ᠡᠯᠸᠺᠲ᠋ᠷᠤᠨ ᠬᠤᠳᠠᠯᠳᠤᠭ᠎ᠠ ᠡᠴᠡ ᠴᠢᠨᠠᠭᠡᠯᠢᠭᠵᠢᠯ ᠤ᠋ᠨ ᠵᠠᠮ ᠲᠤᠷᠠᠢᠨ᠎ᠠ
2026-05-15 10:40:29
ᠵᠣᠬᠢᠶᠠᠭ᠍ᠴᠢ᠄
​ᠬᠠᠢ ᠵᠢᠶᠦ᠋ᠨ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠤᠷ᠂ ᠤᠯᠠᠭᠠᠨᠴᠠᠪ᠎ᠬᠤᠲᠠ ᠵᠢᠨ ᠱᠠᠡᠭᠳᠤ ᠰᠢᠶᠠᠨ ᠤ᠋ ᠯᠢᠤᠢ ᠸᠠ ᠲᠠᠷᠢᠶᠠᠯᠠᠡᠭ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠤᠮᠫᠠᠨᠢ ᠵᠢᠨ ᠴᠢᠬᠢ ᠪᠤᠢᠵᠢᠭᠤᠯᠬᠤ ᠬᠦᠯᠡᠮᠵᠢᠨ ᠳ᠋ᠤ ᠨᠡᠪᠲᠡᠷᠡᠭᠦᠯᠦᠭᠴᠢ 《ᠯᠠᠡᠭᠭᠤᠸᠠ ᠠᠪᠠᠭ᠎ᠠ ᠡᠵᠢ》ᠰᠦᠯᠵᠢᠶᠠᠨ᠎ᠤ ᠰᠢᠭᠤᠳ ᠨᠡᠪᠲᠡᠷᠡᠭᠦᠯᠭᠡ  ᠪᠡᠷ ᠴᠢᠬᠢ ᠨᠤᠭᠤᠭ᠎ᠠ ᠵᠢᠨ ᠤᠷᠭᠤᠯᠲᠠ ᠵᠢ ᠪᠦᠬᠦ  ᠤᠯᠤᠰ ᠤ᠋ᠨ ᠡᠯ᠎ᠠ ᠭᠠᠵᠠᠷ ᠤ᠋ᠨ ᠬᠦᠮᠦᠰ ᠲᠤ᠌ ᠦᠵᠡᠭᠦᠯᠵᠤ᠂ ᠵᠠᠬᠢᠶᠠᠯᠠᠭ᠎ᠠ ᠲᠤᠰᠤᠭᠠᠳ ᠶᠠᠭᠠᠷᠠᠨ᠎ᠠ᠃

ᠤᠢᠷ᠎ᠠ ᠵᠢᠨ ᠵᠢᠯ ᠡᠴᠡ ᠨᠠᠭᠠᠰᠢ᠂ ᠱᠠᠡᠭᠳᠤ ᠰᠢᠶᠠᠨ ᠤ᠋ ᠡᠮᠡᠭᠲᠠᠢᠴᠤᠳ ᠤ᠋ᠨ ᠬᠤᠯᠪᠤᠭ᠎ᠠ ᠱᠠᠡᠭᠳᠤ ᠰᠢᠶᠠᠨ ᠤ᠋ ᠲᠤᠰᠬᠤᠨ ᠤ᠋ ᠰᠢᠭᠤᠳ ᠨᠡᠪᠲᠡᠷᠡᠭᠦᠯᠭᠡ ᠵᠢᠨ ᠡᠮᠡᠭᠲᠠᠢᠴᠤᠳ ᠤ᠋ᠨ ᠬᠤᠯᠪᠤᠭ᠎ᠠ ᠪᠠᠢᠭᠤᠯᠵᠤ᠂《ᠡᠮᠡᠭᠲᠠᠢᠴᠤᠳ ᠤ᠋ᠨ ᠡᠯᠸᠺᠲ᠋ᠷᠤᠨ ᠬᠤᠳᠠᠯᠳᠤᠭ᠎ᠠ》ᠵᠢᠨ ᠤᠨᠴᠠᠯᠢᠭᠲᠤ ᠲᠦᠷᠦᠯ ᠲᠡᠮᠳᠡᠭ ᠢ᠋ ᠴᠤᠭᠴᠠᠯᠠᠵᠤ᠂ ᠬᠦᠳᠡᠭᠡ ᠲᠤᠰᠬᠤᠨ ᠤ᠋ ᠡᠮᠡᠭᠲᠠᠢᠴᠤᠳ᠂ ᠨᠤᠲᠤᠭ ᠲᠠᠭᠠᠨ ᠪᠤᠴᠠᠭᠰᠠᠨ ᠵᠠᠯᠠᠭᠤᠴᠤᠳ ᠤ᠋ᠨ ᠠᠵᠢᠯ ᠤᠯᠭᠤᠯᠳᠠ ᠳ᠋ᠤ ᠬᠦᠴᠦ ᠨᠡᠮᠡᠷᠢᠯᠡᠵᠤ ᠪᠤᠢ᠃ ᠤᠳᠤᠬᠠᠨ ᠳ᠋ᠤ ᠂ ᠪᠤᠰᠢᠭᠤ ᠭᠠᠷ ᠲᠠᠪᠴᠠᠡᠭ ᠵᠢᠡᠷ ᠰᠢᠭᠤᠳ ᠨᠡᠪᠲᠡᠷᠡᠭᠦᠯᠭᠡ ᠬᠢᠵᠤ ᠪᠤᠷᠤᠯᠠᠭᠤᠯᠤᠭᠰᠠᠨ ᠤᠷᠭᠠᠨᠢᠭ ᠡᠷᠳᠡᠨᠢ ᠰᠢᠰᠢ 1.6 ᠲᠦᠮᠡᠨ ᠵᠢᠡᠭ ᠳ᠋ᠤ ᠬᠦᠷᠴᠤ᠂ ᠤᠷᠤᠨ ᠨᠤᠲᠤᠭ ᠤ᠋ᠨ ᠪᠦᠲᠦᠭᠡᠭᠳᠡᠬᠦᠨ ᠤ᠋ ᠵᠠᠬ᠎ᠠ ᠲᠡᠯᠭᠡᠭᠦᠷ ᠤ᠋ᠨ ᠪᠤᠷᠤᠯᠠᠭᠤᠯᠭ᠎ᠠ ᠵᠢᠨ ᠵᠠᠮ ᠢ᠋ ᠦᠷᠭᠡᠳᠭᠡᠵᠤ᠂ ᠤᠯᠠᠨ ᠲᠦᠮᠡᠨ ᠤ᠋ ᠤᠷᠤᠯᠭ᠎ᠠ ᠵᠢᠨ ᠨᠡᠮᠡᠭᠳᠡᠯ ᠢ᠋  ᠠᠬᠢᠭᠤᠯᠤᠭᠰᠠᠨ ᠪᠠᠢᠨ᠎ᠠ᠃

《ᠡᠨᠡ ᠵᠢᠯ  ᠪᠢᠳᠡ  ᠨᠡᠢᠲᠡ  90  ᠤᠳᠠᠭ᠎ᠠ  ᠰᠢᠭᠤᠳ  ᠨᠡᠪᠲᠡᠷᠡᠭᠦᠯᠭᠡ  ᠬᠢᠵᠤ᠂ ᠰᠢᠭᠤᠳ ᠨᠡᠪᠲᠡᠷᠡᠭᠦᠯᠭᠡ ᠵᠢ ᠦᠵᠡᠭᠰᠡᠨ ᠬᠦᠮᠦᠨ ᠤ᠋ ᠲᠤᠭ᠎ᠠ ᠬᠠᠮᠤᠭ᠎ᠦᠨ ᠠᠷᠪᠢᠨ ᠳ᠋ᠠᠭᠠᠨ 3 ᠲᠦᠮᠡᠨ ᠬᠦᠮᠦᠨ ᠤᠳᠠᠭ᠎ᠠ ᠵᠢ  ᠲᠠᠪᠠᠵᠤ᠂ 5 ᠲᠦᠮᠡᠨ ᠵᠢᠡᠭ ᠲᠠᠷᠢᠶᠠᠯᠠᠡᠭ ᠤ᠋ᠨ ᠪᠦᠲᠦᠭᠡᠭᠳᠡᠬᠦᠨ ᠪᠤᠷᠤᠯᠠᠭᠤᠯᠵᠤ᠂ 32 ᠲᠦᠮᠡᠨ ᠲᠦᠭᠦᠷᠢᠭ ᠤ᠋ᠨ ᠤᠷᠤᠯᠭ᠎ᠠ ᠡᠭᠦᠳᠴᠤ᠂ ᠰᠢᠭᠤᠳ ᠨᠡᠪᠲᠡᠷᠡᠭᠦᠯᠭᠡ ᠳ᠋ᠤ ᠤᠷᠤᠯᠴᠠᠭᠰᠠᠨ ᠡᠮᠡᠭᠲᠠᠢᠴᠤᠳ ᠤ᠋ᠨ ᠰᠠᠷ᠎ᠠ ᠲᠤᠮᠳᠠᠴᠢ ᠵᠢᠨ ᠤᠷᠤᠯᠭ᠎ᠠ 2000 ᠲᠦᠭᠦᠷᠢᠭ ᠤᠷᠴᠢᠮ ᠨᠡᠮᠡᠭᠳᠡᠵᠠᠢ》 ᠬᠡᠵᠤ ᠱᠠᠡᠭᠳᠤ ᠰᠢᠶᠠᠨ ᠤ᠋ ᠲᠤᠰᠬᠤᠨ ᠤ᠋ ᠰᠢᠭᠤᠳ ᠨᠡᠪᠲᠡᠷᠡᠭᠦᠯᠭᠡ ᠵᠢᠨ ᠡᠮᠡᠭᠲᠠᠢᠴᠤᠳ ᠤ᠋ᠨ ᠬᠤᠯᠪᠤᠭ᠎ᠠ  ᠵᠢᠨ ᠬᠦᠢᠴᠡᠳᠭᠡᠬᠦ  ᠬᠡᠰᠢᠬᠦᠨ ᠰᠦᠨ ᡁᠢ ᠹᠠᠡᠭ ᠲᠠᠨᠢᠯᠴᠠᠭᠤᠯᠪᠠ᠃

ᠱᠠᠡᠭᠳᠤ ᠰᠢᠶᠠᠨ ᠤ᠋ ᠲᠤᠰᠬᠤᠨ ᠤ᠋ ᠰᠢᠭᠤᠳ ᠨᠡᠪᠲᠡᠷᠡᠭᠦᠯᠭᠡ ᠵᠢᠨ ᠡᠮᠡᠭᠲᠠᠢᠴᠤᠳ ᠤ᠋ᠨ ᠬᠤᠯᠪᠤᠭ᠎ᠠ 2025 ᠤᠨ ᠤ᠋ 11 ᠰᠠᠷ᠎ᠠ ᠳ᠋ᠤ ᠪᠠᠢᠭᠤᠯᠤᠭᠳᠠᠭᠰᠠᠨ ᠡᠴᠡ ᠨᠠᠭᠠᠰᠢ᠂《ᠴᠢᠳᠠᠪᠤᠷᠢᠲᠡᠨ ᠬᠦᠮᠦᠵᠢᠭᠦᠯᠬᠦ᠂ ᠲᠠᠪᠴᠠᠡᠭ ᠪᠠᠢᠭᠤᠯᠬᠤ᠂ ᠲᠦᠷᠦᠯ ᠲᠡᠮᠳᠡᠭ ᠴᠤᠭᠴᠠᠯᠠᠬᠤ᠂ ᠡᠷᠬᠡ ᠠᠰᠢᠭ ᠵᠢᠡᠨ ᠬᠠᠮᠠᠭᠠᠯᠠᠬᠤ》ᠵᠢᠨ ᠲᠤᠭᠤᠷᠢᠨ ᠳ᠋ᠤ ᠡᠮᠡᠭᠲᠠᠢᠴᠤᠳ ᠤ᠋ᠨ ᠤᠢᠯᠡᠰ ᠪᠤᠰᠬᠠᠬᠤ ᠠᠵᠢᠯ ᠤᠯᠬᠤ ᠳ᠋ᠤ ᠬᠦᠴᠦᠨ ᠨᠡᠮᠡᠷᠢᠯᠠᠵᠤ᠂ ᠲᠤᠰ ᠰᠢᠶᠠᠨ ᠤ᠋ 10 ᠰᠢᠶᠠᠡᠭ ᠪᠠᠯᠭᠠᠰᠤᠨ ᠤ᠋ 1000 ᠭᠠᠷᠤᠢ ᠡᠮᠡᠭᠲᠠᠢ᠎ᠳᠤ ᠡᠯᠸᠺᠲ᠋ᠷᠤᠨ ᠬᠤᠳᠠᠯᠳᠤᠭ᠎ᠠ ᠡᠵᠡᠡᠭᠨᠡᠬᠦ᠂ ᠰᠢᠭᠤᠳ ᠨᠡᠪᠲᠡᠷᠡᠭᠦᠯᠭᠡ ᠪᠡᠷ ᠪᠠᠷᠠᠭ᠎ᠠ ᠪᠤᠷᠤᠯᠠᠭᠤᠯᠬᠤ ᠵᠡᠷᠭᠡ ᠮᠡᠷᠭᠡᠵᠢᠯ ᠴᠢᠳᠠᠪᠤᠷᠢ ᠵᠢᠨ ᠪᠤᠯᠪᠠᠰᠤᠷᠠᠯ ᠬᠦᠷᠳᠡᠭᠡᠪᠡ᠃ ᠡᠬᠦᠨ ᠤ᠋ ᠲᠠᠭᠠᠤ᠂ ᠲᠤᠰᠬᠤᠨ ᠤ᠋ ᠰᠢᠭᠤᠳ ᠨᠡᠪᠲᠡᠷᠡᠭᠦᠯᠭᠡ ᠵᠢᠨ ᠡᠮᠡᠭᠲᠠᠢᠴᠤᠳ ᠤ᠋ᠨ ᠬᠤᠯᠪᠤᠭ᠎ᠠ ᠡᠯᠸᠺᠲᠷᠤᠨ ᠬᠤᠳᠠᠯᠳᠤᠭᠠᠨ ᠤ᠋ ᠲᠠᠪᠴᠠᠡᠭ᠂ ᠤᠷᠤᠨ ᠨᠤᠲᠤᠭ ᠤ᠋ᠨ ᠲᠠᠷᠢᠶᠠᠯᠠᠡᠭ ᠤ᠋ᠨ ᠠᠵᠤ ᠠᠬᠤᠢᠯᠠᠯ ᠬᠢᠭᠡᠳ ᠲᠤᠰᠬᠠᠢ ᠬᠤᠷᠰᠢᠶ᠎ᠠ ᠲᠠᠢ ᠢᠳᠡᠪᠬᠢᠲᠠᠢ ᠵᠤᠯᠭᠠᠯᠴᠠᠵᠤ᠂ ᠤᠨᠴᠠᠯᠢᠭᠳᠤ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠬᠦᠨ᠂ ᠤᠯᠠᠮᠵᠢᠯᠠᠯᠳᠤ ᠭᠠᠷ ᠤᠷᠠᠯᠠᠯ ᠤ᠋ᠨ ᠪᠦᠲᠦᠭᠡᠭᠳᠡᠬᠦᠨ ᠵᠡᠷᠭᠡ ᠲᠠᠪᠠᠭᠤᠯᠢᠭ ᠡᠬᠢ ᠪᠠᠶᠠᠯᠢᠭ ᠢ᠋ ᠠᠭᠤᠳᠠᠯᠤᠨ᠂ ᠰᠢᠭᠤᠳ ᠨᠡᠪᠲᠡᠷᠡᠭᠦᠯᠭᠡ ᠪᠡᠷ ᠲᠦᠷᠤᠯ ᠲᠡᠮᠳᠡᠭ ᠵᠢᠡᠨ ᠠᠯᠳᠠᠷᠰᠢᠭᠤᠯᠤᠭᠰᠠᠨ ᠪᠠᠢᠨ᠎ᠠ᠃

ᠱᠠᠡᠭᠳᠤ ᠰᠢᠶᠠᠨ ᠤ᠋ ᠡᠮᠡᠭᠲᠠᠢᠴᠤᠳ ᠤ᠋ᠨ ᠬᠤᠯᠪᠤᠭ᠎ᠠ ᠵᠢᠨ ᠨᠠᠮ ᠤ᠋ᠨ ᠤᠳᠤᠷᠢᠳᠬᠤ ᠲᠤᠭᠤᠢᠯᠠᠡᠭ ᠤ᠋ᠨ ᠱᠦᠵᠢ᠂ ᠲᠠᠷᠢᠭᠦᠯᠡᠭᠴᠢ ᠬᠠᠨ ᠶᠠ ᠨᠠᠨ᠄《ᠲᠤᠰᠬᠤᠨ ᠤ᠋ ᠰᠢᠭᠤᠳ ᠨᠡᠪᠲᠡᠷᠡᠭᠦᠯᠭᠡ ᠵᠢᠨ ᠡᠮᠡᠭᠲᠠᠢᠴᠤᠳ ᠤ᠋ᠨ ᠬᠤᠯᠪᠤᠭ᠎ᠠ ᠵᠢᠨ ᠨᠡᠪᠲᠡᠷᠡᠭᠦᠯᠦᠭᠴᠢ ᠪᠤᠯ ᠴᠢᠨᠠᠷ ᠰᠠᠢᠲᠠᠢ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠬᠦᠨ ᠤ᠋ ᠪᠤᠷᠤᠯᠠᠭᠤᠯᠤᠭᠴᠢ ᠮᠦᠷᠳᠡᠭᠡᠨ ᠨᠠᠡᠭ ᠴᠤ᠌ ᠨᠤᠲᠤᠭ ᠤ᠋ᠨ ᠰᠤᠶᠤᠯ ᠵᠢᠭᠤᠯᠴᠢᠯᠠᠯ ᠤ᠋ᠨ ᠤᠬᠠᠭᠤᠯᠤᠭᠴᠢ᠂ ᠠᠷᠠᠳ ᠲᠤ᠌ ᠠᠰᠢᠭ ᠬᠦᠷᠳᠡᠭᠡᠬᠦ ᠲᠦᠷᠦ ᠵᠢᠨ ᠪᠤᠳᠤᠯᠭ᠎ᠠ ᠵᠢᠨ ᠲᠠᠢᠯᠪᠤᠷᠢᠯᠠᠭᠴᠢ ᠪᠤᠯᠤᠨ᠎ᠠ᠃ ᠲᠠᠷᠠᠭᠠᠴᠢ ᠪᠡᠷ᠂ ᠰᠢᠶᠠᠨ ᠤ᠋ ᠡᠮᠡᠭᠲᠠᠢᠴᠤᠳ ᠤ᠋ᠨ ᠬᠤᠯᠪᠤᠭ᠎ᠠ 〈ᠡᠯᠸᠺᠲ᠋ᠷᠤᠨ ᠬᠤᠳᠠᠯᠳᠤᠭ᠎ᠠ〉 ᠵᠢᠨ  ᠲᠦᠷᠦᠯ ᠲᠡᠮᠳᠡᠭ ᠤ᠋ᠨ ᠪᠠᠢᠭᠤᠯᠤᠯᠲᠠ ᠵᠢ ᠦᠷᠭᠦᠯᠵᠢᠯᠡᠨ ᠬᠦᠨᠵᠡᠭᠡᠢᠷᠡᠭᠦᠯᠵᠤ᠂ ᠪᠤᠯᠪᠠᠰᠤᠷᠠᠯ ᠤ᠋ᠨ ᠰᠢᠰᠲᠸᠮ ᠢ᠋ ᠤᠯᠠᠮ ᠲᠡᠭᠦᠯᠳᠡᠷᠵᠢᠭᠦᠯᠦᠨ᠂ ᠡᠷᠭᠡ ᠠᠰᠢᠭ ᠤ᠋ᠨ ᠪᠠᠲᠤᠯᠠᠭ᠎ᠠ ᠵᠢ ᠴᠢᠡᠭᠭᠠᠳᠬᠠᠵᠤ᠂ ᠨᠠᠡᠭ ᠤᠯᠠᠨ ᠡᠮᠡᠭᠲᠠᠢᠴᠤᠳ ᠢ᠋ ᠬᠦᠳᠤᠯᠤᠨ ᠵᠢᠯᠤᠭᠤᠳᠴᠤ᠂ ᠡᠯᠸᠺᠲ᠋ᠷᠤᠨ ᠬᠤᠳᠠᠯᠳᠤᠭᠠᠨ ᠤ᠋ ᠰᠢᠭᠤᠳ ᠨᠡᠪᠲᠡᠷᠡᠭᠦᠯᠭᠡ ᠵᠢᠨ ᠠᠵᠢᠯ ᠳ᠋ᠤ ᠤᠷᠤᠯᠴᠠᠭᠤᠯᠵᠤ᠂ ᠱᠠᠡᠭᠳᠤ ᠰᠢᠶᠠᠨ ᠤ᠋ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠳ᠋ᠤ ᠬᠦᠴᠤᠨ ᠨᠡᠮᠡᠷᠢᠯᠡᠨ᠎ᠠ》ᠬᠡᠵᠤ ᠰᠤᠷᠪᠤᠯᠵᠢᠯᠠᠭᠴᠢ᠎ᠳᠦ ᠶᠠᠷᠢᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号