《ᠲᠠ ᠦᠵᠡᠭᠡᠴᠢ᠂ ᠡᠨᠡ ᠪᠣᠯ ᠳᠠᠷᠤᠢ ᠮᠠᠨ᠎ᠤ ᠭᠠᠵᠠᠷ ᠰᠢᠨᠵᠢᠯᠡᠭᠡᠨ᠎ᠤ ᠪᠠᠢᠳᠠᠯ᠎ᠢ ᠢᠯᠡ ᠲᠣᠳᠣ ᠬᠠᠷᠠᠬᠤ ᠪᠠᠲᠤᠯᠠᠭ᠎ᠠ᠎ᠶᠢᠨ ᠰᠢᠰᠲᠧᠮ ᠮᠥᠨ》᠃ 5 ᠰᠠᠷ᠎ᠠ᠎ᠶᠢᠨ 7᠎ᠤ᠋ ᠡᠳᠦᠷ᠂ ᠤᠯᠤᠰ᠎ᠤᠨ ᠡᠨᠧᠷᠭᠢ᠎ᠶᠢᠨ ᠪᠦᠯᠦᠭᠯᠡᠯ᠎ᠦᠨ ᠦᠬᠠᠢ᠎ᠶᠢᠨ ᠡᠨᠧᠷᠭᠢ᠎ᠶᠢᠨ ᠯᠤᠬᠰᠢᠲᠠᠷ ᠨᠡᠭᠦᠷᠡᠰᠦᠨ ᠠᠭᠤᠷᠬᠠᠢ᠎ᠶᠢᠨ ᠦᠢᠯᠡᠳᠪᠦᠷᠢᠯᠡᠯ᠎ᠦᠨ ᠵᠢᠯᠤᠭᠣᠳᠬᠤ ᠲᠥᠪ᠎ᠲᠦ᠂ ᠲᠣᠰ ᠠᠭᠤᠷᠬᠠᠢ᠎ᠶᠢᠨ ᠭᠠᠵᠠᠷ ᠰᠢᠨᠵᠢᠯᠡᠭᠡᠨ᠎ᠤ ᠬᠡᠮᠵᠢᠯᠲᠡ ᠬᠢᠭᠡᠳ ᠤᠰᠤᠨ᠎ᠤ ᠬᠥᠨᠥᠭᠡᠯ᠎ᠢ ᠰᠡᠷᠭᠡᠢᠯᠡᠨ ᠵᠠᠰᠠᠬᠤ ᠰᠠᠯᠠᠭᠠᠨ᠎ᠤ ᠳᠡᠳ᠋ ᠳᠠᠷᠤᠭ᠎ᠠ ᠫᠧᠢ ᠰᠢᠶᠣᠣ ᠢᠦᠢ ᠺᠣᠮᠫᠢᠦ᠋ᠲᠧᠷ᠎ᠦᠨ ᠡᠮᠦᠨ᠎ᠡ ᠠᠵᠢᠯᠯᠠᠬᠤ ᠵᠢᠨ ᠳᠠᠭᠠᠤ ᠰᠣᠷᠪᠣᠯᠵᠢᠯᠠᠭ᠍ᠴᠢ᠎ᠳᠤ ᠡᠨᠡ ᠬᠦ᠌ ᠤᠯᠤᠰ ᠤᠨ ᠳᠣᠲᠣᠭᠠᠳᠤ᠎ᠶᠢᠨ ᠠᠩᠬ᠎ᠠ ᠡᠭᠦᠳᠦᠭᠰᠡᠨ ᠰᠢᠰᠲᠧᠮ᠎ᠢ ᠳᠡᠯᠭᠡᠨ ᠦᠵᠡᠭᠦᠯᠵᠦ 《ᠲᠤᠰ ᠰᠢᠰᠲᠸᠮ ᠢ᠋ᠢᠡᠷ ᠠᠭᠤᠷᠬᠠᠢ᠎ᠶᠢᠨ ᠬᠤᠳᠳᠤᠭ᠎ᠤᠨ ᠳᠣᠣᠷᠠᠬᠢ ᠭᠤᠷᠪᠠᠨ ᠬᠡᠮᠵᠢᠯᠲᠦ ᠭᠠᠵᠠᠷ ᠰᠢᠨᠵᠢᠯᠡᠭᠡᠨ᠎ᠦ ᠵᠢᠷᠤᠭ᠂ ᠨᠡᠭᠦᠷᠡᠰᠦᠨ ᠳᠠᠪᠬᠤᠷᠭ᠎ᠠ᠎ᠶᠢᠨ ᠲᠠᠷᠬᠠᠯᠲᠠ᠂ ᠤᠰᠤᠨ ᠴᠣᠭᠴᠠ᠎ᠶᠢᠨ ᠪᠠᠢᠷᠢ᠂ ᠭᠠᠰ ᠬᠠᠳᠠᠭᠠᠯᠠᠭᠳᠠᠵᠤ ᠪᠠᠢᠭ᠎ᠠ ᠣᠷᠣᠨ ᠪᠦᠰᠡ᠎ᠶᠢ ᠲᠣᠳᠣᠷᠬᠠᠢ ᠣᠯᠵᠤ ᠬᠠᠷᠠᠨ᠎ᠠ᠂ ᠠᠭᠤᠷᠬᠠᠢ᠎ᠶᠢᠨ ᠬᠤᠳᠳᠤᠭ ᠡᠴᠡ ᠨᠡᠭᠦᠷᠡᠰᠦ ᠮᠠᠯᠲᠠᠬᠤ᠎ᠳᠤ ᠨᠠᠩ ᠣᠨᠣᠪᠴᠢᠲᠠᠶ ᠨᠠᠩ ᠠᠮᠤᠷ ᠲᠦᠪᠰᠢᠨ ᠪᠣᠯᠵᠠᠢ ! 》 ᠭᠡᠵᠤ ᠤᠮᠤᠬᠰᠢᠯ᠎ᠲᠠᠢ ᠶᠠᠷᠢᠨ᠎ᠠ᠃
ᠣᠳᠣᠬᠠᠨ᠎ᠳᠤ ᠡᠨᠡ ᠬᠦ᠌ ᠰᠢᠰᠲᠧᠮ ᠦᠨ ᠬᠠᠪᠰᠤᠷᠤᠯᠭ᠎ᠠ ᠪᠡᠷ᠂ ᠭᠦᠨ ᠬᠠᠷᠠᠩᠭᠤᠢ ᠠᠭᠤᠷᠬᠠᠢ᠎ᠶᠢᠨ ᠬᠤᠳᠳᠤᠭ᠎ᠲᠤ ᠨᠢᠭᠡ ᠤᠳᠠᠭ᠎ᠠ ᠵᠢᠨ 《 CT ᠰᠢᠷᠪᠢᠯᠲᠡ 》 ᠬᠢᠵᠤ ᠂ ᠭᠠᠵᠠᠷ ᠳᠣᠣᠷᠠᠬᠢ ᠬᠡᠳᠦᠨ ᠵᠠᠭᠤᠨ ᠮᠧᠲᠷ᠎ᠦᠨ ᠭᠦᠨ᠎ᠳᠡᠬᠢ 《ᠭᠠᠵᠠᠷ ᠰᠢᠨᠵᠢᠯᠡᠭᠡᠨ᠎ᠦ ᠰᠤᠳᠠᠰᠤ 》 ᠲᠣᠳᠣᠬᠠᠨ ᠬᠠᠷᠠᠭᠳᠠᠨ᠎ᠠ ᠃
《ᠥᠩᠭᠡᠷᠡᠭᠰᠡᠨ᠎ᠳᠦ᠂ ᠬᠤᠳᠳᠤᠭ ᠳᠣᠣᠷᠠᠬᠢ ᠶᠠᠮᠠᠷ ᠨᠢᠭᠡᠨ ᠭᠠᠵᠠᠷ᠎ᠤᠨ ᠭᠠᠵᠠᠷ ᠰᠢᠨᠵᠢᠯᠡᠭᠡᠨ᠎ᠦ ᠪᠠᠢᠳᠠᠯ ᠢ᠋ ᠮᠡᠳᠡᠶ᠎ᠡ ᠭᠡᠪᠡᠯ᠂ ᠮᠡᠷᠭᠡᠵᠢᠯ ᠦᠨ ᠠᠵᠢᠯᠲᠠᠳ ᠵᠥᠪᠬᠡᠨ ᠲᠤᠷᠰᠢᠯᠭ᠎ᠠ᠎ᠪᠠᠷ᠎ᠢᠶᠠᠨ ᠬᠠᠭᠤᠴᠢᠨ ᠵᠢᠷᠤᠭ ᠢ᠋ ᠳᠠᠬᠢᠨ ᠳᠠᠪᠳᠠᠨ ᠤᠷᠪᠠᠭᠤᠯᠵᠦ ᠬᠦᠮᠦᠨ᠎ᠤ ᠬᠦᠴᠦ ᠪᠡᠷ ᠳᠠᠬᠢᠨ ᠵᠢᠷᠤᠲᠠᠭ᠂ ᠡᠨᠡ ᠨᠢ ᠴᠠᠭ ᠪᠠ ᠬᠦᠴᠦ ᠪᠠᠷᠠᠬᠤ ᠮᠥᠷᠲᠡᠭᠡᠨ ᠪᠠᠰᠠ ᠵᠥᠷᠢᠶ᠎ᠡ᠎ᠲᠠᠢ ᠪᠣᠯᠬᠤ ᠨᠢ ᠵᠠᠢᠯᠠᠰᠢ ᠦᠭᠡᠢ ᠶᠤᠮ᠃ ᠵᠢᠷᠤᠵᠤ ᠭᠠᠷᠭᠠᠭᠰᠠᠨ ᠵᠢᠷᠤᠭ ᠨᠢ ᠬᠠᠪᠲᠠᠭᠠᠢ ᠵᠢᠷᠤᠭ ᠪᠠᠢᠵᠤ᠂ ᠪᠤᠲᠠᠲᠤ ᠪᠠᠢᠲᠠᠯ ᠨᠢ ᠰᠢᠭᠤᠳ ᠬᠠᠷᠠᠭᠳᠠᠬᠤ ᠦᠭᠡᠢ᠂ ᠨᠢᠭᠡᠳᠦᠭᠡᠷ ᠹᠷᠣᠨᠲ᠎ᠤᠨ ᠮᠠᠯᠲᠠᠬᠤ ᠠᠵᠢᠯ ᠢ᠋ ᠵᠢᠯᠤᠭᠤᠳᠬᠤ᠎ᠳᠤ ᠣᠨᠣᠴᠠᠲᠠᠢ ᠶᠠᠷᠢᠬᠤ᠎ᠳᠤ ᠴᠸ᠋ ᠪᠡᠷᠬᠡ ᠶᠤᠮ》᠃ ᠫᠧᠢ ᠰᠢᠶᠣᠣ ᠢᠦᠢ ᠄ 《 ᠣᠲᠣ᠌ ᠲᠣᠩ ᠠᠳᠠᠯᠢ ᠦᠭᠡᠢ ᠪᠣᠯᠵᠠᠢ᠂ ᠰᠢᠰᠲᠧᠮ᠎ᠦᠨ ᠳᠣᠲᠣᠷ᠎ᠠ ᠡᠴᠡ ᠠᠯᠢ ᠪᠠᠢᠷᠢ᠎ᠶᠢ ᠨᠢ ᠣᠢᠯᠠᠭᠠᠶ᠎ᠠ ᠭᠡᠪᠡᠯ᠂ ᠬᠤᠯᠤᠭᠠᠨᠠᠴᠢᠷᠢ ᠬᠥᠩᠭᠡᠬᠡᠨ ᠲᠤᠪᠴᠢᠳᠠᠪᠠᠯ᠂ ᠲᠠᠷᠤᠢ ᠬᠠᠷᠠᠭᠠᠯᠵᠠᠭᠰᠠᠨ ᠭᠤᠷᠪᠠᠨ ᠬᠡᠮᠵᠢᠯᠲᠦ ᠭᠠᠵᠠᠷ ᠰᠢᠨᠵᠢᠯᠡᠭᠡᠨ᠎ᠦ ᠢᠯᠡ ᠲᠤᠲᠤ ᠣᠭᠲᠣᠯᠣᠭᠠᠰᠤ ᠵᠢᠷᠤᠭ ᠢᠯᠡᠷᠡᠵᠦ᠂ ᠡᠨᠡ ᠨᠢ ᠶᠠᠭ ᠭᠠᠵᠠᠷ᠎ᠤᠨ ᠳᠠᠪᠬᠤᠷᠭ᠎ᠠ᠎ᠶᠢ ᠣᠭᠲᠣᠯᠵᠤ ᠦᠵᠡᠬᠦ᠎ᠲᠠᠢ ᠠᠳᠠᠯᠢ ᠲᠣᠳᠣᠷᠬᠠᠢ ᠬᠠᠷᠠᠬᠳᠠᠨ᠎ᠠ 》 ᠭᠡᠵᠦ ᠲᠠᠢᠯᠪᠤᠷᠢᠯᠠᠨ᠎ᠠ ᠃
2023 ᠣᠨ᠎ᠳᠤ᠂ ᠦᠬᠠᠢ ᠶᠢᠨ ᠡᠨᠧᠷᠭᠢ ᠶᠢᠨ ᠺᠣᠮᠫᠠᠨᠢ ᠪᠣᠯᠣᠨ ᠳᠤᠮᠳᠠᠳᠤ ᠤᠯᠤᠰ᠎ᠤᠨ ᠨᠡᠭᠦᠷᠡᠰᠦᠨ ᠦ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ ᠤᠨ ᠢᠨᠵᠸᠨ᠋ᠸᠷᠢᠩ᠎ᠤᠨ ᠰᠢ ᠠᠨ᠎ᠤ ᠰᠤᠳᠤᠯᠭᠠᠨ ᠤ ᠬᠦᠷᠢᠶᠡᠯᠡᠩ᠎ᠦᠨ ᠬᠠᠮᠲᠤᠷᠠᠨ ᠰᠤᠳᠤᠯᠤᠨ ᠨᠡᠭᠡᠭᠡᠭᠰᠡᠨ ᠭᠠᠵᠠᠷ ᠰᠢᠨᠵᠢᠯᠡᠭᠡᠨ᠎ᠦ ᠪᠠᠲᠤᠯᠠᠭ᠎ᠠ᠎ᠶᠢᠨ ᠰᠢᠰᠲ᠋ᠸᠮ᠎ᠢ ᠬᠠᠮᠤᠭ᠎ᠤᠨ ᠲᠦᠷᠦᠭᠦᠨ᠎ᠳᠦ ᠯᠤᠬᠰᠢᠲᠠᠷ ᠨᠡᠭᠦᠷᠡᠰᠦᠨ ᠠᠭᠤᠷᠬᠠᠢ᠎ᠳᠤ ᠬᠡᠷᠡᠭᠯᠡᠪᠡ᠂ ᠲᠤᠬᠠᠢ᠎ᠶᠢᠨ ᠦᠶ᠎ᠡ᠎ᠳᠦ ᠡᠨᠡ ᠨᠢ ᠤᠯᠤᠰ᠎ᠤᠨ ᠳᠣᠲᠣᠭᠠᠳᠤ᠎ᠶᠢᠨ ᠠᠩᠬᠠᠨ᠎ᠤ ᠡᠭᠦᠳᠦᠯᠲᠡ ᠪᠣᠯᠬᠤ᠎ᠪᠠᠷ ᠪᠠᠷᠠᠬᠤ ᠦᠭᠡᠢ᠂ ᠮᠡᠷᠭᠡᠵᠢᠯ ᠨᠢ ᠴᠦ᠍ ᠳᠡᠯᠡᠬᠡᠢ᠎ᠶᠢᠨ ᠲᠡᠷᠢᠭᠦᠨ᠎ᠦ ᠲᠦᠪᠰᠢᠨ᠎ᠳᠦ ᠬᠦᠷᠴᠡᠢ᠃
ᠲᠠᠨᠢᠯᠴᠠᠭᠤᠯᠭ᠎ᠠ ᠵᠢ ᠦᠨᠳᠦᠰᠦᠯᠡᠪᠡᠯ᠂ ᠡᠨᠡ ᠬᠦ᠌ ᠰᠢᠰᠲᠧᠮ ᠨᠢ ᠶᠠᠭ ᠨᠢᠭᠡᠨ 《ᠨᠡᠭᠦᠷᠡᠰᠦᠨ ᠠᠭᠤᠷᠬᠠᠢ᠎ᠶᠢᠨ ᠭᠠᠵᠠᠷ ᠰᠢᠨᠵᠢᠯᠡᠭᠡᠨ᠎ᠦ ᠶᠡᠬᠡ ᠲᠠᠷᠢᠬᠢ》 ᠰᠢᠭ᠋ ᠪᠠᠢᠵᠤ᠂ ᠠᠵᠢᠯ ᠤᠨ ᠬᠡᠪᠴᠢᠶ᠎ᠡ᠂ ᠭᠠᠵᠠᠷ ᠰᠢᠨᠵᠢᠯᠡᠭᠡᠨ᠎ᠦ ᠬᠡᠮᠵᠢᠯᠲᠡ᠂ ᠤᠰᠤᠨ᠎ᠤ ᠬᠦᠨᠦᠭᠡᠯ ᠢ᠋ ᠰᠡᠷᠬᠡᠢᠯᠡᠨ ᠵᠠᠰᠠᠬᠤ᠂ ᠭᠠᠰ᠎ᠤᠨ ᠭᠠᠵᠠᠷ ᠰᠢᠨᠵᠢᠯᠡᠭᠡᠨ᠂ ᠭᠠᠯ ᠰᠡᠷᠬᠡᠢᠯᠡᠵᠦ ᠭᠠᠯ ᠤᠨᠲᠠᠷᠠᠭᠠᠬᠤ᠂ ᠬᠥᠳᠡᠯᠦᠩᠭᠦᠢ ᠬᠠᠳᠠᠭᠠᠯᠠᠭᠳᠠᠴᠠ᠎ᠶᠢᠨ ᠬᠠᠮᠢᠶᠠᠷᠤᠯᠲᠠ ᠵᠡᠷᠭᠡ 11 ᠶᠡᠬᠡ ᠴᠢᠳᠠᠮᠵᠢ᠎ᠶᠢᠨ ᠬᠡᠰᠡᠭ᠎ᠢ ᠬᠤᠷᠠᠮᠳᠤᠭᠤᠯᠵᠠᠢ᠃ ᠲᠡᠷᠡ ᠨᠢ ᠭᠠᠵᠠᠷ ᠵᠦᠢ᠎ᠶᠢᠨ ᠮᠡᠳᠡᠭᠡ ᠵᠠᠩᠭᠢ ᠪᠠ ᠮᠠᠯᠲᠠᠬᠤ ᠢᠨᠵᠧᠨᠧᠷᠢᠩ᠎ᠦᠨ ᠬᠠᠪᠲᠠᠭᠠᠢ ᠵᠢᠷᠤᠭ᠎ᠢᠶᠠᠷ ᠰᠠᠭᠤᠷᠢ ᠪᠣᠯᠭᠠᠵᠤ᠂ ᠭᠠᠵᠠᠷ ᠰᠢᠨᠵᠢᠯᠡᠭᠡᠨ᠎ᠦ ᠬᠡᠮᠵᠢᠯᠲᠡ᠂ ᠠᠮᠤᠷ ᠲᠦᠪᠰᠢᠨ᠎ᠦ ᠬᠢᠨᠠᠨ ᠬᠡᠮᠵᠢᠯᠲᠡ᠂ ᠠᠵᠢᠯᠲᠠᠨ᠎ᠤ ᠣᠷᠣᠨ ᠪᠠᠢᠷᠢ᠂ ᠮᠠᠰᠢᠨ ᠴᠠᠬᠢᠯᠭᠠᠨ᠎ᠤ ᠠᠵᠢᠯᠯᠠᠭᠠᠨ ᠵᠡᠷᠭᠡ ᠲᠠᠷᠠᠬᠠᠢ ᠪᠤᠲᠠᠷᠬᠠᠢ ᠲᠣᠭ᠎ᠠ ᠪᠠᠷᠢᠮᠲᠠ᠎ᠶᠢ ᠪᠦᠬᠦᠨ᠎ᠢ 《ᠰᠦᠯᠵᠢᠵᠦ 》᠂ ᠬᠦᠴᠦᠷᠬᠡᠭ ᠶᠡᠬᠡ ᠠᠭᠤᠰᠤᠯᠴᠠᠯ᠎ᠤᠨ ᠵᠠᠳᠠᠯᠤᠯᠲᠠ᠎ᠪᠠᠷ ᠳᠡᠮ᠎ᠵᠢ᠂ ᠨᠢᠭᠡᠨ ᠢᠯᠡ ᠲᠤᠲᠤ ᠪᠤᠰᠤᠭ᠎ᠠ ᠴᠤᠬᠴᠠ᠎ᠲᠦ ᠠᠭᠤᠷᠬᠠᠢ᠎ᠶᠢᠨ ᠬᠤᠳᠳᠤᠭ᠎ᠤᠨ ᠭᠤᠷᠪᠠᠨ ᠬᠡᠮᠵᠢᠯᠲᠦ ᠵᠢᠷᠤᠭ᠎ᠢ ᠪᠦᠲᠦᠭᠡᠭᠰᠡᠨ ᠪᠠᠢᠨ᠎ᠠ᠃
《ᠡᠨᠡᠬᠦ ᠰᠢᠰᠲᠧᠮ ᠢ᠋ᠶ᠋ᠡᠷ ᠳᠠᠮᠵᠢᠨ ᠡᠬᠢ ᠪᠠᠶᠠᠯᠢᠭ᠋ ᠪᠠᠰᠠ ᠬᠡᠳᠦᠢ ᠦᠯᠡᠳᠡᠵᠦ ᠪᠠᠢᠬᠤ᠂ ᠡᠳᠦᠷ ᠪᠦᠷᠢ ᠬᠡᠳᠦᠢ ᠨᠡᠭᠦᠷᠡᠰᠦ ᠦᠢᠯᠡᠳᠪᠦᠷᠢᠯᠡᠵᠦ ᠪᠠᠢᠬᠤ᠂ ᠵᠠᠮ ᠵᠠᠰᠠᠵᠦ ᠨᠡᠬᠦᠷᠡᠰᠦ ᠮᠠᠯᠲᠠᠭᠠᠳ ᠬᠠᠮᠢᠭ᠎ᠠ ᠬᠦᠷᠴᠦ ᠪᠠᠢᠬᠤ᠂ ᠭᠠᠵᠠᠷ ᠳᠣᠣᠷ᠎ᠠ ᠶᠠᠮᠠᠷ ᠶᠠᠮᠠᠷ ᠳᠠᠯᠳᠠ ᠭᠠᠮᠰᠢᠭ᠋ ᠡᠭᠦᠰᠬᠡᠬᠦ ᠡᠯᠸᠮᠸᠨ᠋ᠲ ᠪᠠᠢᠬᠤ ᠶ᠋ᠢ ᠴᠥᠮ ᠲᠣᠪ ᠲᠣᠳᠣᠷᠬᠠᠢ ᠮᠡᠳᠡᠵᠦ᠂ ᠦᠢᠯᠡᠳᠪᠦᠷᠢᠯᠡᠯ᠎ᠦᠨ ᠪᠦᠬᠦ ᠶᠠᠪᠤᠴᠠ ᠶ᠋ᠢᠨ ᠲᠣᠭ᠎ᠠ ᠪᠠᠷᠢᠮᠲᠠ ᠶ᠋ᠢ 〈ᠬᠠᠷᠠᠬᠳᠠᠬᠤ᠂ ᠬᠠᠮᠢᠶᠠᠷᠬᠤ᠂ ᠡᠵᠡᠮᠳᠡᠬᠦ 〉 ᠪᠣᠯᠭᠠᠭᠰᠠᠨ ᠪᠠᠢᠨ᠎ᠠ》 ᠃ ᠢᠯᠡ ᠲᠣᠳᠣ ᠭᠠᠵᠠᠷ ᠰᠢᠨᠵᠢᠯᠡᠭᠡᠨ᠎ᠦ ᠪᠠᠲᠤᠯᠠᠭ᠎ᠠ᠎ᠶᠢᠨ ᠰᠢᠰᠲᠧᠮ᠎ᠦᠨ ᠳᠠᠪᠠᠭᠤᠯᠢᠭ᠋᠎ᠢ ᠶᠠᠷᠢᠬᠤ᠎ᠳᠤ᠂ ᠫᠧᠢ ᠰᠢᠶᠣᠣ ᠢᠦᠢ ᠬᠤᠪᠤᠷ ᠡᠷᠲᠡᠨᠢ ᠪᠠᠨ ᠶᠠᠷᠢᠵᠦ ᠪᠠᠢᠬᠤ ᠰᠢᠬ ᠪᠠᠢᠵᠦ᠂ ᠰᠢᠰᠲᠧᠮ᠎ᠦᠨ ᠠᠭᠤᠷᠬᠠᠢ᠎ᠶᠢᠨ ᠬᠤᠳᠳᠤᠭ᠎ᠤᠨ ᠠᠶᠤᠯᠭᠦᠢ ᠦᠢᠯᠡᠳᠪᠦᠷᠢᠯᠡᠯ᠎ᠳᠦ ᠦᠵᠡᠭᠦᠯᠦᠭᠰᠡᠨ ᠲᠦᠭᠦᠮ ᠨᠥᠬᠥᠴᠡᠯ᠎ᠦᠨ ᠲᠤᠬᠠᠢ ᠲᠡᠷᠡ ᠮᠥᠨ ᠴᠤ᠌ ᠭᠦᠨ ᠲᠥᠷᠥᠭᠳᠡᠯ᠎ᠲᠠᠢ ᠪᠠᠢᠯ᠎ᠠ ᠃
ᠨᠢᠭᠡ ᠤᠳᠠᠭ᠎ᠠ᠂ ᠯᠤᠬᠰᠢᠲᠠᠷ ᠨᠡᠭᠦᠷᠡᠰᠦᠨ ᠠᠭᠤᠷᠬᠠᠶ᠎ᠶ᠋ᠢᠨ 16402 ᠶᠡᠷᠦᠩᠬᠡᠢᠯᠡᠨ ᠮᠠᠯᠲᠠᠬᠤ ᠠᠵᠢᠯ᠎ᠤᠨ ᠲᠠᠯ᠎ᠠ᠎ᠵᠢᠨ ᠨᠡᠭᠡᠭᠡᠨ ᠮᠠᠯᠲᠠᠬᠤ ᠶᠠᠪᠤᠴᠠ᠎ᠳᠤ᠂ ᠹᠢᠽᠢᠺ᠎ᠦᠨ ᠬᠠᠢᠯᠲᠠ᠎ᠪᠠᠷ ᠳᠡᠮᠵᠢᠨ ᠡᠮᠦᠨ᠎ᠠ ᠲᠠᠯ᠎ᠠ᠎ᠵᠢᠨ 26 ᠮᠧᠲ᠋ᠷ ᠵᠠᠢᠲᠠᠢ ᠭᠠᠵᠠᠷ᠎ᠲᠦ ᠭᠡᠨᠡᠳᠲᠡ ᠭᠠᠵᠠᠷ ᠱᠢᠨᠵᠢᠯᠡᠭᠡᠨ᠎ᠦ ᠬᠡᠪ᠎ᠦᠨ ᠪᠤᠰᠤ ᠪᠠᠢᠳᠠᠯ ᠢᠯᠡᠷᠡᠭᠰᠡᠨᠢ ᠰᠡᠷᠡᠵᠦ ᠮᠡᠳᠡᠵᠡᠢ᠃ ᠪᠠᠢᠳᠠᠯ ᠲᠣᠳᠣᠷᠬᠠᠶ ᠥᠬᠡᠶ ᠪᠠᠢᠳᠠᠯ ᠳᠤᠤᠷ᠎ᠠ᠂ ᠬᠠᠢᠨ ᠮᠠᠯᠲᠠᠬᠤ ᠠᠵᠢᠯ᠎ᠢ ᠪᠣᠯᠭᠣᠮᠵᠢ ᠥᠬᠡᠶ᠎ᠪᠡᠷ ᠬᠢᠵᠦ᠍ ᠪᠣᠯᠬᠤ ᠥᠬᠡᠶ᠂ ᠡᠨᠡᠬᠦ ᠪᠠᠢᠳᠠᠯ ᠳᠤᠤᠷ᠎ᠠ ᠫᠸᠢ ᠱᠢᠶᠤᠤ ᠢᠦᠶ ᠪᠤᠰᠤᠳ ᠮᠡᠷᠭᠡᠵᠢᠯᠲᠡᠨ᠎ᠲᠡᠶ ᠬᠠᠮᠲᠤ᠎ᠪᠠᠷ᠂ ᠭᠠᠵᠠᠷ ᠱᠢᠨᠵᠢᠯᠡᠭᠡᠨ᠎ᠦ ᠪᠠᠲᠤᠯᠠᠭ᠎ᠠ᠎ᠶ᠋ᠢᠨ ᠱᠢᠰᠲ᠋ᠧᠮ᠎ᠦᠨ ᠤᠷᠢᠳᠴᠢᠯᠠᠨ ᠰᠡᠷᠡᠮᠵᠢᠯᠡᠭᠦᠯᠬᠦ᠌ ᠴᠢᠳᠠᠮᠵᠢ ᠪᠠ ᠭᠤᠷᠪᠠᠨ ᠬᠡᠮᠵᠢᠯᠳᠦ ᠢᠯᠡ ᠲᠣᠳᠣ ᠭᠠᠵᠠᠷ ᠱᠢᠨᠵᠢᠯᠡᠭᠡᠨ᠎ᠦ ᠣᠭ᠍ᠲᠣᠯᠤᠭᠠᠰᠤ ᠵᠢᠷᠤᠭ᠎ᠢ ᠠᠱᠢᠭ᠍ᠯᠠᠨ ᠵᠠᠳᠠᠯᠤᠯᠲᠠ ᠮᠠᠭᠠᠳᠯᠠᠯᠲᠠ ᠬᠢᠵᠦ᠍᠂ ᠮᠠᠰᠢ ᠲᠦᠷᠭᠡᠨ᠎ᠢᠶᠡᠷ ᠬᠡᠪ᠎ᠦᠨ ᠪᠤᠰᠤ ᠪᠦᠰᠡ᠎ᠶ᠋ᠢᠨ ᠬᠡᠪᠴᠢᠶ᠎ᠡ ᠪᠠ ᠣᠨᠴᠠᠯᠢᠭ᠎ᠢ ᠲᠣᠳᠣᠷᠬᠠᠶ ᠣᠢᠯᠠᠭᠠᠭ᠍ᠰᠠᠨ ᠪᠠᠢᠨ᠎ᠠ᠃ ᠲᠡᠳᠡ ᠳᠣᠲᠣᠷ᠎ᠠ᠎ᠪᠠᠨ ᠲᠣᠭ᠎ᠠ᠎ᠲᠠᠶ ᠪᠤᠯᠤᠬᠰᠠᠨ ᠡᠴᠡ ᠳᠠᠷᠤᠢᠬᠠᠨ ᠡᠪᠡᠳᠴᠢᠨ᠎ᠳᠦᠨᠢ ᠲᠠᠭᠠᠷᠠᠭᠤᠯᠤᠨ ᠡᠮ ᠥᠭ᠌ᠴᠦ᠂ ᠲᠤᠰᠭᠠᠢ ᠪᠠᠷᠢᠯᠭ᠎ᠠ᠎ᠶ᠋ᠢᠨ ᠲᠥᠰᠦᠯ ᠪᠣᠯᠤᠨ ᠮᠡᠷᠭᠡᠵᠢᠯ᠎ᠦᠨ ᠠᠷᠭ᠎ᠠ ᠬᠡᠮᠵᠢᠶ᠎ᠡ ᠲᠣᠭ᠍ᠲᠠᠭᠠᠵᠤ᠂ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠡᠴᠡ ᠵᠠᠢᠯᠠᠰᠭᠢᠵᠦ᠍᠂ ᠲᠠᠬᠢᠨ ᠮᠠᠯᠲᠠᠬᠤ ᠦᠷ᠎ᠡ ᠪᠦᠲᠦᠮᠵᠢ ᠪᠣᠯᠤᠨ ᠨᠠᠷᠢᠯᠢᠭ᠎ᠤᠨ ᠬᠡᠮᠵᠢᠶ᠎ᠡ᠎ᠶ᠋ᠢ ᠪᠠᠲᠤᠯᠠᠭ᠍ᠰᠠᠨ᠎ᠢᠶᠠᠷ ᠪᠠᠷᠠᠬᠤ ᠦᠭᠡᠢ᠂ ᠨᠡᠭᠦᠷᠡᠰᠦᠨ᠎ᠦ ᠶᠠᠰᠤ ᠴᠢᠨᠠᠷ᠎ᠲᠤ ᠦᠵᠡᠭᠦᠯᠬᠦ᠌ ᠨᠥᠯᠥᠭᠡ᠎ᠶ᠋ᠢ ᠴᠦ᠍ ᠬᠠᠮᠤᠭ᠎ᠤᠨ ᠳᠣᠣᠷ᠎ᠠ ᠬᠡᠮᠵᠢᠶᠡᠨ᠎ᠳᠦ ᠬᠦᠷᠲᠡᠯ᠎ᠡ ᠪᠠᠭᠤᠷᠠᠭᠤᠯᠤᠭ᠍ᠰᠠᠨ ᠪᠠᠢᠨ᠎ᠠ᠃
《ᠡᠨᠡ ᠬᠦ᠌ ᠱᠢᠰᠲ᠋ᠧᠮ᠎ᠨᠢ ᠦᠶ᠋ᠯᠡᠳᠪᠦᠷᠢᠯᠡᠯ᠎ᠦᠨ ᠦᠷ᠎ᠡ ᠪᠦᠲᠦᠮᠵᠢ ᠪᠠ ᠠᠮᠤᠷ ᠲᠦᠪᠱᠢᠨ᠎ᠦ ᠬᠠᠮᠢᠶᠠᠷᠤᠨ ᠡᠵᠡᠮᠳᠡᠬᠦ᠌ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠎ᠳᠦ ᠲᠤᠢᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ》ᠭᠡᠵᠦ᠍ ᠯᠤᠬᠰᠢᠲᠠᠷ ᠨᠡᠭᠦᠷᠡᠰᠦᠨ ᠠᠭᠤᠷᠬᠠᠶ᠎ᠶ᠋ᠢᠨ ᠨᠠᠮ᠎ᠤᠨ ᠬᠣᠷᠢᠶᠠᠨ᠎ᠤ ᠳᠡᠳ᠋ ᠱᠦᠵᠢ ᠵᠢᠶᠠ ᠹᠦ᠋ ᠪᠢᠩ ᠭᠦᠨ ᠲᠥᠷᠥᠭ᠌ᠳᠡᠯ᠎ᠲᠡᠶ᠎ᠪᠡᠷ ᠬᠡᠯᠡᠭ᠌ᠰᠡᠨ᠎ᠢᠶᠡᠨ ᠵᠠᠯᠭᠠᠭᠠᠳ᠄《ᠥᠩᠭᠡᠷᠡᠭ᠌ᠰᠡᠨ᠎ᠳᠦ ᠨᠡᠭᠦᠷᠡᠰᠦ ᠮᠠᠯᠲᠠᠬᠤ᠎ᠳᠤ᠂ ᠨᠡᠭᠦᠷᠡᠰᠦᠨ᠎ᠤ ᠳᠤᠤᠷ᠎ᠠ ᠴᠤᠬᠤᠮ ᠶᠠᠮᠠᠷ ᠪᠠᠢᠳᠠᠯ ᠪᠠᠢᠭ᠎ᠠ ᠵᠢ ᠤᠢᠯᠠᠭᠠᠬᠤ ᠦᠭᠡᠢ᠂ ᠤᠰᠤ ᠪᠠᠢᠬᠤ ᠡᠰᠡᠬᠦ᠌᠂ ᠭᠠᠰ᠎ᠤᠨ ᠥᠳᠭᠡᠴᠡ ᠥᠨᠳᠥᠷ ᠡᠰᠡᠬᠦ᠌᠎ᠶ᠋ᠢ ᠪᠦᠷᠢᠮᠦᠰᠦᠨ ᠡᠵᠡᠮᠱᠢᠵᠦ᠍ ᠳᠡᠢᠯᠬᠦ᠌ ᠥᠬᠡᠶ ᠪᠠᠢᠪᠠ᠃ ᠤᠳᠤ᠂ ᠱᠢᠰᠲ᠋ᠧᠮ ᠨᠢ ᠤᠤᠯ᠎ᠤᠨ ᠭᠠᠭ᠍ᠴᠠᠭᠠᠷᠳᠠᠮᠠᠯ ᠲᠠᠷᠠᠬᠠᠢ ᠪᠤᠲᠠᠷᠬᠠᠢ ᠲᠣᠭ᠎ᠠ ᠪᠠᠷᠢᠮᠲᠠ᠎ᠶ᠋ᠢ ᠪᠦᠬᠦᠨ᠎ᠢ ᠨᠡᠢᠳᠭᠡᠵᠦ᠍᠂ ᠨᠢᠭᠡᠨ ᠪᠦᠷᠢᠨ ᠪᠦᠲᠦᠨ᠂ ᠪᠣᠰᠣᠭ᠎ᠠ ᠴᠣᠭ᠍ᠴᠠᠲᠤ ᠬᠤᠳᠳᠤᠭ ᠳᠣᠣᠷᠠᠬᠢ ᠣᠷᠴᠢᠨ ᠲᠣᠭᠣᠷᠢᠨ᠎ᠤ ᠵᠠᠭᠠᠭ ᠭᠠᠳᠠᠷᠭᠤ᠎ᠶ᠋ᠢ ᠪᠠᠢᠭᠤᠯᠵᠤ᠂ ᠮᠡᠳᠡᠭᠡ ᠵᠠᠩᠭᠢ ᠤᠯᠬᠤ᠎ᠳᠤ ᠲᠤᠢᠯ᠎ᠤᠨ ᠲᠦᠬᠦᠮ ᠪᠤᠯᠵᠠᠢ᠂ ᠡᠨᠡ ᠨᠢ ᠮᠠᠨ᠎ᠤ ᠨᠡᠭᠦᠷᠡᠰᠦᠨ ᠠᠭᠤᠷᠬᠠᠢ᠎ᠶ᠋ᠢᠨ ᠬᠠᠮᠢᠶᠠᠷᠤᠭ᠍ᠴᠢ᠎ᠶ᠋ᠢᠨ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠳᠤ ᠲᠤᠢᠯ᠎ᠤᠨ ᠨᠠᠢᠳᠠᠪᠤᠷᠢᠲᠠᠢ ᠪᠠᠷᠢᠮᠲᠠ ᠬᠠᠩᠭᠠᠵᠠᠢ》ᠬᠡᠪᠡ᠃
2023 ᠣᠨ᠎ᠠᠴᠠ ᠡᠬᠢᠯᠡᠨ᠂ ᠢᠯᠡ ᠲᠣᠳᠣ ᠭᠠᠵᠠᠷ ᠱᠢᠨᠵᠢᠯᠡᠭᠡᠨ᠎ᠦ ᠪᠠᠲᠤᠯᠠᠭ᠎ᠠ᠎ᠶ᠋ᠢᠨ ᠱᠢᠰᠲ᠋ᠧᠮ᠎ᠢ ᠦᠬᠠᠶ᠎ᠶ᠋ᠢᠨ ᠡᠨᠧᠷᠭᠢ᠎ᠶ᠋ᠢᠨ ᠺᠣᠮᠫᠠᠨᠢ᠎ᠶ᠋ᠢᠨ ᠬᠠᠷᠢᠶᠠᠨ᠎ᠳᠠᠬᠢ 6 ᠨᠡᠭᠦᠷᠡᠰᠦᠨ ᠠᠭᠤᠷᠬᠠᠶ᠎ᠳᠤ ᠵᠠᠯᠭᠠᠭ᠎ᠠ᠎ᠪᠠᠷ ᠬᠡᠷᠡᠭ᠌ᠯᠡᠵᠡᠶ᠃ ᠲᠡᠷᠡ᠎ᠨᠢ ᠬᠤᠳᠳᠤᠭ ᠳᠣᠲᠣᠷ᠎ᠠ ᠲᠤᠯᠭᠠᠷᠠᠭ᠍ᠰᠠᠨ ᠡᠯ᠎ᠡ ᠵᠦᠶ᠋ᠯ᠎ᠦᠨ ᠭᠠᠵᠠᠷ ᠱᠢᠨᠵᠢᠯᠡᠭᠡᠨ ᠦ ᠬᠦᠴᠢᠷ ᠠᠰᠠᠭᠤᠳᠠᠯ ᠢ ᠦᠨᠡᠨ ᠪᠣᠳᠠᠲᠠᠶ ᠱᠢᠶ᠋ᠳᠪᠦᠷᠢᠯᠡᠭ᠌ᠰᠡᠨ᠎ᠢᠶᠡᠷ ᠪᠠᠷᠠᠬᠤ ᠥᠬᠡᠶ᠂ ᠪᠠᠰᠠ《ᠠᠭᠤᠷᠬᠠᠶ᠎ᠶ᠋ᠢᠨ ᠬᠤᠳᠳᠤᠭ᠎ᠤᠨ ᠭᠠᠵᠠᠷ ᠱᠢᠨᠵᠢᠯᠡᠭᠡ — ᠢᠯᠡ ᠲᠣᠳᠣ ᠭᠠᠵᠠᠷ ᠱᠢᠨᠵᠢᠯᠡᠭᠡᠨ᠎ᠦ ᠪᠠᠲᠤᠯᠠᠭ᠎ᠠ᠎ᠶ᠋ᠢᠨ ᠱᠢᠰᠲ᠋ᠧᠮ — ᠨᠡᠭᠡᠭᠡᠨ ᠮᠠᠯᠲᠠᠬᠤ ᠦᠶ᠋ᠯᠡᠳᠪᠦᠷᠢᠯᠡᠯ》 ᠤ᠋ᠨ ᠲᠠᠪᠴᠠᠩᠵᠢᠭ᠍ᠰᠠᠨ᠂ ᠪᠠᠷᠢᠮᠵᠢᠶᠠᠵᠢᠭ᠍ᠰᠠᠨ᠂ ᠴᠤᠪᠤᠷᠠᠯ᠎ᠳᠤ ᠠᠵᠢᠯᠯᠠᠭᠠᠨ᠎ᠤ ᠱᠢᠨ᠎ᠡ ᠵᠠᠭ᠍ᠪᠤᠷ᠂ ᠱᠢᠨ᠎ᠡ ᠰᠡᠳᠭᠢᠮᠵᠢ ᠶ᠋ᠢ ᠰᠦᠪᠡᠭ᠌ᠴᠢᠯᠡᠨ ᠭᠠᠷᠭᠠᠵᠤ᠂ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ ᠴᠢᠨᠠᠭ᠍ᠰᠢᠯᠠᠪᠠᠯ ᠪᠦᠬᠦᠢᠯᠡ ᠨᠡᠭᠦᠷᠡᠰᠦᠨ᠎ᠦ ᠠᠵᠢᠯ ᠲᠥᠷᠥᠯ᠎ᠦᠨ ᠢᠯᠡ ᠲᠣᠳᠣ ᠭᠠᠵᠠᠷ ᠱᠢᠨᠵᠢᠯᠡᠭᠡᠨ᠎ᠦ ᠪᠠᠲᠤᠯᠠᠭ᠎ᠠ᠎ᠶ᠋ᠢᠨ ᠱᠢᠰᠲ᠋ᠧᠮ᠎ᠦᠨ ᠪᠠᠢᠭᠤᠯᠤᠯᠲᠠ᠎ᠳᠤ ᠲᠣᠯᠢ ᠪᠣᠯᠭᠠᠵᠤ ᠪᠣᠯᠬᠤᠢᠴᠠ 《ᠦᠬᠠᠶ᠎ᠶ᠋ᠢᠨ ᠵᠠᠭ᠍ᠪᠤᠷ》 ᠢ᠋ ᠬᠠᠩᠭᠠᠪᠠ᠃
ᠰᠤᠷᠪᠤᠯᠵᠢᠯᠠᠭ᠍ᠴᠢ᠎ᠶ᠋ᠢᠨ ᠡᠪᠦᠷ ᠲᠡᠮᠳᠡᠭ᠌ᠯᠡᠯ ᠄
ᠪᠢ ᠦᠬᠠᠢ ᠬᠤᠳᠠ᠎ᠶ᠋ᠢᠨ ᠤᠯᠠᠨ ᠨᠡᠭᠦᠷᠡᠰᠦᠨ ᠠᠭᠤᠷᠬᠠᠢ᠎ᠶ᠋ᠢ ᠰᠤᠷᠪᠤᠯᠵᠢᠯᠠᠵᠤ ᠥᠩᠭᠡᠷᠡᠵᠡᠢ᠂ ᠭᠡᠪᠡᠴᠦ᠍ ᠡᠨᠡ ᠤᠳᠠᠭ᠎ᠠ᠎ᠶ᠋ᠢᠨ ᠲᠦᠷᠦᠭᠳᠡᠯ ᠮᠠᠰᠢ ᠭᠦᠨᠵᠡᠭᠡᠢ ᠶᠤᠮ᠃ ᠢᠯᠡ ᠲᠣᠳᠣ ᠭᠠᠵᠠᠷ ᠱᠢᠨᠵᠢᠯᠡᠭᠡᠨ᠎ᠦ ᠪᠠᠲᠤᠯᠠᠭ᠎ᠠ᠎ᠶ᠋ᠢᠨ ᠱᠢᠰᠲ᠋ᠧᠮ᠎ᠦᠨ ᠬᠦᠴᠦᠨ᠎ᠳᠤ ᠲᠦᠰᠢᠭᠯᠡᠵᠦ᠂ ᠯᠤᠬᠰᠢᠲᠠᠷ ᠨᠡᠭᠦᠷᠡᠰᠦᠨ ᠠᠭᠤᠷᠬᠠᠢ᠎ᠶ᠋ᠢᠨ ᠭᠠᠵᠠᠷ ᠳᠣᠣᠷᠠᠬᠢ ᠬᠡᠳᠦᠨ ᠵᠠᠭᠤᠨ ᠮᠧᠲ᠋ᠷ᠎ᠦᠨ《ᠭᠠᠵᠠᠷ ᠱᠢᠨᠵᠢᠯᠡᠭᠡᠨ᠎ᠦ ᠰᠤᠳᠠᠰᠤ》 ᠶ᠋ᠢ ᠲᠣᠳᠣᠷᠬᠠᠢ ᠵᠠᠳᠠᠯᠵᠦ᠂ ᠨᠡᠭᠦᠷᠡᠰᠦ ᠬᠠᠮᠢᠭ᠎ᠠ ᠪᠠᠢᠬᠤ᠂ ᠤᠰᠤ ᠬᠠᠮᠢᠭ᠎ᠠ ᠪᠠᠢᠬᠤ᠂ ᠭᠠᠰ ᠬᠠᠮᠢᠭ᠎ᠠ ᠪᠠᠢᠬᠤ᠎ᠶ᠋ᠢ ᠲᠣᠪ ᠲᠣᠳᠣᠷᠬᠠᠢ ᠣᠯᠵᠤ ᠬᠠᠷᠠᠪᠠ᠃ 70 ᠵᠢᠯ᠎ᠦᠨ ᠲᠡᠦᠬᠡ᠎ᠲᠡᠶ ᠡᠨᠡ ᠬᠦ᠌ ᠬᠠᠭᠤᠴᠢᠨ ᠨᠡᠭᠦᠷᠡᠰᠦᠨ ᠠᠭᠤᠷᠬᠠᠶ᠎ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠴᠦᠨ᠎ᠡᠴᠡ ᠪᠣᠯᠵᠣ ᠴᠣ ᠱᠢᠨ᠎ᠡ ᠬᠤᠪᠢᠷᠠᠯᠲᠠ᠎ᠲᠠᠶ ᠪᠣᠯᠵᠠᠶ᠃
ᠰᠤᠷᠪᠤᠯᠵᠢᠯᠠᠭ᠎ᠠ ᠳᠤᠮᠳᠠ᠂ ᠲᠤᠤᠷᠠᠬᠢ ᠬᠣᠶᠠᠷ ᠦᠭᠡ ᠨᠢ ᠨᠠᠳᠠ᠎ᠳᠤ ᠭᠦᠨ ᠰᠠᠭᠤᠭ᠍ᠳᠠᠯ ᠦᠯᠡᠳᠡᠭᠡᠪᠡ᠃ ᠨᠢᠭᠡ ᠨᠢ ᠫᠸᠢ ᠱᠢᠶᠤᠤ ᠢᠦᠢ᠎ᠶ᠋ᠢᠨ ᠬᠡᠯᠡᠭ᠌ᠰᠡᠨ《ᠥᠩᠭᠡᠷᠡᠭ᠌ᠰᠡᠨ᠎ᠳᠦ ᠵᠦᠪᠬᠡᠨ ᠲᠤᠷᠱᠢᠯᠭ᠎ᠠ᠎ᠳᠠᠭᠠᠨ ᠲᠦᠱᠢᠭ᠌ᠯᠡᠵᠦ᠍ ᠲᠠᠬᠢᠨ ᠳᠠᠪᠳᠠᠨ ᠵᠢᠷᠤᠵᠤ᠂ ᠴᠠᠭ ᠬᠦᠴᠦ᠍ ᠪᠠᠨ ᠵᠠᠷᠤᠴᠠᠭᠤᠯᠤᠭᠠᠳ ᠪᠠᠰᠠ ᠤᠨᠤᠪᠴᠢ ᠦᠭᠡᠢ ᠪᠠᠢᠪᠠ 》 ᠂ ᠨᠦᠬᠦᠭᠡ ᠨᠢ ᠵᠢᠶᠠ ᠹᠦ᠋ ᠪᠢᠩ᠎ᠦᠨ ᠬᠡᠯᠡᠭ᠌ᠰᠡᠨ 《ᠥᠩᠭᠡᠷᠡᠭ᠌ᠰᠡᠨ᠎ᠳᠦ ᠨᠡᠭᠦᠷᠡᠰᠦᠨ᠎ᠤ ᠳᠤᠤᠷ᠎ᠠ ᠶᠠᠭᠤ ᠪᠠᠢᠭ᠍ᠤ ᠳᠤᠬᠠᠢ ᠳᠣᠲᠣᠷ᠎ᠠ᠎ᠪᠠᠨ ᠲᠣᠭ᠎ᠠ ᠦᠭᠡᠢ ᠪᠠᠢᠪᠠ》᠃ ᠡᠭᠦᠨ᠎ᠦ ᠠᠷᠤ᠎ᠳᠤ᠂ ᠥᠩᠭᠡᠷᠡᠭ᠌ᠰᠡᠨ᠎ᠦ ᠨᠡᠭᠦᠷᠡᠰᠦ ᠮᠠᠯᠲᠠᠬᠤ ᠦᠶ᠎ᠡ᠎ᠵᠢᠨ《ᠰᠣᠬᠣᠷ ᠬᠥᠮᠦᠨ ᠵᠠᠭᠠᠨ ᠲᠡᠮᠲᠡᠷᠢᠬᠦ᠌ 》 ᠮᠡᠲᠦ ᠠᠷᠭ᠎ᠠ ᠪᠠᠷᠠᠭ᠍ᠳᠠᠬᠤ ᠪᠠᠢᠳᠠᠯ ᠪᠠ ᠥᠨᠥᠳᠦᠷ᠎ᠦᠨ 《 ᠢᠯᠡ ᠲᠣᠳᠣ ᠭᠠᠵᠠᠷ ᠱᠢᠨᠵᠢᠯᠡᠭᠡ》 ᠡᠴᠡ ᠪᠣᠯᠤᠭ᠍ᠰᠠᠨ ᠭᠦᠨᠵᠡᠭᠡᠶ ᠬᠤᠪᠢᠰᠤᠯᠲᠠ ᠢᠯᠡᠷᠡᠵᠦ᠍ ᠪᠠᠢᠨ᠎ᠠ᠃
ᠡᠨᠡᠬᠦ᠌ ᠱᠢᠰᠲ᠋ᠧᠮ ᠪᠣᠯ ᠨᠢᠭᠡ ᠤᠳᠠᠭᠠᠨ᠎ᠤ ᠮᠡᠷᠭᠡᠵᠢᠯ᠎ᠦᠨ ᠳᠡᠰ ᠳᠠᠪᠱᠢᠯᠲᠠ ᠲᠡᠳᠦᠶ ᠪᠢᠰᠢ᠂ ᠨᠡᠩ ᠴᠤ᠌ ᠨᠢᠭᠡ ᠤᠳᠠᠭᠠᠨ ᠤ ᠠᠶᠤᠯᠭᠦᠶ ᠶ᠋ᠢᠨ ᠣᠢᠯᠠᠭᠠᠭ᠍ᠳᠠᠬᠤᠨ ᠪᠠ ᠦᠢᠯᠡᠳᠪᠦᠷᠢᠯᠡᠯ ᠦᠨ ᠠᠷᠭ᠎ᠠ ᠮᠠᠶᠢᠭ ᠢ ᠳᠠᠬᠢᠨ ᠴᠤᠬᠴᠠᠯᠠᠬᠰᠠᠨ ᠶᠠᠪᠤᠳᠠᠯ ᠪᠤᠯᠤᠨ᠎ᠠ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠭᠡᠷᠡᠯ ᠬᠢᠯᠪᠠᠭ᠎ᠠ ᠭᠠᠵᠠᠷ᠎ᠤᠨ ᠭᠦᠨ᠎ᠳᠦ ᠲᠤᠰᠴᠦ᠂ ᠤᠯᠠᠮᠵᠢᠯᠠᠯᠲᠤ ᠠᠵᠤ ᠦᠢᠯᠡᠰ᠎ᠢ ᠱᠢᠯᠢᠳᠡᠭ᠌ᠵᠢᠭᠦᠯᠦᠨ ᠳᠡᠰ ᠳᠡᠪᠱᠢᠭᠦᠯᠦᠭ᠌ᠰᠡᠨ ᠦᠯᠢᠭᠡᠷ ᠡᠨᠳᠡ ᠶᠠᠭ ᠠᠮᠢᠳᠤᠯᠢᠭ ᠪᠤᠲᠠᠲᠠᠢ ᠶᠠᠪᠤᠬᠳᠠᠵᠦ ᠪᠠᠢᠨ᠎ᠠ᠃