ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠲᠤᠰᠭᠠᠶ ᠵᠦᠶ᠋ᠯ᠎ᠦᠨ ᠬᠢᠨᠠᠯᠲᠠ ᠲᠠᠯᠪᠢᠬᠤ ᠠᠵᠢᠯᠯᠠᠭ᠎ᠠ᠎ᠶ᠋ᠢ ᠪᠠᠢᠷᠢᠯᠠᠭᠤᠯᠵᠤ ᠣᠷᠳᠣ ᠵᠠᠮ᠎ᠤᠨ ᠠᠶᠠᠨ ᠲᠡᠢᠨ᠎ᠦ ᠬᠤᠪᠢᠰᠭᠠᠯ᠎ᠤᠨ ᠡᠬᠢ ᠪᠠᠶᠠᠯᠢᠭ᠎ᠢ ᠬᠠᠮᠠᠭᠠᠯᠠᠪᠠ
2026-05-15 16:38:11
ᠵᠣᠬᠢᠶᠠᠭ᠍ᠴᠢ᠄
ᠪᠤᠤ ᠰᠤᠷᠤᠨ᠎ᠠ
ᠣᠩᠱᠢᠭ᠍ᠰᠠᠨ ᠣᠳᠠᠭ᠎ᠠ᠄
★★★☆☆

ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠲᠦᠷᠦᠭᠦᠬᠡᠨ 《ᠨᠡᠢᠳᠡ ᠵᠢᠨ ᠠᠰᠠᠷᠠᠮᠵᠢ ᠵᠢᠨ ᠵᠠᠷᠭᠤ ᠵᠢᠨ ᠬᠦᠴᠦᠨ᠎ᠢᠶᠡᠷ ᠤᠷᠳᠤ ᠵᠠᠮ᠎ᠤᠨ ᠠᠶᠠᠨ ᠲᠠᠢᠨ᠎ᠤ ᠬᠤᠪᠢᠰᠬᠠᠯ᠎ᠤᠨ ᠡᠬᠢ ᠪᠠᠶᠠᠯᠢᠭ᠎ᠢ ᠦᠷᠭᠦᠯᠵᠢᠯᠡᠨ ᠰᠠᠬᠢᠨ ᠬᠠᠮᠠᠭᠠᠯᠠᠬᠤ》 ᠪᠠᠢᠴᠠᠭᠠᠬᠤ ᠠᠵᠢᠯ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠲᠤᠰᠭᠠᠶ ᠬᠢᠨᠠᠯᠲᠠ ᠲᠠᠯᠪᠢᠬᠤ ᠠᠵᠢᠯᠯᠠᠭ᠎ᠠ᠎ᠳᠤ ᠤᠯᠠᠮ ᠨᠢᠭᠡ ᠠᠯᠬᠤᠮ ᠪᠠᠢᠷᠢᠯᠠᠭᠤᠯᠤᠯᠲᠠ ᠬᠢᠵᠦ᠍᠂ ᠣᠷᠳᠣ ᠵᠠᠮ᠎ᠤᠨ ᠠᠶᠠᠨ ᠲᠡᠢᠨ᠎ᠦ ᠱᠤᠭᠤᠮ ᠳᠠᠭᠠᠤ ᠮᠤᠵᠢ ᠣᠷᠣᠨ᠎ᠤ ᠪᠠᠢᠴᠠᠭᠠᠬᠤ ᠪᠠᠢᠭᠤᠯᠭ᠎ᠠ᠎ᠶ᠋ᠢ ᠲᠣᠰ ᠭᠠᠵᠠᠷ᠎ᠤᠨ᠎ᠢᠶᠠᠨ ᠪᠣᠳᠠᠲᠤ ᠪᠠᠢᠳᠠᠯ᠎ᠲᠠᠶ ᠤᠶᠠᠯᠳᠤᠭᠤᠯᠤᠨ᠂ ᠰᠦᠪᠡᠭ᠌ᠴᠢ᠎ᠶ᠋ᠢ ᠪᠥᠬᠥ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ 《ᠵᠠᠭᠠᠯᠳᠤᠵᠤ ᠪᠣᠯᠬᠤ ᠴᠢᠨᠠᠷ》 ᠢ᠋ ᠨᠠᠷᠢᠯᠢᠭ ᠣᠨᠣᠴᠠᠲᠠᠶ᠎ᠪᠠᠷ ᠡᠵᠡᠮᠱᠢᠵᠦ᠍᠂ ᠨᠢᠭᠡ ᠴᠣᠭ᠍ᠴᠠᠵᠢᠭᠤᠯᠤᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠶ᠋ᠢ ᠦᠷᠭᠦᠯᠵᠢᠯᠡᠨ ᠴᠢᠩᠭᠠᠳᠭᠠᠵᠤ᠂ ᠬᠥᠨᠳᠡᠯᠡᠨ᠎ᠢᠶᠡᠷ ᠬᠠᠮᠵᠢᠯᠴᠠᠬᠤ᠎ᠶ᠋ᠢ ᠴᠢᠩᠭᠠᠳᠭᠠᠨ᠂ ᠣᠲᠣ ᠦᠶ᠎ᠡ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠬᠢᠭᠡᠳ 《ᠭᠠᠳᠠᠭᠠᠳᠤ ᠲᠠᠷᠢᠬᠢ》 ᠶ᠋ᠢᠨ ᠣᠶᠤᠨ ᠤᠬᠠᠭᠠᠨ᠎ᠢ ᠴᠢᠳᠠᠮᠠᠭᠠᠶ ᠬᠡᠷᠡᠭ᠌ᠯᠡᠵᠦ᠍᠂ ᠪᠠᠢᠴᠠᠭᠠᠬᠤ ᠠᠵᠢᠯ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠥᠪᠡᠷᠮᠢᠴᠡ ᠲᠦᠷᠢᠮ᠎ᠦᠨ ᠥᠷᠲᠡᠭ᠎ᠢ ᠭᠦᠶ᠋ᠴᠡᠳ ᠪᠠᠳᠠᠷᠠᠭᠤᠯᠬᠤ ᠬᠡᠷᠡᠭ᠌ᠲᠡᠶ ᠭᠡᠵᠦ᠍ ᠱᠠᠭᠠᠷᠳᠠᠪᠠ᠃

ᠣᠢᠯᠠᠭᠠᠭ᠍ᠰᠠᠨ᠎ᠢᠶᠠᠷ᠂ ᠣᠷᠳᠣ ᠵᠠᠮ᠎ᠤᠨ ᠠᠶᠠᠨ ᠲᠡᠢᠨ᠎ᠦ ᠬᠤᠪᠢᠰᠭᠠᠯ᠎ᠤᠨ ᠡᠬᠢ ᠪᠠᠶᠠᠯᠢᠭ᠎ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠳᠤᠮᠳᠠᠬᠢ ᠪᠠᠢᠴᠠᠭᠠᠬᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠡᠭᠦᠷᠭᠡ ᠴᠢᠳᠠᠪᠬᠢ᠎ᠶ᠋ᠢᠨ ᠦᠶ᠋ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠬᠤ᠎ᠶ᠋ᠢᠨ ᠲᠥᠯᠥᠭᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠪᠠᠢᠴᠠᠭᠠᠬᠤ ᠲᠢᠩᠬᠢᠮ ᠡᠨᠡ ᠵᠢᠯ᠎ᠦᠨ 2 ᠰᠠᠷ᠎ᠠ᠎ᠶ᠋ᠢᠨ ᠰᠡᠭᠦᠯᠴᠢ᠎ᠪᠡᠷ ᠲᠤᠰᠭᠠᠶ ᠵᠦᠶ᠋ᠯ᠎ᠦᠨ ᠬᠢᠨᠠᠯᠲᠠ ᠲᠠᠯᠪᠢᠬᠤ ᠠᠵᠢᠯᠯᠠᠭ᠎ᠠ᠎ᠶ᠋ᠢ ᠪᠠᠢᠷᠢᠯᠠᠭᠤᠯᠤᠨ ᠥᠷᠨᠢᠭᠦᠯᠵᠦ᠍᠂ ᠡᠨᠡ ᠵᠢᠯ᠎ᠦᠨ 3 ᠰᠠᠷ᠎ᠠ᠎ᠡᠴᠡ 12 ᠰᠠᠷ᠎ᠠ ᠪᠣᠯᠲᠠᠯ᠎ᠠ᠂ ᠣᠷᠳᠣ ᠵᠠᠮ᠎ᠤᠨ ᠠᠶᠠᠨ ᠲᠡᠢᠨ᠎ᠦ ᠵᠠᠮ ᠳᠠᠭᠠᠤ᠎ᠶ᠋ᠢᠨ ᠮᠤᠵᠢ᠎ᠶ᠋ᠢᠨ ᠪᠠᠢᠴᠠᠭᠠᠬᠤ ᠪᠠᠢᠭᠤᠯᠤᠯᠭ᠎ᠠ ᠣᠷᠳᠣ ᠵᠠᠮ᠎ᠤᠨ ᠠᠶᠠᠨ ᠲᠡᠢᠨ᠎ᠦ ᠬᠤᠪᠢᠰᠭᠠᠯ᠎ᠤᠨ ᠡᠬᠢ ᠪᠠᠶᠠᠯᠢᠭ᠎ᠢ ᠬᠠᠮᠠᠭᠠᠯᠠᠬᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠎ᠢ ᠱᠢᠶ᠋ᠳᠪᠦᠷᠢᠯᠡᠬᠦ᠌ ᠡᠷᠴᠢᠮ᠎ᠢᠶᠡᠨ ᠴᠢᠩᠭᠠᠷᠠᠭᠤᠯᠵᠤ᠂ ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠣᠭ ᠴᠣᠭ᠍ᠴᠠ᠎ᠶ᠋ᠢ ᠬᠠᠮᠠᠭᠠᠯᠠᠬᠤ᠂ ᠦᠷᠡᠭ᠌ᠳᠡᠭ᠌ᠰᠡᠨ ᠪᠠᠭᠠᠲᠤᠷᠴᠤᠳ᠎ᠢ ᠳᠤᠷᠠᠰᠭᠠᠬᠤ ᠲᠥᠬᠥᠭᠡᠷᠦᠮᠵᠢ᠎ᠶ᠋ᠢ ᠬᠠᠮᠠᠭᠠᠯᠠᠬᠤ᠂ ᠬᠤᠪᠢᠰᠭᠠᠯ᠎ᠤᠨ ᠡᠬᠢ ᠪᠠᠶᠠᠯᠢᠭ᠎ᠢ ᠬᠠᠮᠠᠭᠠᠯᠠᠬᠤ᠂ ᠦᠷᠡᠭ᠌ᠳᠡᠭ᠌ᠰᠡᠨ ᠪᠠᠭᠠᠲᠤᠷᠴᠤᠳ᠎ᠤᠨ ᠨᠡᠷ᠎ᠡ ᠬᠦᠨᠳᠦ᠂ ᠢᠷᠠᠭᠤ ᠠᠯᠳᠠᠷ᠎ᠢ ᠬᠠᠮᠠᠭᠠᠯᠠᠬᠤ ᠵᠡᠷᠭᠡ ᠭᠤᠤᠯᠳᠠᠯᠭ᠎ᠠ᠎ᠲᠠᠶ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠢᠭᠡ ᠪᠦᠯᠦᠭ ᠨᠥᠯᠥᠭᠡᠯᠡᠬᠦ᠌ ᠬᠦᠴᠦᠨ᠎ᠲᠡᠶ᠂ ᠲᠥᠯᠥᠭᠡᠯᠡᠬᠦ᠌ ᠴᠢᠨᠠᠷᠲᠠᠶ ᠴᠢᠨᠠᠷ ᠰᠠᠢᠲᠠᠶ᠃

ᠣᠳᠣᠬᠠᠨ᠎ᠳᠤ᠂ ᠵᠢᠶᠠᠩᠰᠢ᠂ ᠹᠦᠵᠢᠶᠠᠨ᠂ ᠬᠤᠨᠠᠨ᠂ ᠭᠦᠢᠵᠧᠦ ᠵᠡᠷᠭᠡ ᠭᠠᠵᠠᠷ᠎ᠤᠨ ᠪᠠᠢᠴᠠᠭᠠᠬᠤ ᠪᠠᠢᠭᠤᠯᠭ᠎ᠠ ᠨᠢᠭᠡᠨᠲᠡ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠳᠤᠮᠳᠠ ᠣᠯᠵᠤ ᠮᠡᠳᠡᠭ᠌ᠰᠡᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠬᠡᠷᠡᠭ᠎ᠦᠨ ᠰᠦᠪᠡᠭ᠌ᠴᠢ᠎ᠳᠦ ᠬᠠᠤᠯᠢ ᠶᠣᠰᠣᠭᠠᠷ᠂ ᠪᠤᠰᠤᠳᠴᠢ᠎ᠪᠠᠷ᠂ ᠪᠦᠬᠦ᠌ ᠲᠠᠯ᠎ᠠ᠎ᠪᠠᠷ ᠪᠠᠢᠴᠠᠭᠠᠯᠲᠠ ᠬᠢᠵᠦ᠍᠂ ᠪᠠᠢᠴᠠᠭᠠᠬᠤ ᠰᠠᠨᠠᠭᠤᠯᠭ᠎ᠠ᠎ᠶ᠋ᠢ ᠨᠠᠷᠢᠯᠢᠭ ᠣᠨᠣᠴᠠᠲᠠᠢ ᠳᠤᠷᠠᠳᠤᠨ ᠭᠠᠷᠭᠠᠵᠤ᠂ ᠵᠠᠰᠠᠭ ᠵᠠᠬᠢᠷᠭᠠᠨ᠎ᠤ ᠪᠠᠢᠭᠤᠯᠭ᠎ᠠ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭᠠᠷ ᠪᠦᠬᠦ᠌ ᠲᠠᠯ᠎ᠠ᠎ᠪᠠᠷ ᠭᠦᠢᠴᠡᠳᠭᠡᠬᠦ᠌᠎ᠶ᠋ᠢ ᠱᠠᠯᠠᠪᠳᠠᠭᠤᠯᠪᠠ᠃ ᠬᠠᠤᠯᠢ ᠴᠠᠭᠠᠵᠠ᠎ᠶ᠋ᠢᠨ ᠲᠣᠭ᠍ᠲᠠᠭᠠᠯ᠎ᠢ ᠵᠥᠷᠢᠴᠡᠵᠦ᠍ ᠬᠤᠪᠢᠰᠭᠠᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ ᠲᠦ᠍ ᠬᠦᠨᠳᠦ ᠨᠣᠴᠢᠲᠠᠢ ᠬᠣᠬᠢᠷᠠᠯ ᠤᠴᠠᠷᠠᠭᠤᠯᠤᠭ᠍ᠰᠠᠨ ᠪᠤᠶᠤ ᠬᠦᠨᠳᠦ ᠨᠣᠴᠢᠲᠠᠢ ᠬᠣᠬᠢᠷᠠᠯ ᠤᠴᠠᠷᠠᠭᠤᠯᠬᠤ ᠲᠦᠭ᠌ᠰᠢᠭᠦᠷᠢ᠎ᠲᠡᠶ ᠪᠠᠢᠵᠤ᠂ ᠨᠡᠢᠭᠡᠮ ᠨᠡᠢᠲᠡ᠎ᠶ᠋ᠢᠨ ᠠᠱᠢᠭ ᠲᠤᠰᠠ᠎ᠳᠤ ᠬᠣᠬᠢᠷᠠᠯ ᠤᠴᠠᠷᠠᠭᠤᠯᠤᠭ᠍ᠰᠠᠨ ᠪᠠᠢᠪᠠᠯ᠂ ᠪᠠᠢᠴᠠᠭᠠᠬᠤ ᠪᠠᠢᠭᠤᠯᠭ᠎ᠠ ᠬᠠᠤᠯᠢ ᠶᠣᠰᠣᠭᠠᠷ ᠵᠠᠭᠠᠯᠳᠤᠯᠭ᠎ᠠ ᠭᠠᠷᠭᠠᠵᠤ᠂ ᠬᠢᠨᠠᠯᠲᠠ ᠲᠠᠯᠪᠢᠬᠤ ᠬᠠᠲᠠᠭᠤ ᠴᠢᠨᠠᠷ᠎ᠢ ᠲᠤᠪᠤᠢ᠌ᠯᠭᠠᠨ᠎ᠠ᠃

ᠣᠢᠯᠠᠭᠠᠭ᠍ᠰᠠᠨ᠎ᠢᠶᠠᠷ᠂ ᠡᠨᠡ ᠵᠢᠯ ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠪᠠᠢᠴᠠᠭᠠᠬᠤ ᠲᠢᠩᠬᠢᠮ ᠪᠠᠰᠠ ᠣᠷᠳᠣ ᠵᠠᠮ᠎ᠤᠨ ᠠᠶᠠᠨ ᠲᠡᠢᠨ᠎ᠦ ᠬᠤᠪᠢᠰᠭᠠᠯ᠎ᠤᠨ ᠡᠬᠢ ᠪᠠᠶᠠᠯᠢᠭ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠬᠠᠮᠠᠭᠠᠯᠠᠯᠲᠠ᠎ᠶ᠋ᠢᠨ ᠲᠤᠬᠠᠶ ᠦᠨᠳᠦᠰᠦᠨ ᠱᠠᠲᠤᠨ᠎ᠤ ᠠᠵᠢᠯᠯᠠᠭ᠎ᠠ ᠥᠷᠨᠢᠭᠦᠯᠵᠦ᠍᠂ ᠦᠨᠳᠦᠰᠦᠨ ᠱᠠᠲᠤᠨ᠎ᠤ ᠬᠡᠷᠡᠭ ᠱᠢᠶ᠋ᠳᠪᠦᠷᠢᠯᠡᠬᠦ᠌ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠭᠤᠤᠯᠳᠠᠯᠭ᠎ᠠ᠎ᠲᠠᠶ ᠬᠡᠷᠡᠭ᠎ᠢ ᠲᠤᠬᠠᠶ᠎ᠶ᠋ᠢᠨ ᠭᠠᠵᠠᠷ᠎ᠲᠤᠨᠢ ᠱᠠᠯᠠᠪᠳᠠᠭᠤᠯᠤᠨ ᠵᠢᠯᠣᠭᠣᠳᠭᠤ᠎ᠪᠠᠨ ᠴᠢᠩᠭᠠᠳᠭᠠᠬᠤ᠎ᠶ᠋ᠢᠨ ᠬᠠᠮᠲᠤ ᠴᠡᠭ᠌ᠴᠡᠯᠡᠨ ᠥᠭᠡᠷᠡᠴᠢᠯᠡᠭ᠌ᠰᠡᠨ ᠦᠷ᠎ᠡ ᠪᠦᠲᠦᠮᠵᠢ᠎ᠶ᠋ᠢ 《ᠡᠷᠭᠢᠵᠦ᠍ ᠬᠠᠷᠠᠬᠤ》 ᠠᠵᠢᠯᠯᠠᠭ᠎ᠠ ᠥᠷᠨᠢᠭᠦᠯᠦᠨ᠎ᠡ᠃ 

ᠢᠷᠡᠯᠳᠡ᠄ ᠰᠢᠨᠬᠤᠸᠠ ᠬᠤᠷᠢᠶ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号