ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠠᠵᠢᠯᠯᠠᠭ᠎ᠠ ᠵᠢᠨ ᠯᠣᠭᠢᠭ᠋
2026-05-15 09:29:21
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠢᠦᠢ ᠸᠧᠢ ᠯᠢ᠂ ᠵᠠᠩ ᠷᠦᠢ 《ᠤᠨᠤᠯ᠎ᠤᠨ ᠬᠠᠷᠠᠭᠠᠰᠤ》 ᠰᠡᠳᠭᠦᠯ᠎ᠤᠨ 2025 ᠣᠨ᠎ᠤ 8 ᠳ᠋ᠤᠭᠠᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠰᠣᠶᠣᠯ᠎ᠤᠨ ᠴᠡᠴᠡᠭᠯᠡᠯ ᠬᠥᠭᠵᠢᠯ᠎ᠢᠶᠡᠷ ᠨᠡᠢᠭᠡᠮ᠎ᠦᠨ ᠪᠦᠬᠦ ᠲᠠᠯ᠎ᠠ᠎ᠶᠢᠨ ᠬᠥᠭᠵᠢᠯᠲᠡ᠂ ᠪᠦᠬᠦ ᠲᠠᠯ᠎ᠠ᠎ᠶᠢᠨ ᠲᠠᠪᠰᠢᠯᠳᠠ᠎ᠶᠢ ᠠᠬᠢᠭᠤᠯᠬᠤ ᠪᠣᠯ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠪᠡᠶᠡᠯᠡᠭᠦᠯᠬᠦ᠎ᠶᠢᠨ ᠳᠣᠲᠣᠭᠠᠳᠤ ᠱᠠᠭᠠᠷᠳᠠᠯᠭ᠎ᠠ ᠮᠦᠨ᠂ ᠡᠷᠬᠡᠪᠰᠢ ᠦᠵᠡᠯ ᠰᠠᠨᠠᠭᠠᠨ᠎ᠤ ᠵᠢᠭ᠍ᠰᠠᠭᠠᠯ᠎ᠤᠨ ᠭᠠᠵᠠᠷ᠂ ᠰᠣᠶᠣᠯ᠎ᠤᠨ ᠰᠠᠭᠤᠷᠢ᠂ ᠭᠠᠳᠠᠭᠠᠳᠤ ᠰᠣᠯᠢᠯᠴᠠᠭ᠎ᠠ ᠭᠤᠷᠪᠠ᠎ᠶᠢ ᠨᠢᠭᠡ ᠴᠣᠭᠴᠠᠵᠢᠭᠤᠯᠬᠤ ᠪᠠᠢᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠷᠠᠳ ᠲᠦᠮᠡᠨ᠎ᠦ ᠤᠶᠤᠨ᠎ᠰᠠᠨᠠᠭᠠᠨ ᠎ᠤ ᠬᠦᠴᠦᠨ ᠪᠣᠯᠣᠨ ᠳᠤᠮᠳᠠᠳᠤ᠎ᠶᠢᠨ ᠪᠣᠯᠪᠠᠰᠤᠨ᠎ᠤ ᠦᠵᠡᠯ ᠰᠠᠨᠠᠭ᠎ᠠ ᠵᠢ ᠬᠥᠲᠥᠯᠥᠨ ᠳᠠᠭᠠᠭᠤᠯᠬᠤ ᠬᠦᠴᠦᠨ᠂ ᠰᠣᠶᠣᠯ᠎ᠤᠨ ᠤᠷᠢᠶᠠᠯᠠᠬᠤ ᠬᠦᠴᠦᠨ᠂ ᠳᠡᠯᠡᠬᠡᠢ ᠵᠢ ᠨᠥᠯᠥᠭᠡᠯᠡᠬᠦ ᠬᠦᠴᠦᠨ᠎ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠩ ᠲᠡᠷᠢᠭᠦᠨ᠎ᠳᠦ᠂ ᠨᠡᠢᠭᠡᠮ ᠵᠢᠷᠤᠮᠲᠦ ᠰᠣᠶᠣᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠦᠵᠡᠯ ᠰᠠᠨᠠᠭᠠᠨ᠎ᠤ ᠵᠢᠭ᠍ᠰᠠᠭᠠᠯ᠎ᠤᠨ ᠭᠠᠵᠠᠷ᠎ᠢ ᠪᠠᠲᠤ ᠴᠣᠭᠴᠠᠯᠠᠨ᠎ᠠ᠃ ᠨᠢᠭᠡ᠎ᠳᠦ᠂ ᠦᠵᠡᠯ ᠤᠬᠠᠮᠰᠠᠷ᠎ᠤᠨ ᠬᠦᠷᠢᠶᠡᠨ᠎ᠳᠡᠬᠢ ᠮᠠᠷᠺᠰ᠎ᠤᠨ ᠦᠵᠡᠯ᠎ᠦᠨ ᠦᠨᠳᠦᠰᠦᠨ ᠵᠢᠯᠤᠭᠣᠳᠬᠤ ᠪᠠᠢᠷᠢ ᠰᠠᠭᠤᠷᠢ᠎ᠶᠢ ᠪᠠᠷᠢᠮᠲᠠᠯᠠᠵᠤ᠂ ᠡᠯ᠎ᠡ ᠵᠦᠢᠯ᠎ᠦᠨ ᠪᠤᠷᠤᠭᠤ ᠦᠵᠡᠯ ᠰᠠᠨᠠᠭᠠᠨ᠎ᠤ ᠤᠷᠤᠰᠬᠠᠯ ᠪᠠ ᠦᠵᠡᠯᠲᠡ᠎ᠶᠢ ᠲᠤᠭ ᠲᠡᠮᠳᠡᠭ ᠲᠣᠳᠣᠷᠬᠠᠢ᠎ᠪᠠᠷ ᠡᠰᠡᠷᠭᠦᠴᠡᠨ ᠬᠣᠷᠢᠭ᠍ᠯᠠᠬᠤ ᠬᠡᠷᠡᠭᠳᠡᠢ᠃ ᠬᠣᠶᠠᠷ᠎ᠲᠤ᠂ ᠮᠡᠳᠡᠭᠡ ᠵᠠᠩᠭᠢᠵᠢᠯᠲᠠ᠎ᠶᠢᠨ ᠨᠥᠬᠥᠴᠡᠯ ᠳᠣᠣᠷᠠᠬᠢ ᠨᠠᠮ᠎ᠤᠨ ᠰᠣᠶᠣᠯ᠎ᠤᠨ ᠪᠠᠢᠭᠤᠯᠤᠯᠲᠠ᠎ᠳᠠᠬᠢ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠦ᠂ ᠭᠣᠣᠯ ᠴᠤᠬᠴᠠ ᠵᠢᠨ ᠶᠠᠷᠢᠶ᠎ᠠ ᠬᠡᠯᠡᠯᠴᠡᠭᠡ ᠪᠣᠯᠣᠨ ᠲᠡᠷᠢᠭᠦᠨ᠎ᠦ ᠰᠣᠶᠣᠯ᠎ᠢ ᠪᠤᠵᠠᠭᠠᠢᠷᠠᠭᠤᠯᠬᠤ ᠬᠡᠷᠡᠭᠳᠡᠢ; ᠭᠤᠷᠪᠠ᠎ᠳᠦ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠪᠡᠷ ᠬᠥᠲᠥᠯᠥᠨ ᠳᠠᠭᠠᠭᠤᠯᠬᠤ᠎ᠶᠢ ᠴᠢᠩᠭᠠᠳᠬᠠᠵᠤ᠂ ᠳᠤᠮᠳᠠᠳᠤ ᠤᠯᠤᠰ᠎ᠤᠨ ᠵᠣᠷᠢᠭ᠋ ᠰᠠᠨᠠᠭ᠎ᠠ᠂ ᠳᠤᠮᠳᠠᠳᠤ ᠤᠯᠤᠰ᠎ᠤᠨ ᠦᠷᠳᠡᠭ᠎ᠢ ᠴᠣᠭᠴᠠᠯᠠᠬᠤ ᠬᠡᠷᠡᠭᠳᠡᠢ᠃ ᠲᠠᠷᠠᠭ᠎ᠠ ᠨᠢ᠂ ᠨᠡᠢᠭᠡᠮ ᠵᠢᠷᠤᠮᠲᠤ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠰᠣᠶᠣᠯ᠎ᠤᠨ ᠦᠨᠳᠦᠰᠦ ᠰᠠᠭᠤᠷᠢ᠎ᠶᠢ ᠪᠡᠬᠢᠵᠢᠭᠦᠯᠦᠨ ᠬᠥᠭᠵᠢᠭᠦᠯᠦᠨ᠎ᠡ᠃ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯ᠎ᠤᠨ ᠰᠣᠶᠣᠯ ᠪᠠ ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ ᠎ᠢ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠲᠡᠦᠬᠡᠨ ᠠᠶᠠᠨ᠎ᠳᠤ ᠠᠭᠤᠰᠭᠠᠵᠤ᠂ ᠦᠷᠭᠦᠯᠵᠢᠯᠡᠨ ᠰᠠᠢᠲᠤᠷ ᠪᠠᠳᠠᠷᠠᠭᠤᠯᠬᠤ ᠬᠡᠷᠡᠭᠲᠡᠢ᠃ ᠨᠢᠭᠡ᠎ᠳᠦ᠂ ᠳᠤᠮᠳᠠᠳᠤ᠎ᠶᠢᠨ ᠰᠣᠶᠣᠯ᠎ᠤᠨ ᠤᠳᠤᠮᠰᠢᠯ᠎ᠢ ᠤᠯᠠᠮᠵᠢᠯᠠᠵᠦ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠡᠭᠦᠳᠦᠨ ᠪᠦᠲᠦᠭᠡᠯᠴᠢ ᠴᠢᠨᠠᠷᠲᠠᠢ ᠤᠨᠳᠤᠤᠰᠢᠭᠤᠯᠤᠯᠲᠠ ᠪᠠ ᠰᠢᠨ᠎ᠡ᠎ᠶᠢ ᠡᠭᠦᠳᠬᠦ ᠴᠢᠨᠠᠷᠲᠠᠢ ᠬᠥᠭᠵᠢᠯᠲᠡ᠎ᠶᠢ ᠠᠬᠢᠭᠤᠯᠬᠤ ᠬᠡᠷᠡᠭᠳᠡᠢ; ᠬᠣᠶᠠᠷ᠎ᠲᠤ᠂ ᠬᠤᠪᠢᠰᠬᠠᠯ᠎ᠤᠨ ᠤᠳᠤᠮᠱᠢᠯ᠎ᠢ ᠵᠠᠯᠭᠠᠮᠵᠢᠯᠠᠵᠤ᠂ ᠴᠠᠭ ᠦᠶ᠎ᠡ᠎ᠶᠢᠨ ᠨᠥᠬᠥᠴᠡᠯ᠎ᠲᠠᠢ ᠤᠶᠠᠯᠳᠤᠭᠤᠯᠤᠨ ᠬᠤᠪᠢᠰᠬᠠᠯ᠎ᠤᠨ ᠰᠣᠶᠣᠯ᠎ᠢ ᠵᠠᠯᠭᠠᠮᠵᠢᠯᠠᠨ ᠪᠠᠳᠠᠷᠠᠭᠤᠯᠬᠤ ᠬᠡᠷᠡᠭᠳᠡᠢ; ᠭᠤᠷᠪᠠ᠎ᠳᠦ᠂ ᠳᠤᠮᠳᠠᠳᠤ ᠤᠯᠤᠰ᠎ᠤᠨ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ᠎ᠢ ᠬᠥᠭᠵᠢᠭᠦᠯᠬᠦ ᠬᠡᠷᠡᠭᠳᠡᠢ᠃ ᠡᠴᠤᠰ᠎ᠲᠤᠨᠢ᠂ ᠨᠡᠢᠭᠡᠮ ᠵᠢᠷᠤᠮᠲᠦ ᠰᠣᠶᠣᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠳᠡᠯᠡᠬᠡᠢ᠎ᠳᠡᠬᠢ ᠨᠥᠯᠥᠭᠡ᠎ᠶᠢ ᠳᠡᠭᠡᠭᠰᠢᠯᠡᠭᠦᠯᠬᠦ ᠬᠡᠷᠡᠭᠳᠡᠢ᠃ ᠰᠢᠨ᠎ᠡ ᠠᠶᠠᠨ᠎ᠳᠤ ᠰᠣᠶᠣᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ ᠨᠢ ᠪᠣᠯᠪᠠᠰᠤᠨ᠎ᠤ ᠲᠣᠯᠢᠯᠠᠯ᠎ᠢ ᠭᠦᠨᠵᠡᠭᠡᠢᠷᠡᠭᠦᠯᠬᠦ ᠪᠠ ᠰᠣᠶᠣᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠪᠦᠬᠦ ᠪᠥᠮᠪᠥᠷᠴᠡᠭ᠎ᠦᠨ ᠬᠠᠷᠠᠭᠠᠰᠤ᠎ᠶᠢ ᠥᠷᠭᠡᠳᠬᠡᠬᠦ᠎ᠡᠴᠡ ᠰᠠᠯᠵᠤ ᠴᠢᠳᠠᠬᠤ ᠦᠭᠡᠢ ᠶᠤᠮ᠃ ᠨᠢᠭᠡ᠎ᠳᠦ᠂ ᠳᠤᠮᠳᠠᠳᠤ ᠤᠯᠤᠰ᠎ᠤᠨ ᠦᠯᠢᠬᠡᠷ᠎ᠢ ᠰᠠᠢᠬᠠᠨ ᠶᠠᠷᠢᠵᠤ᠂ ᠲᠣᠮᠣ᠌ ᠤᠯᠤᠰ᠎ᠤᠨ ᠳᠦᠷᠢ ᠲᠥᠷᠬᠦ᠎ᠶᠢ ᠢᠯᠡᠷᠡᠭᠦᠯᠬᠦ ᠬᠡᠷᠡᠭᠳᠡᠢ; ᠬᠣᠶᠠᠷ᠎ᠲᠤ᠂ ᠣᠯᠠᠨ ᠤᠯᠤᠰ᠎ᠤᠨ ᠶᠠᠷᠢᠶ᠎ᠠ ᠬᠡᠯᠡᠯᠴᠡᠭᠡᠨ᠎ᠦ ᠰᠠᠨᠠᠭᠠᠴᠢᠯᠠᠭᠠᠳᠤ ᠡᠷᠬᠡ ᠵᠢ ᠤᠯᠬᠤ ᠬᠡᠷᠡᠭᠳᠡᠢ; ᠭᠤᠷᠪᠠ᠎ᠳᠦ᠂ 《ᠪᠣᠯᠪᠠᠰᠤᠨ᠎ᠤ ᠰᠣᠯᠢᠯᠴᠠᠭ᠎ᠠ》 ᠪᠡᠷ 《ᠪᠣᠯᠪᠠᠰᠤᠨ᠎ᠤ ᠮᠥᠷᠭᠥᠯᠳᠦᠭᠡᠨ》᠎ᠢ᠋ ᠲᠠᠪᠠᠬᠤ ᠬᠡᠷᠡᠭᠳᠡᠢ᠃

《ᠱᠢᠨᠬᠤᠸᠠ ᠵᠤᠬᠢᠶᠠᠯ᠎ᠤᠨ ᠱᠦᠭᠦᠮᠡᠭ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号