ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠪᠠ
2026-05-16 11:25:33
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

   ᠸᠠᠩ ᠸᠧᠶ ᠵᠥᠩ ᠬᠤᠷᠠᠯ ᠢ᠋ ᠡᠷᠭᠢᠯᠡᠵᠠᠢ


 5 ᠰᠠᠷ᠎ᠠ᠎ᠶ᠋ᠢᠨ 15 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢᠨ ᠲᠤᠬᠠᠢ ᠴᠢᠬᠤᠯᠠ ᠥᠭᠦᠯᠡᠯᠲᠡ᠎ᠶ᠋ᠢ ᠤᠯᠠᠮᠵᠢᠯᠠᠨ ᠰᠤᠷᠤᠯᠴᠠᠵᠤ᠂ ᠬᠣᠯᠪᠣᠭ᠍ᠳᠠᠯ ᠪᠦᠬᠦᠢ ᠬᠦᠷᠢᠶᠡᠨ᠎ᠦ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠳᠠᠷᠠᠭᠠᠴᠢ᠎ᠶ᠋ᠢᠨ ᠠᠯᠬᠤᠮ᠎ᠤᠨ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠪᠡ᠃

ᠬᠤᠷᠠᠯ ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ ᠂ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠬᠦ᠌᠎ᠶ᠋ᠢ ᠪᠠᠷᠢᠮᠲᠠᠯᠠᠵᠤ᠂ 《ᠴᠠᠭ ᠢᠮᠠᠭ᠍ᠲᠠ ᠰᠠᠨᠠᠭ᠎ᠠ ᠲᠠᠯᠪᠢᠬᠤ》 ᠬᠠᠷᠢᠭᠤᠴᠠᠯᠭᠠᠲᠤ ᠰᠡᠳᠭᠢᠯᠭᠡ ᠪᠣᠯᠤᠨ 《ᠶᠠᠪᠤᠳᠠᠯ ᠪᠤᠯᠭᠠᠨ᠎ᠢ ᠴᠢᠩᠭ᠎ᠠ ᠠᠳᠭᠤᠬᠤ》 ᠬᠡᠷᠡᠭ᠌ᠵᠢᠭᠦᠯᠬᠦ᠌ ᠬᠦᠴᠦᠨ᠎ᠢ ᠴᠢᠩᠭᠠᠳᠭᠠᠵᠤ᠂ ᠡᠯ᠎ᠡ ᠲᠦᠷᠦᠯ᠎ᠦᠨ ᠠᠶᠤᠯ ᠲᠦᠭ᠌ᠰᠢᠭᠦᠷᠢ᠎ᠶ᠋ᠢ ᠯᠠᠪᠳᠠᠭᠤᠨ ᠪᠦᠲᠦᠮᠵᠢᠲᠡᠢ ᠰᠡᠷᠭᠡᠢᠯᠡᠨ ᠠᠷᠢᠯᠭᠠᠵᠤ᠂ ᠭᠣᠣᠯᠳᠠᠯᠭ᠎ᠠ᠎ᠲᠠᠶ ᠬᠦᠷᠢᠶᠡᠨ᠎ᠦ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠡᠷᠡᠰ ᠰᠠᠬᠢᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠦᠨᠡᠨ ᠬᠦ᠌ ᠪᠡᠬᠢᠵᠢᠭᠦᠯᠬᠦ᠌ ᠬᠡᠷᠡᠭ᠌ᠲᠡᠢ᠃ ᠤᠯᠤᠰ ᠲᠦᠷᠦ᠍᠎ᠶ᠋ᠢᠨ ᠰᠡᠷᠭᠡᠭ ᠴᠢᠨᠠᠷ ᠪᠠ ᠤᠯᠤᠰ ᠲᠦᠷᠦ᠍᠎ᠶ᠋ᠢᠨ ᠢᠯᠭᠠᠨ ᠲᠠᠨᠢᠬᠤ ᠴᠢᠳᠠᠪᠤᠷᠢ ᠪᠠᠨ ᠴᠢᠩᠭᠠᠳᠭᠠᠵᠤ᠂ ᠳᠠᠢᠰᠤᠩᠨᠠᠭ᠍ᠴᠢ ᠬᠦᠴᠦᠨ᠎ᠦ ᠨᠡᠪᠴᠢᠯᠲᠡ ᠡᠪᠳᠡᠯᠡᠭᠡ ᠬᠢᠬᠦ᠌ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ ᠎ᠢ ᠴᠢᠩᠭ᠎ᠠ ᠨᠠᠢᠳᠠᠪᠤᠷᠢᠵᠢᠭᠤᠯᠵᠤ᠂ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠬᠤ ᠬᠡᠷᠡᠭ᠌ᠲᠡᠢ᠃ ᠠᠵᠤ ᠠᠬᠤᠶ ᠎ᠶ᠋ᠢᠨ ᠡᠷᠭᠢᠯᠲᠡ ᠎ᠶ᠋ᠢᠨ ᠲᠤᠬᠠᠢ ᠵᠠᠳᠠᠯᠤᠯᠲᠠ ᠪᠣᠯᠤᠨ ᠠᠶᠤᠯ ᠲᠦᠭ᠌ᠰᠢᠭᠦᠷᠢ᠎ᠶ᠋ᠢ ᠰᠤᠳᠤᠯᠤᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠴᠢᠩᠭᠠᠳᠭᠠᠵᠤ᠂ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ ᠵᠢᠨ ᠤᠶᠠᠨ ᠬᠠᠳᠠᠨ ᠴᠢᠨᠠᠷ ᠪᠣᠯᠤᠨ ᠠᠮᠤᠷ ᠲᠦᠪᠱᠢᠨ᠎ᠦ ᠬᠢᠷᠢ ᠬᠡᠮᠵᠢᠶ᠎ᠠ ᠵᠢ ᠬᠦᠴᠦᠯᠡᠨ ᠳᠡᠭᠡᠭ᠌ᠰᠢᠯᠡᠭᠦᠯᠵᠦ᠍᠂ ᠶᠡᠷᠦᠩᠬᠡᠢᠯᠡᠭ᠌ᠰᠡᠨ ᠠᠷᠭ᠎ᠠ ᠪᠣᠳᠣᠯᠭ᠎ᠠ ᠬᠡᠷᠡᠭ᠌ᠵᠢᠭᠦᠯᠦᠨ ᠵᠠᠰᠠᠭ᠎ᠤᠨ ᠣᠷᠳᠣᠨ᠎ᠤ ᠥᠷᠢ ᠥᠭ᠌ᠴᠡᠭᠡ᠂ ᠮᠥᠩᠭᠥᠨ ᠭᠦᠶ᠋ᠯᠭᠡᠭᠡᠨ᠂ ᠬᠡᠷ ᠭᠠᠵᠠᠷ ᠤ᠋ᠨ ᠬᠥᠷᠥᠩᠭᠡ ᠵᠡᠷᠭᠡ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠠᠵᠢᠯ᠎ᠢ ᠰᠠᠢᠲᠤᠷ ᠬᠢᠬᠦ᠌ ᠬᠡᠷᠡᠭ᠌ᠲᠡᠶ᠃ ᠠᠶᠤᠯᠭᠦᠢ ᠦᠢᠯᠡᠳᠪᠦᠷᠢᠯᠡᠯ ᠎ᠦᠨ ᠶᠡᠬᠡ ᠵᠢᠭᠰᠠᠭᠠᠨ ᠪᠠᠢᠴᠠᠭᠠᠯᠲᠠ ᠶᠡᠬᠡ ᠴᠡᠭ᠌ᠴᠡᠯᠡᠨ ᠵᠠᠰᠠᠯᠲᠠ᠎ᠶ᠋ᠢ ᠭᠦᠨᠵᠡᠭᠡᠢ ᠠᠬᠢᠭᠤᠯᠵᠤ᠂ ᠠᠭᠤᠷᠬᠠᠢ᠂ ᠠᠶᠤᠯᠲᠠᠢ ᠬᠢᠮᠢ᠎ᠶ᠋ᠢᠨ ᠪᠣᠳᠠᠰ ᠂ ᠵᠠᠮ ᠬᠠᠷᠢᠯᠴᠠᠭ᠎ᠠ᠂ ᠫᠤᠤᠵᠢᠩ᠂ ᠲᠤᠮᠤ ᠬᠡᠯᠪᠡᠷᠢ᠎ᠶ᠋ᠢᠨ ᠠᠵᠢᠯᠯᠠᠭ᠎ᠠ ᠵᠡᠷᠭᠡ ᠤᠯᠠᠨ ᠨᠡᠢᠲᠡ᠎ᠶ᠋ᠢᠨ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠨᠡᠢᠭᠡᠮ᠎ᠦᠨ ᠠᠮᠤᠷ ᠲᠦᠪᠱᠢᠨ᠎ᠢ ᠪᠦᠬᠦᠯᠢ ᠴᠣᠭ᠍ᠴᠠ᠎ᠪᠠᠷ ᠨᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠦᠬᠦ᠌ ᠬᠦᠴᠦ᠍᠎ᠪᠡᠷ᠎ᠢᠶᠡᠨ ᠪᠠᠲᠤᠯᠠᠬᠤ ᠬᠡᠷᠡᠭ᠌ᠲᠡᠢ᠃ ᠱᠢᠨ᠎ᠡ ᠴᠠᠭ ᠦᠶ᠎ᠡ᠎ᠶ᠋ᠢᠨ《ᠹᠸᠩᠴᠢᠶᠣᠤ᠎ᠶ᠋ᠢᠨ ᠲᠤᠷᠱᠢᠯᠭ᠎ᠠ》 ᠵᠢ ᠰᠠᠢᠲᠤᠷ ᠪᠠᠷᠢᠮᠲᠠᠯᠠᠨ ᠬᠥᠭ᠌ᠵᠢᠭᠦᠯᠵᠦ᠍᠂ ᠵᠥᠷᠢᠴᠡᠯ ᠵᠠᠭᠤᠷᠠᠯᠳᠤᠭᠠᠨ᠎ᠢ ᠤᠯᠠᠨ ᠡᠱᠢᠴᠢᠯᠡᠨ ᠱᠢᠢᠳᠪᠦᠷᠢᠯᠡᠬᠦ᠌ ᠢᠨᠵᠧᠨᠧᠷᠢᠩ᠎ᠢ ᠭᠦᠨᠵᠡᠭᠡᠢ ᠬᠡᠷᠡᠭ᠌ᠵᠢᠭᠦᠯᠵᠦ᠍᠂ ᠭᠣᠣᠯᠳᠠᠯᠭ᠎ᠠ᠎ᠲᠠᠶ ᠬᠦᠷᠢᠶᠡᠨ᠎ᠦ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠶᠡᠬᠡ ᠬᠦᠴᠦ᠍ ᠣᠷᠣᠭᠤᠯᠤᠨ ᠰᠠᠢᠲᠤᠷ ᠱᠢᠢᠳᠪᠦᠷᠢᠯᠡᠵᠦ᠍᠂ ᠵᠥᠷᠢᠴᠡᠯ᠎ᠢ ᠦᠨᠳᠦᠰᠦᠨ ᠱᠠᠲᠤᠨ᠎ᠳᠤ ᠱᠢᠢᠳᠪᠦᠷᠢᠯᠡᠵᠦ᠍᠂ ᠴᠤᠬᠤᠢᠵᠦ ᠪᠠᠢᠭ᠎ᠠ ᠦᠶ᠎ᠡ᠎ᠳᠦᠨᠢ ᠨᠠᠮᠳᠠᠭᠠᠬᠤ ᠪᠡᠷ ᠴᠢᠷᠮᠠᠢᠬᠤ ᠬᠡᠷᠡᠭ᠌ᠲᠡᠢ᠃ ᠤᠯᠤᠰ᠎ᠤᠨ ᠠᠮᠤᠷ ᠲᠦᠪᠱᠢᠨ᠎ᠦ ᠬᠥᠮᠦᠵᠢᠯ ᠎ᠢ ᠴᠢᠩᠭᠠᠳᠭᠠᠵᠤ᠂ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠱᠢᠰᠲ᠋ᠧᠮ ᠎ᠢ ᠲᠡᠭᠦᠯᠳᠡᠷᠵᠢᠭᠦᠯᠵᠦ᠍᠂ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌ ᠪᠠ ᠠᠶᠤᠯ ᠲᠦᠭ᠌ᠰᠢᠭᠦᠷᠢ᠎ᠶ᠋ᠢ ᠬᠤᠯᠪᠤᠭᠠᠯᠠᠨ ᠰᠡᠷᠭᠡᠢᠯᠡᠵᠦ᠍ ᠬᠠᠮᠲᠤ᠎ᠪᠠᠷ ᠵᠠᠰᠠᠬᠤ᠎ᠶ᠋ᠢ ᠴᠢᠩᠭᠠᠳᠭᠠᠵᠤ᠂ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠴᠢᠳᠠᠪᠤᠷᠢ ᠪᠠ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠵᠠᠢ᠃

ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ《ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠪᠠᠢ᠌ᠩᠭᠤᠵᠢᠬ᠍ᠰᠠᠨ ᠬᠠᠪᠰᠤᠷᠤᠨ ᠲᠡᠳᠬᠦᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ ᠳ᠋ᠤ ᠣᠷᠣᠭᠤᠯᠵᠤ ᠨᠢᠭᠡᠳᠦᠯᠳᠠᠢ ᠲᠦᠯᠦᠪᠵᠢᠭᠦᠯᠦᠨ ᠬᠡᠷᠡᠭᠵᠢᠭᠦᠯᠵᠤ᠂ ᠣᠨᠢᠨ ᠳᠡᠭᠡᠷ᠎ᠡ᠎ᠨᠢ ᠬᠠᠪᠰᠤᠷᠤᠨ ᠲᠡᠳᠬᠦᠬᠦ᠌ ᠵᠠᠷᠴᠢᠮ᠎ᠢ ᠪᠠᠷᠢᠮᠲᠠᠯᠠᠵᠤ᠂ ᠪᠠᠢ᠌ᠩᠭᠤᠵᠢᠬ᠍ᠰᠠᠨ ᠬᠢᠨᠠᠨ ᠬᠡᠮᠵᠢᠯᠲᠡ᠎ᠶ᠋ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠨᠡᠭᠡᠭᠡᠨ ᠬᠥᠭ᠌ᠵᠢᠭᠦᠯᠬᠦ᠌ ᠮᠠᠶᠢᠭ᠎ᠤᠨ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ᠎ᠶ᠋ᠢ ᠴᠢᠩᠭᠠᠳᠭᠠᠵᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠭᠡᠵᠦ᠍᠂ ᠬᠡᠪᠴᠢᠶᠡᠵᠢᠯ᠎ᠦᠨ ᠴᠢᠨᠠᠷᠲᠠᠶ ᠳᠠᠬᠢᠨ ᠶᠠᠳᠠᠭᠤᠷᠠᠯ ᠪᠠ ᠶᠠᠳᠠᠭᠤᠷᠠᠯ ᠡᠬᠦᠰᠬᠦ ᠦᠬᠡᠢ ᠪᠠᠢᠬᠤ ᠬᠣᠷᠢᠭ᠎ᠠ ᠱᠤᠭᠤᠮ᠎ᠢ ᠣᠷᠳᠣ ᠬᠤᠭᠤᠴᠠᠭ᠎ᠠ ᠎ᠪᠠᠷ ᠪᠠᠲᠤ ᠰᠠᠬᠢᠬᠤ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ ᠶᠡᠷᠦᠩᠬᠡᠢ ᠬᠠᠷᠢᠭᠤᠴᠠᠯᠭ᠎ᠠ ᠎ᠶ᠋ᠢ ᠡᠭᠦᠷᠭᠡᠯᠡᠬᠦ᠌᠂ ᠬᠣᠲᠠ ᠱᠢᠶᠠᠨ ᠱᠢᠶᠠᠩ ᠵᠡᠷᠭᠡ᠎ᠪᠡᠷ ᠨᠠᠢᠳᠠᠪᠤᠷᠢᠵᠢᠭᠤᠯᠤᠯᠲᠠ᠎ᠶ᠋ᠢ ᠠᠳᠭᠤᠬᠤ ᠠᠵᠢᠯ᠎ᠤᠨ ᠲᠣᠭ᠍ᠲᠠᠴᠠ᠎ᠶ᠋ᠢ ᠪᠦᠷᠢᠨᠱᠢᠭᠦᠯᠵᠦ᠍᠂《ᠲᠠᠪᠤᠨ ᠱᠠᠲᠤᠨ᠎ᠤ ᠱᠦᠵᠢ》ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠲᠦᠷᠦ᠍᠎ᠶ᠋ᠢᠨ ᠪᠤᠳᠤᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠂ ᠪᠠᠢ᠌ᠩᠭᠤᠵᠢᠭ᠍ᠰᠠᠨ ᠬᠠᠪᠰᠤᠷᠤᠨ ᠲᠡᠳᠬᠦᠬᠦ᠌ ᠬᠢᠨᠠᠨ ᠱᠢᠯᠭᠠᠯᠲᠠ᠎ᠶ᠋ᠢ ᠴᠢᠩᠭᠠᠳᠭᠠᠵᠤ᠂ ᠬᠠᠷᠢᠭᠤᠴᠠᠯᠭ᠎ᠠ᠂ ᠲᠦᠷᠦ᠍᠎ᠶ᠋ᠢᠨ ᠪᠤᠳᠤᠯᠭ᠎ᠠ ᠪᠠ ᠠᠵᠢᠯ᠎ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号