ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠡᠮᠳᠡᠭᠴᠤᠳ᠎ᠤᠨ ᠬᠤᠯᠪᠤᠭ᠎ᠠ ᠡᠴᠡ ᠤᠢᠯᠠᠭᠠᠬᠰᠠᠨ ᠵᠢᠡᠷ᠂ ᠥᠪᠡᠷᠲᠡᠭᠡᠨ ᠵᠠᠰᠠᠬᠤ ᠣᠷᠣᠨ᠎ᠤ ᠵᠡᠮᠳᠡᠭ᠌ᠴᠦᠳ᠎ᠦᠨ ᠬᠤᠯᠪᠤᠭ᠎ᠠ᠎ᠠᠴᠠ ᠤᠢᠷ᠎ᠠ᠎ᠳᠤ 2 ᠲᠤᠰᠭᠠᠶ ᠮᠡᠷᠭᠡᠵᠢᠯᠲᠠᠨᠢ ᠱᠢᠯᠢ᠎ᠶ᠋ᠢᠨ ᠭᠤᠤᠯ ᠠᠢᠮᠠᠭ᠎ᠲᠤ ᠰᠣᠩᠭᠣᠨ ᠲᠣᠮᠢᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠯᠣᠳᠤᠭᠠᠷ ᠬᠤᠭᠤᠴᠠᠭᠠᠨ᠎ᠤ ᠵᠡᠮᠳᠡᠭ᠌ᠴᠦᠳ᠎ᠦᠨ ᠲᠠᠮᠢᠷ᠎ᠤᠨ ᠴᠤᠭ᠍ᠯᠠᠭᠠᠨ ᠵᠢᠴᠢ ᠣᠨᠴᠠᠭᠠᠶ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠠᠮᠢᠷᠴᠢᠳ᠎ᠤᠨ ᠤᠷᠤᠯᠳᠤᠭᠠᠨ᠎ᠠᠴᠠ ᠡᠮᠦᠨᠡᠬᠢ ᠲᠠᠰ ᠬᠤᠪᠢᠶᠠᠬᠤ ᠦᠨᠡᠯᠡᠨ ᠲᠣᠭ᠍ᠲᠠᠭᠠᠬᠤ ᠠᠵᠢᠯ᠎ᠢ ᠥᠷᠨᠢᠭᠦᠯᠪᠡ᠃
ᠲᠤᠰ ᠤᠳᠠᠭᠠᠨ᠎ᠤ ᠤᠷᠤᠯᠳᠤᠭᠠᠨ᠎ᠠᠴᠠ ᠡᠮᠦᠨᠡᠬᠢ ᠳᠡᠰ ᠬᠤᠪᠢᠶᠠᠬᠤ ᠠᠵᠢᠯ᠎ᠢ ᠨᠠᠷᠢᠨ ᠨᠢᠭ᠍ᠲᠠ ᠵᠣᠬᠢᠶᠠᠨ ᠪᠠᠢᠭᠤᠯᠵᠤ᠂ ᠡᠮᠬᠢ ᠵᠢᠷᠤᠮ᠎ᠲᠠᠶ ᠠᠬᠢᠭᠤᠯᠬᠤ᠎ᠶᠢᠨ ᠲᠦᠯᠦᠭᠡ᠂ ᠲᠤᠰᠬᠠᠢ ᠮᠡᠷᠭᠡᠵᠢᠯᠲᠡᠨ ᠡᠴᠡ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠲᠤᠰᠭᠠᠶ ᠮᠡᠷᠭᠡᠵᠢᠯ᠎ᠦᠨ ᠲᠠᠰ ᠬᠤᠪᠢᠶᠠᠬᠤ ᠪᠠᠷᠢᠮᠵᠢᠶ᠎ᠠ᠎ᠶ᠋ᠢ ᠴᠢᠩᠭ᠎ᠠ ᠵᠢᠷᠤᠮᠯᠠᠨ᠂ ᠱᠢᠯᠢ᠎ᠶ᠋ᠢᠨ ᠭᠤᠤᠯ ᠠᠢᠮᠠᠭ᠎ᠤᠨ ᠤᠷᠤᠯᠳᠤᠭᠠᠨ᠎ᠳᠤ ᠣᠷᠣᠯᠴᠠᠬᠤ ᠲᠠᠮᠢᠷᠴᠢᠳ᠎ᠤᠨ ᠤᠷᠢᠳᠠᠪᠠᠷ ᠮᠡᠳᠡᠭᠦᠯᠦᠨ ᠬᠦᠷᠭᠡᠭ᠌ᠰᠡᠨ ᠰᠠᠭᠤᠷᠢ ᠮᠠᠲ᠋ᠧᠷᠢᠶᠠᠯ᠂ ᠡᠮᠴᠢᠯᠡᠭᠡᠨ᠎ᠦ ᠣᠨᠣᠱᠢᠯᠠᠯᠲᠠ᠎ᠶ᠋ᠢᠨ ᠲᠠᠩᠰᠠ ᠡᠪᠬᠡᠮᠡᠯ᠎ᠲᠡᠶ ᠤᠶᠠᠯᠳᠤᠭᠤᠯᠵᠤ᠂ ᠲᠠᠮᠢᠷᠴᠢᠳ᠎ᠤᠨ ᠵᠡᠮᠳᠡᠭ᠎ᠦᠨ ᠲᠥᠷᠥᠯ ᠢᠯᠭᠠᠯ᠂ ᠵᠡᠮᠳᠡᠭ᠎ᠦᠨ ᠬᠡᠮᠵᠢᠶ᠎ᠡ ᠵᠢᠴᠢ ᠪᠣᠳᠠᠲᠠᠶ ᠬᠥᠳᠡᠯᠭᠡᠭᠡᠨ᠎ᠦ ᠴᠢᠳᠠᠪᠤᠷᠢ ᠵᠡᠷᠭᠡ ᠶᠡᠷᠦᠩᠬᠡᠶ ᠪᠠᠢᠳᠠᠯ ᠵᠡᠷᠭᠡ᠎ᠵᠢ ᠬᠠᠷᠢᠴᠠᠭᠤᠯᠤᠨ᠂ ᠲᠤᠰᠭᠠᠶ ᠮᠡᠷᠭᠡᠵᠢᠯ ᠳ᠋ᠡᠭᠡᠨ ᠲᠦᠰᠢᠭᠯᠡᠵᠦ ᠨᠠᠷᠢᠯᠢᠭ ᠣᠨᠣᠪᠴᠢᠲᠠᠶ᠎ᠪᠠᠷ ᠲᠤᠬᠠᠶ᠎ᠶ᠋ᠢᠨ ᠲᠠᠯᠠᠪᠠᠶ᠎ᠳᠤ ᠲᠠᠰ ᠬᠤᠪᠢᠶᠠᠨ ᠦᠨᠡᠯᠡᠨ ᠵᠢᠱ᠌ᠢᠬᠦ᠌ ᠠᠵᠢᠯᠢᠥᠷᠨᠢᠭᠦᠯᠵᠦ᠍᠂ ᠦᠨᠡᠯᠡᠨ ᠲᠣᠭ᠍ᠲᠠᠭᠠᠬᠤ ᠭᠣᠭ᠍ᠴᠣᠭ᠎ᠠ ᠨᠢᠭᠡ ᠪᠦᠷᠢ᠎ᠶ᠋ᠢ ᠴᠢᠩᠭ᠎ᠠ ᠵᠢᠷᠤᠮᠵᠢᠭᠤᠯᠤᠨ᠂ ᠤᠷᠤᠯᠳᠤᠭᠠᠨ᠎ᠤ ᠡᠷᠬᠡ ᠲᠡᠭ᠌ᠰᠢ ᠲᠥᠪ ᠭᠤᠤᠯᠴᠢ ᠪᠠᠢᠬᠤ᠎ᠶ᠋ᠢ ᠦᠨᠡᠨᠬᠦ᠌ ᠪᠠᠲᠤᠯᠠᠵᠤ᠂ ᠤᠷᠤᠯᠳᠤᠭᠠᠨ᠎ᠳᠤ ᠣᠷᠣᠯᠴᠠᠬᠤ ᠲᠠᠮᠢᠷᠴᠢᠳ᠎ᠲᠤ ᠲᠥᠪ ᠭᠤᠤᠯᠴᠢ᠎ᠪᠠᠷ ᠤᠷᠤᠯᠳᠤᠭᠠᠨ᠎ᠤ ᠲᠠᠪᠴᠠᠩ ᠪᠠᠢᠭᠤᠯᠵᠤ ᠥᠭ᠌ᠭᠦ ᠪᠤᠯᠤᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号