ᠥᠪᠥᠷ ᠮᠣᠩᠭᠣᠯ᠎ᠤᠨ 1 ᠠᠵᠤ ᠠᠬᠤᠢᠯᠠᠯ ᠤᠯᠤᠰ᠎ᠤᠨ ᠲᠦᠷᠦᠭᠦᠦ ᠪᠦᠯᠦᠭ᠎ᠤᠨ ᠪᠣᠯᠣᠳ ᠲᠡᠮᠦᠷ᠎ᠦᠨ ᠠᠵᠢᠯ ᠲᠥᠷᠥᠯ᠎ᠦᠨ ᠲᠦᠷᠢᠮᠵᠢᠭᠰᠡᠨ ᠨᠥᠬᠥᠴᠡᠯ ᠪᠥᠬᠥᠶ ᠠᠵᠤ ᠠᠬᠤᠢᠯᠠᠯ᠎ᠤᠨ ᠨᠡᠷᠡᠰ᠎ᠲᠦ ᠰᠣᠩᠭᠣᠭ᠍ᠳᠠᠪᠠ
2026-05-15 10:35:50
ᠵᠣᠬᠢᠶᠠᠭ᠍ᠴᠢ᠄
​ ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠠᠵᠤ ᠦᠶ᠋ᠯᠡᠳᠪᠦᠷᠢ ᠪᠠ  ᠮᠡᠳᠡᠭᠡ ᠵᠠᠩᠭᠢᠵᠢᠯᠲᠠ ᠶ᠋ᠢᠨ ᠲᠢᠩᠬᠢᠮ᠎ᠡᠴᠡ ᠣᠢᠯᠠᠭᠠᠭ᠍ᠰᠠᠨ᠎ᠢᠶᠠᠷ᠂ ᠲᠦᠷᠦᠬᠦᠭᠡᠨ  ᠠᠵᠤ  ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶ᠋ᠢᠨ ᠶᠠᠮᠤᠨ《ᠪᠣᠯᠣᠳ ᠲᠡᠮᠦᠷ᠎ᠦᠨ ᠠᠵᠢᠯ ᠲᠥᠷᠥᠯ᠎ᠦᠨ ᠲᠦᠷᠢᠮᠵᠢᠯ᠎ᠤᠨ ᠨᠥᠬᠥᠴᠡᠯ(2025 ᠣᠨ᠎ᠤ ᠬᠡᠪᠯᠡᠯ)》 ᠳ᠋ᠤ ᠨᠡᠢᠴᠡᠬᠦ᠌ ᠲᠦᠷᠦᠭᠦᠦ ᠪᠦᠯᠦᠭ ᠠᠵᠤ ᠠᠬᠤᠢᠯᠠᠯ᠎ᠤᠨ ᠨᠡᠷᠡᠰ᠎ᠢ ᠨᠡᠢᠲᠡᠯᠡᠵᠦ᠍᠂ ᠦᠬᠠᠶ ᠬᠣᠲᠠ ᠶ᠋ᠢᠨ ᠪᠤᠭᠤᠲᠤ ᠶ᠋ᠢᠨ ᠪᠣᠯᠣᠳ ᠲᠡᠮᠦᠷ᠎ᠦᠨ ᠸᠠᠨ ᠲᠸᠩ ᠪᠣᠯᠣᠳ ᠲᠡᠮᠦᠷ᠎ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠮᠵᠢᠯᠲᠠ᠎ᠲᠠᠶ ᠰᠣᠩᠭᠣᠭ᠍ᠳᠠᠵᠠᠢ᠃

《ᠪᠣᠯᠣᠳ ᠲᠡᠮᠦᠷ᠎ᠦᠨ ᠠᠵᠢᠯ ᠲᠥᠷᠥᠯ᠎ᠦᠨ ᠲᠦᠷᠢᠮᠵᠢᠯ᠎ᠤᠨ ᠨᠥᠬᠥᠴᠡᠯ(2025 ᠣᠨ᠎ᠤ ᠬᠡᠪᠯᠡᠯ)》 ᠪᠣᠯ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶ᠋ᠢᠨ ᠶᠠᠮᠤᠨ᠎ᠤ ᠪᠣᠯᠣᠳ ᠲᠡᠮᠦᠷ᠎ᠦᠨ ᠠᠵᠢᠯ ᠲᠥᠷᠥᠯ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌ ᠶ᠋ᠢ ᠲᠦᠷᠭᠡᠳᠭᠡᠨ ᠠᠬᠢᠭᠤᠯᠵᠤ᠂  ᠪᠤᠯᠤᠳ ᠲᠠᠮᠦᠷ᠎ᠤᠨ ᠠᠵᠢᠯ ᠲᠥᠷᠥᠯ᠎ᠦᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠶ᠋ᠢᠨ ᠲᠥᠯᠥᠭᠡ ᠲᠣᠭ᠍ᠲᠠᠭᠠᠭ᠍ᠰᠠᠨ ᠬᠥᠲᠥᠯᠥᠨ ᠵᠢᠯᠣᠭᠣᠳᠭᠤ ᠴᠢᠨᠠᠷᠲᠠᠶ  ᠪᠢᠴᠢᠭ  ᠮᠠᠲ᠋ᠧᠷᠢᠶᠠᠯ ᠪᠦᠭᠡᠳ ᠪᠣᠯᠣᠳ ᠲᠡᠮᠦᠷ᠎ᠦᠨ ᠠᠵᠤ ᠠᠬᠤᠢᠯᠠᠯ᠎ᠤᠨ ᠶᠡᠷᠦᠩᠬᠡᠢᠯᠡᠭ᠌ᠰᠡᠨ ᠥᠷᠢᠰᠥᠯᠳᠦᠬᠦ᠌ ᠬᠦᠴᠦᠨ᠎ᠢ ᠬᠡᠮᠵᠢᠬᠦ᠌ ᠡᠷᠬᠡ ᠰᠦᠷᠲᠦ ᠬᠡᠮᠵᠢᠭᠦᠷ ᠮᠥᠨ᠃ ᠦᠬᠠᠶ ᠬᠣᠲᠠ ᠶ᠋ᠢᠨ ᠪᠤᠭᠤᠲᠤ ᠶ᠋ᠢᠨ ᠪᠣᠯᠣᠳ ᠲᠡᠮᠦᠷ᠎ᠦᠨ ᠸᠠᠨ ᠲᠸᠩ ᠪᠣᠯᠣᠳ ᠲᠡᠮᠦᠷ᠎ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠮᠵᠢᠯᠲᠠ᠎ᠲᠠᠶ ᠰᠣᠩᠭᠣᠭ᠍ᠳᠠᠬᠰᠠᠨ ᠨᠢ ᠲᠣᠰ ᠠᠵᠤ ᠠᠬᠤᠢᠯᠠᠯ᠎ᠤᠨ ᠶᠡᠷᠦᠩᠬᠡᠢᠯᠡᠭ᠌ᠰᠡᠨ ᠥᠷᠢᠰᠦᠯᠳᠦᠬᠦ᠌ ᠬᠦᠴᠦᠨ᠎ᠢ ᠳᠡᠭᠡᠳᠦ ᠬᠡᠮᠵᠢᠶ᠎ᠡ᠎ᠪᠡᠷ ᠲᠤᠰᠬᠠᠬᠰᠠᠨ᠎ᠢᠶᠡᠷ ᠪᠠᠷᠠᠬᠤ ᠥᠬᠡᠶ᠂ ᠨᠠᠩ ᠴᠤ᠌ ᠥᠪᠥᠷ ᠮᠣᠩᠭᠣᠯ᠎ᠤᠨ ᠣᠢᠷ᠎ᠠ ᠶ᠋ᠢᠨ ᠵᠢᠯ᠎ᠦᠨ ᠲᠤᠷᠱᠢᠬᠢ ᠪᠣᠯᠣᠳ ᠲᠡᠮᠦᠷ᠎ᠦᠨ ᠠᠵᠢᠯ ᠲᠥᠷᠥᠯ᠎ᠦᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠶ᠋ᠢ ᠠᠬᠢᠭᠤᠯᠤᠭ᠍ᠰᠠᠨ ᠦᠷ᠎ᠡ ᠪᠦᠲᠦᠮᠵᠢ ᠶ᠋ᠢ ᠬᠦᠴᠦᠲᠡᠶ ᠱᠢᠯᠭᠠᠨ ᠭᠡᠷᠡᠴᠢᠯᠡᠵᠦ᠍᠂ ᠦᠪᠦᠷ ᠮᠤᠡᠭᠭᠤᠯ᠎ᠤᠨ ᠪᠣᠯᠣᠳ ᠲᠡᠮᠦᠷ᠎ᠦᠨ ᠠᠵᠤ ᠠᠬᠤᠢᠯᠠᠯ᠎ᠳᠤ ᠰᠤᠷᠤᠯᠴᠠᠵᠤ ᠪᠣᠯᠬᠤᠢᠴᠡ ᠳᠣᠯᠢᠳᠠᠵᠤ  ᠪᠣᠯᠬᠤᠢᠴᠡ ᠬᠡᠪ ᠳᠠᠭᠤᠷᠢᠶᠠᠯ ᠪᠣᠯᠵᠠᠢ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶ᠋ᠢᠨ ᠲᠢᠩᠬᠢᠮ ᠲᠣᠰ ᠠᠵᠤ ᠠᠬᠤᠢᠯᠠᠯ᠎ᠤᠨ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠲᠠᠰ ᠲᠥᠷᠥᠯ ᠬᠤᠪᠢᠶᠠᠭ᠍ᠰᠠᠨ ᠬᠥᠳᠡᠯᠦᠩᠭᠦᠶ ᠬᠠᠮᠢᠶᠠᠷᠤᠯᠲᠠ ᠶ᠋ᠢᠨ ᠲᠣᠭ᠍ᠲᠠᠴᠠ ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠡᠨᠧᠷᠭᠢ ᠶ᠋ᠢᠨ ᠠᠱᠢᠭ᠍ᠯᠠᠮᠵᠢ ᠶ᠋ᠢ ᠳᠡᠭᠡᠭ᠌ᠰᠢᠯᠡᠭᠦᠯᠬᠦ᠌᠂ ᠣᠷᠴᠢᠨ ᠲᠣᠭᠣᠷᠢᠨ᠎ᠢ ᠬᠠᠮᠠᠭᠠᠯᠠᠬᠤ᠂ ᠠᠮᠤᠷ ᠲᠦᠪᠰᠢᠨ ᠦᠶ᠋ᠯᠡᠳᠪᠦᠷᠢᠯᠡᠯ ᠵᠡᠷᠭᠡ ᠲᠠᠯ᠎ᠠ᠎ᠪᠠᠷ ᠲᠥᠷᠥ ᠶ᠋ᠢᠨ ᠪᠣᠳᠣᠯᠭ᠎ᠠ᠎ᠪᠠᠷ ᠬᠥᠲᠥᠯᠥᠨ ᠵᠢᠯᠣᠭᠣᠳᠭᠤ ᠪᠠ ᠵᠢᠷᠤᠮᠵᠢᠭᠤᠯᠤᠨ ᠬᠠᠮᠢᠶᠠᠷᠬᠤ ᠶ᠋ᠢ ᠴᠢᠩᠭᠠᠳᠭᠠᠵᠤ᠂ ᠨᠠᠩ ᠣᠯᠠᠨ ᠠᠵᠤ ᠠᠬᠤᠢᠯᠠᠯ᠎ᠢ ᠲᠦᠷᠢᠮᠵᠢᠬᠦᠯᠬᠦ ᠨᠥᠬᠥᠴᠡᠯ ᠳᠠᠢᠰᠢ ᠨᠢᠭᠡᠳᠭᠡᠬᠦ᠌ ᠶ᠋ᠢ ᠠᠬᠢᠭᠤᠯᠵᠤ᠂ 《ᠨᠢᠭᠡ ᠠᠵᠦ ᠠᠬᠤᠢᠯᠠᠯ᠎ᠨᠢ ᠪᠠᠷᠢᠮᠵᠢᠶ᠎ᠠ᠎ᠳᠤ ᠭᠦᠷᠪᠡᠯ᠂ ᠨᠢᠭᠡ ᠪᠦᠯᠦᠭ ᠠᠵᠦ ᠠᠬᠤᠢᠯᠠᠯ᠎ᠢ ᠳᠠᠢᠴᠢᠯᠠᠵᠤ᠂ ᠨᠢᠭᠡ ᠪᠦᠯᠦᠭ ᠠᠵᠦ ᠠᠬᠤᠢᠯᠠᠯ᠎ᠢ ᠳᠡᠭᠡᠭ᠌ᠰᠢᠯᠡᠭᠦᠯᠬᠦ᠌》 ᠰᠠᠢᠨ ᠰᠠᠢᠬᠠᠨ ᠬᠥᠭ᠌ᠵᠢᠯᠲᠡ ᠶ᠋ᠢᠨ ᠪᠠᠢᠷᠢᠱᠢᠯ᠎ᠢ ᠲᠦᠷᠭᠡᠳᠭᠡᠨ  ᠪᠣᠶ  ᠪᠣᠯᠭᠠᠵᠤ᠂ ᠦᠪᠦᠷ ᠮᠤᠡᠭᠭᠤᠯ᠎ᠤᠨ ᠪᠣᠯᠣᠳ ᠲᠡᠮᠦᠷ᠎ᠦᠨ ᠠᠵᠢᠯ ᠲᠥᠷᠥᠯ᠎ᠦᠨ ᠳᠡᠭᠡᠳᠦ ᠲᠡᠰᠵᠢᠯᠳᠡ᠂ ᠤᠶᠤᠨᠴᠢᠯᠠᠯᠲᠠ ᠪᠠ ᠪᠣᠬᠢᠷᠲᠤᠯ ᠦᠬᠡᠢᠵᠢᠬᠦᠯᠦᠯᠳᠡ ᠵᠢᠨ ᠵᠠᠮ ᠵᠢᠡᠷ ᠵᠠᠮᠨᠠᠬᠤ ᠦᠰᠦᠷᠦᠯᠲᠡ ᠶ᠋ᠢ ᠪᠡᠶᠡᠯᠡᠭᠦᠯᠬᠦ᠌᠎ᠳᠦ ᠬᠦᠴᠦᠨ ᠨᠡᠮᠡᠷᠢᠯᠡᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号