ᠸᠠᠩ ᠸᠧᠢ ᠵᠦᠩ ᠬᠤᠷᠠᠯ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠵᠤ ᠪᠦᠦ ᠭᠠᠩ ᠵᠠᠩ ᠶᠠᠨ ᠺᠦᠨ ᠱ᠌ᠢ ᠭᠤᠸᠠᠩ ᠬᠤᠢ ᠣᠷᠣᠯᠴᠠᠵᠠᠢ
5 ᠰᠠᠷ᠎ᠠ᠎ᠶ᠋ᠢᠨ 15 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠣᠨᠣᠯ ᠰᠤᠷᠤᠯᠴᠠᠬᠤ ᠭᠤᠤᠯ ᠳᠤᠭᠤᠢᠯᠠᠩ ᠶᠡᠷᠦᠩᠬᠡᠶ ᠱᠦᠵᠢ ᠰᠢ ᠵᠢᠨ ᠫᠢᠩ᠎ᠦᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠲᠤᠬᠠᠶ ᠴᠢᠬᠤᠯᠠ ᠥᠭᠦᠯᠡᠯᠲᠡ ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ ᠶ᠋ᠢ ᠦᠶ᠋ᠯᠡᠳᠦᠯᠭᠡᠵᠢᠭᠦᠯᠵᠤ᠂ ᠪᠣᠳᠠᠲᠠᠶ ᠬᠢᠵᠦ᠍ ᠬᠠᠷᠢᠭᠤᠴᠠᠯᠭ᠎ᠠ ᠡᠭᠦᠷᠭᠡᠯᠡᠨ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ ᠵᠢᠨ《1571》 ᠠᠵᠢᠯ ᠤᠨ ᠪᠠᠢᠷᠢᠯᠠᠭᠤᠯᠤᠯᠲᠠ᠎ᠶ᠋ᠢ ᠪᠣᠳᠠᠲᠠᠶ ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠵᠢᠨ ᠲᠤᠭᠤᠷᠢᠨ ᠳ᠋ᠤ 2026 ᠣᠨ ᠤ ᠳᠣᠯᠣᠳᠤᠭᠠᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠬᠢᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠸᠠᠩ ᠸᠧᠶ ᠵᠥᠩ ᠬᠤᠷᠠᠯ ᠢ ᠡᠷᠭᠢᠯᠡᠭ᠌ᠰᠡᠨ ᠪᠥᠭᠡᠳ ᠶᠠᠷᠢᠶ᠎ᠠ ᠲᠠᠯᠪᠢᠪᠠ᠃
ᠬᠤᠷᠠᠯ ᠳᠡᠭᠡᠷ᠎ᠡ᠂ ᠱ᠌ᠢ ᠭᠤᠸᠠᠩ ᠬᠤᠢ᠂ ᠯᠢᠦ ᠱᠤᠸᠠᠩ᠂ ᠢᠦᠢ ᠬᠤᠢ ᠸᠸᠨ᠂ ᠴᠧᠨ ᡁᠢ ᠴᠠᠩ᠂ ᠯᠢ ᠳ᠋ᠦᠩ ᠱᠢᠤᠢ ᠬᠣᠯᠪᠣᠭ᠍ᠳᠠᠯ ᠪᠦᠬᠦᠢ ᠠᠭᠤᠯᠭ᠎ᠠ᠎ᠶ᠋ᠢ ᠳᠠᠭᠠᠭᠤᠯᠤᠨ ᠰᠤᠷᠤᠯᠴᠠᠬᠤ᠎ᠶ᠋ᠢᠨ ᠬᠠᠮᠲᠤ ᠰᠠᠨᠠᠯ᠎ᠢᠶᠠᠨ ᠰᠣᠯᠢᠯᠴᠠᠵᠤ ᠦᠭᠡ ᠬᠡᠯᠡᠪᠡ᠃
ᠸᠠᠩ ᠸᠧᠢ ᠵᠦᠩ᠂ ᠶᠡᠷᠦᠩᠬᠡᠢ ᠱᠦᠵᠢ ᠰᠢ ᠵᠢᠨ ᠫᠢᠩ᠎ᠦᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ᠎ᠳᠦ 《ᠶᠠᠭᠤ᠎ᠶ᠋ᠢ ᠵᠠᠰᠠᠭ᠎ᠤᠨ ᠠᠵᠢᠯ᠎ᠤᠨ ᠪᠦᠲᠦᠮᠵᠢ ᠭᠡᠬᠦ᠌᠂ ᠬᠡᠨ ᠤ᠋ ᠲᠦᠯᠦᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠬᠡᠷᠬᠢᠨ ᠵᠠᠰᠠᠭ ᠤᠨ ᠠᠵᠢᠯ ᠤᠨ ᠪᠦᠲᠦᠮᠵᠢ ᠭᠠᠷᠭᠠᠬᠤ》 ᠭᠦᠨᠵᠡᠭᠡᠢ ᠪᠣᠳᠣᠯᠬᠢᠯᠠᠯ ᠠᠭᠤᠯᠤᠭ᠍ᠳᠠᠵᠤ᠂ ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠢ ᠳᠡᠭᠡᠳᠦᠯᠡᠬᠦ᠌᠂ ᠦᠨᠡᠨ ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ᠌ ᠦᠨᠳᠦᠰᠦᠨ ᠵᠣᠭ᠍ᠰᠣᠯᠲᠠ ᠪᠣᠯᠤᠨ ᠦᠨᠳᠦᠰᠦᠨ ᠪᠠᠷᠢᠮᠵᠢᠶ᠎ᠠ ᠲᠤᠭᠤᠰᠢᠯᠠᠭᠳᠠᠵᠤ᠂ ᠪᠢᠳᠡᠨ᠎ᠤ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ ᠪᠡᠷ ᠠᠵᠢᠯ ᠬᠢᠵᠦ᠍ ᠦᠢᠯᠡᠰ ᠪᠤᠰᠭᠠᠬᠤ᠎ᠳᠤ ᠦᠨᠳᠦᠰᠦᠨ ᠵᠢᠷᠤᠮᠯᠠᠯ ᠬᠠᠩᠭᠠᠵᠠᠢ᠃ ᠪᠥᠬᠥ᠌ ᠣᠷᠣᠨ ᠤ ᠡᠯ᠎ᠡ ᠱᠠᠲᠤᠨ ᠤ ᠬᠢᠨ ᠵᠠᠰᠠᠭ ᠤ᠋ᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ ᠶ᠋ᠢ ᠪᠣᠶ ᠪᠣᠯᠭᠠᠨ ᠦᠶ᠋ᠯᠡᠳᠦᠯᠭᠡᠵᠢᠭᠦᠯᠬᠦ᠌ ᠤᠯᠤᠰ ᠲᠥᠷᠥ ᠶ᠋ᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠶ᠋ᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠤᠯᠠᠮ ᠨᠢᠭᠡ ᠠᠯᠬᠤᠮ ᠴᠢᠩᠭᠠᠳᠭᠠᠵᠤ᠂ ᠢᠮᠠᠭ᠍ᠲᠠ ᠠᠷᠠᠳ ᠲᠦᠮᠡᠨ᠎ᠦ ᠲᠥᠯᠥᠭᠡ ᠵᠠᠰᠠᠭ ᠤ᠋ᠨ ᠠᠵᠢᠯ ᠤᠨ ᠪᠦᠲᠦᠮᠵᠢ ᠭᠠᠷᠭᠠᠵᠤ᠂ ᠪᠣᠳᠠᠲᠠᠶ ᠠᠵᠢᠯᠯᠠᠬᠤ᠎ᠪᠠᠷ ᠵᠠᠰᠠᠭ ᠤ᠋ᠨ ᠠᠵᠢᠯ᠎ᠤᠨ ᠪᠦᠲᠦᠮᠵᠢ ᠭᠠᠷᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《 ᠬᠣᠶᠠᠷ ᠢ ᠬᠠᠮᠠᠭᠠᠯᠠᠬᠤ 》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ ᠭᠡᠵᠤ ᠵᠢᠭᠠᠵᠤ ᠭᠠᠷᠭᠠᠵᠠᠢ᠃
ᠸᠠᠩ ᠸᠧᠢ ᠵᠦᠩ᠂ ᠪᠦᠬᠦ᠌ ᠲᠠᠯ᠎ᠠ᠎ᠶ᠋ᠢᠨ ᠬᠠᠷᠠᠭᠠᠰᠤ ᠡᠴᠡ ᠵᠠᠰᠠᠭ᠎ᠤᠨ ᠠᠵᠢᠯ᠎ᠤᠨ ᠪᠦᠲᠦᠮᠵᠢ᠎ᠶ᠋ᠢ ᠦᠵᠡᠬᠦ᠌᠎ᠶ᠋ᠢ ᠪᠠᠷᠢᠮᠲᠠᠯᠠᠵᠤ᠂ ᠠᠯᠤᠰ ᠬᠡᠳᠤ᠎ᠶ᠋ᠢᠨ ᠪᠠᠢᠯᠳᠤᠬᠤ ᠪᠤᠳᠤᠯᠭ᠎ᠠ ᠶ᠋ᠢᠨ ᠬᠠᠷᠠᠴᠠ ᠶ᠋ᠢ ᠪᠤᠢ ᠪᠣᠯᠭᠠᠵᠤ᠂ 《 ᠶᠡᠬᠡ ᠲᠠᠯ᠎ᠠ᠎ᠳᠤ ᠶᠠᠮᠠᠷ ᠬᠤᠪᠢ ᠨᠡᠮᠡᠷᠢ ᠦᠵᠡᠭᠦᠯᠵᠦ᠍ ᠳᠡᠢᠯᠬᠦ᠌》 ᠠᠰᠠᠭᠤᠳᠠᠯ ᠢ ᠰᠠᠢᠲᠤᠷ ᠬᠠᠷᠢᠭᠤᠯᠬᠤ ᠬᠡᠷᠡᠭ᠌ᠲᠡᠢ᠃ ᠤᠯᠤᠰ ᠲᠥᠷᠥ ᠶ᠋ᠢ ᠡᠷᠬᠢᠮᠯᠡᠬᠦ᠌᠂ ᠶᠡᠬᠡ ᠲᠠᠯ᠎ᠠ ᠶ᠋ᠢ ᠬᠠᠷᠠᠭᠠᠯᠵᠠᠬᠤ ᠶ᠋ᠢ ᠪᠠᠷᠢᠮᠲᠠᠯᠠᠵᠤ᠂ ᠨᠠᠮ ᠪᠣᠯᠤᠨ ᠤᠯᠤᠰ ᠤᠨ ᠠᠵᠢᠯ ᠦᠶ᠋ᠯᠡᠰ ᠦᠨ ᠬᠥᠭ᠌ᠵᠢᠯᠲᠡ ᠶ᠋ᠢᠨ ᠶᠡᠬᠡ ᠴᠢᠭ᠌ᠯᠡᠯ᠂ ᠶᠡᠬᠡ ᠵᠠᠷᠴᠢᠮ᠂ ᠶᠡᠬᠡ ᠪᠠᠢᠯᠳᠤᠬᠤ ᠪᠣᠳᠣᠯᠭ᠎ᠠ ᠶ᠋ᠢ ᠣᠨᠣᠪᠴᠢᠲᠠᠶ ᠤᠢᠯᠠᠭᠠᠨ ᠡᠵᠡᠮᠱᠢᠵᠦ᠍ ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠣᠯᠭᠣᠭ᠍ᠰᠠᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》ᠵᠢ ᠪᠦᠲᠦᠭᠡᠨ ᠪᠠᠢᠭᠤᠯᠬᠤ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠬᠤ ᠲᠠᠢ ᠨᠢᠭᠳᠠ ᠤᠶᠠᠯᠳᠤᠭᠤᠯᠤᠨ᠂ ᠠᠵᠢᠯ᠎ᠤᠨ ᠳᠤᠮᠳᠠ ᠣᠷᠣᠱᠢᠵᠤ ᠪᠠᠢᠭ᠎ᠠ ᠠᠰᠠᠭᠤᠳᠠᠯ᠎ᠢ ᠨᠠᠷᠢᠨ ᠬᠢᠨᠠᠮᠠᠭᠠᠶ ᠪᠠᠢᠴᠠᠭᠠᠨ ᠡᠷᠢᠵᠦ᠍ ᠴᠡᠭ᠌ᠴᠡᠯᠡᠨ ᠰᠠᠢᠵᠢᠷᠠᠭᠤᠯᠵᠤ᠂ ᠴᠠᠭ ᠡᠴᠡ ᠥᠩᠭᠡᠷᠡᠵᠤ ᠬᠦᠴᠦᠨ ᠥᠬᠡᠶ ᠪᠣᠯᠤᠭ᠍ᠰᠠᠨ᠂ ᠪᠣᠳᠠᠳᠠᠢ ᠡᠴᠡ ᠰᠠᠯᠤᠩᠬᠢᠷᠠᠭᠰᠠᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠴᠠᠭ ᠲᠤᠬᠠᠶ᠎ᠳᠤᠨᠢ ᠠᠷᠢᠯᠭᠠᠨ ᠴᠡᠪᠡᠷᠯᠡᠵᠦ᠍᠂ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠂ ᠬᠢᠯᠢ ᠬᠢᠵᠠᠭᠠᠷ᠎ᠤᠨ ᠠᠮᠤᠷ ᠲᠦᠪᠱᠢᠨ᠂ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠶ᠋ᠯᠡᠰ᠎ᠦᠨ ᠠᠮᠤᠷ ᠲᠦᠪᠱᠢᠨ᠎ᠢ ᠪᠠᠲᠤᠯᠠᠬᠤ ᠴᠢᠳᠠᠪᠤᠷᠢ ᠪᠤᠯᠤᠨ ᠲᠦᠪᠰᠢᠨ ᠵᠢᠡᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠳᠠᠢ ᠭᠡᠵᠤ ᠴᠢᠬᠤᠯᠠᠴᠢᠯᠠᠪᠠ᠃
ᠸᠠᠩ ᠸᠧᠢ ᠵᠦᠩ᠂ ᠤᠯᠠᠨ ᠲᠦᠮᠡᠨᠴᠢ ᠦᠵᠡᠯᠲᠡ᠎ᠪᠡᠷ ᠵᠠᠰᠠᠭ᠎ᠤᠨ ᠠᠵᠢᠯ᠎ᠤᠨ ᠪᠦᠲᠦᠮᠵᠢ᠎ᠶ᠋ᠢ ᠦᠵᠡᠬᠦ᠌᠎ᠶ᠋ᠢ ᠪᠠᠷᠢᠮᠲᠠᠯᠠᠵᠤ᠂ ᠠᠷᠠᠳ᠎ᠤᠨ ᠲᠥᠯᠥᠭᠡ ᠭᠡᠬᠦ᠌ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠪᠤᠢ ᠪᠣᠯᠭᠠᠨ ᠵᠤᠵᠠᠭᠠᠳᠬᠠᠵᠤ᠂ 《ᠤᠯᠠᠨ ᠲᠦᠮᠡᠨ᠎ᠳᠦ ᠶᠠᠭᠤ ᠣᠯᠭᠣᠵᠤ ᠲᠡᠢᠯᠬᠦ》ᠠᠰᠠᠭᠤᠳᠠᠯ᠎ᠢ ᠰᠠᠢᠲᠤᠷ ᠬᠠᠷᠢᠭᠤᠯᠬᠤ ᠬᠡᠷᠡᠭ᠌ᠲᠡᠢ᠃ ᠠᠷᠠᠳ ᠲᠦᠮᠡᠨ᠎ᠢ ᠳᠡᠭᠡᠳᠦᠯᠡᠬᠦ᠌᠂ ᠠᠷᠠᠳ ᠲᠦᠮᠡᠨ ᠳ᠋ᠤ ᠴᠢᠩᠭ᠎ᠠ ᠲᠦᠱᠢᠭ᠌ᠯᠡᠬᠦ᠂ ᠠᠷᠠᠳ ᠲᠦᠮᠡᠨ᠎ᠳᠦ ᠲᠠᠰᠤᠷᠠᠯᠲᠠ ᠦᠭᠡᠢ ᠪᠤᠶᠠᠨ ᠦᠶ᠋ᠯᠡᠳᠬᠦ᠂ ᠠᠷᠠᠳ ᠲᠦᠮᠡᠨ᠎ᠦ ᠳᠤᠮᠳᠠ ᠪᠠᠲᠤ ᠦᠨᠳᠦᠰᠦᠯᠡᠬᠦ ᠵᠢ ᠪᠠᠷᠢᠮᠳᠠᠯᠠᠵᠤ᠂ 《ᠬᠤᠶᠠᠷ ᠲᠠᠯ᠎ᠠ ᠪᠡᠷ ᠪᠦᠬᠦ ᠤᠯᠤᠰ ᠤ᠋ᠨ ᠳᠡᠭᠡᠳᠤ ᠲᠦᠪᠰᠢᠨ ᠳ᠋ᠤ ᠲᠤᠭᠳᠠᠭᠤᠨ ᠪᠠᠢᠬᠤ》᠂ 《ᠬᠤᠶᠠᠷ ᠲᠠᠯ᠎ᠠ ᠪᠡᠷ ᠦᠷᠭᠦᠯᠵᠢᠯᠡᠨ ᠪᠦᠬᠦ ᠤᠯᠤᠰ ᠤ᠋ᠨ ᠡᠮᠦᠨ᠎ᠠ ᠡᠩᠨᠡᠭᠡᠨ ᠳ᠋ᠤ ᠶᠠᠪᠤᠬᠤ》 ᠬᠠᠷᠠᠯᠲᠠ᠎ᠶ᠋ᠢ ᠪᠡᠶᠡᠯᠡᠭᠦᠯᠬᠦ ᠵᠢ ᠪᠠᠳᠤ ᠡᠵᠡᠮᠳᠡᠵᠤ᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠬᠦᠴᠦᠲᠡᠶ ᠴᠡᠭ᠌ᠴᠡᠯᠡᠨ ᠵᠠᠰᠠᠵᠤ᠂《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠪᠦᠬᠦ᠌ ᠬᠦᠴᠦᠨ᠎ᠢᠶᠡᠷ᠎ᠢᠶᠡᠨ ᠬᠡᠷᠡᠭ᠌ᠵᠢᠭᠦᠯᠵᠤ᠂ ᠦᠶ᠋ᠯᠡᠳᠪᠦᠷᠢᠯᠡᠯ᠎ᠦᠨ ᠠᠮᠤᠷ ᠲᠦᠪᠱᠢᠨ᠎ᠦ ᠡᠨᠳᠡᠯ ᠤᠨ ᠬᠡᠮ ᠰᠤᠭᠤᠭ ᠢ ᠪᠠᠢᠩᠭᠤᠵᠢᠭᠤᠯᠤᠨ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠵᠢ ᠠᠬᠢᠭᠤᠯᠬᠤ᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠂ ᠨᠡᠢᠭᠡᠮ᠎ᠦᠨ ᠵᠠᠰᠠᠯᠲᠠ᠎ᠶ᠋ᠢ ᠴᠢᠩᠭᠠᠳᠬᠠᠨ ᠱᠢᠨ᠎ᠡ᠎ᠶ᠋ᠢ ᠡᠭᠦᠳᠬᠦ᠌ ᠵᠡᠷᠭᠡ ᠶᠠᠪᠤᠴᠠ᠎ᠳᠤ ᠤᠯᠠᠨ ᠲᠦᠮᠡᠨ᠎ᠦ ᠭᠤᠤᠯ ᠴᠣᠭ᠍ᠴᠠ ᠶ᠋ᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ ᠤ ᠬᠦᠷᠲᠡᠮᠵᠢ ᠶ᠋ᠢᠨ ᠲᠥᠷᠥᠭ᠌ᠳᠡᠯ ᠵᠢᠷᠭᠠᠯᠲᠤ ᠲᠥᠷᠥᠭ᠌ᠳᠡᠯ ᠠᠮᠤᠷ ᠲᠦᠪᠱᠢᠨ᠎ᠦ ᠲᠥᠷᠥᠭ᠌ᠳᠡᠯ ᠢ ᠨᠠᠩ ᠭᠦᠶ᠋ᠴᠡᠳ ᠪᠣᠯᠭᠠᠬᠤ ᠬᠡᠷᠡᠭᠳᠠᠢ᠃ ᠡᠯ᠎ᠡ ᠱᠠᠲᠤᠨ᠎ᠤ ᠨᠠᠮ ᠵᠠᠰᠠᠭ᠎ᠤᠨ ᠭᠣᠣᠯ ᠬᠠᠷᠢᠭᠤᠴᠠᠯᠭᠠᠲᠠᠨ ᠨᠥᠬᠥᠳ ᠪᠠ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠨᠢᠭᠡᠴᠢ᠎ᠶ᠋ᠢᠨ ᠭᠣᠣᠯ ᠬᠠᠷᠢᠭᠤᠴᠠᠯᠭᠠᠲᠠᠨ ᠨᠥᠬᠥᠳ ᠪᠡᠶ᠎ᠡ᠎ᠪᠡᠷ᠎ᠢᠶᠡᠨ ᠵᠠᠬᠢᠳᠠᠯ ᠰᠤᠷᠪᠤᠯᠵᠢᠯᠠᠯ ᠢ᠋ ᠬᠦᠯᠢᠶᠡᠨ ᠠᠪᠴᠤ᠌ ᠬᠡᠷᠡᠭ ᠱᠢᠢᠳᠪᠦᠷᠢᠯᠡᠵᠦ᠍᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠵᠠᠬᠢᠳᠠᠯ ᠰᠤᠷᠪᠤᠯᠵᠢᠯᠠᠯ ᠤ᠋ᠨ ᠠᠰᠠᠭᠤᠳᠠᠯ᠎ᠢ ᠲᠦᠷᠭᠡᠨ ᠱᠢᠢᠳᠪᠦᠷᠢᠯᠡᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃
ᠸᠠᠩ ᠸᠧᠢ ᠵᠦᠩ᠂ ᠦᠢᠯᠡᠳᠦᠯᠭᠡ᠎ᠶ᠋ᠢᠨ ᠦᠷ᠎ᠡ ᠪᠦᠲᠦᠮᠵᠢ᠎ᠡᠴᠡ ᠵᠠᠰᠠᠭ᠎ᠤᠨ ᠠᠵᠢᠯ᠎ᠤᠨ ᠪᠦᠲᠦᠮᠵᠢ᠎ᠶ᠋ᠢ ᠦᠵᠡᠬᠦ᠌᠎ᠶ᠋ᠢ ᠪᠠᠷᠢᠮᠲᠠᠯᠠᠵᠤ᠂ ᠪᠣᠳᠠᠲᠠᠢ᠎ᠶ᠋ᠢ ᠴᠢᠩᠭ᠎ᠠ ᠡᠷᠬᠢᠮᠯᠡᠬᠦ᠌ ᠵᠣᠷᠢᠭ ᠰᠠᠨᠠᠭ᠎ᠠ᠎ᠶ᠋ᠢ ᠳᠠᠪᠲᠠᠨ ᠪᠣᠯᠪᠠᠰᠤᠷᠠᠭᠤᠯᠵᠤ᠂ 《ᠬᠥᠭ᠌ᠵᠢᠯᠲᠡ᠎ᠳᠦ ᠶᠠᠭᠤ ᠠᠪᠴᠢᠷᠠᠵᠤ ᠲᠡᠢᠯᠬᠦ》 ᠠᠰᠠᠭᠤᠳᠠᠯ᠎ᠢ ᠰᠠᠢᠲᠤᠷ ᠬᠠᠷᠢᠭᠤᠯᠬᠤ ᠬᠡᠷᠡᠭ᠌ᠲᠡᠢ᠃ ᠪᠣᠳᠠᠲᠠᠶ ᠡᠴᠡ ᠡᠭᠦᠰᠴᠦ᠍᠂ ᠵᠢᠮ᠎ᠡ ᠶᠣᠰᠣ ᠪᠠᠷ ᠠᠵᠢᠯ ᠶᠠᠪᠤᠳᠠᠯ ᠭᠦᠢᠴᠡᠳᠭᠡᠵᠤ᠂ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠡᠴᠡ ᠡᠮᠦᠨ᠎ᠡ ᠡᠷᠬᠡᠪᠰᠢ ᠪᠠᠢᠴᠠᠭᠠᠨ ᠰᠤᠳᠤᠯᠤᠯᠲᠠ ᠬᠢᠬᠦ᠌᠂ ᠪᠠᠢᠴᠠᠭᠠᠨ ᠰᠤᠳᠤᠯᠤᠯᠲᠠ ᠬᠢᠬᠦ᠌ ᠥᠬᠡᠶ ᠪᠣᠯ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠥᠬᠡᠶ ᠪᠠᠢᠬᠤ ᠵᠢ ᠪᠠᠷᠢᠮᠳᠠᠯᠠᠵᠤ᠂ ᠢᠳᠡᠪᠬᠢᠲᠡᠶ᠎ᠪᠡᠷ ᠤᠷᠤᠭ᠍ᠰᠢᠯᠠᠨ ᠳᠡᠪᠱᠢᠵᠦ᠍᠂ ᠴᠢᠳᠠᠯ᠎ᠤᠨ᠎ᠢᠶᠠᠨ ᠬᠢᠷᠢ᠎ᠪᠡᠷ ᠬᠢᠵᠦ᠍᠂ ᠣᠳᠣᠬᠠᠨ ᠤ ᠪᠠᠢᠳᠠᠯ ᠳ᠋ᠤ ᠰᠠᠭᠤᠷᠢᠯᠠᠨ᠂ ᠠᠯᠤᠰ ᠬᠡᠲᠦ᠍᠎ᠶ᠋ᠢ ᠪᠣᠳᠣᠯᠬᠢᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ᠂ ᠮᠣᠩᠭᠣᠯ ᠮᠣᠷᠢᠨ᠎ᠤ ᠵᠣᠷᠢᠭ ᠰᠠᠨᠠᠭ᠎ᠠ᠎ᠪᠠᠷ ᠨᠠᠮ᠎ᠤᠨ ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ ᠵᠢᠨ ᠠᠵᠢᠯ ᠤᠨ ᠲᠣᠬᠢᠷᠠᠭᠤᠯᠤᠯᠲᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠦᠨᠡᠨ ᠪᠣᠳᠠᠲᠠᠶ ᠵᠠᠰᠠᠭ ᠤ᠋ᠨ ᠠᠵᠢᠯ ᠤᠨ ᠪᠦᠲᠦᠮᠵᠢ ᠭᠠᠷᠭᠠᠬᠤ ᠬᠡᠷᠡᠭᠳᠠᠢ᠃ ᠤᠯᠤᠰ ᠲᠦᠷᠦ᠍ ᠶ᠋ᠢᠨ ᠠᠮᠢ ᠠᠬᠤᠢ ᠶ᠋ᠢ ᠦᠷᠭᠦᠯᠵᠢᠯᠡᠨ ᠬᠤᠪᠢᠷᠠᠭᠤᠯᠬᠤ ᠪᠠ ᠴᠡᠪᠡᠷᠱᠢᠭᠦᠯᠵᠦ᠍᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠲᠥᠪ ᠪᠤᠰᠤ ᠰᠤᠷᠲᠠᠯ ᠢ ᠡᠷᠡᠰ ᠴᠡᠭ᠌ᠴᠡᠯᠡᠨ ᠵᠠᠰᠠᠵᠤ᠂ ᠤᠷᠮᠠᠱᠢᠭᠤᠯᠬᠤ ᠲᠣᠭ᠍ᠲᠠᠴᠠ ᠶ᠋ᠢ ᠲᠡᠭᠦᠯᠳᠡᠷᠵᠢᠭᠦᠯᠵᠦ᠍᠂ ᠱᠢᠯᠭᠠᠨ ᠦᠨᠡᠯᠡᠬᠦ᠌ ᠱᠢᠰᠲ᠋ᠧᠮ ᠢ ᠪᠦᠷᠢᠨᠱᠢᠬᠦᠯᠵᠤ᠂ ᠲᠣᠳᠣᠷᠬᠠᠢ ᠤᠳᠤᠷᠢᠳᠤᠮᠵᠢ ᠶ᠋ᠢ ᠪᠤᠢ ᠪᠣᠯᠭᠠᠵᠤ᠂ ᠡᠷᠡᠮᠡᠬᠡᠢᠯᠡᠨ ᠲᠡᠮᠡᠴᠡᠵᠤ ᠵᠢᠳᠭᠦᠯ ᠴᠢᠷᠮᠠᠢᠯᠭ᠎ᠠ ᠭᠠᠷᠭᠠᠬᠤ᠂ ᠠᠷᠢᠭᠤᠨ ᠴᠢᠬᠡᠴᠢ ᠪᠡᠷ ᠠᠵᠢᠯ ᠬᠢᠬᠦ᠌᠎ᠶ᠋ᠢ ᠪᠦᠬᠦ᠌ ᠣᠷᠣᠨ᠎ᠤ ᠨᠠᠮ᠎ᠤᠨ ᠭᠡᠱᠢᠭᠦᠨ ᠺᠠᠳ᠋ᠷ᠎ᠤᠨ ᠤᠬᠠᠮᠰᠠᠷᠲᠤ ᠬᠥᠭᠡᠭᠡᠴᠡᠯᠳᠦᠯ ᠪᠣᠯᠭᠠᠬᠤ ᠬᠡᠷᠡᠭ᠌ᠲᠡᠢ ᠭᠡᠵᠤ ᠴᠢᠬᠤᠯᠠᠴᠢᠯᠠᠪᠠ᠃