2026 ᠤᠨ ᠳ᠋ᠤ ᠬᠦᠬᠡᠬᠤᠳᠠ 30 ᠵᠦᠢᠯ᠎ᠤᠨ ᠭᠤᠤᠯᠳᠠᠯᠭ᠎ᠠ ᠲᠠᠢ ᠪᠡᠶ᠎ᠡ ᠵᠢᠨ ᠲᠠᠮᠢᠷ᠎ᠤᠨ ᠤᠷᠤᠯᠳᠤᠭᠠᠨ ᠡᠷᠬᠢᠯᠡᠨ᠎ᠡ
2026-05-15 10:43:42
ᠵᠣᠬᠢᠶᠠᠭ᠍ᠴᠢ᠄
​ ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠬᠥᠬᠡᠬᠣᠲᠠ᠎ᠶ᠋ᠢᠨ ᠨᠠᠮ᠎ᠤᠨ ᠬᠣᠷᠢᠶ᠎ᠠ᠂ ᠬᠦᠬᠡᠬᠤᠲᠠ᠎ᠶᠢᠨ ᠵᠠᠰᠠᠭ᠎ᠤᠨ ᠣᠷᠳᠣᠨ᠎ᠤ 《 ᠵᠢᠷᠭᠤᠭᠠᠨ ᠣᠷᠣᠨ ᠪᠦᠰᠡ᠎ᠶ᠋ᠢᠨ ᠲᠥᠪ 》 ᠢ᠋ ᠴᠣᠭ᠍ᠴᠠᠯᠠᠬᠤ ᠲᠤᠬᠠᠶ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠢᠳᠡᠪᠬᠢᠲᠡᠶ ᠴᠤᠤᠷᠢᠶᠠᠲᠤᠨ ᠳᠠᠭᠠᠵᠤ᠂ ᠲᠠᠷᠢᠶᠠᠯᠠᠩ ᠮᠠᠯ ᠠᠵᠤ ᠠᠬᠤᠶ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ᠎ᠬᠤᠳᠠᠯᠳᠤᠭ᠎ᠠ᠎ᠶᠢᠨ ᠭᠦᠨᠵᠡᠭᠡᠶ ᠠᠭᠤᠰᠤᠯᠴᠠᠨ  ᠬᠥᠭ᠌ᠵᠢᠬᠦ᠌᠎ᠶ᠋ᠢ ᠤᠯᠠᠮ ᠨᠢᠭᠡ ᠠᠯᠬᠤᠮ ᠠᠬᠢᠭᠤᠯᠵᠤ᠂ ᠠᠷᠠᠯᠵᠢᠶᠠᠴᠢᠨ ᠤᠷᠢᠬᠤ ᠠᠷᠭ᠎ᠠ ᠵᠠᠮ᠎ᠢ ᠥᠷᠭᠡᠳᠭᠡᠨ᠂ 《ᠪᠡᠶ᠎ᠡ᠎ᠶ᠋ᠢᠨ ᠲᠠᠮᠢᠷ +》 ᠬᠥᠭ᠌ᠵᠢᠯᠲᠡ᠎ᠵᠢ ᠠᠬᠢᠭᠤᠯᠬᠤ᠎ᠶᠢᠨ ᠲᠦᠯᠦᠭᠡ᠂ 3 ᠰᠠᠷ᠎ᠠ᠎ᠶ᠋ᠢᠨ 31 ᠤ᠋ ᠡᠳᠦᠷ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ 2026 ᠣᠨ᠎ᠤ ᠭᠤᠤᠯᠳᠠᠯᠭ᠎ᠠ᠎ᠲᠠᠶ ᠪᠡᠶ᠎ᠡ ᠵᠢᠨ ᠲᠠᠮᠢᠷ᠎ᠤᠨ ᠤᠷᠤᠯᠳᠤᠭᠠᠨ᠎ᠤ ᠶᠠᠪᠤᠳᠠᠯ᠎ᠢ ᠲᠠᠨᠢᠯᠴᠠᠭᠤᠯᠬᠤ ᠵᠢᠴᠢ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ᠎ᠶᠢᠨ ᠬᠤᠷᠠᠯ  ᠬᠤᠷᠠᠯᠳᠤᠭᠤᠯᠪᠠ᠃

ᠬᠤᠷᠠᠯ ᠡᠴᠡ ᠤᠢᠯᠠᠭᠠᠭᠰᠠᠨ ᠵᠢᠡᠷ᠂ ᠲᠣᠰ ᠤᠳᠠᠭ᠎ᠠ ᠵᠢᠨ ᠲᠠᠨᠢᠯᠴᠠᠭᠤᠯᠭ᠎ᠠ᠎ᠶ᠋ᠢᠨ ᠬᠤᠷᠠᠯ᠎ᠳᠤ ᠣᠷᠣᠯᠴᠠᠭ᠍ᠰᠠᠨ ᠭᠤᠤᠯ ᠴᠣᠭ᠍ᠴᠠ᠎ᠶ᠋ᠢᠨ ᠬᠠᠮᠤᠷᠬᠤ ᠬᠡᠪᠴᠢᠶ᠎ᠡ ᠥᠷᠭᠡᠨ᠂ ᠠᠵᠢᠯ ᠲᠥᠷᠥᠯ᠎ᠦᠨ ᠲᠥᠯᠥᠭᠡᠯᠡᠬᠦ᠌ ᠴᠢᠨᠠᠷ ᠴᠢᠩᠭ᠎ᠠ ᠪᠠᠢᠵᠤ᠂ ᠪᠥᠬᠥ᠌ ᠤᠯᠤᠰ᠎ᠤᠨ ᠡᠯ᠎ᠡ ᠭᠠᠵᠠᠷ᠎ᠤᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠡᠵᠡᠩᠨᠡᠯᠲᠡ᠂ ᠲᠠᠷᠢᠶᠠᠯᠠᠩ ᠮᠠᠯ ᠠᠵᠤ ᠠᠬᠤᠶ᠂ ᠬᠤᠳᠠᠯᠳᠤᠭᠠᠨ᠎ᠤ ᠶᠠᠪᠤᠳᠠᠯ ᠵᠡᠷᠭᠡ ᠣᠯᠠᠨ ᠬᠦᠷᠢᠶ᠎ᠡ᠎ᠶ᠋ᠢ ᠬᠠᠮᠤᠷᠤᠭ᠍ᠰᠠᠨ 50 ᠭᠠᠷᠤᠶ ᠠᠵᠤ ᠠᠬᠤᠢᠯᠠᠯ᠎ᠤᠨ ᠲᠥᠯᠥᠭᠡᠯᠡᠭ᠌ᠴᠢ ᠬᠤᠷᠠᠯ᠎ᠳᠤ  ᠣᠷᠣᠯᠴᠠᠪᠠ᠃

ᠬᠤᠷᠠᠯ ᠳᠡᠭᠡᠷ᠎ᠡ᠂ 2026 ᠣᠨ᠎ᠤ 30  ᠵᠦᠶ᠋ᠯ᠎ᠦᠨ ᠭᠤᠤᠯᠳᠠᠯᠭ᠎ᠠ᠎ᠲᠠᠶ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠢ ᠲᠠᠨᠢᠯᠴᠠᠭᠤᠯᠪᠠ᠃ ᠲᠤᠬᠠᠢᠯᠠᠪᠠᠯ   I T F ᠣᠯᠠᠨ ᠤᠯᠤᠰ᠎ᠤᠨ ᠲᠤᠤᠷ ᠪᠥᠮᠪᠥᠭᠡ᠎ᠶ᠋ᠢᠨ ᠤᠷᠤᠯᠳᠤᠭᠠᠨ ᠂ 2026 ᠤᠨ᠎ᠤ  ᠬᠥᠬᠡᠬᠣᠲᠠ᠎ᠶ᠋ᠢᠨ ᠮᠠᠷᠠᠽᠤᠨ ᠤᠷᠤᠯᠳᠤᠭᠠᠨ᠂ 《ᠦᠪᠦᠷ ᠮᠤᠨᠭᠭᠤᠯ᠎ᠤᠨ ᠬᠦᠯ ᠪᠦᠮᠪᠦᠭᠡ᠎ᠶᠢᠨ ᠬᠡᠳᠦ ᠲᠡᠰ᠎ᠤᠨ ᠬᠤᠯᠪᠤᠭᠠᠳᠤ ᠤᠷᠤᠯᠳᠤᠭᠠᠨ》᠂ 《ᠵᠡᠭᠦᠨ ᠬᠣᠢᠲᠤ᠎ᠶ᠋ᠢᠨ ᠬᠦᠯ ᠪᠦᠮᠪᠦᠭᠡ᠎ᠶᠢᠨ ᠬᠡᠲᠦ ᠲᠡᠰ᠎ᠤᠨ  ᠬᠤᠯᠪᠤᠭᠠᠳᠤ ᠤᠷᠤᠯᠳᠤᠭᠠᠨ》 ᠵᠡᠷᠭᠡ ᠭᠤᠤᠯᠳᠠᠯᠭ᠎ᠠ᠎ᠲᠠᠶ ᠤᠷᠤᠯᠳᠤᠭᠠᠨ᠎ᠤ ᠠᠵᠢᠯᠯᠠᠭ᠎ᠠ  ᠪᠠᠭ᠍ᠲᠠᠨ᠎ᠠ᠃  ᠲᠠᠨᠢᠯᠴᠠᠭᠤᠯᠭ᠎ᠠ᠎ᠶᠢᠨ ᠬᠤᠷᠠᠯ᠎ᠤᠨ ᠳᠠᠷᠠᠭ᠎ᠠ᠂ ᠴᠤᠭ᠍ᠯᠠᠭᠠᠨ᠎ᠳᠤ ᠣᠷᠣᠯᠴᠠᠭ᠍ᠰᠠᠨ ᠠᠵᠤ ᠠᠬᠤᠢᠯᠠᠯ᠎ᠤᠳ ᠢᠳᠡᠪᠬᠢᠲᠡᠶ ᠪᠥᠭᠡᠳ ᠰᠠᠨᠠᠭᠠᠴᠢᠯᠠᠭ᠎ᠠ᠎ᠠᠴᠠ᠎ᠪᠠᠨ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠯᠤᠭ᠎ᠠ ᠤᠷᠤᠯᠳᠤᠭᠠᠨ᠎ᠤ ᠵᠦᠶ᠋ᠯᠡᠰ᠎ᠦᠨ ᠬᠠᠮᠲᠤᠷᠠᠯᠴᠠᠭ᠎ᠠ᠎ᠶ᠋ᠢᠨ ᠲᠣᠭᠣᠷᠢᠨ᠎ᠳᠤ ᠭᠦᠨᠵᠡᠭᠡᠶ ᠶᠠᠷᠢᠯᠴᠠᠵᠤ᠂ ᠣᠯᠠᠨ ᠵᠦᠶ᠋ᠯ᠎ᠦᠨ ᠬᠠᠮᠲᠤᠷᠠᠯᠴᠠᠭᠠᠨ᠎ᠤ ᠲᠠᠯ᠎ᠠ ᠪᠡᠷ ᠬᠠᠮᠲᠤ᠎ᠶ᠋ᠢᠨ ᠲᠠᠨᠢᠯᠲᠠ᠎ᠲᠠᠶ ᠪᠣᠯᠵᠣ᠂ ᠲᠤᠬᠠᠶ᠎ᠶ᠋ᠢᠨ ᠲᠠᠯᠠᠪᠠᠶ᠎ᠳᠤ ᠨᠡᠢᠲᠡ 16 ᠠᠵᠤ ᠠᠬᠤᠢᠯᠠᠯ ᠤᠷᠤᠯᠳᠤᠭᠠᠨ᠎ᠤ ᠵᠦᠶ᠋ᠯᠡᠰ᠎ᠦᠨ ᠰᠠᠨᠠᠮᠵᠢ᠎ᠶ᠋ᠢᠨ ᠭᠡᠷ᠎ᠡ ᠳ᠋ᠤ ᠭᠠᠷ᠎ᠤᠨ ᠦᠰᠦᠭ ᠵᠢᠷᠤᠪᠠ᠃ ᠬᠠᠮᠲᠤᠷᠠᠯᠴᠠᠭ᠎ᠠ᠎ᠨᠢ ᠤᠷᠤᠯᠳᠤᠭᠠᠨ᠎ᠤ ᠵᠦᠶ᠋ᠯᠡᠰ᠎ᠦᠨ ᠡᠵᠡᠩᠨᠡᠯᠲᠡ᠂ ᠨᠠᠷᠠᠲᠤ ᠲᠥᠷᠥᠯ ᠲᠡᠮᠳᠡᠭ᠌ᠲᠦ᠍᠎ᠶ᠋ᠢᠨ ᠳᠡᠮᠵᠢᠯᠭᠡ ᠵᠡᠷᠭᠡ ᠣᠯᠠᠨ ᠬᠦᠷᠢᠶ᠎ᠡ᠎ᠶ᠋ᠢ ᠬᠠᠮᠤᠷᠴᠠᠶ᠃ ᠲᠣᠰ ᠤᠳᠠᠭ᠎ᠠ ᠵᠢᠨ ᠲᠠᠨᠢᠯᠴᠠᠭᠤᠯᠭ᠎ᠠ᠎ᠶᠢᠨ ᠬᠤᠷᠠᠯ᠎ᠢᠶᠠᠷ ᠳᠡᠮᠵᠢᠨ᠂ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠪᠡᠶ᠎ᠡ᠎ᠶ᠋ᠢᠨ ᠲᠠᠮᠢᠷ᠎ᠤᠨ ᠳᠠᠢᠴᠢᠯᠠᠬᠤ ᠦᠶ᠋ᠯᠡᠳᠦᠯ᠎ᠢ  ᠦᠷᠭᠦᠯᠵᠢᠯᠡᠨ  ᠪᠠᠳᠠᠷᠠᠭᠤᠯᠵᠤ᠂ ᠡᠯ᠎ᠡ ᠠᠵᠤ ᠠᠬᠤᠢᠯᠠᠯ᠎ᠯᠤᠭ᠎ᠠ᠎ᠶ᠋ᠢᠨ ᠨᠡᠪᠲᠡᠷᠡᠯᠴᠡᠭᠡ ᠰᠣᠯᠢᠯᠴᠠᠭ᠎ᠠ᠎ᠪᠠᠨ ᠭᠦᠨᠵᠡᠭᠡᠢᠷᠡᠭᠦᠯᠦᠨ᠂ ᠤᠷᠤᠯᠳᠤᠭᠠᠨ᠎ᠢᠶᠠᠷ  ᠬᠥᠳᠡᠯᠭᠡᠭᠦᠷ  ᠪᠣᠯᠭᠠᠵᠤ᠂ ᠬᠣᠲᠠ᠎ᠶ᠋ᠢᠨ ᠬᠡᠷᠡᠭ᠌ᠯᠡᠭᠡ᠎ᠶ᠋ᠢ ᠬᠦᠴᠦᠯᠡᠨ ᠳᠠᠢᠴᠢᠯᠠᠵᠤ᠂ ᠰᠥᠨᠢ᠎ᠶ᠋ᠢᠨ ᠠᠵᠤ ᠠᠬᠤᠶ᠎ᠶ᠋ᠢ ᠬᠥᠭ᠌ᠵᠢᠭᠡᠨ᠂ ᠠᠵᠤ ᠦᠶ᠋ᠯᠡᠰ᠎ᠦᠨ ᠠᠭᠤᠰᠤᠯᠴᠠᠯ᠎ᠢ ᠠᠬᠢᠭᠤᠯᠵᠤ᠂  ᠣᠷᠣᠨ᠎ᠤ ᠲᠥᠪ᠎ᠦᠨ ᠴᠢᠨᠠᠷ ᠰᠠᠢᠲᠠᠶ ᠬᠥᠭ᠌ᠵᠢᠯᠲᠡ᠎ᠳᠦ ᠪᠡᠶ᠎ᠡ᠎ᠶ᠋ᠢᠨ ᠲᠠᠮᠢᠷ᠎ᠤᠨ ᠬᠥᠳᠡᠯᠭᠡᠬᠦ᠌ ᠬᠦᠴᠦᠨ ᠨᠡᠮᠡᠷᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号