ᠰᠢ ᠵᠢᠨ ᠫᠢᠩ ᠠᠮᠧᠷᠢᠺᠠ᠎ᠶ᠋ᠢᠨ ᠶᠡᠷᠦᠩᠬᠡᠢᠯᠡᠭ᠌ᠴᠢ ᠲᠸᠷᠠᠮᠫᠦ᠋ ᠲᠠᠢ ᠵᠦᠩ ᠨᠠᠨ ᠬᠠᠢ᠎ᠳᠦ ᠪᠠᠭ᠎ᠠ ᠬᠡᠪᠴᠢᠶᠡᠨ᠎ᠤ ᠠᠭᠤᠯᠵᠠᠯᠲᠠ ᠬᠢᠪᠡ
2026-05-16 10:55:09
ᠵᠣᠬᠢᠶᠠᠭ᠍ᠴᠢ᠄
ᠶᠠᠩ ᠢ ᠵᠢᠶᠦ᠋ᠨ ᠰᠦᠨ ᠢ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 15 ᠎ᠤ᠋ ᠦᠳᠡ᠎ᠶ᠋ᠢᠨ ᠡᠮᠦᠨ᠎ᠡ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠵᠦᠩ ᠨᠠᠨ ᠬᠠᠢ ᠳ᠋ᠤ  ᠠᠮᠧᠷᠢᠺᠠ ᠎ᠶ᠋ᠢᠨ ᠶᠡᠷᠦᠩᠬᠡᠢᠯᠡᠭ᠌ᠴᠢ ᠲᠸᠷᠠᠮᠫᠦ᠋ ᠲᠠᠢ ᠪᠠᠭ᠎ᠠ ᠬᠡᠪᠴᠢᠶᠡᠨ᠎ᠦ ᠠᠭᠤᠯᠵᠠᠯᠲᠠ ᠬᠢᠪᠡ᠃

ᠬᠠᠪᠤᠷ᠎ᠤᠨ ᠰᠡᠭᠦᠯᠴᠢ ᠵᠤᠨ ᠎ᠤ ᠡᠬᠢᠨ ᠎ᠦ ᠵᠦᠩ ᠨᠠᠨ ᠬᠠᠢ ᠎ᠳᠤ ᠡᠪᠡᠰᠦ ᠮᠣᠳᠣ ᠢᠭ᠍ᠴᠤ ᠰᠠᠬᠤᠯᠢᠭ ᠬᠦᠬᠡᠷᠡᠨ ᠤᠷᠭᠤᠬᠰᠠᠨ ᠪᠠᠢᠯ᠎ᠠ᠃ ᠲᠸᠷᠠᠮᠫᠦ᠋ ᠵᠦᠩ ᠨᠠᠨ ᠬᠠᠢ ᠎ᠳᠤ ᠬᠦᠷᠬᠦ᠌ ᠦᠶ᠎ᠡ᠎ᠳᠦ᠂ ᠰᠢ ᠵᠢᠨ ᠫᠢᠩ ᠬᠠᠯᠠᠭᠤᠨ᠎ᠢᠶᠠᠷ ᠤᠭ᠍ᠲᠤᠪᠠ᠃ ᠬᠣᠶᠠᠷ ᠤᠯᠤᠰ ᠎ᠤᠨ ᠲᠡᠷᠢᠭᠦᠨ ᠴᠤᠬ ᠠᠯᠬᠤᠯᠠᠬᠤ᠎ᠶ᠋ᠢᠨ ᠳᠠᠭᠠᠤ ᠶᠠᠷᠢᠯᠴᠠᠵᠤ᠂ ᠪᠠᠢᠨ ᠪᠠᠢᠨ ᠵᠤᠭᠰᠤᠰᠬᠢᠵᠤ ᠦᠵᠡᠮᠵᠢ ᠵᠢᠨ ᠬᠦᠷᠢᠶᠡᠯᠡᠩ᠎ᠳᠡᠬᠢ ᠢᠳᠡᠷᠡᠭᠦᠨ ᠤᠷᠭᠤᠭ᠎ᠠ ᠡᠷᠲᠡᠨ ᠎ᠦ ᠮᠣᠳᠣ ᠪᠠ ᠰᠠᠢᠬᠠᠨ ᠦᠵᠡᠮᠵᠢ ᠵᠢ ᠰᠣᠨᠢᠷᠬᠠᠪᠠ᠃

QQ20260516-105254.png


5  ᠰᠠᠷ᠎ᠠ   ᠶ᠋ᠢᠨ    15  ᠤ᠋  ᠦᠳᠡ   ᠶ᠋ᠢᠨ  ᠡᠮᠤᠨ᠎ᠠ ᠂  ᠤᠯᠤᠰ   ᠎ᠤᠨ ᠲᠡᠷᠢᠭᠦᠯᠡᠭ᠌ᠴᠢ  ᠰᠢ ᠵᠢᠨ ᠫᠢᠩ ᠵᠦᠩ ᠨᠠᠨ ᠬᠠᠢ ᠳ᠋ᠤ ᠠᠮᠧᠷᠢᠺᠠ ᠶ᠋ᠢᠨ ᠶᠡᠷᠦᠩᠬᠡᠢᠯᠡᠭ᠌ᠴᠢ ᠲᠸᠷᠠᠮᠫᠦ᠋ ᠲᠠᠢ ᠪᠠᠭ᠎ᠠ  ᠬᠡᠪᠴᠢᠶᠡᠨ ᠎ᠤ  ᠠᠭᠤᠯᠵᠠᠯᠲᠠ ᠬᠢᠪᠡ᠃  ᠵᠢᠷᠤᠬ  ᠪᠤᠯ  ᠲᠸᠷᠠᠮᠫᠦ᠋  ᠬᠦᠷᠬᠦ᠌  ᠦᠶ᠎ᠠ  ᠳ᠋ᠤ  ᠂ ᠰᠢ ᠵᠢᠨ ᠫᠢᠩ ᠬᠠᠯᠠᠭᠤᠨ ᠵᠢᠨᠷ ᠤᠭ᠍ᠲᠤᠵᠦ  ᠪᠠᠢᠭ᠎ᠠ ᠨᠢ᠃

 ᠱᠢᠨᠬᠤᠸᠠ ᠬᠤᠷᠢᠶ᠎ᠠ ᠵᠢᠨ ᠰᠤᠷᠪᠤᠯᠵᠢᠯᠠᠭ᠍ᠴᠢ ᠯᠢ ᠰᠢᠶᠠᠩ ᠰᠡᠬᠦᠳᠡᠷᠯᠡᠪᠡ


ᠰᠢ ᠵᠢᠨ ᠫᠢᠩ᠂ ᠶᠡᠷᠦᠩᠬᠡᠢᠯᠡᠭ᠌ᠴᠢ ᠲᠸᠷᠠᠮᠫᠦ᠋ ᠵᠢᠨ ᠲᠤᠰ ᠤᠳᠠᠭ᠎ᠠ᠎ᠶ᠋ᠢᠨ ᠠᠢᠯᠴᠢᠯᠠᠯᠲᠠ ᠪᠣᠯ ᠲᠡᠦᠬᠡᠲᠦ ᠴᠢᠨᠠᠷᠲᠠᠢ᠂ ᠪᠡᠯᠭᠡ ᠲᠡᠮᠳᠡᠭ ᠎ᠦᠨ ᠴᠢᠨᠠᠷᠲᠠᠢ ᠠᠢᠯᠴᠢᠯᠠᠯᠲᠠ ᠪᠣᠯᠤᠨ᠎ᠠ᠂ ᠪᠢᠳᠡ ᠳᠤᠮᠳᠠᠳᠤ ᠠᠮᠧᠷᠢᠺᠠ ᠎ᠶ᠋ᠢᠨ ᠪᠦᠲᠦᠭᠡᠯᠴᠢ ᠴᠢᠨᠠᠷᠲᠠᠢ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠭᠤᠨ ᠬᠠᠷᠢᠯᠴᠠᠭᠠᠨ ᠎ᠤ ᠱᠢᠨ᠎ᠡ ᠪᠠᠢᠷᠢ ᠲᠣᠭ᠍ᠲᠠᠭᠠᠯᠲᠠ ᠎ᠶ᠋ᠢ ᠬᠠᠮᠲᠤ᠎ᠪᠠᠷ ᠲᠣᠭ᠍ᠲᠠᠭᠠᠵᠤ᠂ ᠠᠵᠤ ᠠᠬᠤᠢ ᠠᠷᠠᠯᠵᠢᠶᠠᠨ ᠎ᠤ ᠬᠠᠷᠢᠯᠴᠠᠭ᠎ᠠ᠎ᠶ᠋ᠢᠨ ᠲᠣᠭ᠍ᠲᠠᠭᠤᠨ ᠎ᠢ ᠪᠠᠲᠤᠯᠠᠬᠤ᠂ ᠡᠯ᠎ᠡ ᠬᠦᠷᠢᠶᠡᠨ᠎ᠦ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠥᠷᠭᠡᠳᠭᠡᠬᠦ᠌᠂ ᠲᠤᠰ ᠲᠤᠰ᠎ᠤᠨ ᠠᠩᠬᠠᠷᠴᠤ᠌ ᠪᠠᠢᠭ᠎ᠠ ᠠᠰᠠᠭᠤᠳᠠᠯ ᠎ᠢᠶᠠᠨ ᠵᠣᠬᠢᠰᠲᠠᠢ ᠱᠢᠢᠳᠪᠦᠷᠢᠯᠡᠬᠦ᠌ ᠲᠤᠬᠠᠢ ᠴᠢᠬᠤᠯᠠ ᠬᠠᠮᠲᠤ᠎ᠶ᠋ᠢᠨ ᠲᠠᠨᠢᠯᠲᠠ᠎ᠲᠠᠶ ᠪᠤᠯᠵᠤ᠂ ᠳᠡᠯᠡᠬᠡᠢ ᠎ᠶ᠋ᠢᠨ ᠪᠠ ᠭᠠᠵᠠᠷ ᠣᠷᠣᠨ᠎ᠤ ᠠᠰᠠᠭᠤᠳᠠᠯ᠎ᠤᠨ ᠲᠤᠬᠠᠢ ᠤᠯᠤᠯᠴᠠᠭ᠎ᠠ ᠵᠣᠬᠢᠴᠠᠭᠤᠯᠭ᠎ᠠ᠎ᠪᠠᠨ ᠴᠢᠩᠭᠠᠳᠭᠠᠬᠤ᠎ᠶ᠋ᠢ ᠵᠥᠪᠱᠢᠶᠡᠷᠡᠪᠡ᠃ ᠠᠢᠯᠴᠢᠯᠠᠯᠲᠠ ᠨᠢ ᠣᠢᠯᠠᠭᠠᠯᠴᠠᠭ᠎ᠠ᠎ᠶ᠋ᠢ ᠠᠬᠢᠭᠤᠯᠬᠤ᠂ ᠢᠲᠡᠭᠡᠯᠴᠡᠭᠡ᠎ᠶ᠋ᠢ ᠭᠦᠨᠵᠡᠭᠡᠢᠷᠡᠭᠦᠯᠬᠦ᠌᠂ ᠬᠣᠶᠠᠷ ᠤᠯᠤᠰ᠎ᠤᠨ ᠠᠷᠠᠳ ᠲᠦᠮᠡᠨ᠎ᠦ ᠠᠵᠠ ᠵᠢᠷᠭᠠᠯ ᠎ᠢ ᠨᠡᠮᠡᠭ᠌ᠳᠡᠭᠦᠯᠬᠦ᠌᠎ᠳᠦ ᠠᠱᠢᠭ᠍ᠲᠠᠶ ᠶᠤᠮ᠃ ᠡᠨᠡ ᠨᠢ ᠪᠠᠰᠠ ᠳᠤᠮᠳᠠᠳᠤ ᠠᠮᠧᠷᠢᠺᠠ ᠬᠠᠷᠢᠯᠴᠠᠨ ᠬᠦᠨᠳᠦᠳᠭᠡᠭᠰᠡᠨ ᠰᠠᠭᠤᠷᠢᠨ ᠳᠡᠭᠡᠷ᠎ᠡ ᠨᠠᠢᠷᠠᠮᠳᠠᠯ᠎ᠢᠶᠠᠷ ᠵᠡᠷᠭᠡᠴᠡᠨ ᠣᠷᠣᠱᠢᠬᠤ᠂ ᠬᠠᠮᠲᠤᠷᠠᠯᠴᠠᠵᠤ ᠬᠠᠮᠲᠤ᠎ᠪᠠᠷ ᠠᠱᠢᠭ ᠬᠥᠷᠳᠡᠬᠥ᠎ᠶ᠋ᠢ ᠪᠡᠶᠡᠯᠡᠭᠦᠯᠵᠦ᠍᠂ ᠨᠢᠭᠡᠨ ᠵᠥᠪ ᠣᠨᠣᠪᠴᠢᠲᠠᠢ ᠬᠠᠷᠢᠯᠴᠠᠬᠤ ᠵᠠᠮ᠎ᠢ ᠨᠡᠭᠡᠭᠡᠭ᠌ᠰᠡᠨ ᠨᠢ ᠬᠣᠶᠠᠷ ᠤᠯᠤᠰ᠎ᠤᠨ ᠠᠷᠠᠳ ᠲᠦᠮᠡᠨ᠎ᠦ ᠬᠦᠰᠡᠯ ᠡᠷᠡᠮᠡᠯᠵᠡᠯ ᠪᠠ ᠳᠡᠯᠡᠬᠡᠢ᠎ᠶ᠋ᠢᠨ ᠡᠯ᠎ᠡ ᠤᠯᠤᠰ᠎ᠤᠨ ᠠᠷᠠᠳ ᠲᠦᠮᠡᠨ᠎ᠦ ᠬᠦᠰᠡᠯ ᠡᠷᠡᠮᠡᠯᠵᠡᠯ ᠪᠣᠯᠬᠤ᠎ᠶ᠋ᠢ ᠳᠠᠬᠢᠨᠲᠠ ᠬᠠᠷᠠᠭᠤᠯᠵᠤ ᠪᠠᠢᠨ᠎ᠠ᠃ ᠶᠡᠷᠦᠩᠬᠡᠢᠯᠡᠭ᠌ᠴᠢ ᠲᠸᠷᠠᠮᠫᠦ᠋ ᠠᠮᠧᠷᠢᠺᠠ᠎ᠶ᠋ᠢ ᠳᠠᠬᠢᠨᠲᠠ ᠠᠭᠤᠤ ᠶᠡᠬᠡ ᠪᠣᠯᠭᠠᠬᠤ᠎ᠶ᠋ᠢ ᠬᠦᠰᠡᠵᠦ᠍ ᠪᠠᠢᠨ᠎ᠠ᠂ ᠪᠢ ᠳᠤᠮᠳᠠᠳᠤ ᠤᠯᠤᠰ᠎ᠤᠨ ᠠᠷᠠᠳ ᠲᠦᠮᠡᠨ ᠎ᠢ ᠳᠠᠭᠠᠭᠤᠯᠤᠨ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠪᠡᠷ ᠴᠢᠷᠮᠠᠢᠵᠤ ᠪᠠᠢᠨ᠎ᠠ᠃ ᠳᠤᠮᠳᠠᠳᠤ ᠠᠮᠧᠷᠢᠺᠠ ᠬᠣᠶᠠᠷ ᠲᠠᠯ᠎ᠠ᠎ᠪᠠᠷ᠎ᠢᠶᠠᠨ ᠬᠠᠮᠲᠤᠷᠠᠯᠴᠠᠭ᠎ᠠ᠎ᠪᠠᠨ ᠴᠢᠩᠭᠠᠳᠭᠠᠬᠤ᠎ᠪᠠᠷ ᠳᠠᠮᠵᠢᠵᠦ ᠲᠤᠰ ᠲᠤᠰ᠎ᠤᠨ ᠬᠥᠭ᠌ᠵᠢᠯ ᠮᠠᠨᠳᠤᠯ᠎ᠢᠶᠠᠨ ᠠᠬᠢᠭᠤᠯᠵᠤ ᠪᠣᠯᠤᠨ᠎ᠠ᠃ ᠬᠣᠶᠠᠷ ᠲᠠᠯ᠎ᠠ᠎ᠪᠠᠷ᠎ᠢᠶᠠᠨ ᠪᠢᠳᠡᠨ᠎ᠦ ᠲᠤᠬᠢᠷᠠᠯᠴᠠᠭ᠍ᠰᠠᠠ ᠴᠢᠬᠤᠯᠠ ᠬᠠᠮᠲᠤ᠎ᠶ᠋ᠢᠨ ᠲᠠᠨᠢᠯᠲᠠ ᠵᠢ ᠰᠠᠢᠲᠤᠷ ᠨᠠᠢᠳᠠᠪᠤᠷᠢᠵᠢᠭᠤᠯᠵᠤ᠂ ᠣᠳᠣᠬᠠᠨ᠎ᠤ ᠬᠢᠯᠪᠠᠷ ᠪᠤᠰᠤ᠎ᠪᠠᠷ ᠢᠷᠡᠭ᠌ᠰᠡᠨ ᠰᠠᠢ᠌ᠨ ᠰᠠᠢᠬᠠᠨ ᠪᠠᠢᠳᠠᠯ ᠎ᠢᠶᠠᠨ ᠨᠠᠨᠳᠢᠩᠨᠠᠵᠤ᠂ ᠴᠢᠭ᠌ᠯᠡᠯ᠎ᠢᠶᠡᠨ ᠣᠨᠣᠪᠴᠢᠲᠠᠢ ᠡᠵᠡᠮᠳᠡᠵᠦ᠍᠂ ᠬᠠᠷᠰᠢ ᠰᠠᠭᠠᠳ ᠎ᠢ ᠠᠷᠢᠯᠭᠠᠵᠤ᠂ ᠬᠣᠶᠠᠷ ᠤᠯᠤᠰ ᠎ᠤᠨ ᠬᠠᠷᠢᠯᠴᠠᠭ᠎ᠠ᠎ᠶ᠋ᠢᠨ ᠲᠣᠭ᠍ᠲᠠᠭᠤᠨ ᠬᠥᠭ᠌ᠵᠢᠯᠲᠡ᠎ᠶ᠋ᠢ ᠠᠬᠢᠭᠤᠯᠤᠶ᠎ᠠ ᠭᠡᠵᠦ ᠵᠢᠭᠠᠵᠤ ᠭᠠᠷᠭᠠᠪᠠ᠃

ᠲᠸᠷᠠᠮᠫᠦ᠋᠂ ᠲᠡᠷᠢᠭᠦᠯᠡᠭ᠌ᠴᠢ ᠰᠢ ᠵᠢᠨ ᠫᠢᠩ ᠨᠠᠮ᠎ᠠ ᠵᠢ ᠵᠦᠩ ᠨᠠᠨ ᠬᠠᠢ᠎ᠳᠤ ᠤᠷᠢᠵᠤ ᠠᠢᠯᠴᠢᠯᠠᠭᠤᠯᠤᠭ᠍ᠰᠠᠨ᠎ᠳᠤ ᠮᠠᠰᠢ ᠲᠠᠯᠠᠷᠬᠠᠵᠤ ᠪᠠᠢᠨ᠎ᠠ᠃ ᠡᠨᠡ ᠤᠳᠠᠭ᠎ᠠ᠎ᠶ᠋ᠢᠨ ᠳᠤᠮᠳᠠᠳᠤ ᠤᠯᠤᠰ᠎ᠲᠠᠬᠢ ᠠᠢᠯᠴᠢᠯᠠᠯᠲᠠ ᠪᠣᠯ ᠮᠠᠰᠢ ᠠᠮᠵᠢᠯᠲᠠ᠎ᠲᠠᠶ ᠠᠢᠯᠴᠢᠯᠠᠯᠲᠠ ᠪᠠᠢᠵᠤ᠂ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠵᠤ᠂ ᠮᠠᠷᠲᠠᠭ᠍ᠳᠠᠰᠢ ᠦᠭᠡᠢ ᠶᠤᠮ᠃ ᠬᠣᠶᠠᠷ ᠲᠠᠯ᠎ᠠ᠎ᠪᠠᠷ᠎ᠢᠶᠠᠨ ᠠᠯᠢ ᠤᠯᠠᠨ ᠴᠢᠬᠤᠯᠠ ᠬᠠᠮᠲᠤ᠎ᠶ᠋ᠢᠨ ᠲᠠᠨᠢᠯᠲᠠ᠎ᠲᠠᠶ ᠪᠤᠯᠵᠤ᠂ ᠤᠯᠠᠨ ᠵᠦᠢᠯ᠎ᠦᠨ ᠵᠦᠪᠯᠡᠯᠴᠡᠭᠡᠷ ᠲᠣᠭ᠍ᠲᠠᠵᠤ᠂ ᠴᠥᠭᠡᠨ ᠪᠤᠰᠤ ᠠᠰᠠᠭᠤᠳᠠᠯ ᠎ᠢ ᠱᠢᠢᠳᠪᠦᠷᠢᠯᠡᠭ᠌ᠰᠡᠨ ᠨᠢ ᠬᠣᠶᠠᠷ ᠤᠯᠤᠰ ᠪᠣᠯᠤᠨ ᠳᠡᠯᠡᠬᠡᠢ ᠳ᠋ᠠᠬᠢᠨ᠎ᠳᠤ ᠴᠥᠮ ᠮᠠᠰᠢ ᠠᠱᠢᠭ᠍ᠲᠠᠢ ᠶᠤᠮ᠃ ᠲᠡᠷᠢᠭᠦᠯᠡᠭ᠌ᠴᠢ ᠰᠢ ᠵᠢᠨ ᠫᠢᠩ ᠪᠣᠯ ᠮᠢᠨᠦ᠍ ᠬᠠᠭᠤᠴᠢᠨ ᠨᠠᠢᠵᠠ ᠮᠦᠨ᠂ ᠪᠢ ᠲᠡᠷᠢᠭᠦᠯᠡᠭ᠌ᠴᠢ ᠰᠢ ᠵᠢᠨ ᠫᠢᠩ᠎ᠢ ᠮᠠᠰᠢ ᠬᠦᠨᠳᠦᠳᠭᠡᠨ᠎ᠡ᠂  ᠪᠢᠳᠡ ᠰᠠᠢ᠌ᠨ ᠰᠠᠢᠬᠠᠨ ᠬᠠᠷᠢᠯᠴᠠᠭ᠎ᠠ ᠪᠠᠢᠭᠤᠯᠪᠠ᠃  ᠠᠮᠧᠷᠢᠺᠠ  ᠳᠤᠮᠳᠠᠳᠤ ᠎ᠶ᠋ᠢᠨ  ᠬᠠᠷᠢᠯᠴᠠᠭ᠎ᠠ  ᠮᠠᠰᠢ ᠴᠢᠬᠤᠯᠠ᠂  ᠯᠠᠪᠲᠠᠢ ᠤᠯᠠᠮ ᠡᠴᠡ ᠤᠯᠠᠮ ᠰᠠᠢ᠌ᠨ ᠪᠣᠯᠤᠨ᠎ᠠ᠃ ᠪᠢ ᠳᠤᠷᠠᠲᠠᠶ᠎ᠠ ᠲᠡᠷᠢᠭᠦᠯᠡᠭ᠌ᠴᠢ  ᠰᠢ ᠵᠢᠨ ᠫᠢᠩ ᠎ᠲᠡᠶ ᠦᠷᠭᠦᠯᠵᠢᠯᠡᠨ ᠴᠢᠩ ᠦᠨᠡᠨᠴᠢ ᠭᠦᠨᠵᠡᠭᠡᠢ ᠤᠯᠤᠯᠴᠠᠭ᠎ᠠ᠎ᠪᠠᠨ ᠪᠠᠲᠤᠯᠠᠵᠤ᠂ ᠸᠠᠱᠢᠩᠲ᠋ᠣᠨ ᠎ᠳᠤ  ᠲᠡᠷᠢᠭᠦᠯᠡᠭ᠌ᠴᠢ  ᠰᠢ ᠵᠢᠨ ᠫᠢᠩ ᠎ᠢ ᠤᠭᠳᠤᠬᠤ᠎ᠪᠡᠷ ᠬᠠᠯᠠᠭᠤᠨ᠎ᠢᠶᠠᠷ ᠬᠦᠰᠡᠨ ᠬᠦᠯᠢᠶᠡᠵᠦ᠍ ᠪᠠᠢᠨ᠎ᠠ ᠭᠡᠵᠦ ᠢᠯᠡᠳᠭᠡᠪᠡ᠃

ᠬᠣᠶᠠᠷ ᠲᠠᠯ᠎ᠠ᠎ᠪᠠᠷ᠎ᠢᠶᠠᠨ ᠪᠠᠰᠠ ᠵᠠᠷᠢᠮ ᠭᠠᠵᠠᠷ ᠣᠷᠣᠨ᠎ᠤ ᠬᠠᠯᠠᠮᠱᠢᠯ ᠠᠰᠠᠭᠤᠳᠠᠯ᠎ᠤᠨ ᠲᠤᠬᠠᠢ ᠰᠠᠨᠠᠯ᠎ᠢᠶᠠᠨ ᠰᠣᠯᠢᠯᠴᠠᠪᠠ᠃

ᠼᠠᠢ ᠴᠢ᠂ ᠸᠠᠩ ᠢ᠂ ᠾᠧ ᠯᠢ ᠹᠸᠩ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ᠃

ᠱᠢᠨᠬᠤᠸᠠ ᠬᠤᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 15 ᠎ᠤ᠋ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号