《ᠰᠢ ᠵᠢᠨ ᠫᠢᠩ᠎ᠦᠨ ᠠᠵᠤ ᠠᠬᠤᠢ᠎ᠶ᠋ᠢᠨ ᠦᠵᠡᠯ ᠰᠠᠨᠠᠭ᠎ᠠ ᠵᠢᠨ ᠰᠤᠳᠤᠯᠭᠠᠨ᠎ᠤ ᠵᠣᠬᠢᠶᠠᠯ᠎ᠤᠨ ᠡᠮᠬᠢᠳᠬᠡᠯ 》 ᠤ᠋ᠨ ᠢᠰᠫᠠᠨᠢ ᠬᠡᠯᠡᠨ᠎ᠦ ᠬᠡᠪᠯᠡᠯ ᠢ᠋ ᠬᠡᠪᠯᠡᠭᠦᠯᠦᠭᠰᠡᠨ ᠶᠠᠷᠢᠯᠴᠠᠬᠤ ᠬᠤᠷᠠᠯ ᠴᠢᠯᠢ᠎ᠳᠦ ᠶᠠᠪᠤᠬᠳᠠᠵᠠᠢ
2026-05-16 11:12:00
ᠵᠣᠬᠢᠶᠠᠭ᠍ᠴᠢ᠄
ᠵᠦ᠍ ᠢᠦᠢ ᠪᠥᠸᠧ ᠵᠧᠦ ᠵᠢᠶᠠ ᠢ
ᠣᠩᠱᠢᠭ᠍ᠰᠠᠨ ᠣᠳᠠᠭ᠎ᠠ᠄
★★★☆☆

《ᠰᠢ ᠵᠢᠨ ᠫᠢᠩ᠎ᠦᠨ ᠠᠵᠤ ᠠᠬᠤᠢ᠎ᠶ᠋ᠢᠨ ᠦᠵᠡᠯ ᠰᠠᠨᠠᠭ᠎ᠠ ᠵᠢᠨ ᠰᠤᠳᠤᠯᠭᠠᠨ᠎ᠤ ᠵᠣᠬᠢᠶᠠᠯ᠎ᠤᠨ ᠡᠮᠬᠢᠳᠬᠡᠯ》 ᠤ᠋ᠨ  ᠢᠰᠫᠠᠨᠢ ᠬᠡᠯᠡᠨ᠎ᠦ ᠬᠡᠪᠯᠡᠯ ᠢ᠋ ᠬᠡᠪᠯᠡᠭᠦᠯᠦᠭᠰᠡᠨ ᠶᠠᠷᠢᠯᠴᠠᠬᠤ ᠬᠤᠷᠠᠯ 14 ᠤ᠋ ᠡᠳᠦᠷ ᠴᠢᠯᠢ᠎ᠶ᠋ᠢᠨ ᠨᠡᠢᠰᠯᠡᠯ ᠰᠠᠨᠲ᠋ᠢᠶᠠᠭᠣ᠋ ᠳ᠋ᠤ ᠶᠠᠪᠤᠬᠳᠠᠪᠠ᠃ ᠬᠤᠷᠠᠯ᠎ᠳᠤ ᠣᠷᠣᠯᠴᠠᠭ᠍ᠰᠠᠨ ᠲᠤᠰᠭᠠᠶ ᠮᠡᠷᠭᠡᠵᠢᠯᠲᠡᠨ ᠡᠷᠳᠡᠮᠲᠡᠳ ᠰᠢ ᠵᠢᠨ ᠫᠢᠩ ᠎ᠦᠨ ᠠᠵᠤ ᠠᠬᠤᠶ᠎ᠶ᠋ᠢᠨ ᠦᠵᠡᠯ ᠰᠠᠨᠠᠭ᠎ᠠ ᠵᠢᠨ ᠦᠶ᠋ᠯᠡᠳᠦᠯᠭᠡ᠎ᠶ᠋ᠢᠨ ᠠᠸ᠋ᠭ᠎ᠠ ᠬᠦᠴᠦᠨ᠂ ᠳᠤᠮᠳᠠᠳᠤ ᠤᠯᠤᠰ ᠎ᠤᠨ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠂ ᠳᠤᠮᠳᠠᠳᠤ ᠴᠢᠯᠢ ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ ᠵᠡᠷᠭᠡ᠎ᠶ᠋ᠢᠨ ᠲᠣᠭᠣᠷᠢᠨ᠎ᠳᠤ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃

ᠬᠤᠷᠠᠯ᠎ᠳᠤ ᠣᠷᠣᠯᠴᠠᠭ᠍ᠰᠠᠳ᠂ ᠰᠢ ᠵᠢᠨ ᠫᠢᠩ ᠎ᠦᠨ ᠠᠵᠤ ᠠᠬᠤᠢ᠎ᠶ᠋ᠢᠨ ᠦᠵᠡᠯ ᠰᠠᠨᠠᠭ᠎ᠠ ᠨᠢ ᠳᠤᠮᠳᠠᠳᠤ ᠤᠯᠤᠰ ᠎ᠤᠨ   ᠠᠵᠤ ᠠᠬᠤᠢ᠎ᠶ᠋ᠢᠨ ᠬᠥᠭ᠌ᠵᠢᠯᠲᠡ᠎ᠳᠦ ᠵᠢᠯᠣᠭᠣᠳᠭᠤ ᠠᠴᠢ ᠬᠣᠯᠪᠣᠭ᠍ᠳᠠᠯ᠎ᠲᠠᠶ᠎ᠪᠠᠷ ᠪᠠᠷᠠᠬᠤ ᠦᠭᠡᠢ᠂ ᠳᠡᠯᠡᠬᠡᠢ ᠎ᠶ᠋ᠢᠨ ᠡᠯ᠎ᠡ ᠤᠯᠤᠰ ᠢᠯᠠᠩᠭᠤᠶ᠎ᠠ ᠬᠥᠭ᠌ᠵᠢᠵᠦ᠍ ᠪᠠᠢᠭ᠎ᠠ ᠤᠯᠤᠰ ᠤ᠋ᠳ ᠎ᠤᠨ ᠲᠤᠰ ᠤᠯᠤᠰ᠎ᠤᠨ᠎ᠢᠶᠠᠨ ᠪᠠᠢᠳᠠᠯ ᠎ᠳᠤ ᠲᠤᠬᠢᠷᠠᠬᠰᠠᠨ ᠬᠥᠭ᠌ᠵᠢᠯᠲᠡ᠎ᠶ᠋ᠢᠨ ᠵᠠᠮ ᠎ᠢ ᠬᠠᠢᠨ ᠰᠦᠪᠡᠭ᠌ᠴᠢᠯᠡᠬᠦ᠌ ᠎ᠳᠦ ᠤᠶᠤᠨ ᠤᠬᠠᠭᠠᠨ ᠪᠠ ᠰᠡᠩᠬᠡᠷᠡᠭᠦᠯᠦᠯ ᠬᠠᠩᠭᠠᠭ᠍ᠰᠠᠨ ᠪᠠᠢᠨ᠎ᠠ᠃ 《 ᠰᠢ ᠵᠢᠨ ᠫᠢᠩ ᠎ᠦᠨ ᠠᠵᠤ ᠠᠬᠤᠢ᠎ᠶ᠋ᠢᠨ ᠦᠵᠡᠯ ᠰᠠᠨᠠᠭ᠎ᠠ ᠵᠢᠨ ᠰᠤᠳᠤᠯᠭᠠᠨ᠎ᠤ ᠵᠣᠬᠢᠶᠠᠯ᠎ᠤᠨ ᠡᠮᠬᠢᠳᠬᠡᠯ》 ᠤ᠋ᠨ  ᠢᠰᠫᠠᠨᠢ ᠬᠡᠯᠡᠨ ᠎ᠦ ᠬᠡᠪᠯᠡᠯ᠎ᠢ ᠬᠡᠪᠯᠡᠭᠦᠯᠦᠭ᠌ᠰᠡᠨ ᠪᠠ ᠲᠤᠰ ᠤᠳᠠᠭ᠎ᠠ᠎ᠶ᠋ᠢᠨ ᠶᠠᠷᠢᠯᠴᠠᠬᠤ ᠬᠤᠷᠠᠯ ᠎ᠢ ᠶᠠᠪᠤᠬᠳᠠᠭᠤᠯᠤᠬᠰᠠᠨ ᠨᠢ ᠳᠤᠮᠳᠠᠳᠤ ᠤᠯᠤᠰ ᠪᠣᠯᠤᠨ ᠯᠠᠲ᠋ᠢᠨ ᠠᠮᠧᠷᠢᠺᠠ ᠲᠢᠪ᠎ᠦᠨ ᠰᠣᠶᠣᠯ ᠢᠷᠭᠡᠨᠱᠢᠯ ᠎ᠦᠨ ᠲᠠᠯ᠎ᠠ ᠎ᠪᠠᠷ ᠬᠠᠷᠢᠯᠴᠠᠨ ᠰᠤᠷᠤᠯᠴᠠᠵᠤ ᠬᠠᠷᠢᠯᠴᠠᠨ ᠲᠤᠯᠢ ᠪᠣᠯᠭᠠᠭ᠍ᠰᠠᠨ ᠠᠮᠢᠳᠤᠯᠢᠭ ᠦᠢᠯᠡᠳᠦᠯᠭᠡ ᠪᠣᠯᠤᠨ᠎ᠠ ᠭᠡᠵᠤ ᠢᠯᠡᠳᠭᠡᠵᠡᠬᠡᠵᠠᠢ᠃

ᠬᠤᠷᠠᠯ᠎ᠳᠤ ᠣᠷᠣᠯᠴᠠᠭ᠍ᠰᠠᠳ᠂ ᠡᠨᠡ ᠬᠦ᠌ ᠪᠦᠲᠦᠭᠡᠯ ᠨᠢ  ᠰᠢ ᠵᠢᠨ ᠫᠢᠩ᠎ᠦᠨ ᠠᠵᠤ ᠠᠬᠤᠢ᠎ᠶ᠋ᠢᠨ ᠦᠵᠡᠯ ᠰᠠᠨᠠᠭ᠎ᠠ ᠵᠢᠨ ᠲᠣᠭᠣᠷᠢᠨ ᠎ᠳᠤ ᠭᠦᠨᠵᠡᠭᠡᠢ ᠰᠤᠳᠤᠯᠭᠠᠨ ᠬᠢᠵᠦ᠍᠂ ᠯᠠᠲ᠋ᠢᠨ ᠠᠮᠧᠷᠢᠺᠠ᠎ᠶ᠋ᠢᠨ ᠡᠯ᠎ᠡ ᠡᠲᠡᠭᠡᠳ᠎ᠦᠨ ᠬᠥᠮᠦᠰ ᠎ᠦᠨ ᠰᠢ ᠵᠢᠨ ᠫᠢᠩ ᠎ᠦᠨ ᠠᠵᠤ ᠠᠬᠤᠢ᠎ᠶ᠋ᠢᠨ ᠦᠵᠡᠯ ᠰᠠᠨᠠᠭ᠎ᠠ ᠵᠢᠨ ᠭᠣᠣᠯ ᠴᠢᠮᠥᠭᠡ ᠪᠣᠯᠬᠤ ᠴᠢᠬᠤᠯᠠ ᠠᠭᠤᠯᠭ᠎ᠠ᠎ᠶ᠋ᠢ ᠨᠡᠩ ᠰᠠᠢᠲᠤᠷ ᠣᠢᠯᠠᠭᠠᠬᠤ᠎ᠵᠢᠨ ᠬᠠᠮᠳᠦ ᠡᠭᠦᠨ ᠎ᠡᠴᠡ ᠰᠡᠩᠬᠡᠷᠡᠭᠦᠯᠦᠯ ᠤᠯᠬᠤ ᠳ᠋ᠦ ᠲᠤᠰᠠᠳᠠᠢ ᠶᠤᠮ ᠭᠡᠵᠦ ᠦᠵᠡᠵᠡᠭᠡᠪᠡ ᠃

ᠬᠤᠷᠠᠯ᠎ᠳᠤ ᠣᠷᠣᠯᠴᠠᠭ᠍ᠰᠠᠳ᠂ ᠢᠷᠡᠭᠡᠳᠦᠢ ᠎ᠳᠦ ᠬᠠᠨᠳᠤᠵᠤ᠂ ᠳᠤᠮᠳᠠᠳᠤ ᠴᠢᠯᠢ ᠬᠣᠶᠠᠷ ᠲᠠᠯ᠎ᠠ᠎ᠪᠠᠷ ᠎ᠢᠶᠠᠨ ᠡᠷᠳᠡᠮ ᠱᠢᠨᠵᠢᠯᠡᠭᠡᠨ ᠎ᠦ ᠡᠲᠡᠭᠡᠳ᠂ ᠵᠠᠭᠤᠴᠢᠯᠠᠭᠤᠷ ᠎ᠤᠨ ᠡᠲᠡᠭᠡᠳ᠎ᠦᠨ ᠰᠣᠯᠢᠯᠴᠠᠭ᠎ᠠ ᠬᠠᠮᠵᠢᠯᠴᠠᠭ᠎ᠠ᠎ᠪᠠᠨ ᠭᠦᠨᠵᠡᠭᠡᠢᠷᠡᠭᠦᠯᠵᠦ᠍᠂ ᠦᠵᠡᠯ ᠰᠠᠨᠠᠭᠠᠨ ᠎ᠤ  ᠶᠠᠷᠢᠯᠴᠠᠭ᠎ᠠ᠂ ᠣᠢᠯᠠᠭᠠᠭ᠍ᠳᠠᠬᠤᠨ᠎ᠢᠶᠠᠨ ᠬᠠᠷᠢᠯᠴᠠᠨ ᠲᠤᠯᠢᠳᠠᠬᠤ᠂ ᠬᠠᠮᠲᠤᠷᠠᠯᠴᠠᠭ᠎ᠠ᠎ᠳᠤ ᠬᠦᠴᠦᠨ ᠤᠯᠭᠤᠬᠤ ᠲᠠᠪᠴᠠᠩ᠎ᠢ ᠬᠠᠮᠲᠤ᠎ᠪᠠᠷ ᠪᠠᠢᠭᠤᠯᠤᠶ᠎ᠠ᠃ ᠨᠢᠭᠡ᠎ᠳᠦ᠂ ᠤᠨᠤᠯ᠎ᠤᠨ ᠡᠷᠳᠡᠮ ᠱᠢᠨᠵᠢᠯᠡᠭᠡᠨ ᠤ᠋ ᠬᠠᠷᠢᠯᠴᠠᠨ ᠲᠤᠯᠢ ᠪᠤᠯᠭᠠᠬᠤ ᠵᠢ ᠭᠦᠨᠵᠡᠭᠡᠢᠷᠡᠭᠦᠯᠵᠦ᠍᠂ ᠳᠤᠮᠳᠠᠳᠤ ᠴᠢᠯᠢ᠎ᠶ᠋ᠢᠨ ᠬᠠᠮᠲᠤᠷᠠᠯᠴᠠᠭ᠎ᠠ᠎ᠳᠤ ᠦᠵᠡᠯ ᠰᠠᠨᠠᠭᠠᠨ᠎ᠤ ᠵᠢᠯᠣᠭᠣᠳᠤᠮᠵᠢ ᠬᠠᠩᠭᠠᠨ᠎ᠠ; ᠬᠣᠶᠠᠷ ᠎ᠲᠤ᠂ ᠵᠠᠭᠤᠴᠢᠯᠠᠭᠤᠷ᠎ᠤᠨ ᠬᠦᠷᠢᠶᠡᠨ᠎ᠦ ᠬᠠᠮᠵᠢᠯᠴᠠᠭ᠎ᠠ᠎ᠶ᠋ᠢ ᠴᠢᠩᠭᠠᠳᠭᠠᠵᠤ᠂ ᠳᠤᠮᠳᠠᠳᠤ ᠴᠢᠯᠢ ᠎ᠶ᠋ᠢᠨ ᠬᠠᠮᠲᠤᠷᠠᠯᠴᠠᠭ᠎ᠠ᠎ᠳᠤ ᠬᠦᠴᠦᠨ ᠤᠯᠭᠤᠵᠤ ᠦᠷ᠎ᠡ ᠠᠱᠢᠭ ᠎ᠢ ᠨᠡᠮᠡᠭᠳᠡᠭᠦᠯᠦᠨ᠎ᠡ; ᠭᠤᠷᠪᠠ ᠎ᠳᠤ᠂ ᠭᠠᠷ ᠬᠣᠯᠪᠣᠨ ᠬᠠᠮᠲᠤ᠎ᠶ᠋ᠢᠨ ᠠᠱᠢᠭ ᠲᠤᠰᠠ ᠎ᠶ᠋ᠢ ᠬᠠᠮᠠᠭᠠᠯᠠᠵᠤ᠂ ᠬᠥᠭ᠌ᠵᠢᠵᠦ᠍ ᠪᠠᠢᠭ᠎ᠠ ᠤᠯᠤᠰ᠎ᠤᠳ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠦᠨ᠎ᠡ ᠭᠡᠵᠦ ᠳᠤᠷᠠᠳᠴᠠᠢ᠃

ᠬᠤᠷᠠᠯ᠎ᠳᠤ ᠣᠷᠣᠯᠴᠠᠭ᠍ᠰᠠᠳ᠂ ᠲᠠᠷᠠᠭᠠᠴᠢ᠎ᠶ᠋ᠢᠨ ᠠᠯᠬᠤᠮ᠎ᠳᠤ᠂ ᠬᠣᠶᠠᠷ ᠲᠠᠯ᠎ᠠ᠎ᠶ᠋ᠢᠨ ᠤᠨᠤᠯ᠎ᠤᠨ ᠡᠲᠡᠭᠡᠳ᠂ ᠵᠠᠭᠤᠴᠢᠯᠠᠭᠤᠷ᠎ᠤᠨ ᠡᠲᠡᠭᠡᠳ᠂ ᠠᠵᠤ ᠠᠬᠤᠢ᠎ᠶ᠋ᠢᠨ ᠡᠲᠡᠭᠡᠳ᠎ᠦᠨ ᠬᠢᠨ ᠲᠤᠰ ᠤᠳᠠᠭ᠎ᠠ᠎ᠶ᠋ᠢᠨ ᠠᠵᠢᠯᠯᠠᠭ᠎ᠠ᠎ᠪᠠᠷ ᠠᠵᠠ ᠲᠣᠬᠢᠶᠠᠯ ᠪᠣᠯᠭᠠᠵᠤ᠂ ᠱᠢᠨ᠎ᠡ ᠡᠭᠦᠳᠦᠯᠲᠡ᠎ᠶᠢᠨ ᠤᠨᠤᠯ᠎ᠢ ᠰᠤᠳᠤᠯᠤᠨ ᠰᠤᠷᠤᠯᠴᠠᠵᠤ᠂ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠬᠠᠮᠲᠤ᠎ᠪᠠᠷ ᠡᠳ᠋ᠯᠡᠵᠦ᠍᠂ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠂ ᠨᠡᠩ ᠰᠠᠢ᠌ᠨ ᠰᠠᠢᠬᠠᠨ ᠳᠡᠯᠡᠬᠡᠢ ᠶᠢᠷᠲᠢᠨᠴᠦ᠍᠎ᠶ᠋ᠢ ᠪᠠᠢᠭᠤᠯᠬᠤ᠎ᠳᠤ ᠤᠶᠤᠨ ᠤᠬᠠᠭᠠᠨ ᠪᠣᠯᠤᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃

 ᠲᠤᠰ ᠡᠳᠦᠷ ᠎ᠦᠨ ᠶᠠᠷᠢᠯᠴᠠᠬᠤ ᠬᠤᠷᠠᠯ ᠎ᠢ ᠠᠵᠤ ᠠᠬᠤᠢ᠎ᠶ᠋ᠢᠨ ᠡᠳᠦᠷ᠎ᠦᠨ ᠰᠣᠨᠢᠨ᠎ᠤ ᠬᠣᠷᠢᠶ᠎ᠠ ᠪᠣᠯᠤᠨ ᠳᠤᠮᠳᠠᠳᠤ ᠤᠯᠤᠰ᠎ᠤᠨ ᠭᠠᠳᠠᠭᠠᠳᠤ ᠬᠡᠯᠡᠨ᠎ᠦ ᠬᠡᠪᠯᠡᠨ ᠲᠠᠷᠬᠠᠭᠠᠬᠤ ᠦᠢᠯᠡᠰ᠎ᠦᠨ ᠲᠣᠪᠴᠢᠶ᠎ᠠ ᠭᠣᠣᠯᠯᠠᠨ ᠡᠷᠬᠢᠯᠡᠪᠡ᠃ ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠠᠵᠤ ᠠᠬᠤᠶ᠎ᠶ᠋ᠢᠨ ᠡᠳᠦᠷ ᠎ᠦᠨ ᠰᠣᠨᠢᠨ ᠎ᠤ ᠬᠣᠷᠢᠶ᠎ᠠ᠎ᠡᠴᠡ ᠬᠤᠷᠠᠯ ᠎ᠳᠤ ᠣᠷᠣᠯᠴᠠᠭ᠍ᠰᠠᠨ ᠵᠣᠴᠢᠳ᠎ᠤᠨ ᠲᠥᠯᠥᠭᠡᠯᠡᠭ᠌ᠴᠢᠳ᠎ᠲᠦ 《ᠰᠢ ᠵᠢᠨ ᠫᠢᠩ᠎ᠦᠨ ᠠᠵᠤ ᠠᠬᠤᠶ ᠎ᠶ᠋ᠢᠨ ᠦᠵᠡᠯ ᠰᠠᠨᠠᠭ᠎ᠠ ᠵᠢᠨ ᠰᠤᠳᠤᠯᠭᠠᠨ᠎ᠤ ᠵᠣᠬᠢᠶᠠᠯ᠎ᠤᠨ ᠡᠮᠬᠢᠳᠬᠡᠯ》 ᠤ᠋ᠨ  ᠢᠰᠫᠠᠨᠢ ᠬᠡᠯᠡᠨ ᠎ᠦ ᠬᠡᠪᠯᠡᠯ᠎ᠦᠨ ᠨᠣᠮ ᠎ᠢ ᠪᠡᠯᠡᠭ᠌ᠯᠡᠪᠡ᠃

ᠱᠢᠨᠬᠤᠸᠠ ᠬᠣᠷᠢᠶ᠎ᠠ ᠵᠢᠨ ᠰᠠᠨᠲ᠋ᠢᠶᠠᠭᠣ᠋ ᠵᠢᠨ  5 ᠰᠠᠷ᠎ᠠ᠎ᠶ᠋ᠢᠨ 14 ᠤ᠋ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号