ᠬᠣᠶᠠᠳᠤᠭᠠᠷ ᠬᠤᠭᠤᠴᠠᠭᠠᠨ᠎ᠤ ᠠᠽᠢᠶ᠎ᠠ ᠲᠢᠪ᠎ᠦᠨ ᠤᠶᠤᠲᠠᠳ᠎ᠤᠨ ᠰᠠᠭ᠍ᠰᠤᠨ ᠪᠥᠮᠪᠥᠭᠡ᠎ᠶ᠋ᠢᠨ ᠬᠣᠯᠪᠣᠭᠠᠲᠤ ᠤᠷᠤᠯᠳᠤᠭᠠᠨ ᠬᠠᠩᠵᠧᠦ᠍᠎ᠳᠦ ᠶᠠᠪᠤᠭ᠍ᠳᠠᠨ᠎ᠠ
2026-05-15 16:11:22
ᠵᠣᠬᠢᠶᠠᠭ᠍ᠴᠢ᠄
ᠬᠤᠷᠴᠠ
ᠣᠩᠱᠢᠭ᠍ᠰᠠᠨ ᠣᠳᠠᠭ᠎ᠠ᠄
★★★☆☆

ᠤᠷᠤᠯᠳᠤᠭᠠᠨ᠎ᠤ ᠵᠣᠬᠢᠶᠠᠨ ᠪᠠᠢᠭᠤᠯᠬᠤ ᠺᠣᠮᠢᠰ᠎ᠤᠨ ᠮᠡᠳᠡᠭᠡ᠎ᠶ᠋ᠢ ᠦᠨᠳᠦᠰᠦᠯᠡᠪᠡᠯ᠂ ᠬᠣᠶᠠᠳᠤᠭᠠᠷ ᠬᠤᠭᠤᠴᠠᠭᠠᠨ᠎ᠤ ᠠᠽᠢᠶ᠎ᠠ ᠲᠢᠪ᠎ᠦᠨ ᠤᠶᠤᠲᠠᠳ᠎ᠤᠨ ᠰᠠᠭ᠍ᠰᠤᠨ ᠪᠥᠮᠪᠥᠭᠡ᠎ᠶ᠋ᠢᠨ ᠬᠣᠯᠪᠣᠭᠠᠲᠤ ᠤᠷᠤᠯᠳᠤᠭᠠᠨ ᠡᠨᠡ ᠵᠢᠯ᠎ᠦᠨ 8 ᠰᠠᠷ᠎ᠠ᠎ᠳᠤ ᠬᠠᠩᠵᠧᠦ᠍᠎ᠳᠦ ᠶᠠᠪᠤᠭ᠍ᠳᠠᠬᠤ ᠪᠣᠯᠤᠨ᠎ᠠ᠂ ᠤᠷᠤᠯᠳᠤᠭᠠᠨ᠎ᠳᠤ ᠣᠷᠣᠯᠴᠠᠬᠤ 12 ᠠᠩᠭᠢ ᠨᠢᠭᠡᠨᠲᠡ ᠪᠦᠬᠦᠨ᠎ᠢᠶᠡᠷ᠎ᠢᠶᠡᠨ ᠲᠣᠭ᠍ᠲᠠᠭ᠍ᠰᠠᠨ ᠪᠠᠢᠨ᠎ᠠ᠃ 

ᠲᠤᠰ ᠤᠷᠤᠯᠳᠤᠭᠠᠨ᠎ᠢ ᠠᠽᠢᠶ᠎ᠠ ᠲᠢᠪ᠎ᠦᠨ ᠤᠶᠤᠲᠠᠳ᠎ᠤᠨ ᠪᠡᠶ᠎ᠡ᠎ᠶ᠋ᠢᠨ ᠲᠠᠮᠢᠷ᠎ᠤᠨ ᠬᠣᠯᠪᠣᠭ᠎ᠠ ᠡᠴᠡ ᠭᠣᠣᠯᠯᠠᠨ ᠡᠷᠬᠢᠯᠡᠵᠦ᠍᠂ ᠠᠽᠢᠶ᠎ᠠ ᠲᠢᠪ᠎ᠦᠨ ᠰᠤᠷᠭᠠᠭᠤᠯᠢ᠎ᠶ᠋ᠢᠨ ᠬᠦᠷᠢᠶᠡᠨ᠎ᠦ ᠰᠠᠭ᠍ᠰᠤᠨ ᠪᠥᠮᠪᠥᠭᠡ᠎ᠶ᠋ᠢᠨ ᠬᠢᠵᠠᠭᠠᠷᠲᠤ ᠺᠣᠮᠫᠠᠨᠢ ᠡᠴᠡ ᠲᠤᠰᠠᠭᠠᠷ ᠡᠵᠡᠩᠨᠡᠯᠲᠡ ᠬᠢᠨ᠎ᠡ᠃ ᠤᠷᠤᠯᠳᠤᠭᠠᠨ ᠨᠢ 8 ᠰᠠᠷ᠎ᠠ᠎ᠶ᠋ᠢᠨ 2 ᠎ᠡᠴᠡ 9 ᠎ᠤ᠋ ᠡᠳᠦᠷ ᠪᠣᠯᠲᠠᠯ᠎ᠠ ᠬᠠᠩᠵᠧᠦ᠍᠎ᠶ᠋ᠢᠨ ᠪᠢᠨᠵᠢᠶᠠᠩ᠎ᠤᠨ ᠪᠡᠶ᠎ᠡ᠎ᠶ᠋ᠢᠨ ᠲᠠᠮᠢᠷ᠎ᠤᠨ ᠣᠷᠳᠣᠨ᠎ᠳᠤ ᠶᠠᠪᠤᠭ᠍ᠳᠠᠵᠤ᠂ ᠴᠢᠩᠬᠤᠸᠠ ᠶᠡᠬᠡ ᠰᠤᠷᠭᠠᠭᠤᠯᠢ᠂ ᠪᠡᠭᠡᠵᠢᠩ ᠶᠡᠬᠡ ᠰᠤᠷᠭᠠᠭᠤᠯᠢ᠂ ᠱᠠᠩᠬᠠᠶ᠎ᠶ᠋ᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ ᠵᠡᠷᠭᠡ ᠳᠤᠮᠳᠠᠳᠤ ᠤᠯᠤᠰ᠎ᠤᠨ ᠤᠶᠤᠲᠠᠳ᠎ᠤᠨ ᠰᠠᠭ᠍ᠰᠤᠨ ᠪᠥᠮᠪᠥᠭᠡ᠎ᠶ᠋ᠢᠨ ᠬᠣᠯᠪᠣᠭᠠᠲᠤ ᠤᠷᠤᠯᠳᠤᠭᠠᠨ᠎ᠤ ᠠᠩᠬᠢ ᠣᠷᠣᠯᠴᠠᠬᠤ ᠪᠣᠯᠤᠨ᠎ᠠ᠃ ᠺᠣᠷᠢᠶᠠ ᠪᠣᠯᠤᠨ ᠶᠠᠫᠣᠨ ᠲᠣᠰ ᠲᠣᠰ ᠬᠣᠶᠠᠷ ᠠᠩᠭᠢ ᠲᠣᠮᠢᠯᠠᠵᠤ᠂ ᠳᠤᠮᠳᠠᠳᠤ ᠤᠯᠤᠰ᠎ᠤᠨ ᠱᠢᠶᠠᠩᠭᠠᠩ᠂ ᠳᠤᠮᠳᠠᠳᠤ ᠤᠯᠤᠰ᠎ᠤᠨ ᠲᠠᠢᠪᠧᠢ᠂ ᠮᠣᠩᠭᠣᠯ ᠤᠯᠤᠰ᠂ ᠠᠦ᠋ᠰᠲ᠋ᠷᠠᠯᠢᠶ᠎ᠠ ᠪᠣᠯᠤᠨ ᠹᠢᠯᠢᠫᠢᠨ ᠲᠣᠰ ᠲᠣᠰ ᠨᠢᠭᠡ ᠠᠩᠭᠢ ᠤᠷᠤᠯᠳᠤᠭᠠᠨ᠎ᠳᠤ ᠣᠷᠣᠯᠴᠠᠨ᠎ᠡ᠃ ᠡᠨᠡ 12 ᠠᠩᠬᠢ᠎ᠶ᠋ᠢᠨ 6 ᠨᠢ ᠨᠢᠳᠤᠨᠤᠨ᠎ᠤ ᠠᠩᠬᠠᠳᠤᠭᠠᠷ ᠬᠤᠭᠤᠴᠠᠭᠠᠨ᠎ᠤ ᠤᠷᠤᠯᠳᠤᠭᠠᠨ᠎ᠳᠤ ᠣᠷᠣᠯᠴᠠᠪᠠ᠃ 

ᠠᠽᠢᠶ᠎ᠠ ᠲᠢᠪ᠎ᠦᠨ ᠤᠶᠤᠲᠠᠳ᠎ᠤᠨ ᠪᠡᠶ᠎ᠡ᠎ᠶ᠋ᠢᠨ ᠲᠠᠮᠢᠷ᠎ᠤᠨ ᠬᠣᠯᠪᠣᠭ᠎ᠠ ᠵᠢᠨ ᠨᠠᠷᠢᠨ ᠪᠢᠴᠢᠭ᠎ᠦᠨ ᠳᠠᠷᠤᠭ᠎ᠠ ᠰᠧ ᠲᠥ ᠵᠧᠨ ᠬᠣᠶ᠂ ᠡᠨᠡ ᠬᠦ᠌ ᠤᠷᠤᠯᠳᠤᠭᠠᠨ ᠨᠢ ᠠᠽᠢᠶ᠎ᠠ ᠲᠢᠪ᠎ᠦᠨ ᠣᠷᠣᠢᠯᠠᠭ᠍ᠰᠠᠨ ᠶᠡᠬᠡ ᠰᠤᠷᠭᠠᠭᠤᠯᠢ᠎ᠶ᠋ᠢᠨ ᠪᠥᠮᠪᠥᠭᠡᠨ ᠠᠩᠭᠢ᠎ᠶ᠋ᠢ ᠨᠢᠭᠡ ᠲᠠᠩᠬᠢᠮ᠎ᠳᠤ ᠴᠤᠭ᠍ᠯᠠᠷᠠᠭᠤᠯᠤᠭ᠍ᠰᠠᠨ ᠪᠠᠢᠨ᠎ᠠ᠂ ᠲᠡᠷᠡ ᠨᠢ ᠥᠨᠳᠥᠷ ᠲᠦᠪᠱᠢᠨ ᠪᠥᠬᠥᠶ ᠤᠷᠤᠯᠳᠤᠭᠠᠨ᠎ᠤ ᠲᠠᠪᠴᠠᠩ ᠪᠣᠯᠬᠤ᠎ᠪᠠᠷ ᠪᠠᠷᠠᠬᠤ ᠥᠬᠡᠶ᠂ ᠠᠽᠢᠶ᠎ᠠ ᠲᠢᠪ᠎ᠦᠨ ᠡᠯ᠎ᠡ ᠤᠯᠤᠰ ᠪᠠ ᠭᠠᠵᠠᠷ ᠣᠷᠣᠨ᠎ᠤ ᠬᠣᠭᠣᠷᠣᠨᠳᠣᠬᠢ ᠪᠡᠶ᠎ᠡ᠎ᠶ᠋ᠢᠨ ᠲᠠᠮᠢᠷ ᠬᠢᠭᠡᠳ ᠰᠣᠶᠣᠯ᠎ᠤᠨ ᠰᠣᠯᠢᠯᠴᠠᠭ᠎ᠠ᠎ᠳᠤ ᠴᠢᠬᠤᠯᠠ ᠠᠵᠠ ᠲᠣᠬᠢᠶᠠᠯ ᠬᠠᠩᠭᠠᠭ᠍ᠰᠠᠨ ᠪᠠᠢᠨ᠎ᠠ; ᠡᠯ᠎ᠡ ᠪᠥᠮᠪᠥᠭᠡᠨ ᠠᠩᠭᠢ ᠬᠠᠷᠢᠯᠴᠠᠨ ᠰᠣᠯᠢᠯᠴᠠᠵᠤ᠂ ᠨᠢᠭᠡ ᠲᠠᠯᠠᠪᠤᠷ᠎ᠲᠤ ᠤᠷᠤᠯᠳᠤᠬᠤ᠎ᠶ᠋ᠢᠨ ᠬᠠᠮᠲᠤ ᠬᠣᠭᠣᠷᠣᠨᠳᠣᠬᠢ ᠬᠠᠷᠢᠴᠠᠭ᠎ᠠ᠎ᠪᠠᠨ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌᠎ᠶ᠋ᠢ ᠬᠦᠰᠡᠵᠦ᠍ ᠪᠠᠢᠨ᠎ᠠ ᠭᠡᠵᠦ ᠢᠯᠡᠳᠭᠡᠪᠡ᠃ 

ᠢᠷᠡᠯᠲᠡ᠄ ᠰᠢᠨᠬᠤᠸᠠ ᠬᠤᠷᠢᠶ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号