ᠬᠢᠯᠢ ᠬᠠᠮᠠᠭᠠᠯᠠᠬᠤ ᠰᠣᠶᠣᠯ᠎ᠤᠨ ᠦᠨ᠎ᠡ ᠥᠷᠲᠡᠭ ᠪᠠ ᠠᠭᠤᠯᠤᠭᠳᠠᠬᠤᠨ
2026-05-15 09:32:56
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠵᠠᠩ ᠬᠣᠶ 《ᠭᠦᠢᠵᠧᠦ᠎ᠶᠢᠨ ᠨᠡᠢᠭᠡᠮ᠎ᠦᠨ ᠰᠢᠨᠵᠢᠯᠡᠬᠦ ᠤᠬᠠᠭᠠᠨ》 ᠰᠡᠳᠭᠦᠯ᠎ᠤᠨ 2025 ᠣᠨ᠎ᠤ 8 ᠳ᠋ᠤᠭᠠᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠬᠢᠯᠢ ᠬᠠᠮᠠᠭᠠᠯᠠᠬᠤ ᠰᠣᠶᠣᠯ ᠨᠢ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ᠎ᠤ ᠬᠤᠪᠢ᠎ᠳᠤ᠂ ᠣᠨᠴᠠᠭᠠᠶ ᠣᠷᠣᠨ ᠵᠠᠢ (ᠬᠢᠯᠢ ᠬᠢᠵᠠᠭᠠᠷ) ᠵᠢᠨ ᠣᠨᠴᠠᠭᠠᠶ ᠦᠢᠯᠡᠳᠦᠯᠭᠡ (ᠨᠤᠲᠤᠭ ᠳᠡᠪᠢᠰᠬᠡᠷ᠎ᠢᠶᠡᠨ ᠬᠠᠮᠠᠭᠠᠯᠠᠵᠤ ᠬᠢᠯᠢ ᠬᠢᠵᠠᠭᠠᠷ᠎ᠢᠶᠠᠨ ᠬᠠᠮᠠᠭᠠᠯᠠᠬᠤ) ᠳᠤᠮᠳᠠ ᠪᠦᠷᠢᠯᠳᠦᠭᠰᠡᠨ ᠰᠣᠶᠣᠯ᠎ᠤᠨ ᠬᠡᠯᠪᠡᠷᠢ ᠪᠣᠯᠣᠨ᠎ᠠ᠂ ᠲᠡᠭᠦᠨ᠎ᠦ ᠢᠯᠡ ᠲᠣᠳᠣ᠌ ᠣᠨᠴᠠᠯᠢᠭ᠋ ᠨᠢ 《ᠬᠢᠯᠢ ᠬᠢᠵᠠᠭᠠᠷ》᠎ᠤ᠋ᠨ ᠭᠠᠵᠠᠷ ᠣᠷᠣᠨ᠎ᠤ ᠰᠢᠨᠵᠢ ᠴᠢᠨᠠᠷ ᠪᠠ 《ᠬᠢᠯᠢ ᠬᠠᠮᠠᠭᠠᠯᠠᠬᠤ》 ᠦᠢᠯᠡᠳᠦᠯᠭᠡ᠎ᠶᠢᠨ ᠮᠥᠨ ᠴᠢᠨᠠᠷ᠎ᠠᠴᠠ ᠢᠷᠡᠯᠲᠡ᠎ᠲᠠᠢ ᠶᠤᠮ᠂ ᠡᠨᠡ ᠬᠦ᠌ ᠣᠨᠴᠠᠯᠢᠭ᠋ ᠨᠢ ᠠᠭᠤᠤ ᠶᠡᠬᠡ ᠦᠨᠳᠦᠰᠦᠲᠡᠨ᠎ᠦ ᠵᠣᠷᠢᠭ᠋ ᠰᠠᠨᠠᠭᠠᠨ᠎ᠤ ᠬᠢᠯᠢ ᠬᠢᠵᠠᠭᠠᠷ ᠣᠷᠣᠨ᠎ᠳᠠᠬᠢ ᠠᠮᠢᠳᠤᠯᠢᠭ᠋ ᠢᠯᠡᠷᠡᠯ ᠪᠣᠯᠬᠤ᠎ᠪᠠᠷ ᠪᠠᠷᠠᠬᠤ ᠦᠭᠡᠢ᠂ ᠨᠠᠩ ᠴᠤ᠌ ᠤᠯᠤᠰ᠎ᠤᠨ ᠨᠤᠲᠤᠭ ᠳᠡᠪᠢᠰᠬᠡᠷ᠎ᠦᠨ ᠪᠦᠷᠢᠨ ᠪᠦᠲᠦᠨ᠎ᠢ ᠬᠠᠮᠠᠭᠠᠯᠠᠵᠤ᠂ ᠬᠢᠯᠢ ᠬᠢᠵᠠᠭᠠᠷ᠎ᠤᠨ ᠲᠣᠭᠲᠠᠭᠤᠨ ᠬᠥᠭᠵᠢᠯᠲᠡ᠎ᠶᠢ ᠠᠬᠢᠭᠤᠯᠬᠤ ᠣᠶᠤᠨ ᠰᠠᠨᠠᠭᠠᠨ᠎ᠤ ᠬᠥᠳᠡᠯᠭᠡᠬᠦ ᠬᠦᠴᠦᠨ ᠮᠥᠨ ᠭᠡᠵᠦ ᠵᠢᠭᠠᠵᠤ ᠭᠠᠷᠭᠠᠪᠠ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠴᠢᠬᠤᠯᠠ ᠶᠡᠬᠡ ᠰᠡᠳᠦᠪ᠎ᠦᠨ ᠳᠣᠣᠷ᠎ᠠ᠂ ᠬᠢᠯᠢ ᠬᠠᠮᠠᠭᠠᠯᠠᠬᠤ ᠰᠣᠶᠣᠯ ᠨᠢ ᠳᠤᠮᠳᠠᠳᠤ᠎ᠶᠢᠨ ᠪᠣᠯᠪᠠᠰᠤᠨ᠎ᠤ ᠴᠠᠳᠢᠭ᠋ ᠳᠣᠲᠣᠷᠠᠬᠢ ᠥᠪᠡᠷᠮᠢᠴᠡ ᠪᠥᠭᠡᠳ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ᠎ᠤ ᠬᠤᠪᠢ᠎ᠳᠤ᠂ ᠲᠡᠭᠦᠨ᠎ᠦ ᠦᠨ᠎ᠡ ᠦᠷᠲᠡᠭ᠎ᠢ ᠳᠠᠷᠤᠢ ᠲᠦᠷᠭᠡᠨ ᠭᠦᠨᠵᠡᠭᠡᠢ ᠠᠭᠤᠳᠠᠯᠬᠤ ᠴᠢᠬᠤᠯᠠᠲᠠᠢ ᠪᠠᠢᠨ᠎ᠠ᠃ ᠬᠢᠯᠢ ᠬᠠᠮᠠᠭᠠᠯᠠᠬᠤ ᠰᠣᠶᠣᠯ᠎ᠤᠨ ᠮᠥᠨ ᠴᠢᠨᠠᠷ ᠪᠣᠯ 《ᠬᠢᠯᠢ ᠬᠢᠵᠠᠭᠠᠷ᠎ᠢ ᠰᠠᠬᠢᠨ ᠬᠠᠮᠠᠭᠠᠯᠠᠬᠤ》 ᠡᠨᠡ ᠬᠦ᠌ ᠦᠢᠯᠡᠳᠦᠯᠭᠡ᠎ᠶᠢᠨ ᠠᠵᠢᠯᠯᠠᠭ᠎ᠠ᠎ᠶᠢᠨ ᠰᠣᠶᠣᠯ᠎ᠤᠨ ᠲᠤᠰᠬᠠᠯ ᠪᠣᠯᠣᠨ᠎ᠠ᠂ ᠲᠡᠭᠦᠨ᠎ᠦ ᠭᠣᠣᠯᠳᠠᠯᠭ᠎ᠠ ᠨᠢ ᠤᠯᠤᠰ᠎ᠤᠨ ᠡᠷᠬᠡ ᠮᠡᠳᠡᠯ ᠪᠠ ᠨᠤᠲᠤᠭ ᠳᠡᠪᠢᠰᠬᠡᠷ᠎ᠦᠨ ᠪᠦᠷᠢᠨ ᠪᠦᠲᠦᠨ ᠪᠠᠢᠬᠤ᠎ᠶᠢ ᠬᠠᠮᠠᠭᠠᠯᠠᠬᠤ ᠥᠷᠲᠡᠭ᠎ᠦᠨ ᠬᠠᠮᠲᠤ᠎ᠶᠢᠨ ᠲᠠᠨᠢᠯᠲᠠ᠂ ᠤᠯᠤᠰ ᠭᠡᠷ ᠵᠢᠡᠨ ᠳᠡᠭᠡᠳᠦ ᠬᠡᠮᠵᠢᠶ᠎ᠡ᠎ᠪᠡᠷ ᠮᠡᠳᠡᠷᠡᠬᠦ ᠪᠠ ᠬᠢᠯᠢ ᠬᠢᠵᠠᠭᠠᠷ᠎ᠤᠨ ᠠᠮᠤᠷ ᠲᠦᠪᠰᠢᠨ᠎ᠦ ᠬᠠᠷᠢᠭᠤᠴᠠᠯᠭ᠎ᠠ᠎ᠶᠢᠨ ᠤᠬᠠᠮᠰᠠᠷ ᠵᠢᠴᠢ ᠡᠨᠡ ᠬᠦ᠌ ᠶᠠᠪᠤᠴᠠ᠎ᠳᠤ ᠬᠤᠷᠠᠮᠳᠤᠭᠤᠯᠤᠭᠰᠠᠨ ᠣᠷᠣᠰᠢᠨ ᠲᠣᠭᠲᠠᠨᠢᠬᠤ ᠣᠶᠤᠨ ᠤᠬᠠᠭᠠᠨ᠂ ᠣᠶᠤᠨ ᠰᠠᠨᠠᠭᠠᠨ᠎ᠤ ᠢᠲᠡᠭᠡᠯ ᠪᠢᠰᠢᠷᠡᠯ ᠪᠠ ᠨᠡᠢᠭᠡᠮ᠎ᠦᠨ ᠵᠢᠷᠤᠮᠵᠢᠯ ᠪᠣᠯᠣᠨ᠎ᠠ᠃ ᠬᠢᠯᠢ ᠬᠠᠮᠠᠭᠠᠯᠠᠬᠤ ᠰᠣᠶᠣᠯ ᠨᠢ ᠤᠯᠠᠨ ᠲᠡᠰ ᠳᠠᠪᠬᠤᠷᠭ᠎ᠠ᠎ᠶᠢᠨ ᠰᠣᠶᠣᠯ᠎ᠤᠨ ᠰᠢᠰᠲᠧᠮ ᠪᠣᠯᠤᠭᠰᠠᠨ᠎ᠤ ᠬᠤᠪᠢ᠎ᠳᠤ᠂ ᠪᠣᠳᠠᠰ᠎ᠤᠨ ᠰᠣᠶᠣᠯ᠂ ᠲᠦᠷᠢᠮ᠎ᠤᠨ ᠰᠣᠶᠣᠯ ᠪᠠ ᠤᠶᠤᠨ᠎ᠤ ᠰᠣᠶᠣᠯ ᠵᠡᠷᠭᠡ ᠭᠤᠷᠪᠠᠨ ᠶᠡᠬᠡ ᠲᠠᠯ᠎ᠠ ᠵᠢ ᠬᠠᠮᠤᠷᠴᠤ ᠪᠠᠢᠳᠠᠭ᠃ ᠡᠩ ᠲᠡᠷᠢᠭᠦᠨ᠎ᠳᠦ᠂ ᠪᠣᠳᠠᠰ᠎ᠤᠨ ᠰᠣᠶᠣᠯ ᠪᠣᠯ ᠬᠢᠯᠢ ᠬᠠᠮᠠᠭᠠᠯᠠᠬᠤ ᠦᠢᠯᠡᠳᠦᠯᠭᠡ᠎ᠶᠢᠨ ᠳᠤᠮᠳᠠ ᠪᠣᠶ ᠪᠣᠯᠤᠭᠰᠠᠨ ᠪᠣᠳᠠᠰ᠎ᠤᠨ ᠬᠡᠯᠪᠡᠷᠢ᠎ᠪᠡᠷ ᠣᠷᠣᠰᠢᠵᠤ ᠪᠠᠢᠭ᠎ᠠ ᠰᠣᠶᠣᠯ᠎ᠤᠨ ᠦᠵᠡᠭᠳᠡᠯ ᠮᠥᠨ᠂ ᠬᠢᠯᠢ ᠬᠠᠮᠠᠭᠠᠯᠠᠬᠤ ᠦᠢᠯᠡᠳᠦᠯᠭᠡ᠎ᠶᠢ ᠥᠷᠨᠢᠭᠦᠯᠬᠦ ᠪᠣᠳᠠᠰ᠎ᠤᠨ ᠰᠠᠭᠤᠷᠢ ᠪᠠ ᠬᠢᠯᠢ ᠬᠠᠮᠠᠭᠠᠯᠠᠬᠤ ᠠᠵᠢᠯᠯᠠᠭ᠎ᠠ᠎ᠶᠢ ᠢᠯᠡᠷᠡᠭᠦᠯᠬᠦ 《ᠣᠷᠣ᠌ ᠮᠥᠷ᠎ᠲᠠᠢ ᠰᠤᠶᠤᠯ》 ᠪᠤᠯᠤᠨ᠎ᠠ᠃ ᠳᠠᠷᠠᠭᠠᠯᠠᠪᠠᠯ᠂ ᠲᠦᠷᠢᠮ᠎ᠤᠨ ᠰᠣᠶᠣᠯ ᠪᠣᠯ ᠬᠢᠯᠢ ᠬᠠᠮᠠᠭᠠᠯᠠᠬᠤ ᠦᠢᠯᠡᠳᠦᠯᠭᠡ᠎ᠶᠢᠨ ᠳᠤᠮᠳᠠ ᠳᠦᠷᠢᠮᠵᠢᠭᠦᠯᠬᠦ ᠪᠠ ᠬᠠᠮᠢᠶᠠᠷᠬᠤ᠎ᠶᠢᠨ ᠲᠥᠯᠥᠭᠡ ᠲᠣᠭᠲᠠᠭᠠᠭᠰᠠᠨ ᠬᠠᠮᠢᠶᠠᠷᠤᠯᠲᠠ᠎ᠶᠢᠨ ᠳᠦᠷᠢᠮ᠂ ᠲᠥᠷᠥ᠎ᠶᠢᠨ ᠪᠣᠳᠣᠯᠭ᠎ᠠ᠎ᠶᠢᠨ ᠰᠢᠰᠲᠧᠮ ᠮᠥᠨ᠂ ᠬᠢᠯᠢ ᠬᠠᠮᠠᠭᠠᠯᠠᠬᠤ ᠠᠵᠢᠯᠯᠠᠭ᠎ᠠ ᠵᠢᠨ 《ᠳᠦᠷᠢᠮ᠎ᠦᠨ ᠪᠠᠲᠤᠯᠠᠭ᠎ᠠ》 ᠮᠥᠨ᠃ ᠡᠴᠦᠰ᠎ᠲᠤᠨᠢ᠂ ᠣᠶᠣᠨ᠎ᠤ ᠰᠣᠶᠣᠯ ᠪᠣᠯ ᠬᠢᠯᠢ ᠬᠢᠵᠠᠭᠠᠷ ᠣᠷᠣᠨ᠎ᠤ ᠬᠢᠯᠢ ᠬᠠᠮᠠᠭᠠᠯᠠᠬᠤ ᠰᠣᠶᠣᠯ᠎ᠤᠨ ᠭᠣᠣᠯ ᠴᠣᠭᠴᠠ᠎ᠳᠤ ᠪᠠᠢᠳᠠᠭ ᠥᠷᠳᠡᠭ᠎ᠦᠨ ᠦᠵᠡᠯᠲᠡ᠂ ᠰᠡᠳᠬᠢᠯᠭᠡ᠎ᠶᠢᠨ ᠮᠡᠳᠡᠷᠡᠮᠵᠢ ᠪᠠ ᠰᠣᠶᠣᠯ᠎ᠤᠨ ᠢᠯᠡᠳᠭᠡᠯ ᠪᠣᠯᠣᠨ᠎ᠠ᠂ ᠡᠬᠦᠨ᠎ᠢ ᠬᠢᠯᠢ ᠬᠠᠮᠠᠭᠠᠯᠠᠬᠤ ᠰᠣᠶᠣᠯ᠎ᠤᠨ 《ᠠᠮᠢᠨ ᠰᠦᠨᠡᠰᠦ》 ᠭᠡᠵᠦ ᠦᠵᠡᠳᠡᠭ᠃

《ᠱᠢᠨᠬᠤᠸᠠ ᠵᠤᠬᠢᠶᠠᠯ᠎ᠤᠨ ᠱᠦᠭᠦᠮᠡᠭ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号