡᠵᠡᠶ᠃
ᠲᠣᠰ ᠤᠳᠠᠭᠠᠨ᠎ᠤ ᠠᠵᠢᠯᠯᠠᠭ᠎ᠠ᠎ᠶ᠋ᠢ ᠪᠡᠭᠡᠵᠢᠩ ᠬᠣᠲᠠ᠎ᠶ᠋ᠢᠨ ᠦᠨᠳᠦᠰᠦᠲᠡᠨ ᠱᠠᠱᠢᠨ ᠰᠤᠷᠲᠠᠬᠤᠨ᠎ᠤ ᠵᠥᠪᠯᠡᠯ᠎ᠡᠴᠡ ᠭᠤᠤᠯᠯᠠᠨ ᠡᠷᠭᠢᠯᠡᠵᠦ᠍᠂ ᠪᠡᠭᠡᠵᠢᠩ ᠬᠣᠲᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠂ ᠬᠥᠬᠡᠨᠠᠭᠤᠷ ᠮᠤᠵᠢ᠎ᠶ᠋ᠢᠨ ᠢᠦᠶ ᠱᠸ᠋ᠶ᠋ᠢᠨ ᠲᠥᠪᠡᠳ ᠦᠨᠳᠦᠰᠦᠲᠡᠨ᠎ᠦ ᠥᠪᠡᠷᠲᠡᠭᠡᠨ ᠵᠠᠰᠠᠬᠤ ᠵᠧᠸ᠋᠂ ᠱᠠᠨ ᠰᠢ᠎ᠶ᠋ᠢᠨ ᠯᠢᠦᠶ ᠯᠢᠶᠠᠩ ᠬᠣᠲᠠ ᠵᠡᠷᠭᠡ ᠭᠠᠵᠠᠷ᠎ᠤᠨ ᠰᠣᠶᠣᠯ᠎ᠤᠨ ᠪᠦᠲᠦᠭᠡᠯᠴᠢ ᠦᠶ᠋ᠯᠡᠳᠬᠦᠨ ᠪᠠ ᠣᠨᠴᠠᠯᠢᠭᠳᠦᠦᠢᠯᠡᠳᠭᠦᠨ ᠦᠵᠡᠬᠦᠯᠬᠡ᠎ᠳᠦ ᠣᠷᠣᠯᠴᠠᠪᠠ᠃