ᠪᠦᠦ ᠭᠠᠩ ᠦᠷᠦ᠋ᠭᠤᠸᠠᠢ ᠵᠢᠨ ᠰᠠᠨ ᠬᠤᠰᠸ ᠮᠤᠵᠢ ᠎ᠶ᠋ᠢᠨ ᠳᠠᠷᠤᠭ᠎ᠠ ᠠᠨᠨᠠ ·ᠪᠸᠨᠲ᠋ᠠᠪᠸᠢ᠌ᠯᠢ ᠲᠠᠢ ᠠᠭᠤᠯᠵᠠᠪᠠ
2026-05-16 12:40:53
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 14 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠦᠷᠦᠢ᠍ᠭᠤᠸᠠᠢ ᠵᠢᠨ ᠰᠠᠨ ᠬᠤᠰᠸ ᠮᠤᠵᠢ᠎ᠶ᠋ᠢᠨ ᠳᠠᠷᠤᠭ᠎ᠠ ᠠᠨᠨᠠ·ᠪᠸᠨᠲ᠋ᠠᠪᠸᠢ᠌ᠯᠢ ᠳᠠᠢ ᠠᠭᠤᠯᠵᠠᠪᠠ᠃

ᠪᠦᠦ ᠭᠠᠩ ᠠᠨᠨᠠ·ᠪᠸᠨᠲ᠋ᠠᠪᠸᠢ᠌ᠯᠢ ᠨᠠᠷ ᠎ᠢ ᠪᠠᠶᠠᠷᠯᠠᠨ ᠤᠭ᠍ᠲᠤᠵᠤ ᠪᠠᠢᠬᠤ ᠎ᠪᠠᠨ ᠢᠯᠡᠳᠭᠡᠪᠡ᠃ ᠲᠡᠷᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯᠤᠨ ᠰᠠᠨ ᠬᠤᠰᠸ ᠮᠤᠵᠢ ᠨᠥᠬᠥᠷᠰᠡᠭ ᠮᠤᠵᠢ ᠣᠷᠣᠨ ᠪᠣᠯᠤᠭ᠍ᠰᠠᠨ ᠎ᠡᠴᠡ ᠨᠠᠭᠠᠰᠢ᠂ ᠬᠣᠶᠠᠷ ᠲᠠᠯ᠎ᠠ ᠎ᠶ᠋ᠢᠨ ᠬᠠᠮᠲᠤᠷᠠᠯᠴᠠᠭ᠎ᠠ ᠰᠣᠯᠢᠯᠴᠠᠭ᠎ᠠ ᠡᠳᠦᠷ ᠢᠷᠡᠬᠦᠶ᠎ᠡ ᠨᠢᠭ᠍ᠲᠠᠷᠠᠵᠤ᠂ ᠠᠵᠤ ᠠᠬᠤᠶ ᠠᠷᠠᠯᠵᠢᠶᠠᠨ ᠎ᠤ ᠶᠠᠪᠤᠯᠴᠠᠭ᠎ᠠ ᠦᠷᠭᠦᠯᠵᠢᠯᠡᠨ ᠭᠦᠨᠵᠡᠭᠡᠢᠷᠡᠪᠡ᠃ ᠣᠳᠣᠬᠠᠨ ᠎ᠳᠤ ᠪᠢᠳᠡ ᠶᠠᠭ  ᠶᠡᠷᠦᠩᠬᠡᠶ ᠱᠦᠵᠢ ᠰᠢ ᠵᠢᠨ ᠫᠢᠩ ᠎ᠦᠨ ᠥᠪᠥᠷ ᠮᠣᠩᠭᠣᠯ ᠎ᠳᠤ ᠣᠯᠭᠣᠭ᠍ᠰᠠᠨ 《ᠬᠣᠶᠠᠷ ᠬᠠᠯᠬᠠᠪᠴᠢ》 ᠂ 《ᠬᠣᠶᠠᠷ ᠰᠠᠭᠤᠷᠢᠨ》 ᠂ 《 ᠨᠢᠭᠡ ᠪᠡᠬᠢᠯᠡᠯᠲᠡ》 ᠶ᠋ᠢ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ ᠎ᠤᠨ ᠪᠠᠢᠷᠢᠯᠠᠭᠤᠯᠤᠯᠲᠠ ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠠᠵᠤ ᠠᠬᠤᠶ ᠨᠡᠢᠭᠡᠮ ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ ᠪᠠᠢᠨ᠎ᠠ᠃ ᠥᠪᠥᠷ ᠮᠣᠩᠭᠣᠯ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠥᠲᠥᠭᠡᠨ ᠪᠠᠢᠭᠤᠯᠤᠯᠲᠠ᠎ᠪᠠᠷ ᠠᠵᠠ ᠲᠣᠬᠢᠶᠠᠯ ᠪᠣᠯᠭᠠᠵᠤ᠂ ᠡᠨᠧᠷᠭᠢ ᠵᠢᠨ ᠡᠬᠢ ᠪᠠᠶᠠᠯᠢᠭ ᠡᠯᠪᠡᠭ ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠴᠢᠨᠠᠷ ᠰᠠᠢᠲᠠᠶ᠂ ᠪᠣᠬᠢᠷᠲᠤᠯ ᠥᠬᠡᠶ ᠪᠤᠳᠤᠯᠲᠠ ᠵᠢᠨ ᠴᠢᠳᠠᠪᠤᠷᠢ ᠪᠠᠶᠠᠯᠢᠬ᠂ ᠰᠣᠶᠣᠯ ᠵᠢᠭᠤᠯᠴᠢᠯᠠᠯ᠎ᠤᠨ ᠡᠵᠡᠩᠨᠡᠯᠲᠡ᠎ᠶ᠋ᠢᠨ ᠬᠡᠯᠪᠡᠷᠢ ᠣᠯᠠᠨ ᠡᠱᠢᠵᠢᠭ᠌ᠰᠡᠡ ᠵᠡᠷᠭᠡ ᠲᠠᠯ᠎ᠠ᠎ᠶ᠋ᠢᠨ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠰᠠᠨ ᠬᠤᠰᠸ ᠮᠤᠵᠢ᠎ᠯᠤᠭ᠎ᠠ᠎ᠶ᠋ᠢᠨ ᠮᠠᠯ ᠠᠵᠤ ᠠᠬᠤᠶ ᠲᠠᠷᠢᠶᠠᠯᠠᠩ᠂ ᠱᠢᠨ᠎ᠡ ᠡᠨᠧᠷᠭᠢ᠂ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ᠂ ᠬᠥᠯ ᠪᠥᠮᠪᠥᠭᠡ ᠵᠡᠷᠭᠡ ᠬᠦᠷᠢᠶᠡᠨ᠎ᠳᠡᠬᠢ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠬᠣᠶᠠᠷ ᠲᠠᠯ᠎ᠠ᠎ᠶ᠋ᠢᠨ ᠨᠥᠬᠥᠷᠰᠡᠭ ᠬᠠᠷᠢᠯᠴᠠᠭ᠎ᠠ ᠲᠠᠰᠤᠷᠠᠯᠲᠠ ᠥᠬᠡᠶ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠤᠨ᠎ᠠ ᠭᠡᠵᠦ ᠬᠡᠯᠡᠪᠡ᠃

ᠠᠨᠨᠠ᠌·ᠪᠸᠨᠲ᠋ᠠᠪᠸᠢ᠌ᠯᠢ ᠥᠪᠥᠷ ᠮᠣᠩᠭᠣᠯ ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠣᠯᠤᠭ᠍ᠰᠠᠨ ᠠᠮᠵᠢᠯᠲᠠ ᠪᠦᠲᠦᠮᠵᠢ ᠎ᠶ᠋ᠢ ᠳᠡᠭᠡᠳᠦ ᠬᠡᠮᠵᠢᠶ᠎ᠡ᠎ᠪᠡᠷ ᠮᠠᠭ᠍ᠲᠠᠨ ᠰᠠᠢᠱᠢᠶᠠᠵᠤ᠂ ᠥᠪᠥᠷ ᠮᠣᠩᠭᠣᠯ᠎ᠯᠤᠭ᠎ᠠ᠎ᠶ᠋ᠢᠨ ᠰᠦ᠎ᠶ᠋ᠢᠨ ᠦᠢᠯᠡᠰ᠂ ᠦᠬᠡᠷ ᠎ᠦᠨ ᠠᠵᠤ ᠦᠢᠯᠡᠰ᠂ ᠠᠳᠤᠭᠤᠨ᠎ᠤ ᠠᠵᠤ ᠦᠢᠯᠡᠰ᠂ ᠮᠠᠱᠢᠨ ᠲᠡᠷᠭᠡᠨ᠎ᠦ ᠰᠡᠯᠪᠢᠭ ᠲᠤᠨᠤᠭ ᠵᠡᠷᠭᠡ ᠬᠦᠷᠢᠶᠡᠨ᠎ᠦ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ ᠬᠦᠰᠡᠯ ᠲᠠᠢ ᠪᠠᠢᠨ᠎ᠠ᠃ ᠳᠤᠷᠠᠲᠠᠶ᠎ᠠ ᠲᠤᠰ ᠤᠳᠠᠭ᠎ᠠ᠎ᠶ᠋ᠢᠨ ᠠᠭᠤᠯᠵᠠᠯᠲᠠ᠎ᠪᠠᠷ ᠠᠵᠠ ᠲᠣᠬᠢᠶᠠᠯ ᠪᠣᠯᠭᠠᠵᠤ᠂ ᠤᠯᠠᠮᠵᠢᠯᠠᠯᠲᠤ ᠨᠥᠬᠥᠷᠯᠡᠯ᠎ᠢᠶᠡᠨ ᠪᠡᠬᠢᠵᠢᠭᠦᠯᠵᠦ᠍᠂ ᠬᠠᠮᠲᠤᠷᠠᠯᠴᠠᠭᠠᠨ᠎ᠤ ᠳᠠᠯᠳᠠ ᠬᠦᠴᠦᠨ᠎ᠢ ᠭᠦᠨᠵᠡᠭᠡᠢ ᠠᠭᠤᠳᠠᠯᠵᠤ᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠲᠡᠬᠦ᠌᠎ᠶ᠋ᠢ ᠪᠡᠶᠡᠯᠡᠭᠦᠯᠦᠨ᠎ᠡ ᠭᠡᠵᠦ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号