ᠶᠡᠷᠦᠩᠬᠡᠢ ᠱᠦᠵᠢ ᠰᠢ ᠵᠢᠨ ᠫᠢᠩ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠢᠰᠲ᠋ᠸᠮᠳᠤ ᠴᠢᠨᠠᠷᠲᠠᠢ ᠬᠠᠮᠠᠭᠠᠯᠠᠯᠲᠠ᠎ᠶᠢ ᠯᠠᠪᠳᠠᠭᠤᠨ ᠪᠠᠲᠤᠲᠠᠢ ᠰᠠᠢᠲᠤᠷ ᠬᠢᠵᠦ᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠤᠶᠤᠨ ᠰᠠᠨᠠᠭ᠎ᠠ ᠰᠣᠶᠣᠯ᠎ᠤᠨ ᠬᠡᠷᠡᠭᠴᠡᠭᠡ᠎ᠶᠢ ᠨᠡᠩ ᠰᠠᠢᠲᠤᠷ ᠬᠠᠩᠭᠠᠵᠤ᠂ ᠰᠣᠶᠣᠯ᠎ᠤᠨ ᠢᠲᠡᠭᠡᠯᠰᠤᠶᠤᠯᠤᠨ ᠬᠦᠴᠦᠷᠬᠡᠭᠵᠢᠯᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠡᠯᠪᠡᠭ ᠪᠠᠶᠠᠯᠢᠭ᠋ ᠪᠣᠳᠠᠰ᠎ᠤᠨ ᠪᠤᠰᠤ ᠰᠣᠶᠣᠯ᠎ᠤᠨ ᠥᠪ ᠪᠣᠯ ᠳᠤᠮᠳᠠᠳᠤ᠎ᠶᠢᠨ ᠰᠣᠶᠣᠯ᠎ᠤᠨ ᠦᠨᠡᠲᠦ ᠡᠷᠳᠡᠨᠢ ᠮᠥᠨ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠤᠳᠤ ᠦᠶ᠎ᠡ᠎ᠶᠢᠨ ᠠᠮᠢᠳᠤᠯᠢᠭ᠋ ᠢᠯᠡᠷᠡᠯ ᠮᠥᠨ᠃ ᠣᠳᠣᠬᠠᠨ᠎ᠳᠤ᠂ ᠵᠣᠬᠢᠶᠠᠮᠠᠯ ᠣᠶᠤᠨ ᠴᠢᠳᠠᠪᠤᠷᠢ᠎ᠶᠢᠨ ᠮᠡᠷᠭᠡᠵᠢᠯ ᠨᠢ ᠶᠠᠭ ᠤᠷᠢᠳ ᠡᠮᠦᠨ᠎ᠡ ᠪᠠᠢᠭ᠎ᠠ ᠦᠭᠡᠢ ᠭᠦᠨᠴᠡ ᠪᠠ ᠥᠷᠭᠡᠴᠡ᠎ᠪᠡᠷ ᠰᠣᠶᠣᠯ᠎ᠤᠨ ᠬᠦᠷᠢᠶᠡᠨ᠎ᠳᠦ ᠠᠭᠤᠰᠤᠯᠴᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠨ ᠤᠯᠠᠮᠵᠢᠯᠠᠬᠤ᠎ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠵᠦ ᠪᠠᠢᠨ᠎ᠠ᠃ ᠵᠣᠬᠢᠶᠠᠮᠠᠯ ᠤᠶᠤᠨ ᠴᠢᠳᠠᠪᠤᠷᠢ᠎ᠪᠠᠷ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭᠠᠯᠠᠯᠲᠠ ᠤᠯᠠᠮᠵᠢᠯᠠᠨ ᠵᠠᠯᠭᠠᠮᠵᠢᠯᠠᠯᠳᠠᠳᠦ ᠬᠦᠴᠦᠨ ᠨᠡᠮᠡᠷᠢᠯᠡᠬᠦ ᠨᠢ ᠮᠡᠷᠭᠡᠵᠢᠯ᠎ᠦᠨ ᠲᠠᠯ᠎ᠠ᠎ᠶᠢᠨ ᠪᠠᠭᠠᠵᠢ᠎ᠶᠢᠨ ᠰᠢᠨᠡᠴᠢᠯᠡᠯᠲᠡ ᠪᠣᠯᠬᠤ᠎ᠪᠠᠷ ᠪᠠᠷᠠᠬᠤ ᠦᠭᠡᠢ ᠨᠡᠩ ᠴᠤ᠌ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠢ ᠤᠨᠳᠤᠤᠰᠢᠭᠤᠯᠤᠯᠲᠠ ᠪᠠ ᠰᠢᠨ᠎ᠡ᠎ᠶᠢ ᠡᠭᠦᠳᠬᠦ ᠴᠢᠨᠠᠷᠲᠠᠢ ᠬᠥᠭᠵᠢᠯᠲᠡ᠎ᠶᠢ ᠠᠬᠢᠭᠤᠯᠬᠤ ᠵᠠᠩᠭᠢᠯᠠᠭ᠎ᠠ᠎ᠶᠢᠨ ᠬᠥᠳᠡᠯᠭᠡᠭᠦᠷ ᠪᠣᠯᠣᠨ᠎ᠠ᠃
ᠣᠶᠤᠨᠴᠢ ᠲᠠᠩᠰᠠ ᠡᠪᠬᠡᠮᠡᠯ᠎ᠳᠦ ᠣᠷᠣᠭᠤᠯᠬᠤ ᠰᠢᠰᠲᠧᠮ᠎ᠢ ᠪᠠᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠳ᠋ᠠᠢᠲ᠋ᠠ ᠵᠢᠨ ᠰᠠᠭᠤᠷᠢ᠎ᠶᠢ ᠪᠡᠬᠢᠵᠢᠭᠦᠯᠦᠨ᠎ᠡ᠃ ᠪᠣᠳᠠᠰ᠎ᠤᠨ ᠪᠤᠰᠤ ᠰᠤᠶᠤᠯ᠎ᠤᠨ ᠦᠪ᠎ᠤᠨ ᠠᠮᠢᠵᠢᠷᠠᠯ᠎ᠤᠨ ᠬᠦᠴᠦᠨ ᠨᠢ ᠲᠡᠭᠦᠨ᠎ᠦ ᠤᠤᠭᠠᠯ ᠦᠨᠡᠨ ᠴᠢᠨᠠᠷ ᠪᠠ ᠪᠦᠷᠢᠨ ᠪᠦᠲᠦᠨ ᠴᠢᠨᠠᠷ᠎ᠲᠤ ᠦᠨᠳᠦᠰᠦᠯᠡᠳᠡᠭ᠃ ᠤᠯᠠᠮᠵᠢᠯᠠᠯᠲᠤ ᠲᠡᠮᠳᠡᠭᠯᠡᠬᠦ ᠠᠷᠭ᠎ᠠ ᠨᠢ ᠨᠠᠷᠢᠯᠢᠭ᠋᠎ᠤᠨ ᠬᠡᠮᠵᠢᠶ᠎ᠡ᠂ ᠥᠷᠭᠡᠴᠡ ᠪᠠ ᠦᠷ᠎ᠡ ᠪᠦᠲᠦᠮᠵᠢ᠎ᠶᠢᠨ ᠲᠠᠯ᠎ᠠ᠎ᠪᠠᠷ ᠨᠢᠭᠡᠨᠲᠡ ᠬᠡᠷᠡᠭᠴᠡᠭᠡ᠎ᠶᠢ ᠬᠠᠩᠭᠠᠬᠤ᠎ᠳᠤ ᠪᠡᠷᠬᠡ ᠪᠣᠯᠵᠤ᠂ ᠵᠣᠬᠢᠶᠠᠮᠠᠯ ᠣᠶᠤᠨ ᠴᠢᠳᠠᠪᠤᠷᠢ᠎ᠶᠢᠨ ᠬᠦᠴᠦᠷᠬᠡᠭ ᠶᠡᠬᠡ ᠮᠡᠳᠡᠷᠡᠮᠵᠢ᠂ ᠢᠯᠭᠠᠨ ᠲᠠᠨᠢᠬᠤ ᠪᠠ ᠵᠠᠭᠪᠤᠷᠯᠠᠬᠤ ᠴᠢᠳᠠᠪᠤᠷᠢ᠎ᠶᠢ ᠪᠠᠴᠢᠮ ᠱᠠᠭᠠᠷᠳᠠᠵᠤ ᠳᠡᠭᠡᠳᠦ ᠬᠡᠮᠵᠢᠶᠡᠨ᠎ᠤ ᠦᠨᠡᠨ ᠪᠠᠢᠳᠠᠯ᠎ᠢ ᠬᠠᠳᠠᠭᠠᠯᠠᠬᠰᠠᠨ᠂ ᠣᠯᠠᠨ ᠬᠡᠮᠵᠢᠯᠲᠦ᠂ ᠪᠤᠳᠤᠵᠤ ᠪᠣᠯᠬᠤᠢᠴᠠ 《ᠭᠧᠨᠦᠳ᠋ᠡᠢᠲ᠋ᠠ ᠵᠢᠨ ᠬᠥᠮᠥᠷᠭᠡ》ᠵᠢ ᠪᠠᠶ᠋ᠢᠭᠤᠯᠬᠤ ᠬᠡᠷᠡᠭᠲᠡᠢ᠃ ᠨᠢᠭᠡ᠎ᠳᠦ᠂ ᠣᠯᠠᠨ ᠵᠠᠭᠪᠤᠷ᠎ᠲᠦ ᠲᠤᠭ᠎ᠠ ᠪᠠᠷᠢᠮᠲᠠ ᠵᠢ ᠪᠦᠷᠢᠳᠭᠡᠨ ᠴᠤᠭᠯᠠᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠪᠥᠬᠥ ᠦᠵᠡᠮᠵᠢ᠎ᠶᠢᠨ ᠲᠡᠮᠳᠡᠭᠯᠡᠯ᠎ᠢ ᠪᠡᠶᠡᠯᠡᠭᠦᠯᠦᠨ᠎ᠡ᠃ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠢᠯ᠎ᠳᠦ ᠬᠠᠮᠤᠷᠤᠭᠰᠠᠨ ᠲᠠᠭᠤᠨ᠂ ᠬᠥᠳᠡᠯᠦᠯ᠂ ᠤᠷ᠎ᠠ ᠮᠡᠷᠭᠡᠵᠢᠯ ᠵᠡᠷᠭᠡ ᠣᠯᠠᠨ ᠬᠠᠷᠠᠭᠠᠰᠤ᠎ᠶᠢᠨ ᠣᠨᠴᠠᠯᠢᠭ᠋᠎ᠲᠤ ᠴᠢᠭᠯᠡᠭᠦᠯᠦᠨ᠂ 4 K/8K᠎ᠶᠢᠨ ᠬᠡᠲᠦ ᠥᠨᠳᠥᠷ ᠲᠣᠳᠣ᠌ ᠵᠢᠷᠤᠭ ᠳᠦᠷᠰᠦ᠎ᠪᠡᠷ ᠪᠣᠳᠠᠰ᠎ᠤᠨ ᠪᠤᠰᠤ ᠰᠣᠶᠣᠯ᠎ᠤᠨ ᠥᠪ᠎ᠦᠨ ᠢᠯᠡᠷᠡᠬᠦ ᠬᠡᠯᠪᠡᠷᠢ᠎ᠶᠢ ᠲᠡᠮᠳᠡᠭᠯᠡᠵᠦ᠂ ᠢᠨᠧᠷᠼᠢ᠎ᠶᠢᠨ ᠬᠥᠳᠡᠯᠦᠯ᠎ᠢᠶᠡᠷ ᠵᠢᠷᠤᠭᠯᠠᠬᠤ ᠲᠥᠬᠦᠭᠡᠷᠦᠮᠵᠢ᠎ᠪᠡᠷ ᠤᠯᠠᠮᠵᠢᠯᠠᠯᠲᠤ ᠪᠥᠵᠢᠭ᠂ ᠰᠢ ᠵᠦᠴᠦᠭᠡ ᠵᠡᠷᠭᠡ ᠬᠥᠳᠡᠯᠦᠩᠭᠦᠢ ᠤᠷ᠎ᠠ ᠮᠡᠷᠭᠡᠵᠢᠯ᠎ᠦᠨ ᠬᠥᠳᠡᠯᠭᠡᠭᠡᠨ᠎ᠦ ᠵᠠᠮ ᠮᠥᠷ᠎ᠢ ᠴᠤᠭᠯᠠᠭᠤᠯᠤᠨ᠎ᠠ᠃ ᠲᠤᠭ᠎ᠠ ᠪᠠᠷᠢᠮᠲᠠ ᠵᠢᠨ ᠪᠦᠷᠢᠳᠭᠡᠨ ᠴᠤᠭᠯᠠᠭᠤᠯᠬᠤ᠎ᠶᠢ ᠪᠠᠷᠢᠮᠵᠢᠶᠠᠵᠢᠭᠤᠯᠵᠤ ᠵᠢᠷᠤᠮᠵᠢᠭᠤᠯᠬᠤ᠎ᠶᠢ ᠠᠬᠢᠭᠤᠯᠵᠤ᠂ ᠲᠤᠭ᠎ᠠ ᠪᠠᠷᠢᠮᠲᠠ ᠵᠢ ᠴᠤᠭᠯᠠᠭᠤᠯᠬᠤ᠎ᠳᠤ ᠴᠠᠭ ᠬᠤᠭᠤᠴᠠᠭ᠎ᠠ᠎ᠶᠢᠨ ᠵᠡᠷᠭᠡᠴᠡᠯ ᠢ ᠣᠷᠣᠨ ᠵᠠᠢ᠎ᠶᠢᠨ ᠪᠠᠢᠷᠢᠰᠢᠯ᠎ᠲᠠᠢ ᠵᠡᠷᠭᠡᠴᠡᠭᠦᠯᠵᠦ᠂ ᠣᠷᠴᠢᠨ ᠲᠣᠭᠣᠷᠢᠨ᠎ᠤ ᠪᠣᠯᠵᠣᠯᠲᠤ ᠲᠣᠭ᠎ᠠ᠂ ᠤᠷ᠎ᠠ ᠮᠡᠷᠭᠡᠵᠢᠯ᠎ᠦᠨ ᠨᠠᠷᠢᠨ ᠵᠦᠢᠯᠡᠰ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭ᠍ᠴᠢ᠎ᠶᠢᠨ ᠮᠡᠳᠡᠭᠡ ᠵᠠᠩᠭᠢ᠎ᠶᠢ ᠬᠠᠮᠤᠷᠤᠭᠰᠠᠨ ᠣᠯᠠᠨ ᠬᠡᠮᠵᠢᠯᠲᠦ ᠳ᠋ᠠᠢᠲ᠋ᠠ ᠶᠢᠨ ᠴᠤᠭᠯᠠᠷᠠᠯ᠎ᠢ ᠪᠦᠷᠢᠯᠳᠦᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠡᠬᠢ ᠪᠠᠶᠠᠯᠢᠭ᠋᠎ᠤᠨ ᠲᠡᠮᠳᠡᠭᠯᠡᠯ᠎ᠦᠨ ᠪᠦᠷᠢᠨ ᠪᠦᠲᠦᠨ ᠴᠢᠨᠠᠷ ᠪᠠ ᠦᠨᠡᠨ ᠪᠣᠳᠠᠲᠤ ᠴᠢᠨᠠᠷ᠎ᠢ ᠦᠨᠡᠨ ᠬᠦ᠌ ᠪᠠᠲᠤᠯᠠᠨ᠎ᠠ᠃ ᠬᠣᠶᠠᠷ᠎ᠲᠤ᠂ ᠮᠡᠳᠡᠯᠭᠡ᠎ᠶᠢᠨ ᠵᠢᠷᠤᠭ᠎ᠤᠨ ᠵᠢᠭ᠍ᠰᠠᠯᠢ ᠪᠠᠶ᠋ᠢᠭᠤᠯᠬᠤ ᠲᠥᠯᠥᠪᠯᠡᠭᠡ᠎ᠶᠢ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠠᠭᠤᠯᠤᠭᠳᠠᠬᠤᠨ᠎ᠤ ᠣᠶᠤᠨᠴᠢ ᠵᠠᠳᠠᠯᠤᠯᠲᠠ᠎ᠶᠢ ᠭᠦᠨᠵᠡᠭᠡᠢᠷᠡᠭᠦᠯᠦᠨ᠎ᠡ᠃ ᠪᠣᠳᠠᠰ᠎ᠤᠨ ᠪᠤᠰᠤ ᠰᠣᠶᠣᠯ᠎ᠤᠨ ᠦᠪ ᠤᠨ ᠬᠠᠮᠢᠶ᠎ᠠ ᠪᠦᠬᠦᠢ ᠰᠤᠷᠪᠤᠯᠵᠢ ᠪᠢᠴᠢᠭ᠂ ᠠᠮᠠᠨ ᠶᠠᠷᠢᠶᠠᠨ᠎ᠤ ᠲᠡᠦᠬᠡ ᠵᠡᠷᠭᠡ ᠪᠢᠴᠢᠭ ᠮᠠᠲᠧᠷᠢᠶᠠᠯ᠎ᠢ ᠵᠠᠳᠠᠯᠵᠦ᠂ ᠬᠥᠮᠥᠨ᠂ ᠤᠷ᠎ᠠ ᠮᠡᠷᠭᠡᠵᠢᠯ᠂ ᠭᠠᠵᠠᠷ ᠣᠷᠣᠨ ᠵᠡᠷᠭᠡ ᠪᠣᠳᠠᠲᠤ ᠴᠣᠭᠴᠠ᠎ᠶᠢᠨ ᠬᠠᠷᠢᠴᠠᠭ᠎ᠠ᠎ᠶᠢ ᠲᠤᠳᠤᠯᠠᠨ᠎ᠠ᠃ ᠬᠠᠷᠠᠭᠠᠨ ᠰᠡᠷᠡᠯ᠎ᠦᠨ ᠮᠡᠷᠭᠡᠵᠢᠯ᠎ᠢᠶᠡᠷ ᠤᠷ᠎ᠠ ᠮᠡᠷᠭᠡᠰᠢᠯ᠎ᠦᠨ ᠵᠢᠷᠤᠭ ᠳᠦᠷᠰᠦ᠎ᠳᠡᠬᠢ ᠪᠠᠭᠠᠵᠢ᠂ ᠮᠠᠲᠧᠷᠢᠶᠠᠯ᠂ ᠠᠵᠢᠯ᠎ᠤᠨ ᠳᠠᠷᠠᠭᠠᠯᠠᠯ ᠵᠡᠷᠭᠡ ᠬᠦᠴᠦᠨ ᠵᠦᠢᠯ᠎ᠢ ᠢᠯᠭᠠᠨ ᠲᠠᠨᠢᠵᠤ᠂ ᠤᠷ᠎ᠠ ᠮᠡᠷᠭᠡᠰᠢᠯ᠎ᠦᠨ ᠣᠨᠴᠠᠯᠢᠭ᠋᠎ᠤᠨ ᠳ᠋ᠠᠢᠲ᠋ᠠ ᠬᠥᠮᠥᠷᠭᠡ᠎ᠶᠢ ᠪᠠᠢᠭᠤᠯᠤᠨ᠎ᠠ᠃ ᠵᠦᠢᠴᠢᠯᠡᠵᠦ ᠪᠣᠯᠬᠤ᠂ ᠬᠣᠯᠪᠣᠭᠳᠠᠭᠤᠯᠵᠤ ᠪᠣᠯᠬᠤ ᠪᠣᠳᠠᠰ᠎ᠤᠨ ᠪᠤᠰᠤ ᠮᠡᠳᠡᠯᠭᠡ᠎ᠶᠢᠨ ᠲᠣᠣᠷ ᠰᠦᠯᠵᠢᠶ᠎ᠡ᠎ᠶᠢ ᠪᠦᠷᠢᠯᠳᠦᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠰᠤᠳᠤᠯᠭᠠᠨ᠂ ᠰᠤᠷᠭᠠᠨ ᠬᠥᠮᠦᠵᠢᠯ᠂ ᠳᠠᠮᠵᠢᠭᠤᠯᠭ᠎ᠠ᠎ᠳᠤ ᠨᠠᠷᠢᠨ ᠪᠦᠲᠦᠴᠡᠲᠦ ᠮᠡᠳᠡᠯᠭᠡ᠎ᠶᠢᠨ ᠲᠤᠯᠭᠠᠭᠤᠷᠢᠯᠠᠯ ᠬᠠᠩᠭᠠᠨ᠎ᠠ᠃ ᠭᠤᠷᠪᠠ᠎ᠳᠤ᠂ ᠬᠥᠳᠡᠯᠦᠩᠭᠦᠢ᠎ᠪᠡᠷ ᠤᠯᠠᠮᠵᠢᠯᠠᠨ ᠵᠠᠯᠭᠠᠮᠵᠢᠯᠠᠵᠤ ᠰᠢᠨᠡᠳᠬᠡᠬᠦ ᠲᠣᠭᠲᠠᠴᠠ᠎ᠶᠢ ᠪᠠᠢᠭᠤᠯᠵᠤ᠂ ᠳ᠋ᠠᠢᠲ᠋ᠠ ᠵᠢᠨ ᠡᠬᠢ ᠪᠠᠶᠠᠯᠢᠭ᠋᠎ᠤᠨ 《ᠠᠮᠢᠳᠤᠯᠢᠭ᠋》 ᠪᠠᠢᠬᠤ᠎ᠶᠢ ᠪᠠᠲᠤᠯᠠᠨ᠎ᠠ᠃ 《ᠪᠣᠳᠠᠰ᠎ᠤᠨ ᠪᠤᠰᠤ ᠰᠣᠶᠣᠯ᠎ᠤᠨ ᠦᠪ᠎ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭ᠍ᠴᠢ — ᠬᠠᠮᠠᠭᠠᠯᠠᠬᠤ ᠪᠠᠢᠭᠤᠯᠤᠮᠵᠢ — ᠮᠡᠷᠭᠡᠵᠢᠯ᠎ᠦᠨ ᠲᠠᠪᠴᠠᠩ》᠎ᠤ᠋ᠨ ᠬᠠᠮᠵᠢᠯᠴᠠᠬᠤ ᠬᠡᠯᠪᠡᠷᠢ ᠵᠢᠨ ᠳ᠋ᠡᠢᠲ᠋ᠠ᠎ᠶᠢ ᠰᠢᠨᠡᠳᠬᠡᠬᠦ ᠰᠦᠯᠵᠢᠶ᠎ᠡ᠎ᠶᠢ ᠪᠠᠢᠭᠤᠯᠵᠤ᠂ ᠣᠶᠤᠨᠴᠢ ᠬᠡᠷᠡᠭᠯᠡᠭᠡᠨ᠎ᠦ ᠲᠥᠬᠦᠭᠡᠷᠦᠮᠵᠢ᠎ᠶᠢ ᠠᠰᠢᠭ᠍ᠯᠠᠨ᠂ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ᠂ ᠤᠷ᠎ᠠ ᠮᠡᠷᠭᠡᠵᠢᠯ᠎ᠦᠨ ᠰᠢᠨ᠎ᠡ᠎ᠶᠢ ᠡᠭᠦᠳᠬᠦ ᠵᠡᠷᠭᠡ ᠬᠥᠳᠡᠯᠦᠩᠭᠦᠢ ᠲᠣᠭ᠎ᠠ ᠪᠠᠷᠢᠮᠲᠠ᠎ᠶᠢ ᠴᠠᠭ ᠲᠤᠬᠠᠢ ᠳ᠋ᠤᠨᠢ ᠴᠤᠭᠯᠠᠭᠤᠯᠤᠨ᠎ᠠ᠃ 《ᠴᠤᠭᠯᠠᠭᠤᠯᠬᠤ ᠰᠢᠢᠳᠪᠦᠷᠢᠯᠡᠬᠦ ᠬᠢᠨᠠᠨ ᠬᠠᠷᠭᠤᠭᠤᠯᠬᠤ ᠬᠥᠮᠥᠷᠭᠡ᠎ᠳᠦ ᠣᠷᠣᠭᠤᠯᠬᠤ》 ᠪᠢᠲᠡᠭᠦᠦ ᠴᠠᠭᠠᠷᠢᠭ᠋᠎ᠤᠨ ᠠᠵᠢᠯ᠎ᠤᠨ ᠴᠤᠪᠤᠷᠠᠯ᠎ᠢ ᠪᠣᠶ ᠪᠣᠯᠭᠠᠵᠤ᠂ ᠪᠣᠳᠠᠰ᠎ᠤᠨ ᠪᠤᠰᠤ ᠰᠤᠶᠤᠯᠤᠨᠳ᠋ᠠᠢᠲ᠋ᠠ ᠵᠢᠨ ᠡᠬᠢ ᠪᠠᠶᠠᠯᠢᠭ᠋᠎ᠤᠨ ᠴᠠᠭ᠍ᠴᠢ ᠴᠢᠨᠠᠷ ᠪᠠ ᠰᠢᠨ᠎ᠡ ᠰᠣᠷᠭᠣᠭ ᠢᠳᠡᠪᠬᠢ ᠴᠢᠨᠠᠷ᠎ᠢ ᠦᠨᠡᠨ ᠬᠦ᠌ ᠪᠠᠲᠤᠯᠠᠨ᠎ᠠ᠃
ᠪᠡᠶᠡᠴᠢᠯᠡᠨ ᠤᠢᠯᠭᠠᠬᠤ ᠳᠠᠮᠵᠢᠭᠤᠯᠭ᠎ᠠ᠎ᠶᠢᠨ ᠵᠢᠭ᠍ᠰᠠᠭᠠᠯ᠎ᠢ ᠪᠠᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠬᠦᠷᠲᠡᠭᠡᠮᠵᠢ ᠵᠢᠨ ᠭᠦᠨᠴᠡ᠎ᠶᠢ ᠥᠷᠭᠡᠳᠬᠡᠨ᠎ᠡ᠃ ᠪᠣᠳᠠᠰ᠎ᠤᠨ ᠪᠤᠰᠤ ᠰᠣᠶᠣᠯ᠎ᠤᠨ ᠣᠳᠣ᠌ ᠦᠶ᠎ᠡ᠎ᠶᠢᠨ ᠦᠨ᠎ᠡ ᠥᠷᠲᠡᠭ ᠨᠢ ᠲᠡᠭᠦᠨ᠎ᠦ ᠨᠡᠢᠭᠡᠮ᠎ᠦᠨ ᠠᠮᠢᠳᠤᠷᠠᠯ᠎ᠲᠠᠢ ᠭᠦᠨ ᠵᠤᠯᠭᠠᠯᠴᠠᠬᠤ᠎ᠳᠤ ᠪᠠᠢᠨ᠎ᠠ᠃ ᠵᠣᠬᠢᠶᠠᠮᠠᠯ ᠤᠶᠤᠨ ᠴᠢᠳᠠᠪᠤᠷᠢ᠎ᠪᠠᠷ ᠬᠥᠳᠡᠯᠭᠡᠭᠦᠷ ᠪᠣᠯᠭᠠᠭᠰᠠᠨ ᠪᠡᠶᠡᠴᠢᠯᠡᠨ ᠤᠢᠯᠭᠠᠬᠤ ᠳᠠᠮᠵᠢᠭᠤᠯᠭ᠎ᠠ ᠨᠢ ᠴᠠᠭ ᠵᠠᠢ᠎ᠶᠢᠨ ᠬᠠᠯᠬᠠᠪᠴᠢ᠎ᠶᠢ ᠳᠠᠪᠠᠵᠤ᠂ ᠲᠣᠭᠲᠠᠩᠭᠤᠢ ᠰᠣᠶᠣᠯ᠎ᠤᠨ ᠥᠪ᠎ᠢ ᠮᠡᠳᠡᠷᠡᠭᠦᠰᠢᠲᠡᠢ᠂ ᠮᠡᠳᠡᠵᠤ ᠪᠣᠯᠬᠤᠢᠴᠠ᠂ ᠣᠷᠣᠯᠴᠠᠵᠤ ᠪᠣᠯᠬᠤᠢᠴᠠ ᠰᠢᠨ᠎ᠡ ᠰᠣᠷᠭᠣᠭ ᠪᠡᠶᠡᠴᠢ ᠣᠢᠯᠠᠭᠠᠯᠲᠠ ᠪᠣᠯᠭᠠᠨ ᠬᠤᠪᠢᠷᠠᠭᠤᠯᠵᠤ᠂ ᠨᠡᠩ ᠥᠷᠭᠡᠨ ᠠᠭᠤᠳᠠᠮ ᠲᠠᠯᠠᠪᠤᠷ᠎ᠲᠤ ᠰᠣᠶᠣᠯ᠎ᠤᠨ ᠮᠡᠳᠡᠷᠡᠮᠵᠢ ᠪᠣᠯᠣᠨ ᠰᠡᠳᠬᠢᠯᠭᠡ᠎ᠶᠢ ᠬᠥᠭᠵᠢᠭᠡᠵᠦ ᠴᠢᠳᠠᠨ᠎ᠠ᠃ ᠨᠢᠭᠡ᠎ᠳᠦ᠂ ᠬᠡᠢᠰᠪᠦᠷᠢ ᠦᠵᠡᠭᠦᠯᠭᠡ᠎ᠶᠢᠨ ᠣᠷᠣᠨ ᠵᠠᠢ᠎ᠶᠢ ᠪᠠᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠢᠯᠡᠷᠡᠬᠦ ᠬᠡᠯᠪᠡᠷᠢ ᠪᠠᠢᠳᠠᠯ᠎ᠢ ᠰᠢᠨ᠎ᠡ᠎ᠪᠡᠷ ᠡᠭᠦᠳᠦᠨ᠎ᠡ᠃ ᠬᠡᠢᠰᠪᠦᠷᠢ ᠪᠣᠳᠠᠲᠤ ᠪᠠᠢᠳᠠᠯ ᠵᠡᠷᠭᠡ ᠮᠡᠷᠭᠡᠵᠢᠯ᠎ᠢ ᠠᠰᠢᠭ᠍ᠯᠠᠨ ᠬᠡᠷᠡᠭᠯᠡᠵᠦ᠂ 《ᠪᠣᠳᠠᠰ᠎ᠤᠨ ᠪᠤᠰᠤ ᠰᠣᠶᠣᠯ᠎ᠤᠨ ᠥᠪ᠎ᠦᠨ ᠡᠭᠦᠯᠡᠨ ᠣᠷᠳᠣᠨ》᠂ 《ᠲᠣᠭᠠᠴᠢᠯᠠᠭᠰᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠠᠶᠠᠷ》 ᠵᠡᠷᠭᠡ ᠬᠡᠢᠰᠪᠦᠷᠢ ᠦᠵᠡᠭᠦᠯᠭᠡ᠎ᠶᠢᠨ ᠲᠠᠪᠴᠠᠩ᠎ᠢ ᠪᠠᠢᠭᠤᠯᠤᠨ᠎ᠠ᠃ ᠭᠤᠷᠪᠠᠨ ᠬᠡᠮᠵᠢᠯᠲᠦ ᠵᠠᠭᠪᠤᠷ ᠪᠠᠶ᠋ᠢᠭᠤᠯᠬᠤ ᠪᠠ ᠲᠤᠬᠠᠢ ᠴᠠᠭ ᠳᠤᠨᠢ ᠱᠠᠭᠯᠡᠨ ᠳᠦᠷᠰᠦᠯᠡᠬᠦ ᠮᠡᠷᠭᠡᠵᠢᠯ ᠵᠢᠡᠷ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠢᠯ᠎ᠦᠨ ᠤᠤᠭᠠᠯ ᠲᠦᠷᠰᠦ᠎ᠵᠢ ᠰᠡᠷᠭᠦᠭᠡᠵᠦ᠂ ᠭᠥᠯᠢᠶᠡᠨ ᠠᠪᠤᠭ᠍ᠴᠢᠳᠢ ᠬᠡᠢᠰᠪᠦᠷᠢ ᠣᠷᠣᠨ ᠵᠠᠢ᠎ᠳᠤ ᠠᠭᠤᠰᠬᠠᠨ᠂ ᠤᠯᠠᠮᠵᠢᠯᠠᠯᠲᠤ ᠵᠠᠩ ᠦᠶ᠋ᠯᠡ᠎ᠶᠢ ᠪᠡᠶᠡᠴᠢᠯᠡᠨ ᠣᠢᠯᠠᠭᠠᠭᠤᠯᠵᠤ᠂ 《ᠲᠣᠭᠲᠠᠩᠭᠤᠢ》 ᠡᠴᠠ 《ᠬᠥᠳᠡᠯᠦᠩᠭᠦᠢ᠎ᠪᠡᠷ ᠣᠷᠣᠯᠴᠠᠬᠤ》 ᠳᠠᠢᠰᠢ ᠬᠤᠪᠢᠷᠠᠭᠤᠯᠬᠤ᠎ᠶᠢ ᠪᠡᠶᠡᠯᠡᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠳᠠᠮᠵᠢᠭᠤᠯᠭ᠎ᠠ᠎ᠶᠢᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ᠎ᠢ ᠴᠢᠩᠭᠠᠷᠠᠭᠤᠯᠤᠨ᠎ᠠ᠃ ᠬᠣᠶᠠᠷ᠎ᠲᠤ᠂ ᠣᠶᠤᠨᠴᠢ ᠳᠠᠮᠵᠢᠭᠤᠯᠭ᠎ᠠ᠎ᠶᠢᠨ ᠦᠵᠦᠭᠦᠷᠯᠢᠭ᠎ᠢ ᠨᠡᠭᠡᠭᠡᠨ ᠬᠥᠭᠵᠢᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠦᠷᠲᠡᠭᠡᠬᠦ ᠠᠷᠭ᠎ᠠ ᠵᠠᠮ᠎ᠢ ᠥᠷᠭᠡᠳᠬᠡᠨ᠎ᠡ᠃ ᠠᠳᠠᠯᠢ ᠪᠤᠰᠤ ᠬᠦᠯᠢᠶᠡᠨ ᠠᠪᠤᠭ᠍ᠴᠢᠳ᠎ᠤᠨ ᠵᠠᠭᠤᠴᠢᠯᠠᠭᠤᠷ᠎ᠢ ᠬᠡᠷᠡᠭᠯᠡᠬᠦ ᠳᠠᠳᠬᠠᠯ᠎ᠳᠤ ᠬᠠᠨᠳᠤᠭᠤᠯᠵᠤ᠂ ᠲᠣᠬᠢᠷᠠᠮᠵᠢᠲᠠᠢ ᠣᠯᠠᠨ ᠲᠠᠯᠠᠪᠤᠷ ᠲᠤ᠌ ᠵᠤᠬᠢᠴᠠᠬᠤ ᠣᠶᠤᠨᠴᠢ ᠳᠠᠮᠵᠢᠭᠤᠯᠭ᠎ᠠ᠎ᠶᠢᠨ ᠦᠵᠦᠭᠦᠷᠯᠢᠭ᠎ᠢ ᠨᠡᠭᠡᠭᠡᠨ ᠬᠥᠭᠵᠢᠭᠦᠯᠦᠨ᠎ᠡ᠃ ᠰᠢᠯᠵᠢᠶ᠎ᠡ᠎ᠳᠦ ᠪᠣᠳᠠᠰ᠎ᠤᠨ ᠪᠤᠰᠤ ᠰᠣᠶᠣᠯ᠎ᠤᠨ ᠥᠪ᠎ᠦᠨ ᠣᠶᠤᠨᠴᠢ ᠲᠤᠰᠠᠯᠠᠭ᠍ᠴᠢ ᠭᠠᠷᠭᠠᠵᠤ᠂ ᠬᠦᠮᠦᠨ ᠮᠠᠰᠢᠨ᠎ᠤ ᠤᠶᠤᠨᠴᠢ ᠨᠡᠪᠳᠡᠷᠡᠯᠴᠡᠭᠡ᠂ ᠥᠪᠡᠷᠮᠢᠴᠡᠯᠡᠨ ᠲᠠᠨᠢᠯᠴᠠᠭᠤᠯᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠬᠡᠷᠡᠭᠯᠡᠭᠴᠢᠳ᠎ᠲᠦ ᠪᠣᠳᠠᠰ᠎ᠤᠨ ᠪᠤᠰᠤ ᠰᠣᠶᠣᠯ᠎ᠤᠨ ᠥᠪ᠎ᠦᠨ ᠮᠡᠳᠡᠯᠭᠡ᠎ᠶᠢ ᠯᠠᠪᠯᠠᠨ ᠦᠢᠯᠡᠭᠠᠬᠤ᠂ ᠤᠷ᠎ᠠ ᠮᠡᠷᠭᠡᠵᠢᠯ᠎ᠢ ᠪᠡᠶᠡᠴᠢᠯᠡᠨ ᠣᠢᠯᠠᠭᠠᠬᠤ ᠵᠡᠷᠭᠡ ᠦᠢᠯᠡᠴᠢᠯᠡᠭᠡ ᠬᠠᠩᠭᠠᠨ᠎ᠠ; ᠣᠯᠠᠨ ᠨᠡᠶ᠋ᠢᠲᠡ᠎ᠶᠢᠨ ᠲᠠᠯᠠᠪᠤᠷ᠎ᠲᠤ ᠤᠶᠤᠨᠲᠦ ᠵᠠᠮᠴᠢᠯᠠᠬᠤ ᠲᠥᠬᠦᠭᠡᠷᠦᠮᠵᠢ᠎ᠶᠢ ᠪᠠᠢᠷᠢᠯᠠᠭᠤᠯᠵᠤ᠂ ᠣᠷᠣᠨ ᠪᠠᠢᠷᠢ᠎ᠶᠢᠨ ᠦᠢᠯᠡᠴᠢᠯᠡᠭᠡ ᠪᠠ ᠵᠢᠷᠤᠭ ᠳᠦᠷᠰᠦ᠎ᠶᠢ ᠢᠯᠭᠠᠨ ᠲᠠᠨᠢᠬᠤ ᠮᠡᠷᠭᠡᠵᠢᠯ᠎ᠲᠠᠢ ᠤᠶᠠᠯᠳᠤᠭᠤᠯᠤᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠠᠭᠤᠯᠭ᠎ᠠ᠎ᠶᠢ ᠠᠬᠤᠢᠵᠢᠭᠤᠯᠤᠨ ᠳᠠᠮᠵᠢᠭᠤᠯᠬᠤ᠎ᠶᠢ ᠪᠡᠶᠡᠯᠡᠭᠦᠯᠦᠨ᠎ᠡ᠃ ᠭᠤᠷᠪᠠ᠎ᠳᠤ᠂ ᠲᠣᠭᠠᠴᠢᠯᠠᠭᠰᠠᠨ ᠠᠭᠤᠯᠭ᠎ᠠ ᠬᠡᠯᠪᠡᠷᠢ᠎ᠵᠢᠨ ᠰᠢᠨ᠎ᠡ᠎ᠶᠢ ᠡᠭᠦᠳᠴᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠳᠠᠮᠵᠢᠭᠤᠯᠭ᠎ᠠ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃ ᠡᠭᠦᠰᠦᠮᠡᠯ ᠮᠠᠶᠢᠭ᠋᠎ᠤᠨ ᠵᠣᠬᠢᠶᠠᠮᠠᠯ ᠣᠶᠤᠨᠴᠢ ᠮᠡᠷᠭᠡᠵᠢᠯ᠎ᠢ ᠬᠡᠷᠡᠭᠯᠡᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠣᠣᠯ ᠰᠡᠳᠦᠪᠲᠦ ᠲᠣᠭᠠᠴᠢᠯᠠᠭᠰᠠᠨ ᠰᠣᠶᠣᠯ᠎ᠤᠨ ᠡᠭᠦᠳᠦᠯᠲᠡ᠎ᠶᠢᠨ ᠦᠢᠯᠡᠳᠬᠦᠨ᠎ᠢ ᠨᠡᠭᠡᠭᠡᠨ ᠬᠥᠭᠵᠢᠭᠦᠯᠦᠨ᠎ᠡ᠃ ᠲᠣᠭᠠᠴᠢᠯᠠᠬᠰᠠᠨ ᠠᠭᠤᠯᠭ᠎ᠠ᠎ᠶᠢᠨ ᠬᠠᠮᠲᠤ᠎ᠪᠠᠷ ᠡᠭᠦᠳᠬᠦ ᠲᠣᠭᠲᠠᠴᠠ᠎ᠶᠢ ᠪᠠᠢᠭᠤᠯᠵᠤ᠂ ᠣᠯᠠᠨ ᠨᠡᠶ᠋ᠢᠲᠡ ᠪᠡᠷ ᠵᠢᠡᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠠᠭᠤᠯᠭ᠎ᠠ᠎ᠶᠢᠨ ᠵᠣᠬᠢᠶᠠᠨ ᠪᠦᠲᠦᠭᠡᠯᠭᠡ᠎ᠳᠦ ᠣᠷᠣᠯᠴᠠᠬᠤ᠎ᠶᠢ ᠵᠣᠷᠢᠭ᠍ᠵᠢᠭᠤᠯᠤᠨ᠂ 《ᠲᠤᠰᠬᠠᠢ ᠮᠡᠷᠭᠡᠵᠢᠯ᠎ᠦᠨ ᠵᠣᠬᠢᠶᠠᠨ ᠪᠦᠲᠦᠭᠡᠯᠭᠡ + ᠣᠯᠠᠨ᠎ᠢᠶᠠᠷ᠎ᠢᠶᠠᠨ ᠬᠠᠮᠲᠤ᠎ᠪᠠᠷ ᠡᠭᠦᠳᠬᠦ》 ᠰᠠᠢᠨ ᠰᠠᠢᠬᠠᠨ ᠠᠮᠢ ᠠᠬᠤᠢ᠎ᠶᠢ ᠪᠣᠶ ᠪᠣᠯᠭᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠳᠡᠯᠭᠡᠷᠡᠭᠦᠯᠬᠦ ᠠᠵᠢᠯ᠎ᠳᠦ ᠨᠠᠩ ᠶᠡᠬᠡ ᠴᠠᠭ ᠦᠶ᠎ᠡ᠎ᠶᠢᠨ ᠲᠥᠷᠥᠭᠳᠡᠯ ᠪᠠ ᠠᠮᠢᠵᠢᠷᠠᠯ᠎ᠤᠨ ᠬᠦᠴᠦᠨᠤᠯᠭᠤᠨᠠ᠃
ᠣᠶᠤᠨᠴᠢ ᠤᠯᠠᠮᠵᠢᠯᠠᠨ ᠵᠠᠯᠭᠠᠮᠵᠢᠯᠠᠬᠤ ᠲᠣᠭᠲᠠᠴᠠ᠎ᠶᠢ ᠪᠦᠷᠢᠨᠰᠢᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠳᠣᠲᠣᠭᠠᠳᠤ ᠬᠥᠳᠡᠯᠭᠡᠬᠦ ᠬᠦᠴᠦᠨ᠎ᠢ ᠬᠥᠭᠵᠢᠭᠡᠨ᠎ᠡ᠃ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ ᠤᠯᠠᠮᠵᠢᠯᠠᠯ᠎ᠤᠨ ᠭᠣᠣᠯᠳᠠᠯᠭ᠎ᠠ ᠨᠢ ᠬᠥᠮᠥᠨ᠎ᠦ ᠬᠥᠮᠥᠵᠢᠯ ᠪᠠ ᠤᠷ᠎ᠠ ᠮᠡᠷᠭᠡᠵᠢᠯ᠎ᠦᠨ ᠦᠷᠭᠦᠯᠵᠢᠯᠡᠯ ᠪᠣᠯᠣᠨ᠎ᠠ᠃ ᠵᠣᠬᠢᠶᠠᠮᠠᠯ ᠤᠶᠤᠨ ᠴᠢᠳᠠᠪᠤᠷᠢ ᠨᠢ ᠤᠯᠠᠮᠵᠢᠯᠠᠨ ᠵᠠᠯᠭᠠᠮᠵᠢᠯᠠᠭ᠍ᠴᠢ᠎ᠶᠢ ᠣᠷᠣᠯᠠᠬᠤ ᠪᠢᠰᠢ᠂ ᠬᠠᠷᠢᠨ ᠬᠥᠮᠥᠨ ᠮᠠᠰᠢᠨ ᠬᠠᠮᠵᠢᠯᠴᠠᠭᠰᠠᠨ ᠰᠢᠨ᠎ᠡ ᠬᠡᠯᠪᠡᠷᠢ᠎ᠶᠢᠨ ᠤᠯᠠᠮᠵᠢᠯᠠᠨ ᠵᠠᠯᠭᠠᠮᠵᠢᠯᠠᠬᠤ ᠬᠡᠪ ᠵᠠᠭᠪᠤᠷ᠎ᠢ ᠪᠠᠶ᠋ᠢᠭᠤᠯᠬᠤ᠎ᠪᠠᠷ ᠳᠠᠮᠵᠢᠭᠤᠯᠤᠨ᠂ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭᠠᠯᠠᠯᠲᠠ ᠤᠯᠠᠮᠵᠢᠯᠠᠨ ᠵᠠᠯᠭᠠᠮᠵᠢᠯᠠᠯᠳᠠᠳᠤ ᠠᠮᠢᠵᠢᠷᠠᠯ᠎ᠤᠨ ᠬᠦᠴᠦᠨ ᠨᠡᠮᠡᠷᠢᠯᠡᠬᠦ ᠪᠣᠯᠣᠨ᠎ᠠ᠃ ᠨᠢᠭᠡ᠎ᠳᠦ᠂ ᠲᠣᠭᠠᠴᠢᠯᠠᠬᠰᠠᠨ ᠤᠶᠤᠨᠴᠢᠯᠠᠬᠰᠠᠨ ᠵᠢᠭᠠᠨ ᠰᠤᠷᠭᠠᠯᠲᠠ᠎ᠳᠤ ᠡᠨ᠋ᠸᠷᠭᠢ ᠣᠯᠭᠣᠵᠤ᠂ ᠤᠷ᠎ᠠ ᠮᠡᠷᠭᠡᠵᠢᠯ᠎ᠦᠨ ᠤᠯᠠᠮᠵᠢᠯᠠᠯ᠎ᠢ ᠥᠨᠳᠥᠷ ᠪᠦᠲᠦᠮᠵᠢᠲᠡᠢ᠎ᠪᠡᠷ ᠲᠦᠭᠡᠮᠡᠯᠵᠢᠭᠦᠯᠦᠨ᠎ᠡ᠃ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠣᠭᠠᠴᠢᠯᠠᠬᠰᠠᠨ ᠤᠶᠤᠨᠴᠢᠯᠠᠬᠰᠠᠨ ᠵᠢᠭᠠᠨ ᠰᠤᠷᠭᠠᠯᠲᠠ᠎ᠶᠢᠨ ᠰᠢᠰᠲᠧᠮ᠎ᠢ ᠨᠡᠭᠡᠭᠡᠨ ᠬᠥᠭᠵᠢᠭᠦᠯᠵᠦ᠂ ᠺᠣᠮᠫᠢᠦ᠋ᠲᠧᠷ᠎ᠦᠨ ᠬᠠᠷᠠᠭᠠᠨ ᠰᠡᠷᠡᠯ᠂ ᠦᠢᠯᠡ ᠬᠥᠳᠡᠯᠦᠯ᠎ᠢ ᠮᠡᠳᠡᠷᠡᠨ ᠤᠯᠬᠤ ᠮᠡᠷᠭᠡᠵᠢᠯ᠎ᠳᠦ ᠲᠦᠰᠢᠭᠯᠡᠨ ᠪᠤᠳᠤᠯᠢᠶᠠᠨᠲᠠᠢ ᠤᠷ᠎ᠠ ᠮᠡᠷᠭᠡᠵᠢᠯ᠎ᠦᠨ ᠶᠠᠪᠤᠴᠠ᠎ᠶᠢ ᠪᠠᠷᠢᠮᠵᠢᠶᠠᠵᠢᠭ᠍ᠰᠠᠨ᠂ ᠦᠵᠡᠭᠳᠡᠬᠦᠢᠴᠡ ᠵᠢᠭᠠᠨ ᠰᠤᠷᠭᠠᠯᠲᠠ᠎ᠶᠢᠨ ᠬᠡᠰᠡᠭ ᠪᠣᠯᠭᠠᠵᠤ᠂ ᠬᠤᠷᠠᠮᠠᠯ ᠬᠥᠳᠡᠯᠦᠩᠭᠦᠢ ᠦᠵᠡᠭᠦᠯᠭᠡ᠂ ᠠᠯᠬᠤᠮ ᠬᠤᠪᠢᠶᠠᠨ ᠵᠠᠳᠠᠯᠬᠤ᠂ ᠠᠯᠳᠠᠭ᠎ᠠ᠎ᠶᠢ ᠵᠠᠯᠠᠷᠠᠭᠤᠯᠬᠤ ᠬᠠᠷᠢᠭᠤ ᠲᠤᠰᠬᠠᠯ ᠵᠡᠷᠭᠡ ᠴᠢᠳᠠᠮᠵᠢ᠎ᠶᠢ ᠠᠰᠢᠭ᠍ᠯᠠᠨ᠂ ᠦᠩᠭᠡᠷᠡᠭᠰᠡᠨ᠎ᠤ ᠪᠠᠭ᠍ᠰᠢ ᠡᠴᠡ ᠱᠠᠪᠢ ᠳ᠋ᠤ᠌ ᠤᠯᠠᠮᠵᠢᠯᠠᠬᠤ ᠬᠡᠯᠪᠡᠷᠢ ᠵᠢᠨ ᠴᠠᠭ ᠣᠷᠣᠨ ᠵᠠᠢ᠎ᠶᠢᠨ ᠬᠢᠵᠠᠭᠠᠷᠯᠠᠯ᠎ᠢ ᠡᠪᠳᠡᠨ᠎ᠡ᠃ ᠰᠦᠯᠵᠢᠶ᠎ᠡ ᠪᠠ ᠪᠤᠲᠠᠲᠤ ᠴᠤᠭᠴᠡ᠎ᠶᠢ ᠠᠭᠤᠰᠤᠯᠴᠠᠭᠤᠯᠤᠭᠰᠠᠨ ᠣᠶᠤᠨᠴᠢ ᠤᠯᠠᠮᠵᠢᠯᠠᠨ ᠵᠠᠯᠭᠠᠮᠵᠢᠯᠠᠬᠤ ᠲᠠᠪᠴᠠᠩ᠎ᠢ ᠪᠠᠢᠭᠤᠯᠵᠤ᠂ ᠰᠤᠷᠤᠯᠴᠠᠭᠰᠠᠳ᠎ᠲᠤ ᠴᠠᠭ ᠢᠮᠠᠭᠲᠠ ᠭᠠᠵᠠᠷ ᠣᠷᠣᠨ᠎ᠳᠠᠭᠠᠨ᠂ ᠳᠠᠬᠢᠨ ᠳᠠᠪᠲᠠᠨ ᠰᠤᠷᠤᠯᠴᠠᠬᠤ ᠲᠣᠭᠠᠴᠢᠯᠠᠭᠰᠠᠨ ᠤᠯᠠᠮᠵᠢᠯᠠᠨ ᠵᠠᠯᠭᠠᠮᠵᠢᠯᠠᠬᠤ ᠠᠷᠭ᠎ᠠ ᠵᠠᠮ ᠬᠠᠩᠭᠠᠵᠤ᠂ ᠤᠷ᠎ᠠ ᠮᠡᠷᠭᠡᠵᠢᠯ ᠰᠤᠷᠤᠯᠴᠠᠬᠤ ᠪᠠᠷᠢᠮᠵᠢᠶ᠎ᠠ᠎ᠶᠢ ᠳᠣᠷᠣᠭᠰᠢᠯᠠᠭᠤᠯᠤᠨ᠂ ᠤᠯᠠᠮᠵᠢᠯᠠᠨ ᠵᠠᠯᠭᠠᠮᠵᠢᠯᠠᠬᠤ᠎ᠶᠢᠨ ᠬᠠᠮᠤᠷᠬᠤ ᠬᠡᠪᠴᠢᠶ᠎ᠡ᠎ᠶᠢ ᠥᠷᠭᠡᠳᠬᠡᠵᠦ᠂ ᠤᠯᠠᠮᠵᠢᠯᠠᠨ ᠵᠠᠯᠭᠠᠮᠵᠢᠯᠠᠬᠤ ᠦᠷ᠎ᠡ ᠪᠦᠲᠦᠮᠵᠢ ᠪᠠ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠬᠣᠶᠠᠷ᠎ᠲᠤ᠂ ᠵᠣᠬᠢᠶᠠᠨ ᠪᠦᠲᠦᠭᠡᠬᠦ ᠪᠠ ᠰᠢᠨ᠎ᠡ᠎ᠶᠢ ᠡᠭᠦᠳᠬᠦ᠎ᠶᠢ ᠬᠠᠪᠰᠤᠷᠭᠠᠨ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠦᠲᠦᠭᠡᠯᠴᠢ᠎ᠪᠡᠷ ᠤᠨᠳᠤᠤᠰᠢᠭᠤᠯᠤᠨ ᠰᠢᠨ᠎ᠡ᠎ᠶᠢ ᠡᠭᠦᠳᠴᠦ ᠬᠥᠭᠵᠢᠬᠦ᠎ᠶᠢ ᠠᠬᠢᠭᠤᠯᠤᠨ᠎ᠠ᠃ ᠣᠶᠤᠨᠲᠤ ᠵᠢᠷᠤᠭ ᠲᠥᠯᠥᠪᠯᠡᠭᠡ᠂ ᠬᠡᠪ ᠨᠠᠮᠪᠠ᠎ᠶᠢ ᠨᠡᠭᠦᠯᠭᠡᠬᠦ᠂ ᠣᠶᠤᠨᠲᠤ ᠪᠦᠷᠢᠯᠳᠦᠯ ᠵᠡᠷᠭᠡ ᠮᠡᠷᠭᠡᠵᠢᠯ᠎ᠢ ᠬᠡᠷᠡᠭᠯᠡᠵᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭ᠍ᠴᠢ᠎ᠳᠤ ᠵᠣᠬᠢᠶᠠᠨ ᠪᠦᠲᠦᠭᠡᠯᠭᠡ᠎ᠶᠢᠨ ᠬᠠᠪᠰᠤᠷᠤᠮᠵᠢ ᠪᠠᠭᠠᠵᠢ ᠬᠠᠩᠭᠠᠵᠤ᠂ ᠤᠯᠠᠮᠵᠢᠯᠠᠯᠲᠤ ᠤᠷ᠎ᠠ ᠮᠡᠷᠭᠡᠵᠢᠯ᠎ᠦᠨ ᠰᠢᠨ᠎ᠡ᠎ᠶᠢ ᠡᠭᠦᠳᠬᠦ ᠳᠠᠯᠳᠠ ᠬᠦᠴᠦᠨ᠎ᠢ ᠴᠢᠨᠠᠭᠰᠢ ᠠᠭᠤᠳᠠᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠦᠨ ᠡᠯᠧᠮᠧᠨ᠋ᠲ᠎ᠦᠨ ᠳ᠋ᠠᠢᠲ᠋ᠠ ᠬᠥᠮᠥᠷᠭᠡ᠎ᠳᠦ ᠲᠦᠰᠢᠭᠯᠡᠨ᠂ ᠣᠶᠤᠨᠴᠢ ᠪᠡᠷ ᠣᠲᠣ᠌ ᠦᠶ᠎ᠡ᠎ᠶᠢᠨ ᠭᠤᠸ᠎ᠠ ᠲᠠᠭᠠᠰᠢᠶᠠᠯ ᠪᠠ ᠵᠠᠬ᠎ᠠ ᠳᠡᠯᠭᠡᠭᠦᠷ᠎ᠦᠨ ᠬᠡᠷᠡᠭᠴᠡᠭᠡ ᠱᠠᠭᠠᠷᠳᠠᠯᠭ᠎ᠠ᠎ᠳᠤ ᠨᠡᠢᠴᠡᠭᠰᠡᠨ ᠵᠢᠷᠤᠵᠤ ᠲᠥᠯᠥᠪᠯᠡᠬᠦ ᠲᠥᠰᠥᠯ᠂ ᠦᠢᠯᠡᠳᠬᠦᠨ᠎ᠦ ᠶᠠᠩᠵᠤ ᠬᠡᠯᠪᠡᠷᠢ ᠪᠠ ᠠᠭᠤᠯᠭ᠎ᠠ᠎ᠶᠢᠨ ᠬᠡᠯᠪᠡᠷᠢ᠎ᠶᠢ ᠪᠣᠶ ᠪᠣᠯᠭᠠᠵᠤ᠂ ᠤᠯᠠᠮᠵᠢᠯᠠᠯᠲᠤ ᠤᠷ᠎ᠠ ᠮᠡᠷᠭᠡᠵᠢᠯ ᠬᠢᠭᠡᠳ ᠣᠲᠣ᠌ ᠦᠶ᠎ᠡ᠎ᠶᠢᠨ ᠪᠦᠲᠦᠭᠡᠯᠴᠢ ᠰᠡᠳᠬᠢᠮᠵᠢ᠎ᠶᠢᠨ ᠣᠷᠭᠠᠨᠢᠭ᠋ ᠠᠭᠤᠰᠤᠯᠴᠠᠯ᠎ᠢ ᠪᠡᠶᠡᠯᠡᠭᠦᠯᠦᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠢᠯᠡᠳᠬᠦᠨ᠂ ᠤᠷ᠎ᠠ ᠮᠡᠷᠭᠡᠵᠢᠯ᠂ ᠠᠭᠤᠯᠭ᠎ᠠ᠎ᠶᠢᠨ ᠰᠢᠨᠡᠴᠢᠯᠡᠯᠲᠡ᠎ᠶᠢ ᠠᠬᠢᠭᠤᠯᠤᠨ᠎ᠠ᠃ ᠭᠤᠷᠪᠠ᠎ᠳᠤ᠂ ᠠᠵᠤ ᠦᠢᠯᠡᠰ᠎ᠦᠨ ᠣᠶᠤᠨᠴᠢ ᠪᠡᠷ ᠳᠡᠰ ᠳᠠᠪᠰᠢᠬᠦ ᠵᠢ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠯ ᠤᠨ ᠵᠠᠬ᠎ᠠ ᠳᠡᠯᠭᠡᠭᠦᠷᠴᠢᠯᠡᠭᠰᠡᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃ ᠵᠣᠬᠢᠶᠠᠮᠠᠯ ᠣᠶᠤᠨ ᠴᠢᠳᠠᠪᠤᠷᠢ᠎ᠶᠢᠨ ᠮᠡᠷᠭᠡᠵᠢᠯ᠎ᠳᠦ ᠲᠦᠰᠢᠭᠯᠡᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠡᠯᠧᠮᠧᠨ᠋ᠲ᠎ᠢ ᠢᠯᠡᠷᠡᠭᠦᠯᠦᠭᠰᠡᠨ ᠰᠣᠶᠣᠯ᠎ᠤᠨ ᠡᠭᠦᠳᠦᠯᠲᠡ᠎ᠶᠢᠨ ᠪᠦᠲᠦᠭᠡᠭᠳᠡᠬᠦᠨ᠎ᠦ ᠦᠢᠯᠡᠳᠪᠦᠷᠢᠯᠡᠯ᠂ ᠡᠵᠡᠩᠨᠡᠯᠲᠡ ᠪᠣᠷᠣᠯᠠᠭᠤᠯᠤᠯᠲᠠ᠂ ᠬᠠᠮᠢᠶᠠᠷᠤᠯᠲᠠ᠎ᠶᠢᠨ ᠪᠥᠬᠥ ᠬᠡᠯᠬᠢᠶ᠎ᠡ᠎ᠶᠢᠨ ᠣᠶᠤᠨᠴᠢᠯᠠᠭᠰᠠᠨ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠵᠤ᠂ ᠣᠶᠤᠨᠴᠢ ᠵᠢᠷᠤᠭ ᠲᠥᠯᠥᠪᠯᠡᠭᠡ᠂ ᠣᠶᠤᠨᠴᠢ ᠦᠢᠯᠡᠳᠬᠦ ᠮᠡᠷᠭᠡᠵᠢᠯ᠎ᠢᠶᠡᠷ ᠳᠠᠮᠵᠢᠭᠤᠯᠤᠨ ᠦᠢᠯᠡᠳᠬᠦᠨ᠎ᠦ ᠦᠢᠯᠡᠳᠪᠦᠷᠢᠯᠡᠯ᠎ᠦᠨ ᠲᠡᠰ ᠲᠠᠷᠠᠭᠠᠯᠠᠯ᠎ᠢ ᠰᠢᠯᠢᠳᠡᠭᠵᠢᠭᠦᠯᠵᠦ᠂ ᠦᠢᠯᠡᠳᠪᠦᠷᠢᠯᠡᠯ᠎ᠦᠨ ᠦᠷ᠎ᠡ ᠪᠦᠲᠦᠮᠵᠢ᠂ ᠦᠢᠯᠡᠳᠬᠦᠨ᠎ᠦ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ᠎ᠶᠢᠨ ᠬᠢᠷᠢ ᠬᠡᠮᠵᠢᠶ᠎ᠡ᠎ᠶᠢ ᠳᠡᠭᠡᠭᠰᠢᠯᠡᠭᠦᠯᠦᠨ᠂ ᠠᠵᠤ ᠦᠢᠯᠡᠰᠵᠢᠯᠲᠡ᠎ᠶᠢᠨ ᠥᠪᠡᠷ᠎ᠦᠨ ᠥᠷᠲᠡᠭ᠎ᠢ ᠪᠠᠭᠤᠷᠠᠭᠤᠯᠤᠨ᠎ᠠ᠃ ᠵᠠᠬ᠎ᠠ ᠳᠡᠯᠭᠡᠭᠦᠷ᠎ᠦᠨ ᠬᠡᠷᠡᠭᠴᠡᠭᠡ ᠱᠠᠭᠠᠷᠳᠠᠯᠭ᠎ᠠ᠎ᠶᠢ ᠣᠨᠣᠪᠴᠢᠲᠠᠢ ᠵᠣᠯᠭᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ᠎ᠦᠨ ᠰᠣᠶᠣᠯ᠎ᠤᠨ ᠪᠦᠲᠦᠭᠡᠭᠳᠡᠬᠦᠨ᠎ᠦ ᠪᠣᠷᠤᠯᠠᠭᠤᠯᠭ᠎ᠠ᠎ᠶᠢᠨ ᠵᠠᠮ ᠮᠥᠷ᠎ᠢ ᠥᠷᠭᠡᠳᠬᠡᠨ᠂ ᠵᠠᠬ᠎ᠠ ᠳᠡᠯᠭᠡᠭᠦᠷ᠎ᠦᠨ ᠡᠵᠡᠯᠡᠬᠦ ᠨᠣᠷᠮ᠎ᠠ ᠪᠠ ᠠᠵᠤ ᠠᠬᠤᠢ᠎ᠶᠢᠨ ᠦᠷ᠎ᠡ ᠠᠰᠢᠭ᠋᠎ᠢ ᠳᠡᠭᠡᠭᠰᠢᠯᠡᠭᠦᠯᠦᠨ᠎ᠡ᠃ ᠰᠣᠶᠣᠯ᠎ᠤᠨ ᠠᠵᠤ ᠦᠢᠯᠡᠰ᠎ᠦᠨ ᠣᠶᠤᠨᠴᠢ ᠬᠢᠨᠠᠨ ᠬᠡᠮᠵᠢᠬᠦ ᠲᠠᠪᠴᠠᠩ ᠢ ᠪᠠᠢᠭᠤᠯᠵᠤ᠂ ᠠᠵᠤ ᠦᠢᠯᠡᠰ᠎ᠦᠨ ᠠᠵᠢᠯᠯᠠᠭᠠᠨ᠎ᠤ ᠪᠠᠢᠳᠠᠯ ᠪᠠ ᠵᠠᠬ᠎ᠠ ᠳᠡᠯᠭᠡᠭᠦᠷ᠎ᠦᠨ ᠬᠠᠨᠳᠤᠰᠢ᠎ᠶᠢ ᠵᠠᠳᠠᠯᠤᠨ᠂ ᠠᠵᠤ ᠦᠢᠯᠡᠰ᠎ᠢ ᠲᠥᠯᠥᠪᠵᠢᠭᠦᠯᠬᠦ᠂ ᠲᠥᠷᠥ᠎ᠶᠢᠨ ᠪᠣᠳᠣᠯᠭ᠎ᠠ ᠲᠣᠭᠲᠠᠭᠠᠬᠤ᠂ ᠲᠥᠷᠥᠯ ᠵᠦᠢᠯ᠎ᠦᠨ ᠪᠠᠢᠷᠢᠯᠠᠭᠤᠯᠤᠯᠲᠠᠵᠡᠷᠭᠡ ᠳ᠋ᠤ᠌ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ᠂ ᠠᠵᠤ ᠦᠢᠯᠡᠰ᠎ᠦᠨ ᠬᠥᠭᠵᠢᠯᠲᠡ᠎ᠪᠡᠷ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠨ ᠵᠠᠯᠭᠠᠮᠵᠢᠯᠠᠬᠤ ᠠᠵᠢᠯ᠎ᠢ ᠲᠡᠳᠬᠦᠨ᠎ᠡ᠃
ᠬᠠᠮᠵᠢᠯᠴᠠᠨ ᠵᠠᠰᠠᠬᠤ ᠰᠢᠰᠲᠧᠮ᠎ᠢ ᠲᠡᠭᠦᠯᠳᠡᠷᠵᠢᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠳ᠋ᠠᠢᠲ᠋ᠠ ᠵᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠦᠨ᠎ᠡ᠃ ᠵᠣᠬᠢᠶᠠᠮᠠᠯ ᠤᠶᠤᠨ ᠴᠢᠳᠠᠪᠤᠷᠢ ᠪᠡᠷ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ᠎ᠳᠤ ᠡᠷᠬᠡᠪᠰᠢ ᠰᠣᠶᠣᠯ᠎ᠤᠨ ᠦᠨᠳᠦᠰᠦ ᠰᠤᠳᠠᠰᠤ ᠵᠢ ᠪᠠᠲᠤ ᠰᠠᠬᠢᠵᠤ᠂ ᠳ᠋ᠠᠢᠲ᠋ᠠ᠎ᠶᠢᠨ ᠠᠮᠤᠷ ᠲᠦᠪᠰᠢᠨ᠎ᠢ ᠪᠠᠲᠤᠯᠠᠵᠤ᠂ ᠮᠡᠷᠭᠡᠵᠢᠯ᠎ᠦᠨ ᠬᠡᠷᠡᠭᠯᠡᠯᠲᠡ᠎ᠶᠢ ᠵᠢᠷᠤᠮᠵᠢᠭᠤᠯᠵᠤ᠂ ᠮᠡᠷᠭᠡᠵᠢᠯ᠎ᠢ ᠳᠤᠷ᠎ᠠ᠎ᠪᠠᠷ ᠬᠡᠷᠡᠭᠯᠡᠬᠦ ᠵᠢ ᠰᠡᠷᠭᠡᠢᠯᠡᠵᠦ᠂ ᠰᠣᠶᠣᠯ᠎ᠤᠨ ᠦᠨᠡᠨᠪᠠᠢᠳᠠᠯᠢ ᠠᠯᠳᠠᠬᠳᠠᠭᠤᠯᠬᠤ᠂ ᠥᠮᠴᠢᠯᠡᠬᠦ ᠡᠷᠬᠡ᠎ᠶᠢᠨ ᠵᠠᠭᠤᠷᠠᠯᠳᠤᠭᠠᠨ ᠵᠡᠷᠭᠡ ᠠᠰᠠᠭᠤᠳᠠᠯ᠎ᠢ ᠰᠡᠷᠭᠡᠢᠯᠡᠵᠦ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ᠎ᠶᠢ ᠢᠮᠠᠭᠲᠠ ᠵᠥᠪ ᠴᠢᠭᠯᠡᠯ᠎ᠢᠶᠡᠷ ᠤᠷᠤᠭᠰᠢᠯᠠᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠨᠢᠭᠡ᠎ᠳᠦ᠂ ᠳᠦᠷᠢᠮ᠎ᠦᠨ ᠵᠢᠷᠤᠮᠵᠢᠯ᠎ᠢᠶᠠᠷ ᠬᠥᠲᠥᠯᠥᠨ ᠳᠠᠭᠠᠭᠤᠯᠵᠤ᠂ ᠲᠣᠭᠠᠴᠢᠯᠠᠯᠲᠠ ᠤᠶᠤᠨᠴᠢᠯᠠᠯᠲᠠ ᠪᠡᠷ ᠡᠨ᠋ᠸᠷᠭᠢ ᠤᠯᠭᠤᠬᠤ᠎ᠳᠦ ᠬᠠᠤᠯᠢ᠎ᠪᠡᠷ ᠵᠠᠰᠠᠬᠤ ᠪᠣᠷᠣ᠌ ᠲᠥᠯᠥᠪ᠎ᠢ ᠪᠠᠢᠭᠤᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠦᠷᠢᠶᠡᠨ᠎ᠳᠦ ᠵᠣᠬᠢᠶᠠᠮᠠᠯ ᠣᠶᠤᠨ ᠴᠢᠳᠠᠪᠦᠷᠢ ᠵᠢ ᠬᠡᠷᠡᠭᠯᠡᠬᠦ ᠳᠦᠷᠢᠮ ᠲᠣᠭᠲᠠᠭᠠᠯ᠎ᠢ ᠪᠠᠢᠭᠤᠯᠤᠨ ᠪᠦᠷᠢᠨᠰᠢᠭᠦᠯᠵᠦ᠂ ᠳ᠋ᠠᠢᠲ᠋ᠠ ᠴᠤᠭᠯᠠᠭᠤᠯᠬᠤ᠂ ᠬᠠᠳᠠᠭᠠᠯᠠᠬᠤ᠂ ᠬᠡᠷᠡᠭᠯᠡᠬᠦ᠂ ᠬᠠᠮᠲᠤ᠎ᠪᠠᠷ ᠭᠥᠷᠳᠡᠬᠦ ᠵᠠᠭᠠᠭ ᠬᠢᠵᠠᠭᠠᠷ᠎ᠢ ᠲᠣᠳᠣᠷᠬᠠᠢᠯᠠᠨ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠣᠭᠠᠴᠢᠯᠠᠭᠰᠠᠨ ᠡᠬᠢ ᠪᠠᠶᠠᠯᠢᠭ᠋᠎ᠤᠨ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠬᠠᠮᠠᠭᠠᠯᠠᠯᠲᠠ᠎ᠶᠢᠨ ᠰᠢᠰᠲᠧᠮ᠎ᠢ ᠪᠠᠢᠭᠤᠯᠵᠤ᠂ ᠣᠶᠤᠨᠴᠢ᠎ᠪᠠᠷ ᠪᠣᠶ ᠪᠣᠯᠤᠭᠰᠠᠨ ᠠᠭᠤᠯᠭ᠎ᠠ᠎ᠶᠢᠨ ᠬᠡᠪᠯᠡᠯ᠎ᠦᠨ ᠡᠷᠬᠡ᠎ᠶᠢᠨ ᠬᠠᠷᠢᠶᠠᠯᠠᠯ ᠬᠢᠭᠡᠳ ᠬᠡᠷᠡᠭᠯᠡᠬᠦ ᠳᠦᠷᠢᠮ᠎ᠢ ᠲᠣᠳᠣᠷᠬᠠᠢ ᠪᠣᠯᠭᠠᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠦᠨ ᠳ᠋ᠠᠢᠲ᠋ᠠ ᠵᠢᠨ ᠬᠠᠮᠠᠭᠠᠯᠠᠯᠲᠠ᠎ᠶᠢᠨ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠎ᠢ ᠲᠡᠭᠦᠯᠳᠡᠷᠵᠢᠭᠦᠯᠵᠦ᠂ ᠡᠷᠬᠡ᠎ᠳᠦ ᠬᠠᠯᠳᠠᠭᠰᠠᠨ᠂ ᠬᠡᠪᠯᠡᠯ ᠬᠤᠯᠠᠭᠠᠢᠯᠠᠭᠰᠠᠨ ᠵᠡᠷᠭᠡ ᠠᠵᠢᠯᠯᠠᠭ᠎ᠠ᠎ᠶᠢ ᠰᠢᠢᠳᠬᠡᠬᠦ ᠡᠷᠴᠢᠮ᠎ᠢᠶᠡᠨ ᠴᠢᠩᠭᠠᠷᠠᠭᠤᠯᠵᠤ᠂ ᠬᠠᠤᠯᠢᠵᠢᠭ᠍ᠰᠠᠨ᠂ ᠳᠦᠷᠢᠮᠵᠢᠭᠰᠡᠨ ᠵᠠᠰᠠᠯᠲᠠ᠎ᠶᠢᠨ ᠪᠠᠢᠷᠢᠰᠢᠯ᠎ᠢ ᠪᠦᠷᠢᠯᠳᠦᠭᠦᠯᠦᠨ᠎ᠡ᠃ ᠬᠣᠶᠠᠷ᠎ᠲᠤ᠂ ᠠᠮᠤᠷ ᠲᠦᠪᠰᠢᠨ᠎ᠦ ᠬᠠᠮᠠᠭᠠᠯᠠᠯᠲᠠ᠎ᠶᠢ ᠴᠢᠩᠭᠠᠳᠬᠠᠵᠤ᠂ ᠳ᠋ᠠᠢᠲ᠋ᠠ ᠵᠢᠨ ᠰᠢᠰᠲᠧᠮ᠎ᠢ ᠪᠦᠬᠦ ᠲᠠᠯ᠎ᠠ᠎ᠪᠠᠷ ᠡᠵᠡᠮᠳᠡᠵᠦ ᠪᠣᠯᠬᠤ᠎ᠶᠢ ᠪᠠᠲᠤᠯᠠᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠣᠭᠠᠴᠢᠯᠠᠭᠰᠠᠨ ᠡᠬᠢ ᠪᠠᠶᠠᠯᠢᠭ᠋᠎ᠤᠨ ᠠᠮᠤᠷ ᠲᠦᠪᠰᠢᠨ᠎ᠦ ᠰᠡᠷᠭᠡᠢᠯᠡᠨ ᠬᠠᠮᠠᠭᠠᠯᠠᠬᠤ ᠰᠢᠰᠲᠧᠮ᠎ᠢ ᠪᠠᠢᠭᠤᠯᠵᠤ᠂ ᠲᠣᠭ᠎ᠠ ᠪᠠᠷᠢᠮᠲᠠ᠎ᠶᠢ ᠨᠢᠭᠤᠴᠠᠯᠠᠬᠤ᠂ ᠰᠤᠷᠪᠤᠯᠵᠢᠯᠠᠨ ᠡᠵᠡᠮᠳᠡᠬᠦ᠂ ᠠᠮᠤᠷ ᠲᠦᠪᠰᠢᠨ᠎ᠢ ᠬᠢᠨᠠᠨ ᠬᠡᠮᠵᠢᠬᠦ ᠵᠡᠷᠭᠡ ᠮᠡᠷᠭᠡᠵᠢᠯ᠎ᠢ ᠬᠡᠷᠡᠭᠯᠡᠨ᠂ ᠲᠣᠭ᠎ᠠ ᠪᠠᠷᠢᠮᠲᠠ᠎ᠶᠢ ᠵᠠᠳᠠᠷᠠᠭᠤᠯᠬᠤ᠂ ᠥᠭᠡᠷᠡᠲᠤᠭᠦᠯᠬᠦ᠂ ᠭᠡᠭᠡᠭᠳᠡᠭᠦᠯᠬᠦ ᠪᠠ ᠰᠦᠯᠵᠢᠶᠡᠨ᠎ᠦ ᠳᠠᠭᠠᠷᠢᠯᠲᠠ᠎ᠶᠢᠨ ᠲᠦᠭᠰᠢᠭᠦᠷᠢ᠎ᠶᠢ ᠰᠡᠷᠭᠡᠢᠯᠡᠨ᠎ᠡ᠃ ᠳᠡᠰ ᠲᠥᠷᠥᠯ ᠬᠤᠪᠢᠶᠠᠭᠰᠠᠨ ᠠᠮᠤᠷ ᠲᠦᠪᠰᠢᠨ᠎ᠦ ᠬᠠᠮᠠᠭᠠᠯᠠᠯᠲᠠ᠎ᠶᠢᠨ ᠲᠣᠭᠲᠠᠴᠠ᠎ᠶᠢ ᠪᠠᠢᠭᠤᠯᠵᠤ᠂ ᠭᠣᠣᠯᠯᠠᠬᠤ ᠤᠷ᠎ᠠ ᠮᠡᠷᠭᠡᠰᠢᠯ᠎ᠦᠨ ᠲᠣᠭ᠎ᠠ ᠪᠠᠷᠢᠮᠲᠠ᠂ ᠬᠣᠪᠣᠷ ᠨᠠᠨᠳᠢᠨ ᠰᠣᠶᠣᠯ᠎ᠤᠨ ᠳᠠᠩᠰᠠ ᠡᠪᠬᠡᠮᠡᠯ᠎ᠳᠦ ᠭᠣᠣᠯᠳᠠᠯᠭ᠎ᠠ᠎ᠲᠠᠢ ᠰᠡᠷᠭᠡᠢᠯᠡᠨ ᠬᠠᠮᠠᠭᠠᠯᠠᠯᠲᠠ᠎ᠶᠢ ᠬᠡᠷᠡᠭᠵᠢᠭᠦᠯᠵᠦ᠂ ᠵᠠᠩᠭᠢᠯᠠᠭ᠎ᠠ᠎ᠶᠢᠨ ᠰᠣᠶᠣᠯ᠎ᠤᠨ ᠡᠬᠢ ᠪᠠᠶᠠᠯᠢᠭ᠋᠎ᠤᠨ ᠠᠮᠤᠷ ᠲᠦᠪᠰᠢᠨ᠎ᠢ ᠦᠨᠡᠨ ᠬᠦ ᠪᠠᠲᠤᠯᠠᠨ᠎ᠠ᠃ ᠠᠮᠤᠷ ᠲᠦᠪᠰᠢᠨ᠎ᠦ ᠪᠠᠴᠢᠮ ᠪᠠᠢᠳᠠᠯ᠎ᠢ ᠠᠷᠭᠠᠴᠠᠭᠠᠨ ᠰᠢᠢᠳᠪᠦᠷᠢᠯᠡᠬᠦ ᠲᠣᠭᠲᠠᠴᠠ᠎ᠶᠢ ᠲᠡᠭᠦᠯᠳᠡᠷᠵᠢᠭᠦᠯᠵᠦ ᠂ ᠠᠮᠤᠷ ᠲᠦᠪᠰᠢᠨ᠎ᠦ ᠲᠦᠭᠰᠢᠭᠦᠷᠢ᠎ᠶᠢᠨ ᠪᠡᠯᠡᠳᠬᠡᠯ ᠲᠥᠰᠥᠯ᠎ᠢ ᠲᠣᠭᠲᠠᠭᠠᠨ᠂ ᠠᠮᠤᠷ ᠲᠦᠪᠰᠢᠨ᠎ᠦ ᠪᠠᠢᠴᠠᠭᠠᠨ ᠬᠡᠮᠵᠢᠬᠦ ᠪᠠ ᠪᠠᠴᠢᠮ ᠪᠠᠢᠳᠠᠯ᠎ᠢ ᠠᠷᠭᠠᠴᠠᠭᠠᠬᠤ ᠰᠣᠷᠢᠯᠲᠠ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠠᠮᠤᠷ ᠲᠦᠪᠰᠢᠨ᠎ᠦ ᠲᠦᠭᠰᠢᠭᠦᠷᠢ᠎ᠶᠢ ᠰᠡᠷᠭᠡᠢᠯᠡᠬᠦ ᠪᠠ ᠰᠢᠢᠳᠪᠦᠷᠢᠯᠡᠬᠦ ᠴᠢᠳᠠᠪᠤᠷᠢ᠎ᠶᠢ ᠳᠡᠭᠡᠭᠰᠢᠯᠡᠭᠦᠯᠦᠨ᠎ᠡ᠃ ᠳ᠋ᠠᠢᠲ᠋ᠠ᠎ᠶᠢᠨ ᠠᠮᠤᠷ ᠲᠦᠪᠰᠢᠨ᠎ᠦ ᠮᠡᠷᠭᠡᠵᠢᠯ᠎ᠢ ᠰᠤᠳᠤᠯᠤᠨ ᠨᠡᠭᠡᠭᠡᠬᠦ᠎ᠶᠢ ᠴᠢᠩᠭᠠᠳᠬᠠᠵᠤ᠂ ᠣᠶᠤᠨᠴᠢ ᠠᠮᠤᠷ ᠲᠦᠪᠰᠢᠨ᠎ᠢ ᠰᠡᠷᠭᠡᠢᠯᠡᠨ ᠬᠠᠮᠠᠭᠠᠯᠠᠬᠤ ᠲᠦᠪᠰᠢᠨ᠎ᠢ ᠳᠡᠭᠡᠭᠰᠢᠯᠡᠭᠦᠯᠵᠦ ᠂ᠲᠣᠭᠠᠴᠢᠯᠠᠭᠰᠠᠨ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠬᠤ᠎ᠳᠤ ᠪᠠᠲᠤᠯᠠᠭ᠎ᠠ ᠬᠠᠩᠭᠠᠨ᠎ᠠ᠃ ᠭᠤᠷᠪᠠ᠎ᠳᠤ᠂ ᠣᠯᠠᠨ ᠲᠠᠯ᠎ᠠ᠎ᠪᠠᠷ ᠬᠠᠮᠵᠢᠯᠴᠠᠨ ᠬᠠᠮᠲᠤ᠎ᠪᠠᠷ ᠵᠠᠰᠠᠵᠤ᠂ ᠵᠢᠷᠤᠮᠵᠢᠭᠤᠯᠤᠨ ᠬᠥᠭᠵᠢᠭᠦᠯᠬᠦ ᠰᠠᠢᠨ ᠰᠠᠢᠬᠠᠨ ᠠᠮᠢ ᠠᠬᠤᠢ᠎ᠶᠢ ᠪᠣᠶ ᠪᠣᠯᠭᠠᠨ᠎ᠠ᠃ ᠵᠠᠰᠠᠭ᠎ᠤᠨ ᠣᠷᠳᠣᠨ᠎ᠤ ᠨᠢᠭᠡᠳᠦᠯᠲᠡᠢ ᠲᠥᠯᠥᠪᠵᠢᠭᠦᠯᠬᠦ᠂ ᠲᠥᠷᠥ᠎ᠶᠢᠨ ᠪᠣᠳᠣᠯᠭ᠎ᠠ᠎ᠪᠠᠷ ᠬᠥᠲᠥᠯᠥᠨ ᠵᠢᠯᠤᠭᠣᠳᠬᠤ᠂ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠴᠢᠳᠠᠪᠤᠷᠢ᠎ᠶᠢ ᠴᠢᠩᠭᠠᠳᠬᠠᠨ᠂ ᠡᠳ᠋᠎ᠦᠨ ᠵᠠᠰᠠᠭ᠂ ᠭᠠᠢᠯᠢ ᠲᠠᠲᠠᠪᠤᠷᠢ᠂ ᠴᠢᠳᠠᠪᠤᠷᠢᠲᠠᠨ ᠵᠡᠷᠭᠡ ᠲᠡᠳᠬᠦᠨ ᠳᠡᠮᠵᠢᠬᠦ ᠲᠥᠷᠥ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠦ᠂ ᠵᠣᠬᠢᠶᠠᠮᠠᠯ ᠣᠶᠤᠨ ᠴᠢᠳᠠᠪᠤᠷᠢ᠎ᠪᠠᠷ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ᠎ᠳᠤ ᠲᠥᠷᠥ᠎ᠶᠢᠨ ᠪᠣᠳᠣᠯᠭ᠎ᠠ᠎ᠶᠢᠨ ᠪᠠᠲᠤᠯᠠᠭ᠎ᠠ ᠬᠠᠩᠭᠠᠨ᠎ᠠ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠠᠵᠤ ᠠᠬᠤᠢᠯᠠᠯ᠂ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭ᠍ᠴᠢ᠎ᠶᠢᠨ ᠭᠦᠨᠵᠡᠭᠡᠢ ᠬᠠᠮᠲᠤᠷᠠᠯᠴᠠᠭ᠎ᠠ᠎ᠶᠢ ᠠᠬᠢᠭᠤᠯᠵᠤ᠂ ᠬᠠᠮᠵᠢᠯᠴᠠᠨ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ᠎ᠶᠢ ᠵᠣᠬᠢᠶᠠᠨ ᠪᠠᠢᠭᠤᠯᠵᠤ᠂ ᠮᠡᠷᠭᠡᠵᠢᠯ᠎ᠢ ᠰᠤᠳᠤᠯᠤᠨ ᠨᠡᠭᠡᠭᠡᠬᠦ᠂ ᠴᠢᠳᠠᠪᠤᠷᠢᠲᠠᠨ᠎ᠢ ᠬᠥᠮᠥᠵᠢᠭᠦᠯᠬᠦ ᠪᠠ ᠦᠢᠯᠡᠳᠦᠯᠭᠡ᠎ᠳᠦ ᠬᠡᠷᠡᠭᠯᠡᠬᠦ᠎ᠶᠢ ᠴᠢᠩᠭᠠᠳᠬᠠᠨ᠎ᠠ᠃ ᠠᠵᠢᠯ ᠲᠦᠷᠦᠯ᠎ᠦᠨ ᠥᠪᠡᠷ᠎ᠢ᠎ᠪᠡᠨ ᠱᠠᠭᠠᠷᠳᠠᠬᠤ ᠪᠠ ᠨᠡᠢᠭᠡᠮ᠎ᠦᠨ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠵᠣᠬᠢᠶᠠᠮᠠᠯ ᠤᠶᠤᠨ ᠴᠢᠳᠠᠪᠤᠷᠢ᠎ᠪᠠᠷ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠬᠤ᠎ᠳᠦ ᠢᠮᠠᠭᠲᠠ ᠳᠤᠮᠳᠠᠳᠤ᠎ᠶᠢᠨ ᠰᠣᠶᠣᠯ᠎ᠤᠨ ᠵᠣᠭᠰᠣᠯᠲᠠ᠎ᠶᠢ ᠪᠠᠲᠤ ᠰᠠᠬᠢᠵᠤ᠂ ᠳᠤᠮᠳᠠᠳᠤ᠎ᠶᠢᠨ ᠰᠣᠶᠣᠯ᠎ᠤᠨ ᠭᠧᠨ᠎ᠢ ᠤᠯᠠᠮᠵᠢᠯᠠᠨ ᠵᠠᠯᠭᠠᠮᠵᠢᠯᠠᠬᠤ᠎ᠶᠢ ᠦᠨᠡᠨ ᠬᠦ᠌ ᠪᠠᠲᠤᠯᠠᠨ᠎ᠠ᠃
(ᠵᠣᠬᠢᠶᠠᠭ᠍ᠴᠢ ᠵᠢᠨ ᠬᠠᠶᠢᠭ᠄ ᠰᠸᠴᠤᠸᠠᠨ᠎ᠤ ᠭᠠᠳᠠᠭᠠᠳᠤ ᠬᠡᠯᠡᠨ᠎ᠦ ᠶᠡᠬᠡ ᠰᠤᠷᠭᠠᠭᠤᠯᠢ᠎ᠶᠢᠨ ᠳᠤᠮᠳᠠᠳᠤ ᠤᠯᠤᠰ᠎ᠤᠨ ᠬᠡᠯᠡ ᠰᠣᠶᠣᠯ᠎ᠤᠨ ᠳᠡᠭᠡᠳᠦ ᠰᠤᠷᠭᠠᠭᠤᠯᠢ)
— ᠴᠦᠩᠴᠢᠩ᠎ᠦᠨ ᠡᠳᠦᠷ᠎ᠦᠨ ᠰᠣᠨᠢᠨ ᠡᠴᠡ