ᠬᠣᠲᠠ ᠪᠠᠯᠭᠠᠰᠤᠨ ᠤ᠋ 2789 ᠬᠥᠮᠦᠨ᠎ᠳᠦ ᠱᠢᠨ᠎ᠡ᠎ᠪᠡᠷ ᠠᠵᠢᠯ ᠣᠯᠭᠣᠪᠠ
2026-05-15 16:33:10
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠡᠨᠡ ᠵᠢᠯ᠎ᠡᠴᠡ ᠨᠠᠭᠠᠰᠢ᠂ ᠱᠢᠯᠢ᠎ᠶ᠋ᠢᠨ ᠭᠤᠤᠯ ᠠᠢᠮᠠᠭ 《ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠵᠤ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠢᠨᠵᠧᠨᠧᠷᠢᠩ》 ᠤ᠋ᠨ ᠭᠤᠤᠯ ᠡᠭᠦᠷᠭᠡ᠎ᠶ᠋ᠢᠨ ᠲᠣᠭᠣᠷᠢᠨ᠎ᠳᠤ᠂ ᠣᠨᠢᠨ ᠳᠡᠭᠡᠷ᠎ᠡ᠎ᠨᠢ ᠦᠶ᠋ᠯᠡᠴᠢᠯᠡᠬᠦ᠌᠎ᠪᠡᠷ ᠭᠠᠷᠳᠠᠴᠠ ᠪᠣᠯᠭᠠᠵᠤ᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠪᠡᠷ ᠭᠤᠤᠯᠳᠠᠯᠭ᠎ᠠ ᠪᠣᠯᠭᠠᠵᠤ᠂ ᠵᠠᠰᠠᠭ᠎ᠤᠨ ᠤᠷᠳᠤᠨ ᠠᠵᠤ ᠠᠬᠤᠢᠯᠠᠯ᠎ᠢ ᠬᠠᠮᠵᠢᠯᠴᠠᠭᠤᠯᠵᠤ᠂ ᠲᠥᠷᠥ᠎ᠶ᠋ᠢᠨ ᠪᠣᠳᠣᠯᠭ᠎ᠠ᠎ᠪᠠᠷ ᠬᠦᠴᠤᠨ ᠨᠡᠮᠡᠷᠢᠯᠡᠵᠤ᠂ ᠣᠶᠤᠨ ᠤᠬᠠᠭᠠᠨ᠎ᠢᠶᠠᠷ 《ᠭᠤᠷᠪᠠ᠎ᠶ᠋ᠢ ᠵᠡᠷᠭᠡ᠎ᠪᠡᠷ ᠬᠠᠮᠢᠶᠠᠷᠬᠤ》 ᠶ᠋ᠢ ᠠᠬᠢᠭᠤᠯᠵᠤ᠂ ᠠᠵᠢᠯ ᠣᠯᠭᠣᠬᠤ ᠦᠶ᠋ᠯᠡᠰ ᠪᠤᠰᠭᠠᠬᠤ ᠡᠯ᠎ᠡ ᠵᠦᠶ᠋ᠯ᠎ᠦᠨ ᠠᠵᠢᠯ᠎ᠢ ᠪᠣᠳᠠᠲᠠᠶ᠎ᠳᠤ ᠨᠠᠢᠳᠠᠪᠤᠷᠢᠵᠢᠭᠤᠯᠵᠤ ᠦᠷ᠎ᠡ ᠪᠦᠲᠦᠮᠵᠢ ᠤᠯᠪᠠ᠃ ᠣᠳᠣᠬᠠᠨ ᠪᠣᠯᠲᠠᠯ᠎ᠠ᠂ ᠪᠥᠬᠥ᠌ ᠠᠢᠮᠠᠭ᠎ᠤᠨ ᠬᠣᠲᠠ ᠪᠠᠯᠭᠠᠰᠤᠨ᠎ᠳᠤ 2789 ᠬᠥᠮᠦᠨ᠎ᠳᠦ ᠱᠢᠨ᠎ᠡ᠎ᠪᠡᠷ ᠠᠵᠢᠯ ᠣᠯᠭᠣᠵᠤ᠂ ᠠᠵᠢᠯ ᠣᠯᠭᠣᠯᠲᠠ᠎ᠶ᠋ᠢᠨ ᠪᠠᠢᠳᠠᠯ ᠶᠡᠷᠦᠩᠬᠡᠶ᠎ᠳᠡᠭᠡᠨ ᠲᠣᠭ᠍ᠲᠠᠭᠤᠨ ᠪᠠᠢᠬᠤ᠎ᠶ᠋ᠢ ᠪᠠᠲᠤᠯᠠᠵᠠᠢ᠃ 

ᠣᠢᠯᠠᠭᠠᠭ᠍ᠰᠠᠨ᠎ᠢᠶᠠᠷ᠂ ᠠᠵᠤ ᠠᠬᠤᠢᠯᠠᠯ᠎ᠤᠨ ᠠᠵᠢᠯᠴᠢᠨ ᠬᠡᠷᠡᠭ᠌ᠯᠡᠬᠦ᠌ ᠬᠦᠴᠢᠷᠳᠡᠯ᠎ᠢ ᠨᠠᠷᠢᠯᠢᠭ ᠤᠨᠤᠴᠠᠲᠠᠢ ᠱᠢᠶ᠋ᠳᠪᠦᠷᠢᠯᠡᠬᠦ᠌᠎ᠶ᠋ᠢᠨ ᠲᠥᠯᠥᠭᠡ᠂ ᠱᠢᠯᠢ᠎ᠶ᠋ᠢᠨ ᠭᠤᠤᠯ ᠠᠢᠮᠠᠭ᠎ᠤᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠬᠡᠷᠡᠭ᠌ᠴᠡᠭᠡ᠎ᠪᠡᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠬᠥᠮᠦᠨ ᠪᠠ ᠠᠵᠢᠯ᠎ᠤᠨ ᠪᠠᠢᠷᠢ᠎ᠶ᠋ᠢ ᠵᠣᠯᠭᠠᠭᠤᠯᠬᠤ 《ᠲᠦᠭ᠌ᠵᠢᠷᠡᠯ》 ᠢ᠋ ᠪᠥᠬᠥ᠌ ᠲᠠᠯ᠎ᠠ᠎ᠪᠠᠷ ᠨᠡᠪᠲᠡᠷᠡᠭᠦᠯᠵᠠᠢ᠃ ᠠᠵᠢᠯ᠎ᠤᠨ ᠪᠠᠢᠷᠢ᠎ᠶ᠋ᠢ ᠠᠭᠤᠳᠠᠯᠬᠤ ᠲᠠᠯ᠎ᠠ᠎ᠪᠠᠷ᠂ ᠪᠥᠬᠥ᠌ ᠠᠢᠮᠠᠭ᠎ᠤᠨ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠥᠭ᠌ᠵᠢᠯᠲᠡ᠂ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠂ ᠠᠷᠠᠳ᠎ᠤᠨ ᠠᠮᠢᠳᠤᠷᠠᠯ᠎ᠤᠨ ᠭᠤᠤᠯᠳᠠᠯᠭ᠎ᠠ᠎ᠲᠠᠶ ᠦᠶ᠋ᠯᠡᠴᠢᠯᠡᠭᠡᠨ᠎ᠦ ᠬᠦᠷᠢᠶ᠎ᠡ ᠵᠢᠴᠢ ᠳᠤᠮᠳᠠ ᠪᠠᠭ᠎ᠠ ᠵᠢᠵᠢᠭ ᠠᠵᠤ ᠠᠬᠤᠢᠯᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠢᠯᠴᠢᠨ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠤᠢᠯᠠᠭᠠᠨ ᠵᠢᠭ᠍ᠰᠠᠭᠠᠬᠤ᠎ᠶ᠋ᠢ ᠭᠦᠨᠵᠡᠭᠡᠶ ᠥᠷᠨᠢᠭᠦᠯᠵᠦ᠍᠂ ᠬᠥᠮᠦᠨ ᠬᠡᠷᠡᠭ᠌ᠯᠡᠬᠦ᠌ ᠨᠢᠭᠡᠴᠢ᠎ᠶ᠋ᠢᠨ ᠦᠶ᠋ᠯᠡᠴᠢᠯᠡᠭᠡᠨ᠎ᠦ ᠨᠠᠷᠢᠨ ᠲᠠᠩᠰᠠ ᠪᠠ ᠠᠵᠢᠯ ᠡᠷᠢᠭ᠌ᠰᠡᠳ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠨᠠᠷᠢᠨ ᠲᠠᠩᠰᠠ᠎ᠶ᠋ᠢ ᠲᠥᠷᠥᠯ ᠬᠤᠪᠢᠶᠠᠨ ᠪᠠᠢᠭᠤᠯᠵᠤ᠂ ᠲᠦᠷᠦᠬᠦᠤ ᠤᠯᠠᠷᠢᠯ᠎ᠳᠤ ᠵᠠᠬ᠎ᠠ ᠳᠡᠯᠭᠡᠭᠦᠷᠴᠢᠯᠡᠭ᠌ᠰᠡᠨ ᠠᠵᠢᠯ᠎ᠤᠨ ᠪᠠᠢᠷᠢ᠎ᠶ᠋ᠢ 2.5 ᠲᠦᠮᠡ ᠴᠤᠭ᠍ᠯᠠᠭᠤᠯᠤᠨ ᠨᠡᠢᠲᠡᠯᠡᠵᠦ᠍᠂ ᠠᠵᠢᠯ᠎ᠤᠨ ᠪᠠᠢᠷᠢ᠎ᠶ᠋ᠢᠨ ᠬᠠᠩᠭᠠᠯᠭ᠎ᠠ ᠬᠢᠭᠡᠳ ᠠᠵᠢᠯ ᠣᠯᠭᠣᠯᠲᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠷᠢᠯᠢᠭ ᠤᠨᠤᠴᠠᠲᠠᠢ ᠪᠠᠷ ᠵᠣᠬᠢᠴᠠᠭᠤᠯᠬᠤ᠎ᠶ᠋ᠢ ᠪᠡᠶᠡᠯᠡᠭᠦᠯᠵᠠᠢ᠃ 

ᠠᠵᠢᠯᠲᠠᠨ ᠡᠯᠰᠡᠬᠦ᠌ ᠦᠶ᠋ᠯᠡᠴᠢᠯᠡᠭᠡᠨ᠎ᠦ ᠲᠠᠯ᠎ᠠ᠎ᠪᠠᠷ᠂ ᠠᠳᠠᠯᠢ ᠪᠤᠰᠤ ᠪᠦᠯᠬᠦᠮ ᠨᠠᠢᠲᠠ ᠵᠢᠨ ᠠᠵᠢᠯ ᠤᠯᠬᠤ ᠬᠡᠷᠡᠭ᠌ᠴᠡᠭᠡ᠎ᠳᠦ ᠰᠠᠭᠤᠷᠢᠯᠠᠨ᠂ ᠠᠵᠢᠯ ᠲᠥᠷᠥᠯ ᠬᠤᠪᠢᠶᠠᠨ᠂ ᠪᠦᠯᠬᠦᠮ ᠨᠠᠢᠲᠠ ᠬᠤᠪᠢᠶᠠᠨ 《ᠰᠦᠯᠵᠢᠶᠡᠨ ᠳᠡᠭᠡᠷ᠎ᠡ + ᠪᠤᠲᠠᠲᠤ ᠴᠤᠭᠴᠠ》 ᠠᠵᠢᠯᠲᠠᠨ ᠡᠯᠰᠡᠬᠦ᠌ ᠠᠵᠢᠯᠯᠠᠭ᠎ᠠ᠎ᠶ᠋ᠢ ᠠᠮᠢᠳᠤᠯᠢᠭ᠎ᠢᠶᠠᠷ ᠥᠷᠨᠢᠭᠦᠯᠵᠦ᠍᠂ ᠡᠯ᠎ᠡ ᠲᠥᠷᠥᠯ᠎ᠦᠨ ᠠᠵᠢᠯᠲᠠᠨ ᠡᠯᠰᠡᠬᠦ᠌ ᠴᠤᠭ᠍ᠯᠠᠭᠠᠨ᠎ᠢ ᠨᠡᠢᠲᠡ 162 ᠤᠳᠠᠭ᠎ᠠ ᠡᠷᠭᠢᠯᠡᠵᠦ᠍᠂ ᠳᠥᠭᠥᠮ ᠳᠥᠲᠡ ᠪᠥᠭᠡᠳ ᠥᠨᠳᠥᠷ ᠪᠦᠲᠦᠮᠵᠢᠲᠡᠶ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠯᠳᠤᠭᠤᠯᠬᠤ ᠬᠥᠭᠥᠷᠭᠡ ᠬᠣᠯᠪᠣᠭᠠᠰᠤ᠎ᠶ᠋ᠢ ᠪᠠᠢᠭᠤᠯᠤᠨ᠂ ᠨᠠᠷᠢᠯᠢᠭ ᠣᠨᠣᠴᠠᠲᠠᠶ ᠦᠶ᠋ᠯᠡᠴᠢᠯᠡᠭᠡ᠎ᠪᠡᠷ ᠠᠵᠢᠯ ᠣᠯᠭᠣᠯᠲᠠ᠎ᠶ᠋ᠢᠨ ᠦᠨᠳᠦᠰᠦᠨ ᠰᠠᠭᠤᠷᠢ᠎ᠶ᠋ᠢ ᠪᠡᠬᠢᠵᠢᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号