ᠲᠦᠩᠯᠢᠶᠣᠤ ᠬᠤᠳᠠ ᠵᠢᠨ ᠡᠪᠯᠡᠯ᠎ᠤᠨ ᠬᠤᠷᠢᠶ᠎ᠠ 《ᠵᠠᠯᠠᠭᠤᠴᠤᠳ᠎ᠤᠨ ᠳᠡᠯᠭᠡᠭᠦᠷ ᠬᠤᠳᠠᠯᠳᠤᠭ᠎ᠠ》 ᠪᠡᠷ ᠬᠦᠨᠵᠡᠭᠡᠢᠷᠡᠬᠦ ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ ᠥᠷᠨᠢᠭᠦᠯᠪᠡ
2026-05-15 16:42:11
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

《ᠦᠨᠳᠦᠰᠦᠨ ᠱᠠᠲᠤᠨ᠎ᠳᠤ ᠪᠠᠭᠤᠵᠤ᠂ ᠰᠤᠷᠲᠠᠯ᠎ᠢᠶᠠᠨ ᠬᠤᠪᠢᠷᠠᠭᠤᠯᠵᠤ᠂ ᠳᠦᠷᠢ ᠲᠥᠷᠬᠦ᠌᠎ᠪᠡᠨ ᠱᠤᠭᠤᠬᠤ》 ᠣᠯᠠᠨ ᠲᠦᠮᠡᠨᠴᠢ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠡᠪᠯᠡᠯ᠎ᠦᠨ ᠺᠠᠳ᠋ᠷ᠎ᠤᠨ ᠪᠠᠢᠭᠤᠯᠭ᠎ᠠ᠎ᠠᠴᠠ ᠭᠠᠷᠬᠤ᠂ ᠡᠮᠦᠨ᠎ᠡ ᠹᠷᠣᠨᠲ᠎ᠲᠤ ᠭᠦᠨᠵᠡᠭᠡᠢᠷᠡᠬᠦ᠌᠂ ᠵᠠᠯᠠᠭᠤᠴᠤᠳ᠎ᠲᠠᠶ ᠣᠢᠷᠠᠲᠤᠬᠤ᠎ᠶ᠋ᠢ ᠠᠬᠢᠭᠤᠯᠵᠤ᠂ ᠵᠠᠯᠠᠭᠤᠴᠤᠳ᠎ᠲᠠᠶ ᠦᠨᠡᠨ ᠰᠡᠳᠭᠢᠯ᠎ᠡᠴᠡ᠎ᠪᠡᠨ ᠨᠠᠢᠵᠠᠯᠠᠵᠤ᠂ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ ᠵᠠᠰᠠᠭ᠎ᠤᠨ ᠠᠵᠢᠯ᠎ᠤᠨ ᠪᠦᠳᠦᠮᠵᠢ ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠤᠯᠭᠠᠬᠤ ᠵᠢ ᠵᠠᠯᠠᠭᠤᠴᠤᠳ᠎ᠲᠤ ᠦᠶ᠋ᠯᠡᠴᠢᠯᠡᠬᠦ᠌᠂ ᠦᠶ᠋ᠯᠡᠰ ᠪᠤᠰᠬᠠᠬᠤ᠎ᠳᠤ ᠬᠦᠴᠦᠨ ᠨᠡᠮᠡᠷᠢᠯᠡᠬᠦ᠌ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ᠎ᠶ᠋ᠢᠨ ᠲᠥᠯᠥᠭᠡ᠂ 3 ᠰᠠᠷ᠎ᠠ᠎ᠶ᠋ᠢᠨ 15 ᠎ᠤ᠋ ᠡᠳᠦᠷ᠎ᠡᠴᠡ ᠡᠬᠢᠯᠡᠨ᠂ ᠲᠦᠩᠯᠢᠶᠣᠤ ᠬᠣᠲᠠ᠎ᠶ᠋ᠢᠨ ᠡᠪᠯᠡᠯ᠎ᠦᠨ ᠬᠣᠷᠢᠶ᠎ᠠ ᠪᠠᠢᠴᠠᠭᠠᠨ ᠰᠤᠳᠤᠯᠬᠤ ᠳᠤᠭᠤᠢᠯᠠᠩ ᠪᠠᠢᠭᠤᠯᠵᠤ᠂ 《ᠵᠠᠯᠠᠭᠤᠴᠤᠳ᠎ᠤᠨ ᠳᠡᠯᠭᠡᠭᠦᠷ ᠬᠤᠳᠠᠯᠳᠤᠭ᠎ᠠ》 ᠪᠡᠷ ᠬᠦᠨᠵᠡᠭᠡᠢᠷᠡᠬᠦ ᠠᠵᠢᠯᠯᠠᠭ᠎ᠠ ᠥᠷᠨᠢᠭᠦᠯᠪᠡ᠃

ᠪᠠᠢᠴᠠᠭᠠᠨ ᠰᠤᠳᠤᠯᠬᠤ ᠳᠤᠭᠤᠢᠯᠠᠩ ᠤᠷᠢᠳ ᠬᠣᠵᠢᠳ 30 ᠭᠠᠷᠤᠶ 《ᠵᠠᠯᠠᠭᠤᠴᠤᠳ᠎ᠤᠨ ᠳᠡᠯᠭᠡᠭᠦᠷ ᠬᠤᠳᠠᠯᠳᠤᠭ᠎ᠠ》ᠪᠡᠷ ᠰᠤᠷᠪᠤᠯᠵᠢᠯᠠᠪᠠ᠃ ᠠᠵᠢᠯᠯᠠᠭ᠎ᠠ ᠨᠢ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠬᠦᠭᠵᠢᠬᠦᠯᠬᠦ᠂ ᠡᠩᠬᠦᠷᠡᠶ ᠠᠮᠢᠲᠠᠨ᠎ᠤ ᠠᠵᠤ ᠠᠬᠤᠶ᠂ ᠲᠤᠰᠠᠭᠠᠷ ᠢᠳᠡᠭᠡᠨ ᠤᠮᠳᠠᠭᠠᠨ ᠵᠡᠷᠭᠡ ᠣᠯᠠᠨ ᠡᠱᠢᠲᠦ ᠬᠦᠷᠢᠶ᠎ᠡ᠎ᠶ᠋ᠢ ᠬᠠᠮᠤᠷᠴᠤ᠌᠂ ᠳᠡᠯᠭᠡᠭᠦᠷ ᠫᠦᠰᠡ᠎ᠶ᠋ᠢᠨ ᠡᠵᠡᠨ᠎ᠲᠡᠶ ᠨᠢᠭᠤᠷᠲᠠᠨ ᠶᠠᠷᠢᠯᠴᠠᠬᠤ᠂ ᠦᠶ᠋ᠯᠡᠰ ᠪᠤᠰᠠᠬᠠᠰᠠᠨ ᠥᠩᠭᠡᠷᠡᠯᠲᠡ᠎ᠶ᠋ᠢ ᠨᠢ ᠰᠣᠨᠣᠰᠭᠤ᠂ ᠳᠡᠯᠭᠡᠭᠦᠷ ᠫᠦᠰᠡ᠎ᠶ᠋ᠢᠨ ᠡᠵᠡᠩᠨᠡᠯᠲᠡ᠎ᠶ᠋ᠢᠨ ᠣᠳᠣᠬᠢ ᠪᠠᠢᠳᠠᠯ᠂ ᠬᠥᠭ᠌ᠵᠢᠯᠲᠡ᠎ᠶ᠋ᠢᠨ ᠪᠣᠭᠣᠮᠢ ᠪᠠ ᠪᠣᠳᠠᠲᠠᠶ ᠬᠦᠰᠡᠯ ᠱᠠᠭᠠᠷᠳᠠᠯᠭ᠎ᠠ᠎ᠶ᠋ᠢ ᠨᠢ ᠨᠠᠷᠢᠨ ᠰᠣᠨᠣᠰᠪᠠ᠃ ᠣᠳᠣᠬᠠᠨ ᠪᠣᠯᠲᠠᠯ᠎ᠠ᠂ ᠪᠥᠬᠥ᠌ ᠬᠣᠲᠠ᠎ᠶ᠋ᠢᠨ 《ᠵᠠᠯᠠᠭᠤᠴᠤᠳ᠎ᠤᠨ ᠳᠡᠯᠭᠡᠭᠦᠷ ᠬᠤᠳᠠᠯᠳᠤᠭ᠎ᠠ》 ᠵᠢ ᠪᠣᠢᠵᠢᠭᠤᠯᠬᠤ ᠲᠥᠯᠥᠪᠯᠡᠭᠡ᠎ᠳᠦ ᠤᠷᠤᠭᠰᠠᠨ ᠳᠡᠯᠭᠡᠭᠦᠷ ᠬᠤᠳᠠᠯᠳᠤᠭ᠎ᠠ 100 ᠭᠠᠷᠤᠶ ᠪᠣᠯᠵᠣ᠂ ᠲᠠᠷᠠᠭᠠᠴᠢ᠎ᠶ᠋ᠢᠨ ᠴᠢᠭᠯᠡᠬᠦᠯᠦᠯᠳᠦ ᠴᠢᠨᠠᠷᠳᠠᠢ᠎ᠪᠠᠷ ᠡᠨᠧᠷᠭᠢ ᠣᠯᠭᠣᠬᠤ ᠱᠢᠷᠢᠰ ᠠᠵᠢᠯᠯᠠᠭ᠎ᠠ ᠵᠢ ᠥᠷᠨᠢᠭᠦᠯᠬᠦ᠌᠎ᠳᠦ ᠪᠠᠲᠤ ᠪᠠᠬᠢ ᠰᠠᠭᠤᠷᠢ ᠲᠠᠯᠪᠢᠵᠤ ᠥᠭ᠌ᠪᠡ᠃ 

《5·4》 ᠤ᠋ ᠵᠠᠯᠠᠭᠤᠴᠤᠳ᠎ᠤᠨ ᠪᠠᠶᠠᠷ᠎ᠢ ᠲᠤᠬᠢᠶᠠᠯᠳᠤᠭᠤᠯᠤᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠬᠣᠷᠢᠢ᠎ᠠ᠎ᠶ᠋ᠢᠨ ᠬᠢᠨ ᠲᠤᠬᠠᠢ᠎ᠶ᠋ᠢᠨ ᠭᠠᠵᠠᠷ᠎ᠤᠨ ᠵᠠᠯᠠᠭᠤᠴᠤᠳ᠎ᠤᠨ ᠬᠤᠪᠢ᠎ᠶ᠋ᠢᠨ ᠵᠠᠭᠤᠴᠢᠯᠠᠭᠤᠷ᠎ᠤᠨ ᠴᠢᠳᠠᠪᠤᠷᠢᠲᠠᠨ ᠲᠠᠢ ᠬᠠᠮᠳᠤᠷᠠᠨ ᠵᠠᠯᠠᠭᠤᠴᠤᠳ᠎ᠤᠨ ᠳᠡᠯᠭᠡᠭᠦᠷ ᠬᠠᠢᠬᠤ ᠨᠡᠢᠳᠡ ᠵᠢᠨ ᠠᠰᠠᠷᠠᠮᠵᠢ ᠵᠢᠨ ᠠᠵᠢᠯᠯᠠᠭ᠎ᠠ ᠥᠷᠨᠢᠭᠦᠯᠪᠡ᠃ ᠵᠠᠯᠠᠭᠤᠴᠤᠳ᠎ᠤᠨ ᠦᠢᠯᠡᠰ ᠪᠤᠰᠭᠠᠬ᠍ᠰᠠᠨ ᠦᠯᠢᠬᠡᠷ᠎ᠢ ᠶᠠᠷᠢᠬᠤ᠂ ᠤᠨᠴᠠᠯᠢᠬ᠍ᠳᠤ ᠪᠦᠲᠦᠭᠡᠭ᠌ᠳᠡᠬᠦᠨ᠎ᠢ ᠲᠠᠨᠢᠯᠴᠠᠭᠤᠯᠬᠤ᠂ ᠱᠢᠯᠢᠳᠡᠭ ᠣᠬᠣᠷ ᠸᠢᠳᠢᠣ᠋᠎ᠶ᠋ᠢᠨ ᠪᠦᠲᠦᠭᠡᠯ᠎ᠢ ᠵᠣᠬᠢᠶᠠᠨ ᠪᠦᠲᠦᠭᠡᠬᠦ᠌ ᠵᠡᠷᠭᠡ ᠬᠡᠯᠪᠡᠷᠢ᠎ᠪᠡᠷ ᠳᠠᠮᠵᠢᠭᠤᠯᠵᠤ᠂ ᠵᠠᠯᠠᠭᠤᠴᠤᠳ᠎ᠤᠨ ᠦᠢᠯᠡᠰ ᠪᠤᠰᠭᠠᠬᠤ᠎ᠶ᠋ᠢ ᠬᠠᠯᠠᠮᠵᠢᠯᠠᠨ ᠳᠡᠮᠵᠢᠬᠦ᠌᠂ ᠬᠡᠷᠡᠭ᠌ᠯᠡᠭᠡᠨ᠎ᠦ ᠵᠠᠬ᠎ᠠ ᠳᠡᠯᠭᠡᠭᠦᠷ᠎ᠢ ᠬᠥᠭ᠌ᠵᠢᠭᠡᠬᠦ᠌ ᠥᠳᠭᠡᠨ ᠵᠤᠵᠠᠭᠠᠨ ᠠᠭᠤᠷ ᠠᠮᠢᠰᠭᠤᠯ᠎ᠢ ᠢᠳᠡᠪᠬᠢᠲᠡᠢ ᠪᠤᠢ ᠪᠣᠯᠭᠠᠵᠤ᠂ ᠳᠡᠯᠭᠡᠭᠦᠷ᠎ᠦᠨ ᠬᠥᠮᠦᠰ᠎ᠦᠨ ᠠᠩᠬᠠᠷᠤᠯ᠎ᠢ ᠲᠠᠲᠠᠬᠤ᠂ ᠣᠷᠣᠯᠭ᠎ᠠ᠎ᠶ᠋ᠢ ᠨᠡᠮᠡᠭ᠌ᠳᠡᠭᠦᠯᠬᠦ᠌᠎ᠳᠦ ᠬᠦᠴᠦᠨ ᠨᠡᠮᠡᠷᠢᠯᠡᠪᠡ᠃

ᠲᠣᠰ ᠤᠳᠠᠭᠠᠨ᠎ᠤ ᠠᠵᠢᠯᠯᠠᠭ᠎ᠠ᠎ᠨᠢ ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢᠨ ᠵᠠᠯᠠᠭᠤᠴᠤᠳ᠎ᠤᠨ ᠦᠰᠦᠨ ᠪᠣᠢᠵᠢᠯᠲᠠ᠎ᠳᠤ ᠦᠶ᠋ᠯᠡᠴᠢᠯᠡᠬᠦ᠌᠂ ᠵᠠᠯᠠᠭᠤᠴᠤᠳ᠎ᠤᠨ ᠦᠶ᠋ᠯᠡᠰ ᠪᠤᠰᠭᠠᠬᠤ᠎ᠳᠤ ᠬᠦᠴᠦᠨ ᠨᠡᠮᠡᠷᠢᠯᠡᠬᠦ᠌᠂ ᠬᠣᠲᠠ᠎ᠶ᠋ᠢᠨ ᠬᠡᠷᠡᠭ᠌ᠯᠡᠭᠡ᠎ᠶ᠋ᠢ ᠬᠥᠭ᠌ᠵᠢᠭᠡᠬᠦ᠌ ᠠᠵᠢᠯ᠎ᠤᠨ ᠵᠤᠷᠢᠯᠳᠠ᠎ᠶ᠋ᠢ ᠭᠦᠶ᠋ᠴᠡᠳ ᠢᠯᠡᠷᠡᠭᠦᠯᠪᠡ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号